ᠠᠯᠠᠱᠠ ᠵᠡᠭᠦᠨ ᠬᠤᠰᠢᠭᠤ 2024 ᠣᠨ ᠤ ᠣᠶᠢᠵᠢᠭᠤᠯᠵᠤ ᠨᠣᠭᠤᠭᠠᠷᠠᠭᠤᠯᠬᠤ ᠪᠡᠯᠡᠳᠬᠡᠯ ᠠᠵᠢᠯ ᠢᠶᠠᠨ ᠡᠷᠴᠢᠮᠲᠡᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/31
        ︽ᠤᠮᠠᠷᠠᠲᠤ ᠶᠢᠨ ᠭᠤᠷᠪᠠᠨ ᠣᠷᠣᠨ︾ ᠎ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ 2024 ᠣᠨ ᠤ ᠬᠠᠪᠤᠷ ᠤᠨ ᠤᠯᠠᠷᠢᠯ ᠤᠨ ᠣᠶᠢᠵᠢᠭᠤᠯᠤᠯᠲᠠ  ᠶᠢ ᠰᠠᠶᠢᠲᠤᠷ ᠬᠢᠬᠦ  ᠶᠢᠨ ᠲᠥᠯᠥᠭᠡ᠂ᠣᠶᠢᠷ᠎ᠠ ᠶᠢᠨ ᠡᠳᠦᠷ ᠠᠯᠠᠱᠠ ᠵᠡᠭᠦᠨ ᠬᠤᠰᠢᠭᠤᠨ ᠤ ᠰᠢᠨᠵᠢᠯᠡᠭᠡ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠯᠠᠱᠠ ᠠᠶᠢᠮᠠᠭ ᠤᠨ ᠣᠯᠠᠨ ᠨᠠᠶᠢᠳᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠲᠠᠪᠴᠠᠩ ᠳᠡᠭᠡᠷ᠎ᠡ 2024 ᠣᠨ ᠤ ᠬᠥᠮᠥᠨ ᠤ ᠬᠦᠴᠦ ᠪᠠᠷ ᠣᠶᠢᠵᠢᠭᠤᠯᠬᠤ ᠳᠠᠭᠠᠭᠠᠴᠢᠯᠠᠯᠲᠠ ᠵᠠᠷᠯᠠᠬᠤ ᠰᠠᠨᠠᠮᠵᠢ ᠶᠢ ᠠᠩᠬ᠎ᠠ ᠠᠯᠬᠤᠮ ᠨᠡᠶᠢᠲᠡᠯᠡᠵᠦ᠂ ᠨᠡᠶᠢᠭᠡᠮ ᠨᠠᠶᠢᠳᠠ ᠳᠤ ᠬᠠᠨᠳᠤᠭᠤᠯᠤᠨ ᠠᠯᠠᠱᠠ ᠠᠶᠢᠮᠠᠭ  ᠲᠠᠬᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠳᠦᠷᠦᠯ ᠵᠦᠢᠯ ︵ᠬᠤᠶᠠᠳᠤᠭᠠᠷ ᠬᠤᠭᠤᠴᠠᠭ᠎ᠠ︶ ᠎ ᠤᠨ ᠬᠡᠰᠡᠭ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠬᠢᠷᠢ ᠬᠡᠮ ᠲᠠᠢ ᠠᠵᠤ ᠠᠬᠤᠶᠢᠯᠠᠯ ᠢ ᠥᠷᠭᠡᠨ ᠢᠶᠠᠷ ᠡᠯᠰᠡᠵᠦ ᠪᠠᠶᠢᠨ᠎ᠠ᠃       ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠳᠤ ᠲᠦᠰᠢᠭᠯᠡᠨ᠂ ᠬᠥᠮᠥᠨ ᠤ ᠬᠦᠴᠦ ᠪᠠᠷ ᠣᠶᠢᠵᠢᠭᠤᠯᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ ᠵᠡᠷᠭᠡ ᠠᠷᠭ᠎ᠠ ᠬᠡᠯᠪᠡᠷᠢ ᠪᠠᠷ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ  ᠶᠢ ᠢᠯᠡᠳᠲᠡ ᠰᠠᠶᠢᠵᠢᠷᠠᠭᠤᠯᠤᠭᠰᠠᠨ ᠪᠠᠶᠢᠨ᠎ᠠ᠃ ᠬᠥᠮᠥᠨ ᠤ ᠬᠦᠴᠦ ᠪᠠᠷ ᠳᠠᠷᠢᠭᠰᠠᠨ ᠵᠠᠭ᠂ ᠳᠠᠯᠠᠨ ᠬᠠᠯᠢᠰᠤ ᠶᠢᠨ ᠤᠢ ᠨᠢ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠲᠣᠭᠲᠠᠪᠤᠷᠢᠵᠢᠭᠤᠯᠤᠨ ᠬᠥᠷᠥᠰᠥᠨ ᠤ ᠰᠢᠮ᠎ᠡ ᠶᠢ ᠬᠠᠳᠠᠭᠠᠯᠠᠬᠤ᠂ ᠨᠠᠭᠦᠷᠡᠰᠦᠲᠦ᠋ᠷᠦᠭᠴᠢ ᠶᠢ ᠲᠣᠭᠲᠠᠪᠤᠷᠢᠵᠢᠭᠤᠯᠤᠨ ᠬᠦᠴᠢᠯᠲᠥ᠋ᠷᠥᠭᠴᠢ ᠢᠯᠭᠠᠷᠠᠭᠤᠯᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠣᠷᠴᠢᠨ ᠠᠬᠤᠢ ᠶᠢ ᠴᠡᠪᠡᠷᠰᠢᠭᠦᠯᠦᠨ ᠭᠤᠶᠣᠵᠢᠭᠤᠯᠬᠤ ᠵᠡᠷᠭᠡ ᠠᠮᠢ ᠠᠬᠤᠢ ᠶᠢᠨ ᠦᠷ᠎ᠡ ᠠᠰᠢᠭ ᠢ ᠭᠦᠢᠴᠡᠳ ᠪᠡᠶᠡᠯᠡᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠤ ᠠᠮᠢ ᠠᠬᠤᠢ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠵᠠᠢ᠃ ᠤᠤᠯ ᠤᠨ ᠡᠯᠡᠰᠦᠷᠬᠡᠭᠵᠢᠭᠰᠡᠨ ᠭᠠᠵᠠᠷ ᠰᠢᠷᠣᠢ ᠠᠭᠠᠵᠢᠮ ᠢᠶᠠᠷ ᠢᠭᠴᠤ ᠰᠠᠬᠤᠯᠢᠭ ᠤᠢ ᠮᠣᠳᠣ ᠪᠣᠯᠵᠤ᠂ ᠥᠩᠭᠡᠷᠡᠭᠰᠡᠨ ᠤ ᠰᠠᠯᠬᠢ ᠰᠠᠯᠬᠢᠯᠠᠨ ᠳᠤᠭᠤᠷᠤᠮ ᠲᠣᠭᠤᠰᠣ ᠳᠡᠭᠳᠡᠵᠦ ᠪᠠᠶᠢᠭᠰᠠᠨ ᠦᠵᠡᠭᠳᠡᠯ ᠠᠩᠬ᠎ᠠ ᠠᠯᠬᠤᠮ ᠰᠠᠶᠢᠵᠢᠷᠠᠨ᠂ ᠡᠬᠡ ᠤᠯᠤᠰ ᠤᠨ ᠤᠮᠠᠷᠠᠲᠤ ᠬᠢᠯᠢ ᠶᠢᠨ ︽ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ︾ ᠨᠢᠭᠡᠨᠲᠡ ᠠᠩᠬᠠᠨ ᠤ ᠳᠦᠷᠰᠦ ᠪᠠᠶᠢᠳᠠᠯ ᠲᠠᠢ ᠪᠣᠯᠵᠠᠢ᠃       ᠳᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠰᠢᠨᠵᠢᠯᠡᠭᠡ ᠮᠡᠷᠭᠡᠵᠢᠯ ᠪᠣᠯᠣᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠣᠢ ᠰᠢᠭᠤᠢ ᠡᠪᠡᠰᠦ ᠪᠡᠯᠴᠢᠭᠡᠷ ᠤᠨ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠳᠤ ᠲᠦᠰᠢᠭᠯᠡᠨ᠂ ᠠᠯᠠᠱᠠ ᠠᠶᠢᠮᠠᠭ  ᠲᠠᠬᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠳᠦᠷᠦᠯ ᠵᠦᠢᠯ ︵ᠬᠤᠶᠠᠳᠤᠭᠠᠷ ᠬᠤᠭᠤᠴᠠᠭ᠎ᠠ︶ ᠎ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠠᠯᠠᠱᠠ ᠳᠠᠬᠢ ᠬᠠᠲᠤᠨ ᠭᠤᠣᠯ ᠤᠨ ︽ᠲᠣᠬᠤᠶᠢᠯᠠᠭᠰᠠᠨ ᠮᠤᠷᠤᠶᠢᠯᠲᠠ︾ ᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠷᠮᠠᠶᠢᠵᠤ ᠪᠡᠶᠡᠯᠡᠭᠦᠯᠦᠨ᠂ ᠲᠠᠷᠠᠭᠠᠴᠢ ᠶᠢᠨ ᠱᠠᠲᠤᠨ ᠳᠤ ᠤᠮᠠᠷᠠᠲᠤ ᠶᠢᠨ ᠭᠤᠷᠪᠠᠨ ᠣᠷᠣᠨ ᠤ ᠵᠢᠷᠭᠤᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠪᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号