ᠭᠡᠷ ᠤᠨ ᠠᠬᠠᠮᠠᠳ ᠲᠤ ᠰᠠᠨᠠᠭᠤᠯᠵᠤ ᠬᠡᠯᠡᠬᠦ ᠬᠤᠶᠠᠷ ᠵᠦᠢᠯ
ᠨᠡᠶᠢᠲᠡᠯᠡᠭᠰᠡᠨ ᠴᠠᠭ᠄
2023/12/31
                 ᠰᠤᠷᠪᠤᠯᠵᠢᠯᠠᠬᠴᠢ ᠶᠠᠩ ᠭᠤᠸ᠎ᠠ             ᠣᠶᠢᠷ᠎ᠠ ᠶᠢᠨ ᠡᠳᠦᠷ ᠠᠴᠠ ᠬᠡᠦᠬᠡᠳ ᠪᠠᠭᠠᠴᠤᠳ ᠵᠣᠨ ᠤ ᠠᠮᠠᠷᠠᠯᠲᠠ  ᠪᠠᠨ ᠳᠤᠷ᠎ᠠ ᠰᠣᠨᠢᠷᠬᠠᠯ ᠢᠶᠠᠷ ᠢᠶᠠᠨ ᠪᠠᠶᠠᠯᠢᠭᠵᠢᠭᠤᠯᠤᠨ᠂ ᠡᠯ᠎ᠡ ᠵᠦᠢᠯ ᠤᠨ ᠬᠥᠳᠡᠯᠭᠡᠭᠡᠨ ᠳᠤ ᠣᠷᠣᠯᠴᠠᠨ᠂ ᠮᠠᠰᠢ ᠤᠳᠬ᠎ᠠ ᠠᠭᠤᠯᠭ᠎ᠠ ᠲᠠᠢ ᠥᠩᠭᠡᠷᠡᠭᠦᠯᠵᠦ ᠪᠠᠶᠢᠭ᠎ᠠ ᠰᠠᠶᠢᠬᠠᠨ ᠵᠠᠩᠭᠢ ᠰᠣᠨᠣᠷ ᠮᠢᠯᠢᠶᠠᠵᠤ ᠪᠠᠶᠢᠨ᠎ᠠ᠃ ᠭᠡᠬᠦ ᠳᠡᠭᠡᠨ ᠪᠠᠰᠠ ᠠᠩᠬᠠᠷᠬᠤ ᠴᠢᠬᠤᠯᠠᠲᠠᠢ ᠬᠡᠳᠦᠨ ᠵᠦᠢᠯ ᠢ ᠡ᠊ᠨᠳᠡ ᠣᠨᠴᠠᠭᠠᠶᠢᠯᠠᠨ ᠰᠠᠨᠠᠭᠤᠯᠬᠤ ᠶᠢ ᠬᠢᠴᠢᠶᠡᠶ᠎ᠡ᠃       ᠨᠢᠭᠡ ᠳᠤ᠂ ᠬᠡᠦᠬᠡᠳ ᠪᠠᠭᠠᠴᠤᠳ ᠠᠮᠠᠷᠠᠯᠲᠠ ᠶᠢᠨ ᠬᠤᠭᠤᠴᠠᠭ᠎ᠠ ᠪᠠᠨ ᠠᠮᠤᠷ ᠲᠦᠪᠰᠢᠨ ᠥᠩᠭᠡᠷᠡᠭᠦᠯᠬᠦ ᠨᠢ ᠠᠯᠢᠪᠠ ᠤᠴᠢᠷ ᠶᠠᠪᠤᠳᠠᠯ ᠤᠨ ᠰᠠᠭᠤᠷᠢ ᠶᠤᠮ᠃ ᠶᠡᠷᠦᠨᠢ ᠨᠢ ᠠᠮᠠᠷᠠᠯᠲᠠ ᠶᠢᠨ ᠬᠤᠭᠤᠴᠠᠭᠠᠨ ᠳᠤ ᠭᠤᠷᠪᠠ ᠲᠠᠪᠤᠨ ᠬᠡᠦᠬᠡᠳ ᠪᠦᠯᠦᠭᠯᠡᠨ ᠵᠠᠳᠠᠭᠠᠢ ᠤᠰᠤ ᠤᠮᠪᠠᠭ᠋ᠤ ᠪᠤᠶᠤ ᠳᠤᠭᠤᠢ ᠲᠡᠷᠭᠡ ᠤᠨᠤᠨ ᠵᠡᠭᠡᠯᠢ ᠪᠠᠷ ᠤᠷᠤᠯᠳᠤᠨ ᠶᠠᠪᠤᠬᠤ ᠨᠢ ᠬᠠᠶᠠ ᠦᠭᠡᠢ ᠬᠠᠷᠠᠭᠳᠠᠳᠠᠭ᠂ ᠡᠨᠡ ᠨᠢ ᠮᠠᠰᠢ ᠠᠶᠤᠯᠲᠠᠢ᠃ ᠵᠠᠷᠢᠮ ᠭᠡᠷ ᠤᠨ ᠠᠬᠠᠮᠠᠳ ᠠᠵᠢᠯ ᠳᠠᠭᠠᠨ ᠭᠠᠷᠬᠤ ᠳᠠᠭᠠᠨ ᠬᠡᠦᠬᠡᠳ ᠲᠡᠭᠡᠨ ᠭᠠᠷ ᠤᠲᠠᠰᠤ ᠪᠠᠨ ᠥᠭᠬᠦ ᠪᠤᠶᠤ ᠲᠧᠯᠸᠢᠰ ᠨᠡᠭᠡᠭᠡᠵᠦ ᠥᠭᠭᠦᠭᠡᠳ ᠶᠠᠪᠤᠬᠤ᠂ ᠤᠨᠲᠠᠵᠤ ᠪᠠᠶᠢᠬᠤ ᠳᠤᠨᠢ ᠭᠠᠭᠴᠠᠭᠠᠷ ᠢ ᠨᠢ ᠤᠷᠭᠢᠭᠠᠳ ᠶᠠᠪᠤᠬᠤ᠂ ᠤᠯᠠᠨ ᠨᠠᠶᠢᠳᠠ ᠶᠢᠨ ᠭᠠᠵᠠᠷ ᠪᠠ ᠵᠤᠭᠠᠴᠠᠯ ᠤᠨ ᠭᠠᠵᠠᠷ ᠤᠨ ᠠᠶᠤᠯᠲᠠᠢ ᠲᠣᠭᠯᠠᠭᠠᠮ ᠨᠠᠭᠠᠳᠤᠭᠤᠯᠬᠤ ᠭᠡᠬᠦ ᠮᠡᠲᠦ ᠶᠢᠨ ᠣᠯᠠᠨ ᠭᠡᠨᠡᠨ ᠶᠠᠪᠤᠳᠠᠯ ᠳᠤ ᠣᠶᠢᠷᠠᠲᠤᠭᠤᠯᠳᠠᠭ᠂ ᠡᠨᠡ ᠨᠢ ᠬᠡᠦᠬᠡᠳ ᠢ ᠭᠡᠨᠡᠳᠲᠡ ᠶᠢᠨ ᠠᠶᠤᠯ ᠳᠤ ᠤᠴᠠᠷᠠᠭᠤᠯᠵᠤ ᠮᠡᠳᠡᠨ᠎ᠡ᠃       ᠬᠤᠶᠠᠷ ᠲᠤ᠂ᠳᠤᠷ᠎ᠠ ᠰᠣᠨᠢᠷᠬᠠᠯ ᠤᠨ ᠬᠢᠴᠢᠶᠡᠯ ᠳᠤ ᠨᠡᠷ᠎ᠡ ᠶᠢ ᠨᠢ ᠮᠡᠳᠡᠭᠦᠯᠬᠦ ᠳᠤ ᠬᠡᠦᠬᠡᠳ ᠤᠨ ᠠᠪᠢᠶᠠᠰ ᠪᠢᠯᠢᠭ᠂ ᠳᠤᠷ᠎ᠠ ᠪᠠᠬ᠎ᠠ ᠳᠤᠨᠢ ᠴᠢᠭᠯᠡᠭᠦᠯᠦᠨ ᠪᠤᠯᠪᠠᠰᠤᠷᠠᠯ ᠬᠦᠷᠲᠡᠭᠡᠬᠦ ᠭᠡᠷᠡᠭᠲᠡᠢ᠂ ᠬᠠᠷᠢᠨ ᠥᠪᠡᠷ ᠤᠨ ᠪᠤᠳᠤᠬᠰᠠᠨ ᠰᠠᠨᠠᠭᠰᠠᠨ ᠳᠤᠷᠠᠲᠠᠢ ᠵᠦᠢᠯ ᠢᠶᠠᠨ ᠬᠡᠦᠬᠡᠳ ᠲᠡᠭᠡᠨ ᠠᠯᠪᠠᠳᠠᠨ ᠰᠤᠷᠤᠯᠴᠠᠭᠤᠯᠵᠤ ᠪᠣᠯᠬᠤ ᠦᠭᠡᠢ᠃ ᠲᠡᠷᠡ ᠮᠥᠷᠲᠡᠭᠡᠨ ᠰᠣᠩᠭᠤᠯᠲᠠ ᠲᠠᠢ ᠪᠠᠷ ᠨᠢᠭᠡ ᠠᠴᠠ ᠬᠤᠶᠠᠷ ᠳᠦᠷᠦᠯ ᠤᠨ ᠬᠢᠴᠢᠶᠡᠯ  ᠢ ᠨᠢ ᠦᠷᠭᠦᠯᠵᠢᠯᠡᠨ ᠪᠠᠷᠢᠮᠲᠠᠯᠠᠨ᠂ ᠬᠡᠦᠬᠡᠳ ᠢ ᠵᠣᠬᠢᠬᠤ ᠬᠡᠮᠵᠢᠶ᠎ᠡ ᠪᠠᠷ ᠠᠮᠠᠷᠠᠭᠤᠯᠤᠨ᠂ ᠴᠢᠯᠦᠭᠡᠲᠡᠢ᠂ ᠪᠠᠶᠠᠯᠢᠭ᠂ ᠣᠶᠤᠨᠯᠢᠭ᠂ ᠵᠦᠢ ᠵᠣᠬᠢᠰᠲᠠᠢ ᠪᠤᠯᠪᠠᠰᠤᠷᠠᠯ ᠬᠦᠷᠲᠡᠭᠡᠬᠦ ᠭᠡᠷᠡᠭᠳᠡᠢ᠃       ᠭᠤᠷᠪᠠ ᠳᠤ᠂ ᠬᠡᠦᠬᠡᠳ ᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢᠨ ᠪᠤᠯᠪᠠᠰᠤᠷᠠᠯ ᠢ ᠠᠮᠠᠷᠠᠯᠲᠠ ᠶᠢᠨ ᠬᠤᠭᠤᠴᠠᠭᠠᠨ ᠳᠤ ᠢᠯᠡᠭᠦᠬᠡᠨ ᠠᠩᠬᠠᠷᠪᠠᠯ ᠵᠣᠬᠢᠨ᠎ᠠ᠃ ᠵᠠᠷᠢᠮ ᠭᠡᠷ ᠤᠨ ᠠᠬᠠᠮᠠᠳ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ᠂ ᠬᠢᠴᠢᠶᠡᠯ ᠨᠥᠬᠦᠪᠦᠷᠢᠯᠡᠬᠦ ᠪᠤᠶᠤ ᠨᠣᠮ ᠪᠢᠴᠢᠭ ᠰᠤᠷᠬᠤ ᠶᠢ ᠱᠠᠭᠠᠷᠳᠠᠳᠠᠭ ᠪᠠᠶᠢᠨ᠎ᠠ᠃ ᠬᠡᠦᠬᠡᠳ ᠪᠠᠭᠠᠴᠤᠳ ᠨᠣᠮ ᠪᠢᠴᠢᠭ ᠰᠤᠷᠬᠤ ᠠᠴᠠ ᠭᠠᠳᠠᠨ᠎ᠠ ᠬᠥᠮᠥᠨ ᠪᠣᠯᠣᠨ ᠬᠥᠮᠥᠵᠢᠭᠳᠡᠬᠦ ᠨᠢ ᠨᠡᠩ ᠴᠢᠬᠤᠯᠠ ᠪᠠᠶᠢᠳᠠᠭ ᠪᠣᠯᠬᠤᠷ ᠡᠷᠲᠡᠬᠡᠨ ᠬᠥᠳᠡᠯᠮᠦᠷᠢ ᠳᠤ ᠣᠷᠣᠯᠴᠠᠭᠤᠯᠤᠨ᠂ ᠥᠪᠡᠷ ᠤᠨ ᠬᠢᠨᠢ ᠠᠵᠢᠯ ᠢ ᠥᠪᠡᠷ ᠢᠶᠠᠷ ᠨᠢ ᠬᠢᠯᠭᠡᠪᠡᠯ ᠵᠣᠬᠢᠯᠲᠠᠢ᠃       ᠳᠥᠷᠪᠡ ᠳᠤ᠂ ᠠᠮᠠᠷᠠᠯᠲᠠ ᠶᠢᠨ ᠬᠤᠭᠤᠴᠠᠭ᠎ᠠ ᠶᠢ ᠵᠦᠢ ᠵᠣᠬᠢᠰᠲᠠᠢ ᠠᠰᠢᠭᠯᠠᠨ ᠬᠡᠦᠬᠡᠳ ᠪᠠᠭᠠᠴᠤᠳ ᠤᠨ ᠤᠨᠲᠠᠬᠤ ᠠᠮᠠᠷᠠᠬᠤ ᠴᠠᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠢᠳᠡᠭᠡᠨ ᠤᠮᠳᠠᠭᠠᠨ ᠤ ᠰᠢᠮ᠎ᠡ ᠲᠡᠵᠢᠭᠡᠯ ᠢ ᠵᠦᠢ ᠵᠣᠬᠢᠰᠲᠠᠢ ᠲᠣᠬᠢᠷᠠᠭᠤᠯᠪᠠᠯ ᠵᠣᠬᠢᠨ᠎ᠠ᠃ ᠠᠮᠠᠷᠠᠯᠲᠠ ᠲᠠᠯᠪᠢᠯ᠎ᠠ ᠬᠡᠮᠡᠨ ᠳᠤᠷ᠎ᠠ ᠳᠠᠪᠠ ᠪᠠᠷ ᠨᠢ ᠲᠠᠯᠪᠢᠨ᠂ ᠭᠠᠷ ᠤᠲᠠᠰᠤ᠂ ᠲᠧᠯᠸᠢᠰ ᠦᠵᠡᠭᠦᠯᠬᠦ ᠪᠤᠶᠤ ᠭᠡᠷ ᠤᠨ ᠠᠬᠠᠮᠠᠳ ᠨᠢ ᠴᠤ ᠣᠷᠣᠢ ᠰᠥᠨᠢ ᠪᠤᠯᠲᠠᠯ᠎ᠠ ᠨᠠᠭᠠᠳᠴᠤ ᠠᠷᠢᠬᠢᠳᠠᠨ ᠣᠷᠣᠢ ᠤᠨᠲᠠᠭᠤᠯᠬᠤ ᠡᠰᠡᠬᠦᠯ᠎ᠡ ᠦᠳᠡ ᠳᠤᠨᠢ ᠬᠡᠲᠦᠷᠡᠲᠡᠯ᠎ᠡ ᠤᠨᠲᠠᠭᠤᠯᠬᠤ᠂ ᠬᠡᠲᠦᠷᠡᠲᠡᠯ᠎ᠡ ᠢᠳᠡᠭᠦᠯᠵᠦ ᠤᠤᠭᠤᠯᠭᠠᠬᠤ ᠨᠢ ᠪᠦᠷ ᠵᠣᠬᠢᠰ ᠦᠭᠡᠢ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号