ᠲᠦᠷᠭᠡᠨ ᠬᠦᠷᠭᠡᠯᠲᠡ ᠶᠢᠨ ᠳᠣᠲᠣᠷ᠎ᠠ ︽ᠬᠤᠣᠷᠲᠤ ᠡᠳ᠋︾ ᠪᠠᠶᠢᠬᠤ ᠶᠢ ᠰᠡᠷᠡᠮᠵᠢᠯᠡᠬᠦ ᠭᠡᠷᠡᠭᠲᠡᠢ
ᠨᠡᠶᠢᠲᠡᠯᠡᠭᠰᠡᠨ ᠴᠠᠭ᠄
2023/12/31
                ᠣᠶᠢᠷ᠎ᠠ ᠶᠢᠨ ᠵᠢᠯ᠂ ᠲᠦᠷᠭᠡᠨ ᠬᠦᠷᠭᠡᠭᠴᠢ ᠪᠠ ᠬᠤᠷᠢᠶᠠᠭᠴᠢ ᠲᠦᠷᠭᠡᠨ ᠬᠦᠷᠭᠡᠯᠲᠡ ᠪᠠᠨ ᠢᠯᠡᠭᠡᠬᠦ ᠪᠤᠶᠤ ᠬᠤᠷᠢᠶᠠᠨ ᠠᠪᠬᠤ ᠳᠤ ᠲᠥᠬᠦᠮ ᠦᠵᠡᠭᠦᠯᠬᠦ ᠶᠢᠨ ᠲᠥᠯᠥᠭᠡ ᠣᠯᠠᠩᠬᠢ ᠰᠠᠭᠤᠭᠠᠯᠢ ᠠᠷᠠᠳ ᠤᠨ ᠲᠣᠭᠤᠷᠢᠭ᠂ ᠨᠠᠶᠢᠳᠠ ᠶᠢᠨ ᠪᠠᠶᠢᠷᠢ ᠳᠤ ᠣᠶᠤᠨᠴᠢ ᠲᠦᠷᠭᠡᠨ ᠬᠦᠷᠭᠡᠯᠲᠡ ᠶᠢᠨ ᠠᠪᠳᠠᠷ᠎ᠠ ᠶᠢ ᠬᠡᠷᠡᠭᠯᠡᠵᠦ ᠡᠬᠢᠯᠡᠭᠰᠡᠨ ᠪᠠᠶᠢᠨ᠎ᠠ᠃ ᠭᠡᠪᠡᠴᠦ ᠡᠨᠡ ᠨᠢ ᠨᠢᠭᠡ ᠪᠦᠯᠦᠭ ᠬᠠᠤᠯᠢ ᠪᠤᠰᠤ ᠡᠲᠡᠭᠡᠳ ᠤᠨ ᠣᠶᠤᠨᠴᠢ ᠲᠦᠷᠭᠡᠨ ᠬᠦᠷᠭᠡᠯᠲᠡ ᠶᠢᠨ ᠠᠪᠳᠠᠷ᠎ᠠ ᠶᠢ ᠠᠰᠢᠭᠯᠠᠨ ᠬᠤᠣᠷᠲᠤ ᠡᠳ᠋ ᠨᠢᠭᠤᠨ ᠳᠠᠯᠳᠠᠯᠠᠬᠤ ᠪᠤᠶᠤ ᠳᠠᠮᠵᠢᠭᠤᠯᠬᠤ ᠳᠤ ︽ᠵᠠᠪᠰᠢᠶᠠᠨ︾ ᠣᠯᠭᠤᠵᠠᠢ᠃       ᠡᠶᠢᠮᠦ ᠠᠴᠠ ᠲᠦᠷᠭᠡᠨ ᠬᠦᠷᠭᠡᠯᠲᠡ ᠪᠠᠨ ᠠᠪᠬᠤ ᠳᠤ ᠮᠠᠰᠢ ᠠᠩᠬᠠᠷᠴᠤ᠂ ᠰᠡᠷᠡᠮᠵᠢᠲᠡᠢ ᠪᠠᠶᠢᠬᠤ ᠭᠡᠷᠡᠭᠳᠡᠢ᠃ ᠰᠠᠨᠠᠮᠰᠠᠷ ᠦᠭᠡᠢ ᠪᠠᠷ ᠪᠤᠰᠤᠳ ᠢ ᠬᠠᠪᠰᠤᠷᠴᠤ ︽ᠬᠤᠣᠷᠲᠤ ᠡᠳ᠋ ᠲᠠᠢ︾ ᠲᠦᠷᠭᠡᠨ ᠬᠦᠷᠭᠡᠯᠲᠡ ᠶᠢ ᠬᠤᠷᠢᠶᠠᠪᠠᠯ᠂ ᠬᠤᠣᠷᠲᠤ ᠡᠳ᠋ ᠫᠠᠨᠽᠠᠯᠠᠭᠴᠢ ᠶᠢᠨ ︽ᠬᠠᠮᠰᠠᠭᠠᠲᠠᠨ︾ ᠪᠣᠯᠴᠢᠬᠠᠨ᠎ᠠ ᠰᠢᠤ︕             ᠪᠠᠶᠢᠴᠠᠭᠠᠬᠤ ᠲᠤᠰᠢᠶᠠᠯᠲᠠᠨ ᠤ ᠰᠠᠨᠠᠭᠤᠯᠤᠮᠵᠢ᠄       ᠣᠶᠢᠷ᠎ᠠ ᠶᠢᠨ ᠵᠢᠯ ᠤᠳ ᠲᠤ᠂ ᠬᠤᠣᠷᠲᠤ ᠡᠳ᠋ ᠬᠦᠷᠭᠡᠬᠦ ᠶᠠᠯᠠᠲᠤ ᠠᠵᠢᠯᠯᠠᠭ᠎ᠠ ᠣᠯᠠᠨ ᠡᠭᠦᠰᠴᠦ᠂ ᠶᠠᠯᠠᠲᠤ ᠠᠵᠢᠯᠯᠠᠭ᠎ᠠ ᠶᠢᠨ ᠠᠷᠭ᠎ᠠ ᠪᠠᠷᠢᠯ ᠨᠢ ᠨᠡᠩ ᠨᠢᠭᠤᠴᠠ ᠳᠠᠯᠳᠠ ᠪᠣᠯᠵᠤ᠂ ᠮᠡᠳᠡᠭᠡ ᠵᠠᠩᠭᠢᠵᠢᠭᠰᠠᠨ ᠪᠠᠶᠢᠨ᠎ᠠ᠃ ᠵᠠᠷᠢᠮ ᠬᠠᠤᠯᠢ ᠪᠤᠰᠤ ᠡᠲᠡᠭᠡᠳ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠤᠣᠷᠲᠤ ᠡᠳ᠋ ᠨᠡᠶᠢᠲᠡᠯᠡᠬᠦ᠂ ᠵᠠᠬᠢᠶᠠᠯᠠᠬᠤ᠂ ᠪᠣᠷᠣᠯᠠᠭᠤᠯᠬᠤ ᠳᠠᠭᠠᠨ ᠬᠥᠮᠥᠨ ᠪᠠ ᠪᠠᠷᠠᠭ᠎ᠠ ᠶᠢ ᠰᠠᠯᠭᠠᠬᠤ᠂ ᠣᠲᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢ ᠠᠰᠢᠭᠯᠠᠬᠤ ᠵᠡᠷᠭᠡ ᠨᠡᠩ ᠨᠢᠭᠤᠴᠠ ᠳᠠᠯᠳᠠ ᠠᠷᠭ᠎ᠠ ᠮᠠᠶ᠋ᠢᠭ ᠢᠶᠠᠷ ᠬᠤᠣᠷᠲᠤ ᠡᠳ᠋ ᠫᠠᠨᠽᠠᠯᠠᠬᠤ᠂ ᠬᠤᠣᠷᠲᠤ ᠡᠳ᠋ ᠵᠥᠭᠡᠭᠡᠪᠦᠷᠢᠯᠡᠬᠦ ᠶᠢ ᠪᠢᠳᠡ ᠰᠡᠷᠡᠮᠵᠢᠯᠡᠭᠦᠰᠢᠲᠡᠢ ᠪᠠᠶᠢᠨ᠎ᠠ᠃       ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠢ ᠪᠠᠶᠢᠬᠤ ᠲᠣᠰ ᠦᠢᠯᠡᠴᠢᠯᠡᠭᠡ ᠨᠢ ᠬᠠᠤᠯᠢ ᠪᠤᠰᠤ ᠠᠷᠠᠯᠵᠢᠶᠠᠴᠢᠨ ᠤ ᠠᠰᠢᠭᠯᠠᠬᠤ ᠠᠴᠠ ᠵᠠᠶᠢᠯᠠᠰᠬᠢᠬᠦ ᠶᠢᠨ ᠲᠥᠯᠥᠭᠡ᠂ 2021 ᠣᠨ ᠤ 10 ᠰᠠᠷ᠎ᠠ ᠳᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠤᠯᠤᠰ ᠤᠨ ᠰᠢᠤᠳᠠᠨ ᠤ ᠲᠣᠪᠴᠢᠶ᠎ᠠ ᠳᠤ ︽ᠳᠣᠯᠣᠳᠤᠭᠠᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠭᠠᠷᠭᠠᠵᠤ᠂ ᠢᠯᠡᠭᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠰᠡᠷᠭᠡᠶᠢᠯᠡᠪᠡ᠃       1. ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠪᠣᠯᠣᠨ ᠠᠵᠢᠯᠯᠠᠭᠰᠠᠳ ᠦᠨᠡᠨ ᠨᠡᠷ᠎ᠡ ᠪᠠᠷ ᠢᠶᠠᠨ ᠭᠡᠷᠡᠴᠢᠯᠡᠬᠦ᠂ ᠬᠤᠷᠢᠶᠠᠨ ᠢᠯᠡᠭᠡᠬᠦ ᠶᠢ ᠰᠢᠯᠭᠠᠨ ᠦᠵᠡᠬᠦ᠂ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠭᠡᠷᠡᠭᠲᠡᠢ᠃       2. ᠠᠷᠠᠳ ᠣᠯᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠥᠳᠥᠭᠡᠯᠭᠡ ᠶᠢ ᠤᠬᠠᠮᠰᠠᠷ  ᠠᠴᠠ ᠪᠠᠨ ᠡᠰᠡᠷᠭᠦᠴᠡᠨ ᠬᠤᠷᠢᠭᠯᠠᠵᠤ᠂ ᠬᠤᠣᠷᠲᠤ ᠡᠳ᠋ ᠠᠴᠠ ᠵᠠᠶᠢᠳᠠᠵᠤ᠂ ᠬᠠᠤᠯᠢ ᠪᠤᠰᠤ ᠡᠲᠡᠭᠡᠳ ᠤᠨ ᠬᠤᠣᠷᠲᠤ ᠡᠳ᠋ ᠵᠡᠷᠭᠡ ᠴᠠᠭᠠᠵᠠ ᠲᠠᠢ ᠡᠳ᠋ ᠪᠣᠳᠠᠰ ᠢ ᠢᠯᠡᠭᠡᠬᠦ ᠳᠤ ᠬᠠᠪᠰᠤᠷᠬᠤ ᠶᠢ ᠲᠡᠪᠴᠢᠬᠦ ᠭᠡᠷᠡᠭᠲᠡᠢ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号