ᠡᠪᠤᠯ ᠤᠨ ᠣᠯᠠᠷᠢᠯ ᠳᠤ ᠮᠠᠷᠢᠶᠠᠯᠠᠬᠤ ᠪᠠᠨ ᠬᠡᠷᠬᠢᠨ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2023/12/31
           ᠡᠪᠤᠯ ᠳᠤᠨᠢ ᠬᠦᠢᠳᠡᠨ ᠣᠴᠢᠷ ᠠᠴᠠ ᠬᠦᠮᠦᠰ ᠲᠤᠯᠠᠭᠠᠯᠠᠬᠤ ᠶᠢᠨ ᠲᠤᠯᠠᠲᠠ᠂ ᠦᠪᠡᠷ ᠤᠨ ᠡᠷᠭᠡ ᠦᠬᠡᠢ ᠦᠭᠡᠬᠦ ᠬᠠᠳᠠᠭᠠᠯᠠᠳᠠᠭ᠃ ᠡᠶᠢᠮᠦ ᠠᠴᠠ ᠡᠪᠤᠯ ᠳᠤᠨᠢ ᠬᠦᠮᠦᠨ ᠶᠡᠭᠡ ᠪᠠᠷ ᠮᠠᠷᠢᠶᠠᠯᠠᠳᠠᠭ ᠶᠤᠮ᠃ ᠮᠠᠷᠢᠶᠠᠯᠠᠬᠤ ᠨᠢ ᠣᠯᠠᠨ ᠵᠦᠢᠯ ᠤᠨ ᠡᠪᠡᠳᠴᠢᠨ ᠢ ᠪᠤᠢ ᠪᠤᠯᠭᠠᠨ᠎ᠠ᠂ ᠲᠡᠭᠡᠪᠡᠯ ᠡᠪᠤᠯ ᠤᠨ ᠣᠯᠠᠷᠢᠯ ᠳᠤ ᠮᠠᠷᠢᠶᠠᠯᠠᠬᠤ ᠪᠠᠨ ᠬᠡᠷᠬᠢᠨ ᠰᠡᠷᠭᠡᠶᠢᠯᠡᠬᠦ ᠪᠤᠢ︖                 ᠨᠢᠭᠡ ᠳᠤ᠂ ᠲᠠᠮᠢᠷ ᠬᠢᠬᠦ ᠪᠠᠨ ᠪᠠᠷᠢᠮᠳᠠᠯᠠᠬᠤ ᠬᠡᠷᠡᠭᠲᠡᠢ᠃ ᠡᠳᠤᠷ ᠪᠦᠷᠢ 20᠎ ᠠᠴᠠ 30 ᠮᠢᠨᠦᠲ ᠲᠠᠮᠢᠷ ᠬᠢᠵᠦ᠂ ᠶᠠᠪᠠᠭᠠᠨ ᠠᠯᠬᠤᠬᠤ᠂ ᠲᠤᠭᠤᠢ ᠣᠨᠤᠬᠤ᠂ ᠪᠦᠵᠢᠭ ᠦᠰᠦᠷᠬᠦ᠂ ᠲᠡᠪᠡᠭ ᠢᠰᠬᠦᠯᠬᠦ᠂ ᠲᠡᠭᠡᠰᠦ ᠦᠰᠦᠷᠬᠦ᠂ ᠠᠭᠤᠯᠠ ᠠᠪᠠᠷᠢᠬᠤ ᠵᠡᠷᠭᠡ ᠪᠦᠷ ᠪᠤᠯᠤᠨ᠎ᠠ᠃                 ᠬᠤᠶᠠᠷ ᠲᠤ᠂ ᠢᠳᠡᠵᠦ ᠣᠤᠭᠤᠬᠤ ᠪᠠᠨ ᠬᠢᠴᠢᠶᠡᠬᠦ ᠬᠡᠷᠡᠭᠲᠡᠢ᠃ ᠬᠤᠭᠤᠯᠠ ᠣᠮᠲᠠ ᠪᠠᠨ ᠴᠠᠭ ᠲᠤᠬᠠᠢ ᠳᠤᠨᠢ ᠢᠳᠡᠵᠦ᠂ ᠬᠡᠳᠤᠷᠡᠳᠡᠯ᠎ᠡ ᠢᠳᠡᠬᠦ ᠠᠴᠠ ᠰᠡᠷᠬᠡᠶᠢᠯᠡᠵᠦ᠂ ᠲᠤᠰᠤᠯᠢᠭ ᠢᠳᠡᠭᠡᠨ ᠢ ᠪᠠᠭ᠎ᠠ ᠰᠢᠬ ᠢᠳᠡᠪᠡᠯ ᠵᠤᠬᠢᠨ᠎ᠠ᠃                 ᠭᠤᠷᠪᠠ ᠳᠤ᠂ ᠣᠰᠤ ᠪᠠᠨ ᠬᠦᠢᠴᠡᠳ ᠣᠤᠭᠤᠬᠤ ᠬᠡᠷᠡᠭᠲᠡᠢ᠃ ᠡᠳᠤᠷ ᠪᠦᠷᠢ 8 ᠴᠤᠮᠦ ᠣᠰᠤ ᠣᠤᠭᠤᠪᠠᠯ ᠬᠠᠮᠤᠬ ᠰᠠᠶᠢᠨ᠃ ᠲᠡᠷᠡ ᠨᠢ ᠪᠡᠶᠡᠨ ᠳᠠᠬᠢ ᠦᠭᠡᠬᠦ ᠶᠢ ᠪᠠᠭᠠᠰᠬᠠᠬᠤ ᠪᠠᠷ ᠪᠠᠷᠠᠬᠤ ᠦᠬᠡᠢ ᠰᠢᠨ᠎ᠡ ᠬᠠᠭᠤᠴᠢᠨ ᠤ ᠰᠤᠯᠢᠯᠴᠠᠭ᠎ᠠ ᠶᠢ ᠲᠦᠷᠭᠡᠳᠭᠡᠨ᠎ᠠ᠃                 ᠲᠡᠭᠡᠷᠡᠬᠢ ᠭᠤᠷᠪᠠ  ᠎ ᠶᠢ ᠪᠠᠳᠤᠯᠠᠵᠤ ᠴᠢᠳᠠᠪᠠᠯ ᠰᠠᠶ᠋ᠢ ᠡᠪᠤᠯ ᠳᠡᠭᠡᠨ ᠮᠠᠷᠢᠶᠠᠯᠠᠬᠤ ᠶᠢ ᠵᠤᠬᠢᠰᠲᠠᠢ ᠰᠡᠷᠭᠡᠶᠢᠯᠡᠵᠦ ᠴᠢᠳᠡᠨ᠎ᠡ᠃ ︵ᠣᠳ᠋ᠪᠠᠯ᠎ᠠ ᠨᠡᠶᠢᠷᠡᠭᠤᠯᠪᠠ︶            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号