ᠡᠪᠦᠯ ᠤᠨ ᠤᠯᠠᠷᠢᠯ ᠳᠤ ᠪᠠᠶ᠎ᠠ ᠪᠠᠨ ᠰᠤᠪᠢᠯᠠᠬᠤ ᠳᠤᠬᠠᠢ ᠰᠠᠨᠠᠭᠤᠯᠭ᠎ᠠ
ᠨᠡᠶᠢᠲᠡᠯᠡᠭᠰᠡᠨ ᠴᠠᠭ᠄
2023/12/31
   ᠵᠦᠡᠭ ᠴᠠᠩ ᠰᠢ      ᠨᠢᠬᠡ᠂ ᠠᠮᠢᠰᠬᠤᠯ ᠤᠨ ᠰᠠᠯᠠᠭ᠎ᠠ᠄ ᠴᠢᠬᠢᠭᠯᠢᠭ ᠪᠠᠶᠢᠯᠭᠠᠨ᠎ᠠ     ᠬᠦᠢᠳᠡᠨ ᠠᠭᠤᠷ ᠠᠮᠢᠰᠬᠤᠯ ᠢᠷᠡᠬᠦ ᠳᠤ᠂ ᠬᠠᠮᠠᠷ ᠤᠨ ᠰᠠᠯᠢᠰᠦᠳᠦ ᠪᠦᠷᠬᠦᠪᠴᠢ ᠰᠡᠳᠦᠯᠳᠡ ᠤᠯᠵᠤ᠂ ᠭᠠᠳᠠᠭᠠᠳᠦ ᠤᠷᠴᠢᠨ ᠤ ᠡᠪᠡᠳᠴᠢᠨ ᠤ ᠪᠠᠺᠲ᠋ᠧᠷᠢ ᠶᠢ ᠡᠰᠡᠷᠬᠦᠴᠡᠬᠦ ᠴᠢᠳᠠᠪᠤᠷᠢ ᠨᠢ ᠳᠤᠷᠤᠭᠰᠢᠯᠠᠬᠤ ᠶᠢᠨ ᠬᠠᠮᠳᠤ ᠬᠦᠢᠳᠡᠨ ᠠᠭᠤᠷ ᠠᠮᠢᠰᠬᠤᠯ ᠡᠪᠡᠳᠴᠢᠨ ᠤ ᠪᠠᠺᠲ᠋ᠧᠷᠢ ᠶᠢᠨ ᠬᠦᠳᠡᠯᠬᠡᠬᠡᠨ ᠢ ᠠᠬᠢᠭᠤᠯᠬᠤ ᠦᠢᠯᠡᠳᠦᠯ ᠠᠴᠠ ᠪᠤᠯᠵᠤ᠂ ᠡᠪᠡᠳᠴᠢᠨ ᠤ ᠪᠠᠺᠲ᠋ᠧᠷᠢ ᠬᠦᠮᠦᠨ ᠤ ᠬᠠᠮᠠᠷ ᠴᠢᠨᠠᠭᠰᠢᠳᠠ ᠳᠤᠤᠷᠠᠳᠦ ᠠᠮᠢᠰᠬᠤᠯ ᠤᠨ ᠵᠠᠮ ᠢᠶᠠᠷ ᠤᠷᠤᠵᠤ᠂ ᠬᠠᠯᠳᠠᠪᠤᠷᠢᠳᠦ ᠳᠠᠭᠰᠢᠭᠤᠷ᠂ ᠰᠠᠯᠪᠤᠷᠢ ᠮᠦᠬᠡᠷᠰᠦᠨ ᠬᠤᠭᠤᠯᠠᠢ ᠶᠢᠨ ᠬᠢᠷᠬᠢᠷ᠎ᠠ ᠡᠪᠡᠳᠴᠢᠨ ᠵᠠᠷᠬᠡ ᠠᠮᠢᠰᠬᠤᠯ ᠤᠨ ᠰᠢᠰᠲ᠋ᠧᠮ ᠤᠨ ᠡᠪᠡᠳᠴᠢᠨ ᠳᠤ ᠠᠮᠠᠷᠬᠠᠨ ᠨᠡᠷᠪᠡᠭᠳᠡᠬᠦ ᠠᠶᠤᠯᠳᠠᠢ᠃ ᠡᠬᠦᠨ ᠠᠴᠠ ᠭᠠᠳᠠᠨ᠎ᠠ᠂ ᠡᠪᠤᠯ ᠤᠨ ᠤᠯᠠᠷᠢᠯ ᠳᠤ ᠠᠭᠠᠷ ᠬᠠᠭᠰᠠᠭᠤ ᠪᠤᠯᠬᠤ ᠶᠢᠨ ᠳᠡᠬᠡᠷ᠎ᠠ ᠳᠤᠯᠠᠭᠠᠴᠠᠮᠵᠢ ᠪᠠ ᠠᠭᠠᠷᠵᠢᠭᠤᠯᠤᠭᠴᠢ ᠶᠢ ᠬᠡᠷᠡᠭᠯᠡᠭᠰᠡᠨ ᠠᠴᠠ ᠴᠦᠬᠡᠨ ᠪᠤᠰᠤ ᠬᠦᠮᠦᠨ ᠬᠡᠯᠡ ᠠᠮᠠ ᠬᠠᠳᠠᠬᠤ᠂ ᠴᠢᠨᠠᠭᠰᠢᠳᠠ ᠬᠠᠮᠠᠷ ᠠᠴᠠ ᠴᠢᠰᠦ ᠭᠠᠷᠬᠤ᠂ ᠬᠤᠭᠤᠯᠠᠢ ᠡᠪᠡᠳᠬᠦ᠂ ᠤᠷᠤᠭᠤᠯ ᠬᠠᠳᠠᠵᠦ ᠬᠠᠭᠠᠷᠠᠬᠤ ᠵᠡᠷᠬᠡ ᠪᠠᠶᠢᠳᠠᠯ ᠢᠯᠡᠷᠡᠳᠡᠭ᠃ ᠠᠭᠠᠷ ᠳᠤᠩᠭᠠᠯᠠᠭ ᠡᠳᠦᠷ᠂ ᠴᠤᠩᠬᠤ ᠪᠠᠨ ᠨᠡᠬᠡᠬᠡᠵᠦ ᠰᠠᠯᠬᠢ ᠨᠡᠪᠳᠡᠷᠡᠬᠦᠯᠵᠦ᠂ ᠪᠤᠵᠠᠷᠳᠤᠯ ᠲᠠᠢ ᠮᠠᠨᠠᠨ ᠲᠠᠢ ᠡᠳᠦᠷ᠂ ᠠᠮᠢᠰᠬᠤᠯ ᠤᠨ ᠰᠢᠰᠲ᠋ᠧᠮ ᠤᠨ ᠡᠪᠡᠳᠴᠢᠳᠡᠨ ᠭᠠᠳᠠᠭᠰᠢ ᠭᠠᠷᠬᠤ ᠪᠠᠨ ᠡᠷᠬᠡᠪᠰᠢ ᠪᠠᠭᠠᠰᠬᠠᠬᠤ ᠬᠡᠷᠡᠭᠳᠡᠢ᠃     ᠬᠤᠶᠠᠷ᠂ ᠬᠡᠷᠡᠬᠦ ᠡᠪᠡᠳᠴᠢᠨ ᠤ ᠰᠠᠯᠠᠭ᠎ᠠ᠄ ᠦᠶ᠎ᠠ ᠬᠡᠰᠢᠬᠦᠦ ᠪᠠᠨ ᠰᠠᠶᠢᠨ ᠬᠠᠮᠠᠭᠠᠯᠠᠨ᠎ᠠ    ᠬᠡᠷᠡᠬᠦ ᠡᠪᠡᠳᠴᠢᠨ᠂ ᠬᠡᠷᠡᠬᠦᠯᠢᠭ ᠴᠢᠨᠠᠷᠳᠠᠢ ᠦᠶ᠎ᠠ ᠬᠡᠰᠢᠬᠦᠨ ᠤ ᠦᠷᠪᠢᠰᠦᠯ ᠲᠠᠢ ᠬᠦᠮᠦᠨ ᠳᠠᠭᠠᠷᠠᠮᠠᠳᠠᠭᠠᠢ ᠪᠤᠯᠬᠤᠷ ᠡᠶᠢᠮᠦ ᠡᠪᠡᠳᠴᠢᠨ ᠲᠠᠢ ᠨᠠᠰᠤᠳᠠᠨ ᠠᠭᠠᠷ ᠬᠦᠢᠳᠡᠷᠡᠬᠦ ᠶᠢ ᠳᠠᠭᠠᠯᠳᠤᠨ ᠡᠪᠡᠳᠴᠢᠨ ᠤ ᠪᠠᠶᠢᠳᠠᠯ ᠨᠢ ᠬᠦᠨᠳᠦᠷᠡᠳᠡᠭ᠃    ᠡᠪᠦᠯ ᠪᠠᠩᠵᠠᠯ ᠡᠮᠦᠰᠬᠦ ᠳᠤᠷᠠᠳᠠᠢ ᠬᠦᠮᠦᠨ ᠡᠪᠦᠳᠦᠭ ᠤᠨ ᠦᠶ᠎ᠠ ᠬᠡᠰᠢᠬᠦᠦ᠂ ᠱᠠᠭ᠎ᠠ ᠶᠢᠨ ᠦᠶ᠎ᠠ ᠶᠢᠨ ᠡᠪᠡᠳᠴᠢᠨ ᠳᠤ ᠨᠡᠷᠪᠡᠭᠳᠡᠵᠦ ᠮᠡᠳᠡᠨ᠎ᠠ᠃      ᠦᠶ᠎ᠠ ᠬᠡᠰᠢᠬᠦᠦ ᠶᠢᠨ ᠦᠷᠪᠢᠰᠦᠯ ᠳᠤ ᠨᠡᠷᠪᠡᠭᠳᠡᠭᠰᠡᠳ ᠪᠦᠬᠦ ᠪᠡᠶ᠎ᠠ ᠮᠠᠬᠠᠪᠤᠳ ᠢᠶᠠᠨ ᠳᠤᠯᠠᠭᠠᠯᠠᠬᠤ ᠠᠴᠠ ᠭᠠᠳᠠᠨ᠎ᠠ ᠬᠡᠰᠡᠭ ᠪᠡᠶ᠎ᠠ ᠪᠠᠨ ᠳᠤᠯᠠᠭᠠᠯᠠᠬᠤ ᠶᠢ ᠨᠡᠩ ᠠᠩᠬᠠᠷᠬᠤ ᠬᠡᠷᠡᠭᠳᠡᠢ᠃ ᠡᠬᠦᠨ ᠠᠴᠠ ᠭᠠᠳᠠᠨ᠎ᠠ᠂ ᠪᠡᠶ᠎ᠡ ᠪᠠᠨ ᠪᠤᠯᠪᠠᠰᠤᠷᠠᠭᠤᠯᠬᠤ ᠠᠳᠠᠯᠢ ᠪᠤᠰᠤ ᠠᠷᠭ᠎ᠠ ᠬᠡᠯᠪᠡᠷᠢ ᠪᠠᠷ ᠳᠠᠮᠵᠢᠨ ᠴᠢᠭᠯᠡᠬᠦᠯᠬᠦ ᠴᠢᠨᠠᠷᠳᠠᠢ ᠪᠠᠷ ᠦᠶ᠎ᠠ ᠬᠡᠰᠢᠬᠦᠦ ᠶᠢᠨ ᠠᠯᠢ ᠨᠢᠬᠡ ᠬᠡᠰᠡᠭ ᠢ ᠪᠤᠯᠪᠠᠰᠤᠷᠠᠭᠤᠯᠵᠤ᠂ ᠭᠠᠷ ᠬᠦᠯ ᠢᠶᠠᠨ ᠰᠤᠩᠭᠠᠵᠦ ᠳᠠᠳᠠᠬᠤ ᠬᠦᠳᠡᠯᠬᠡᠬᠡᠨ ᠬᠢᠭᠦ ᠨᠢ ᠡᠪᠡᠳᠴᠢᠯᠡᠭᠰᠡᠨ ᠬᠡᠰᠡᠭ ᠤᠨ  ᠴᠢᠰᠦᠨ ᠎ ᠤ ᠡᠷᠬᠢᠯᠳᠡ ᠶᠢ ᠰᠠᠶᠢᠵᠢᠷᠠᠭᠤᠯᠵᠤ᠂ ᠦᠶ᠎ᠠ ᠬᠡᠰᠢᠬᠦᠦ ᠶᠢᠨ ᠡᠪᠡᠳᠬᠦ ᠶᠢ ᠨᠠᠮᠳᠠᠭᠤᠯᠬᠤ ᠰᠠᠶᠢᠨ ᠠᠷᠭ᠎ᠠ ᠪᠤᠯᠤᠨ᠎ᠠ᠃    ᠬᠡᠷᠡᠬᠦ ᠡᠪᠡᠳᠴᠢᠨ ᠳᠤ ᠨᠡᠷᠪᠡᠭᠳᠡᠭᠰᠡᠳ ᠤᠨᠳᠠᠬᠤ ᠠᠴᠠ ᠪᠠᠨ ᠡᠮᠦᠨ᠎ᠠ ᠪᠦᠯᠢᠶᠠᠨ ᠤᠰᠤ ᠪᠠᠷ ᠬᠦᠯ ᠢᠶᠠᠨ ᠳᠡᠪᠳᠦᠬᠡᠵᠦ᠂ ᠬᠠᠮᠳᠤ ᠳᠤ ᠨᠢ ᠬᠠᠯᠠᠭᠤᠨ ᠤᠰᠤ ᠲᠠᠢ ᠠᠯᠴᠢᠭᠤᠷ ᠢᠶᠠᠷ ᠵᠢᠩ ᠪᠠᠷᠢᠪᠠᠯ ᠡᠪᠡᠳᠬᠦ ᠶᠢ ᠨᠠᠮᠳᠠᠭᠠᠬᠤ ᠦᠢᠯᠡᠳᠦᠯ ᠲᠠᠢ᠃      ᠭᠤᠷᠪᠠ᠂ ᠵᠢᠷᠦᠭᠡ ᠴᠢᠰᠦᠨ ᠰᠤᠳᠠᠯ ᠤᠨ ᠰᠠᠯᠠᠭ᠎ᠠ᠄ ᠬᠦᠢᠳᠡᠨ ᠬᠠᠯᠠᠭᠤᠨ ᠢ ᠠᠩᠬᠠᠷᠤᠨ᠎ᠠ     ᠡᠪᠤᠯ ᠤᠨ ᠤᠯᠠᠷᠢᠯ ᠳᠤ ᠵᠢᠷᠦᠬᠡ ᠴᠢᠰᠦᠨ ᠰᠤᠳᠠᠯ ᠤᠨ ᠡᠪᠡᠳᠴᠢᠳᠡᠨ ᠴᠢᠰᠦᠨ ᠳᠠᠷᠤᠯᠳᠠ ᠪᠠᠨ ᠨᠡᠩ ᠠᠩᠬᠠᠷᠴᠦ᠂ ᠦᠷᠬᠦᠯᠵᠢ ᠳᠠᠷᠤᠯᠳᠠ ᠪᠠᠨ ᠬᠡᠮᠵᠢᠵᠦ᠂ ᠪᠤᠯᠭᠤᠭᠠᠨ ᠠᠩᠬᠠᠷᠴᠦ ᠪᠠᠶᠢᠬᠤ ᠬᠡᠷᠡᠭᠳᠡᠢ᠂ ᠬᠡᠷᠪᠡ ᠴᠢᠰᠦᠨ ᠳᠠᠷᠤᠯᠳᠠ ᠶᠡᠭᠡ ᠳᠤᠭᠳᠠᠪᠤᠷᠢ ᠦᠬᠡᠢ ᠪᠤᠯ ᠴᠠᠭ ᠳᠠᠷᠤᠢ ᠳᠤ ᠪᠠᠨ ᠦᠵᠡᠬᠦᠯᠵᠦ ᠡᠮᠨᠡᠬᠦᠯᠦᠬᠡᠷᠡᠢ᠃ ᠵᠢᠷᠦᠬᠡ ᠴᠢᠰᠦᠨ ᠰᠤᠳᠠᠯ ᠤᠨ ᠡᠪᠡᠳᠴᠢᠳᠡᠨ ᠬᠠᠯᠠᠭᠤᠨ ᠬᠦᠢᠳᠡᠨ ᠢ ᠦᠷᠬᠦᠯᠵᠢ ᠠᠩᠬᠠᠷᠴᠦ᠂ ᠬᠤᠪᠴᠠᠰᠦ ᠬᠤᠨᠠᠷ ᠢᠶᠠᠨ ᠵᠤᠵᠠᠭᠠᠯᠠᠬᠤ ᠨᠢᠮᠬᠡᠯᠡᠬᠦ ᠪᠠᠨ ᠵᠤᠬᠢᠴᠠᠭᠤᠯᠵᠤ᠂ ᠭᠠᠳᠠᠭᠰᠢ ᠭᠠᠷᠪᠠᠯ ᠮᠡᠯᠡᠭᠠᠢ ᠪᠡᠬᠡᠯᠡᠢ ᠵᠡᠬᠦᠵᠦ᠂ ᠤᠷᠢᠶᠠᠯᠳᠠ ᠤᠷᠢᠶᠠᠵᠦ᠂ ᠬᠡᠷ ᠤᠨ ᠳᠤᠳᠤᠷ᠎ᠠ ᠭᠠᠳᠠᠨᠠᠬᠢ ᠳᠤᠯᠠᠭᠠᠨ ᠤ ᠬᠡᠮᠵᠢᠶ᠎ᠠ ᠶᠢᠨ ᠵᠦᠷᠢᠶ᠎ᠠ ᠶᠡᠬᠡᠳᠬᠦ ᠶᠢ ᠰᠡᠷᠬᠡᠶᠢᠯᠡᠵᠦ ᠬᠠᠨᠢᠶᠠᠳᠦ ᠳᠤᠮᠤᠭᠤ ᠤᠯᠬᠤ ᠠᠴᠠ ᠰᠡᠷᠬᠡᠶᠢᠯᠡᠬᠦ ᠬᠡᠷᠡᠭᠳᠡᠢ᠃ ᠪᠤᠬᠢᠷᠳᠤᠯ ᠲᠠᠢ ᠮᠠᠨᠠᠨ ᠲᠠᠢ ᠡᠳᠦᠷ ᠭᠠᠳᠠᠨ᠎ᠠ ᠭᠠᠷᠬᠤ ᠪᠤᠶᠤ ᠬᠦᠮᠦᠨ ᠬᠠᠷ᠎ᠠ ᠴᠤᠭᠯᠠᠷᠠᠭᠰᠠᠨ ᠭᠠᠵᠠᠷ ᠲᠤ ᠠᠮᠠᠪᠴᠢ ᠵᠡᠬᠦᠬᠦ ᠎ ᠪᠠᠨ ᠪᠤᠤ ᠮᠠᠷᠳᠠᠭᠠᠷᠠᠢ᠃     ᠡᠪᠦᠯ ᠳᠤ ᠠᠭᠠᠷ ᠬᠠᠭᠰᠠᠭᠤ ᠪᠤᠯᠤᠬᠷ ᠴᠢᠰᠦᠨ ᠤ ᠨᠢᠯᠴᠠᠭᠠᠢ ᠶᠢᠨ ᠬᠡᠮᠵᠢᠶ᠎ᠠ ᠳᠡᠭᠡᠭᠰᠢᠯᠡᠳᠡᠭ᠂ ᠡᠨᠡ ᠦᠶ᠎ᠠ ᠳᠤ ᠤᠰᠤ ᠢᠯᠡᠬᠦᠬᠡᠨ ᠤᠤᠭᠤᠪᠠᠯ ᠴᠢᠰᠦ ᠪᠦᠯᠦᠩᠳᠦᠬᠦ ᠠᠴᠠ ᠰᠡᠷᠬᠡᠶᠢᠯᠡᠬᠦ ᠪᠠ ᠵᠢᠷᠦᠬᠡᠨ ᠤ ᠳᠦᠭᠵᠢᠷᠡᠯ ᠡᠬᠦᠰᠬᠦ ᠠᠴᠠ ᠰᠡᠷᠬᠡᠶᠢᠯᠡᠵᠦ ᠪᠤᠯᠬᠤ ᠶᠤᠮ᠃ ᠡᠶᠢᠮᠦ ᠠᠴᠠ ᠡᠩ ᠤᠨ ᠦᠶ᠎ᠠ ᠠᠴᠠ ᠪᠠᠨ ᠢᠯᠡᠬᠦᠦ ᠨᠢᠬᠡ ᠴᠤᠮᠤ ᠤᠰᠤ ᠤᠤᠭᠤᠵᠤ ᠪᠠᠶᠢᠬᠤ ᠶᠢ ᠰᠠᠨᠠᠭᠤᠯᠤᠶ᠎ᠠ᠃  ᠦᠷᠯᠦᠬᠡ ᠰᠡᠷᠡᠭᠰᠡᠨ ᠤ ᠳᠠᠷᠠᠭ᠎ᠠ ᠨᠢᠬᠡ ᠴᠤᠮᠤ ᠪᠦᠯᠢᠶᠡᠨ ᠤᠰᠤ ᠤᠤᠭᠤᠵᠤ ᠪᠠᠶᠢᠭᠠᠷᠠᠢ᠃     ᠳᠦᠷᠪᠡ᠂ ᠳᠤᠳᠤᠭᠠᠳᠤ ᠱᠦᠬᠦᠷᠡᠯ ᠤᠨ ᠰᠠᠯᠠᠭ᠎ᠠ᠄  ᠬᠦᠯ ᠢᠶᠠᠨ ᠳᠤᠯᠠᠭᠠᠯᠠᠬᠤ ᠶᠢ ᠠᠩᠬᠠᠷᠤᠨ᠎ᠠ     ᠬᠦᠢᠳᠡᠨ ᠠᠴᠠ ᠰᠡᠷᠬᠡᠶᠢᠯᠡᠬᠦ ᠪᠤᠯ ᠰᠢᠬᠢᠷ ᠰᠢᠵᠢᠩ ᠡᠪᠡᠳᠴᠢᠳᠡᠨ ᠤ ᠬᠠᠮᠤᠭ ᠤᠨ ᠴᠢᠬᠤᠯᠠ ᠵᠦᠢᠯ ᠪᠤᠯᠬᠤ ᠶᠤᠮ᠃ ᠠᠭᠠᠷ ᠬᠦᠢᠳᠡᠷᠡᠵᠦ ᠪᠠᠶᠢᠬᠤ ᠦᠶ᠎ᠠ ᠳᠤ᠂ ᠡᠪᠡᠳᠴᠢᠳᠡᠨ ᠴᠢᠰᠦᠨ ᠤ ᠰᠢᠬᠢᠷ ᠤᠨ ᠠᠭᠤᠯᠤᠭᠳᠠᠴᠠ ᠶᠢᠨ ᠬᠤᠪᠢᠷᠠᠯᠳᠠ ᠶᠢ ᠢᠯᠡᠬᠦᠬᠡᠨ ᠠᠩᠬᠠᠷᠴᠦ᠂ ᠴᠢᠰᠦᠨ ᠰᠢᠬᠢᠷ ᠢ ᠦᠷᠬᠦᠯᠵᠢ ᠬᠢᠨᠡᠨ ᠬᠡᠮᠵᠢᠵᠦ ᠡᠪᠡᠳᠴᠢᠨ ᠤ ᠪᠠᠶᠢᠳᠠᠯ ᠤᠨ ᠬᠤᠪᠢᠷᠠᠯᠳᠠ ᠶᠢ ᠡᠵᠡᠮᠰᠢᠵᠦ᠂ ᠴᠠᠭ ᠳᠤᠬᠠᠢ ᠳᠤ ᠪᠠᠨ ᠡᠮ ᠢᠶᠠᠨ ᠲᠡᠩᠴᠡᠭᠦᠷᠢᠰᠢᠭᠦᠯᠭᠦ ᠴᠢᠬᠤᠯᠠᠳᠠᠢ᠃ ᠡᠬᠦᠨ ᠠᠴᠠ ᠭᠠᠳᠠᠨ᠎ᠠ᠂ ᠰᠢᠬᠢᠷ ᠰᠢᠵᠢᠩ ᠡᠪᠡᠳᠴᠢᠳᠡᠨ ᠤ ᠴᠢᠰᠦᠨ ᠰᠤᠳᠠᠯ ᠤᠨ ᠴᠢᠳᠡᠪᠬᠢ ᠰᠠᠶᠢᠨ ᠪᠢᠰᠢ ᠪᠠ ᠮᠡᠳᠡᠷᠡᠯ ᠳᠤ ᠡᠪᠡᠳᠴᠢᠨ ᠤ ᠬᠤᠪᠢᠷᠠᠯᠳᠠ ᠡᠬᠦᠰᠬᠦ ᠪᠠᠶᠢᠳᠠᠯ ᠢᠯᠡᠷᠡᠬᠦ ᠪᠤᠯᠬᠤᠷ ᠬᠦᠯ ᠤᠨ ᠬᠡᠰᠡᠭ ᠤᠨ ᠴᠢᠰᠦᠨ ᠤ ᠡᠷᠬᠢᠯᠳᠡ ᠰᠠᠭᠠᠳ ᠲᠤ ᠤᠴᠠᠷᠠᠬᠤ᠂ ᠰᠢᠮ᠎ᠠ ᠳᠡᠵᠢᠬᠡᠯ ᠰᠠᠭᠠᠳ ᠲᠤ ᠤᠴᠠᠷᠠᠬᠤ ᠪᠡ ᠬᠡᠰᠡᠭ ᠳᠠᠯ᠎ᠠ ᠶᠢᠨ ᠮᠡᠳᠡᠷᠡᠮᠵᠢ ᠤᠳᠠᠭᠠᠨ ᠪᠤᠯᠳᠠᠭ ᠳᠤᠯᠠ ᠬᠦᠯ ᠢᠶᠠᠨ ᠳᠤᠯᠠᠭᠠᠯᠠᠬᠤ ᠬᠡᠷᠡᠭᠳᠡᠢ᠃ ᠤᠨᠳᠠᠬᠤ ᠦᠶ᠎ᠠ ᠳᠤ ᠪᠠᠨ ᠰᠤᠯᠠᠬᠠᠨ ᠦᠢᠮᠦᠰᠦ ᠡᠮᠦᠰᠦᠬᠡᠳ ᠤᠨᠳᠠᠵᠦ ᠪᠠᠰᠠ ᠪᠤᠯᠤᠨ᠎ᠠ᠃      ᠳᠠᠪᠤ᠂ ᠬᠦᠳᠡᠯᠬᠡᠬᠡᠨ ᠤ ᠰᠠᠯᠠᠭ᠎ᠠ᠄ ᠳᠤᠬᠢᠷᠠᠮᠵᠢᠳᠠᠢ ᠴᠠᠭ ᠲᠤ ᠬᠦᠳᠡᠯᠬᠡᠬᠡᠨ ᠬᠢᠨ᠎ᠠ     ᠡᠪᠦᠯ ᠤᠨ ᠤᠯᠠᠷᠢᠯ ᠤᠨ ᠦᠷᠯᠦᠬᠡ᠂ ᠴᠢᠰᠦᠨ ᠳᠠᠷᠤᠯᠳᠠ᠂ ᠵᠢᠷᠦᠬᠡᠨ ᠡᠪᠡᠳᠴᠢᠨ ᠵᠡᠷᠬᠡ ᠡᠪᠡᠳᠴᠢᠨ ᠶᠡᠭᠡ ᠡᠬᠦᠰᠬᠦ ᠴᠠᠭ ᠪᠤᠯᠤᠨ᠎ᠠ᠃ ᠳᠡᠬᠡᠷ᠎ᠠ ᠨᠢ ᠦᠷᠯᠦᠬᠡᠨ ᠤ ᠨᠠᠷᠠᠨ ᠤ ᠬᠡᠷᠡᠯ ᠬᠦᠢᠴᠡᠳ ᠪᠢᠰᠢ ᠪᠤᠯᠬᠤᠷ ᠬᠦᠳᠡᠯᠬᠡᠬᠡᠨ ᠤ ᠳᠤᠮᠳᠠ ᠠᠶᠤᠯ ᠳᠦᠭᠰᠢᠬᠦᠷᠢ ᠳᠤᠬᠢᠶᠠᠯᠳᠤᠬᠤ ᠪᠤᠯᠤᠮᠵᠢ ᠦᠨᠳᠦᠷ ᠪᠠᠶᠢᠳᠠᠭ᠃ ᠡᠶᠢᠮᠦ ᠠᠴᠠ ᠨᠠᠰᠤᠳᠠᠶᠢᠴᠤᠳ ᠡᠪᠦᠯ ᠤᠨ ᠤᠯᠠᠷᠢᠯ ᠳᠤ ᠳᠡᠩᠳᠡᠬᠦᠦ ᠡᠷᠳᠡ ᠬᠦᠳᠡᠯᠬᠡᠬᠡᠨ ᠬᠢᠵᠦ ᠪᠤᠯᠬᠤ ᠦᠬᠡᠢ᠃ ᠬᠠᠮᠤᠭ ᠵᠤᠬᠢᠰᠳᠠᠢ ᠬᠦᠳᠡᠯᠬᠡᠬᠡᠨ ᠬᠢᠬᠦ ᠴᠠᠭ ᠪᠤᠯ ᠦᠳᠡ ᠶᠢᠨ ᠬᠤᠶᠢᠨ᠎ᠠ ᠪᠤᠶᠤ ᠨᠠᠷᠠ ᠭᠠᠷᠤᠭᠰᠠᠨ ᠤ ᠳᠠᠷᠠᠭ᠎ᠠ ᠪᠠᠶᠢᠭ᠎ᠠ ᠶᠤᠮ᠃     ᠴᠢᠷᠦᠯᠳᠦᠩᠬᠦᠢ ᠴᠢᠨᠠᠷᠳᠠᠢ ᠡᠪᠡᠳᠴᠢᠳᠡᠨ ᠬᠦᠴᠢᠯᠳᠦᠷᠦᠭᠴᠢᠳᠦ ᠬᠦᠳᠡᠯᠬᠡᠬᠡᠨ ᠬᠢᠬᠦ ᠪᠠᠷ ᠭᠤᠤᠯ ᠪᠤᠯᠭᠠᠵᠦ᠂ ᠬᠦᠴᠦᠨ ᠎ ᠢᠶᠠᠨ ᠪᠤᠯᠪᠠᠰᠤᠷᠠᠭᠤᠯᠬᠤ ᠪᠠᠷ ᠬᠠᠪᠰᠤᠷᠤᠮᠵᠢ ᠪᠤᠯᠭᠠᠨ᠂ ᠤᠶᠠᠨ ᠵᠦᠬᠡᠯᠡᠨ ᠴᠢᠨᠠᠷᠳᠠᠢ ᠪᠠ ᠳᠡᠩᠴᠡᠬᠦᠷᠢᠳᠡᠢ ᠪᠤᠯᠪᠠᠰᠤᠷᠠᠯᠳᠠ ᠬᠢᠬᠦ ᠪᠠᠷ ᠨᠦᠬᠦᠪᠦᠷᠢ ᠪᠤᠯᠭᠠᠪᠠᠯ ᠵᠤᠬᠢᠨ᠎ᠠ᠃ ᠬᠡᠷᠪᠡ ᠬᠦᠳᠡᠯᠬᠡᠬᠡᠨ ᠬᠢᠬᠦ ᠶᠠᠪᠤᠴᠠ ᠳᠤ᠂ ᠴᠡᠬᠡᠵᠢ ᠡᠪᠡᠳᠬᠦ᠂ ᠵᠢᠷᠦᠬᠡ ᠴᠢᠴᠢᠷᠡᠬᠦ᠂ ᠠᠮᠢᠰᠬᠤᠯ ᠳᠤᠭᠳᠠᠭᠤᠨ ᠪᠤᠰᠤ ᠪᠠᠶᠢᠳᠠᠯ ᠢᠯᠡᠷᠡᠪᠡᠯ᠂ ᠡᠷᠭᠡᠪᠰᠢ ᠬᠦᠳᠡᠯᠬᠡᠬᠡᠨ ᠤ ᠬᠦᠴᠦᠯᠡᠴᠡ ᠪᠠᠨ ᠳᠤᠷᠤᠭᠰᠢᠯᠠᠭᠤᠯᠵᠤ᠂ ᠢᠯᠡᠷᠡᠯ ᠨᠢ ᠨᠠᠮᠳᠠᠵᠦ ᠪᠠᠶᠢᠬᠤ ᠡᠰᠡᠬᠦ ᠶᠢ ᠠᠵᠢᠭᠯᠠᠵᠦ᠂ ᠬᠡᠷᠪᠡ ᠨᠠᠮᠳᠠᠬᠤ ᠦᠬᠡᠢ ᠪᠤᠯ ᠴᠠᠭ ᠳᠤᠬᠠᠢ ᠎ ᠳᠤ ᠨᠢ ᠡᠮᠴᠢ ᠳᠤ ᠦᠵᠡᠬᠦᠯᠵᠦ᠂ ᠴᠤᠯᠤ ᠡᠳ᠋ ᠬᠡᠮᠳᠦᠬᠦ ᠴᠢᠨᠠᠷᠳᠠᠢ ᠡᠪᠡᠳᠴᠢᠨ ᠡᠬᠦᠰᠬᠦ ᠠᠴᠠ ᠰᠡᠷᠬᠡᠶᠢᠯᠡᠬᠦ ᠬᠡᠷᠡᠭᠳᠡᠢ᠃       ᠵᠢᠷᠦᠬᠡ ᠴᠢᠰᠦᠨ ᠰᠤᠳᠠᠯ ᠤᠨ ᠡᠪᠡᠳᠴᠢᠳᠡᠨ ᠵᠢᠱᠢᠶᠡᠯᠡᠪᠡᠯ᠄ ᠠᠯᠬᠤᠯᠠᠬᠤ᠂ ᠨᠡᠷᠡᠬᠦᠢ ᠨᠢᠳᠤᠷᠭ᠎ᠠ᠂ ᠶᠤᠭ᠎ᠠ ᠳᠠᠮᠢᠷ ᠵᠡᠷᠬᠡ ᠶᠢ ᠰᠤᠩᠭᠤᠪᠠᠯ ᠬᠠᠮᠤᠭ ᠤᠨ ᠰᠠᠶᠢᠨ ᠶᠤᠮ᠃ ᠠᠮᠢᠰᠬᠤᠯ ᠤᠨ ᠰᠢᠰᠲ᠋ᠧᠮ ᠤᠨ ᠡᠪᠡᠳᠴᠢᠳᠡᠨ ᠵᠢᠱᠢᠶᠡᠯᠡᠪᠡᠯ ᠤᠰᠤᠨ ᠎ ᠳᠤ ᠤᠮᠪᠠᠭ᠋ᠤ᠂ ᠠᠯᠭᠤᠷ ᠬᠦᠶᠦᠬᠦ ᠵᠡᠷᠬᠡ ᠬᠦᠴᠢᠯᠳᠦᠷᠦᠭᠴᠢᠳᠦ ᠬᠦᠳᠡᠯᠬᠡᠬᠡᠨ ᠢ ᠰᠤᠩᠭᠤᠪᠠᠯ ᠰᠠᠶᠢᠨ ᠶᠤᠮ᠃       ᠵᠢᠷᠭᠤᠭ᠎ᠠ᠂ ᠰᠢᠮ᠎ᠠ ᠳᠡᠵᠢᠬᠡᠯ ᠤᠨ ᠰᠠᠯᠠᠭ᠎ᠠ᠄ ᠶᠡᠷᠦ ᠳᠡᠭᠡᠨ ᠢᠳᠡᠬᠡᠨ ᠤᠮᠳᠠ ᠶᠢᠨ ᠰᠢᠮ᠎ᠠ ᠳᠡᠵᠢᠬᠡᠯ ᠢ ᠳᠡᠩᠴᠡᠬᠦᠷᠢᠳᠡᠢ ᠪᠠᠶᠢᠯᠭᠠᠨ᠎ᠠ      ᠡᠪᠦᠯ ᠤᠨ ᠤᠯᠠᠷᠢᠯ ᠳᠤ ᠰᠢᠮ᠎ᠠ ᠳᠡᠵᠢᠬᠡᠯ ᠢ ᠳᠡᠩᠴᠡᠬᠦᠷᠢᠳᠡᠢ ᠪᠠᠶᠢᠯᠭᠠᠬᠤ ᠶᠢ ᠠᠩᠬᠠᠷᠬᠤ ᠬᠡᠷᠡᠭᠳᠡᠢ᠃ ᠡᠪᠦᠯ ᠤᠨ ᠤᠯᠠᠷᠢᠯ  ᠎ ᠤᠨ ᠢᠳᠡᠰᠢ ᠶᠢᠨ ᠨᠤᠭᠤᠭ᠎ᠠ ᠳᠤ ᠶᠠᠭᠤᠨ ᠤ ᠤᠷᠢᠳ ᠯᠤᠤᠪᠠᠨᠭ᠌᠂ ᠴᠠᠭᠠᠨ ᠨᠤᠭᠤᠭ᠎ᠠ᠂ ᠴᠡᠴᠡᠭᠳᠦ ᠪᠦᠬᠡᠷᠡᠩᠭᠡᠢ ᠴᠠᠭᠠᠨ ᠨᠤᠭᠤᠭ᠎ᠠ᠂ ᠨᠠᠩᠬᠢ ᠴᠠᠭᠠᠨ ᠢ ᠰᠤᠩᠭᠤᠵᠤ᠂ ᠵᠢᠮᠢᠰ ᠤᠨ ᠵᠦᠢᠯ ᠳᠤ ᠵᠦᠷᠵᠢᠯᠢᠭ᠂ ᠵᠦᠷᠵᠢ᠂ ᠱᠠᠪᠳᠠᠯ᠎ᠠ᠂ ᠠᠯᠢᠮ᠎ᠠ ᠵᠡᠷᠬᠡ ᠶᠢ ᠰᠤᠩᠭᠤᠬᠤ ᠬᠡᠷᠡᠭᠲᠡᠢ᠂ ᠳᠡᠯᠢᠬᠦᠦ ᠬᠤᠳᠤᠭᠤᠳᠤ ᠶᠢᠨ ᠠᠵᠢᠯᠯᠠᠭ᠎ᠠ ᠨᠢ ᠪᠠᠷᠤᠭᠳᠠᠢ ᠬᠦᠮᠦᠨ ᠶᠡᠭᠡ ᠢᠳᠡᠵᠦ ᠪᠤᠯᠬᠤ ᠦᠬᠡᠢ᠂ ᠡᠳᠦᠷ ᠲᠤ 1— 2 ᠢᠳᠡᠪᠡᠯ ᠪᠤᠯᠤᠨ᠎ᠠ᠃    ᠡᠩ ᠤᠨ ᠬᠦᠮᠦᠰ ᠡᠪᠦᠯ ᠳᠤ᠂ ᠪᠢᠯᠢᠭ ᠢ ᠰᠢᠮᠡᠵᠢᠬᠦᠯᠵᠦ ᠠᠭᠤᠰᠬᠢ ᠶᠢ ᠵᠦᠬᠡᠯᠡᠷᠡᠬᠦᠯᠬᠦ ᠢᠳᠡᠬᠡᠨ ᠤᠮᠳᠠ ᠶᠢ ᠢᠳᠡᠪᠡᠯ ᠵᠤᠬᠢᠨ᠎ᠠ᠃ ᠵᠢᠱᠢᠶᠡᠯᠡᠪᠡᠯ᠂ ᠬᠡᠯᠡᠬᠡᠢ ᠰᠠᠷᠠᠨ᠎ᠠ᠂ ᠴᠠᠭᠠᠨ ᠳᠡᠯᠳᠡᠦ᠂ ᠯᠢᠩᠬᠸ᠎ᠠ ᠶᠢᠨ ᠦᠷ᠎ᠠ ᠪᠠᠷ ᠵᠤᠳᠠᠩ ᠬᠢᠵᠦ ᠤᠤᠭᠤᠪᠠᠯ ᠰᠠᠶᠢᠨ᠃                                        ︽ᠳᠤᠮᠳᠠᠳᠤ ᠤᠯᠤᠰ ᠤᠨ ᠬᠠᠶᠢᠴᠢᠯᠠᠮᠠᠯ ᠰᠤᠨᠢᠨ︾᠎ ᠠᠴᠠ ᠠᠪᠤᠪᠠ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号