ᠤᠷᠲᠤ ᠨᠠᠰᠤᠯᠠᠬᠤ 6 ᠨᠢᠭᠤᠴᠠ
ᠨᠡᠶᠢᠲᠡᠯᠡᠭᠰᠡᠨ ᠴᠠᠭ᠄
2023/12/31
   1. ᠥᠪᠡᠷ ᠢ ᠪᠠᠨ ᠪᠣᠳᠠᠲᠤ ᠨᠠᠰᠤᠨ ᠠᠴᠠ ᠪᠠᠨ ᠵᠠᠯᠠᠭᠤ ᠭᠡᠵᠦ ᠪᠣᠳᠣᠳᠠᠭ᠃   ᠠᠮᠧᠷᠢᠺᠠ ᠶᠢᠨ ᠨᠢᠭᠡᠨ ᠰᠤᠳᠤᠯᠭᠠᠨ ᠳᠤ ᠬᠠᠷᠠᠭᠤᠯᠤᠭᠰᠠᠨ ᠢᠶᠠᠷ ᠥᠨᠳᠥᠷ ᠨᠠᠰᠤᠲᠠᠨ ᠨᠤᠭᠤᠳ ᠥᠪᠡᠷ ᠢ ᠪᠠᠨ ᠪᠣᠳᠠᠲᠤ ᠨᠠᠰᠤᠨ ᠠᠴᠠ ᠪᠠᠨ ᠵᠠᠯᠠᠭᠤ ᠭᠡᠵᠦ ᠪᠣᠳᠣᠵᠤ᠂ 70 ᠬᠦᠷᠦᠭᠰᠡᠨ ᠠᠬᠠᠮᠠᠳ ᠤᠳ ᠥᠪᠡᠷ ᠢ ᠪᠠᠨ 60᠎ ᠊ᠭᠠᠳ ᠨᠠᠰᠤᠲᠠᠢ ᠭᠡᠵᠦ ᠪᠣᠳᠣᠳᠠᠭ᠃    2. ᠪᠠᠶᠠᠷ ᠬᠦᠷ ᠲᠠᠢ ᠪᠠᠶᠢᠬᠤ   ᠠᠦ᠋ᠰᠲᠷᠠᠯᠢᠶ᠎ᠠ ᠶᠢᠨ ᠰᠤᠳᠤᠯᠭᠠᠨ ᠳᠤ ᠬᠠᠷᠠᠭᠤᠯᠤᠭᠰᠠᠨ ᠢᠶᠠᠷ ᠨᠠᠶᠢᠵᠠ ᠣᠯᠠᠨ ᠪᠠᠶᠢᠬᠤ ᠨᠢ ᠬᠦᠮᠦᠨ ᠤᠷᠲᠤ ᠨᠠᠰᠤᠯᠠᠬᠤ ᠦᠨᠳᠦᠰᠦ ᠭᠡᠵᠡᠢ᠃ ᠨᠠᠶᠢᠵᠠ ᠨᠥᠬᠦᠳ ᠬᠠᠷᠢᠯᠴᠠᠵᠤ ᠰᠡᠳᠬᠢᠯ ᠵᠣᠪᠠᠭᠠᠭᠰᠠᠨ ᠠᠰᠠᠭᠤᠳᠠᠯ ᠢᠶᠠᠨ ᠬᠤᠪᠢᠶᠠᠯᠴᠠᠵᠤ᠂ ᠬᠠᠷᠢᠯᠴᠠᠨ ᠵᠣᠷᠢᠭᠵᠢᠭᠤᠯᠵᠤ᠂ ᠡᠷᠡᠭᠦᠯ ᠴᠢᠭᠢᠷᠠᠭ ᠠᠮᠢᠳᠤᠷᠠᠯ ᠤᠨ ᠵᠤᠷᠰᠢᠯ ᠲᠠᠢ ᠪᠠᠶᠢᠬᠤ ᠳᠤ ᠬᠢᠨᠠᠯᠲᠠ ᠲᠠᠯᠪᠢᠳᠠᠭ ᠠᠴᠠ ᠪᠣᠯᠵᠠᠢ᠃    3. ᠨᠠᠷᠢᠨ ᠪᠡᠯᠬᠡᠭᠦᠰᠦ   ᠲᠣᠮᠣ ᠭᠡᠳᠡᠰᠦ ᠲᠠᠢ ᠬᠦᠮᠦᠰ ᠴᠢᠰᠤᠨ ᠤ ᠳᠠᠷᠤᠯᠲᠠ ᠶᠡᠬᠡᠰᠬᠦ᠂ ᠵᠢᠷᠦᠬᠡ ᠴᠤᠬᠢᠬᠤ᠂ ᠵᠢᠷᠦᠬᠡᠨ ᠤ ᠪᠤᠯᠴᠢᠩ ᠲᠦᠭᠵᠢᠷᠡᠬᠦ ᠂ ᠰᠢᠬᠢᠷ ᠰᠢᠵᠢᠩ ᠲᠠᠢ ᠪᠣᠯᠬᠤ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠳᠡᠭ᠃ ᠠᠮᠧᠷᠢᠺᠠ ᠶᠢᠨ ᠬᠥᠭᠰᠢᠷᠡᠯᠲᠡ ᠶᠢ ᠰᠤᠳᠤᠯᠬᠤ ᠭᠠᠵᠠᠷ ᠤᠨ ᠰᠤᠳᠤᠯᠭᠠᠨ ᠳᠤ ᠬᠠᠷᠠᠭᠤᠯᠤᠭᠰᠠᠨ ᠢᠶᠠᠷ᠂ ᠪᠡᠯᠬᠡᠭᠦᠰᠦ ᠪᠠᠷ ᠢᠶᠠᠨ ᠪᠦᠳᠦᠭᠦᠨ ᠡᠮᠡᠭᠲᠡᠶᠢᠴᠦᠳ ᠡᠩ ᠤᠨ ᠬᠦᠮᠦᠰ ᠠᠴᠠ 20 ᠬᠤᠪᠢ ᠪᠠᠷ ᠢᠯᠡᠭᠦᠦ ᠥᠷᠲᠦᠳᠡᠭ ᠪᠠᠶᠢᠨ᠎ᠠ᠃ ᠡᠶᠢᠮᠦ ᠠᠴᠠ ᠡᠷᠡᠴᠦᠳ ᠪᠡᠯᠬᠡᠭᠦᠰᠦ ᠪᠠᠨ 90 ᠰᠠᠨᠲ᠋ᠢᠮᠧᠲᠷ᠂ ᠡᠮᠡᠭᠲᠡᠶᠢᠴᠦᠳ 85 ᠰᠠᠨᠲ᠋ᠢᠮᠧᠲᠷ ᠠᠴᠠ ᠬᠡᠲᠦᠷᠡᠭᠦᠯᠬᠦ ᠦᠭᠡᠢ ᠪᠠᠶᠢᠪᠠᠯ ᠵᠣᠬᠢᠨ᠎ᠠ᠃   4. ᠬᠤᠷᠬᠢᠷᠠᠳᠠᠭ ᠦᠭᠡᠢ   18 ᠵᠢᠯ ᠦᠷᠭᠦᠯᠵᠢᠯᠡᠭᠰᠡᠨ ᠨᠢᠭᠡᠨ ᠰᠤᠳᠤᠯᠭᠠᠨ ᠳᠤ᠂ ᠤᠨᠲᠠᠭᠠᠳ ᠬᠤᠷᠬᠢᠷᠠᠳᠠᠭ ᠦᠭᠡᠢ ᠬᠦᠮᠦᠨ ᠢᠯᠡᠭᠦᠦ ᠤᠷᠲᠤ ᠨᠠᠰᠤᠯᠠᠳᠠᠭ ᠭᠡᠵᠡᠢ᠃ ᠬᠤᠷᠬᠢᠷᠠᠬᠤ ᠨᠢ ᠴᠢᠰᠤᠨ ᠤ ᠳᠠᠷᠤᠯᠲᠠ ᠶᠡᠬᠡᠰᠬᠦ᠂ ᠰᠢᠬᠢᠷ ᠰᠢᠵᠢᠩ ᠡᠪᠡᠳᠴᠢᠨ᠂ ᠵᠢᠷᠦᠬᠡᠨ ᠤ ᠪᠤᠯᠴᠢᠩ ᠤᠨ ᠲᠦᠭᠵᠢᠷᠡᠯ ᠵᠡᠷᠭᠡ ᠡᠪᠡᠳᠴᠢᠨ ᠡᠭᠦᠰᠬᠡᠳᠡᠭ ᠪᠠᠶᠢᠨ᠎ᠠ᠃    5. ᠥᠭᠡᠬᠦ ᠲᠣᠰᠣ ᠪᠠᠭ᠎ᠠ ᠢᠳᠡᠳᠡᠭ   ᠰᠤᠳᠤᠯᠭᠠᠨ ᠳᠤ᠂ ᠤᠷᠲᠤ ᠨᠠᠰᠤᠯᠠᠳᠠᠭ ᠭᠠᠵᠠᠷ ᠤᠨ ᠠᠬᠠᠮᠠᠳ ᠤᠳ ᠤᠨ ᠶᠡᠬᠡᠩᠬᠢ ᠨᠢ ᠥᠭᠡᠬᠦ ᠲᠣᠰᠣ ᠪᠠᠭ᠎ᠠ ᠢᠳᠡᠵᠦ᠂ 90 ᠬᠤᠪᠢ ᠨᠢ ᠡᠳᠦᠷ ᠪᠦᠷᠢ ᠨᠣᠭᠤᠭ᠎ᠠ ᠶᠢ ᠢᠯᠡᠭᠦᠦ ᠲᠠᠢ ᠬᠦᠨᠡᠰᠦᠨ ᠳᠤ ᠪᠠᠨ ᠬᠡᠷᠡᠭᠯᠡᠳᠡᠭ ᠪᠠᠶᠢᠨ᠎ᠠ᠃ ᠤᠴᠢᠷ ᠨᠢ ᠵᠢᠷᠦᠬᠡ ᠰᠤᠳᠠᠰᠤᠨ ᠤ ᠡᠪᠡᠳᠴᠢᠨ᠂ ᠰᠢᠬᠢᠷ ᠰᠢᠵᠢᠩ ᠡᠪᠡᠳᠴᠢᠨ ᠲᠠᠢ ᠪᠣᠯᠬᠤ ᠨᠢ ᠠᠮᠢᠳᠤᠷᠠᠯ ᠤᠨ ᠮᠠᠭᠤ ᠵᠤᠷᠰᠢᠯ ᠲᠠᠢ ᠬᠤᠯᠪᠣᠭ᠎ᠠ ᠲᠠᠢ ᠠᠵᠢ᠃    6. ᠨᠦᠢᠷ ᠰᠠᠶᠢᠨ    ᠡᠳᠦᠷ ᠲᠤ 8 ᠴᠠᠭ ᠤᠨᠲᠠᠳᠠᠭ ᠬᠦᠮᠦᠰ ᠲᠠᠢ ᠬᠠᠷᠢᠴᠠᠭᠤᠯᠪᠠᠯ 4 ᠴᠠᠭ ᠤᠨᠲᠠᠳᠠᠭ ᠬᠦᠮᠦᠰ ᠴᠢᠰᠤᠨ ᠤ ᠳᠠᠷᠤᠯᠲᠠ ᠥᠨᠳᠥᠷ᠂ ᠵᠢᠷᠦᠬᠡᠨ ᠤ ᠡᠪᠡᠳᠴᠢᠨ ᠳᠤ ᠠᠮᠠᠷᠬᠠᠨ ᠨᠡᠷᠪᠡᠭᠳᠡᠵᠦ᠂ ᠢᠯᠠᠩᠭᠤᠶ᠎ᠠ ᠰᠢᠯᠤᠭᠤᠨ ᠭᠡᠳᠡᠰᠦ᠂ ᠬᠥᠬᠦᠨ ᠤ ᠪᠤᠯᠴᠢᠷᠬᠠᠢ ᠶᠢᠨ ᠡᠪᠡᠳᠴᠢᠨ ᠠᠮᠠᠷᠬᠠᠨ ᠣᠯᠳᠠᠭ ᠪᠠᠶᠢᠨ᠎ᠠ᠃ ᠤᠨᠲᠠᠬᠤ ᠠᠴᠠ ᠡᠮᠦᠨ᠎ᠡ ᠬᠥᠯ ᠢᠶᠠᠨ ᠬᠠᠯᠠᠭᠤᠨ ᠤᠰᠤᠨ ᠳᠤ ᠬᠢᠵᠦ ᠶᠠᠳᠠᠷᠠᠭ᠎ᠠ ᠪᠠᠨ ᠲᠠᠶᠢᠯᠬᠤ ᠨᠢ ᠪᠡᠶ᠎ᠡ ᠶᠢᠨ ᠡᠷᠡᠭᠦᠯ ᠮᠡᠨᠳᠦ ᠳᠤ ᠲᠤᠰᠠᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号