ᠠᠷᠠᠳ ᠤᠨ ᠳᠡᠭᠡᠳᠦ ᠰᠢᠭᠦᠬᠦ ᠬᠤᠷᠢᠶ᠎ᠠ ᠬᠠᠤᠯᠢ ᠪᠠᠷᠢᠬᠤ ᠲᠠᠶᠢᠯᠪᠤᠷᠢᠯᠠᠯᠲᠠ ᠶᠢ ᠨᠡᠶᠢᠲᠡᠯᠡᠵᠦ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2023/12/31
            ᠣᠶᠢᠷ᠎ᠠ  ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠨᠡᠶᠢᠲᠡᠯᠡᠵᠦ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠪᠠ᠃       ᠣᠢ ᠰᠢᠭᠤᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠳᠦᠯᠭᠡ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ  ᠶᠢ ᠨᠡᠶᠢᠲᠡᠯᠡᠵᠦ᠂ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠢ ᠪᠥᠬᠦ ᠲᠠᠯ᠎ᠠ ᠶᠢᠨ᠂ ᠰᠢᠰᠲ᠋ᠧᠮ ᠲᠠᠢ ᠲᠣᠭᠲᠠᠭᠠᠯ ᠭᠠᠷᠭᠠᠵᠠᠢ ᠃ ᠲᠣᠰ ᠲᠠᠶᠢᠯᠪᠤᠷᠢᠯᠠᠯᠲᠠ ᠶᠢ 8 ᠰᠠᠷ᠎ᠠ ᠶᠢᠨ 15 ᠎ ᠤ ᠡᠳᠦᠷ ᠠᠴᠠ ᠡᠬᠢᠯᠡᠵᠦ ᠬᠡᠷᠡᠭᠵᠢᠭᠦᠯᠪᠡ᠃       ᠲᠠᠶᠢᠯᠪᠤᠷᠢᠯᠠᠯᠲᠠ ᠳᠤ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠠᠢ᠂ ᠡᠭᠦᠨ ᠳᠤ ᠨᠠᠶᠢᠳᠠ ᠶᠢᠨ ᠠᠰᠠᠷᠠᠮᠵᠢ ᠶᠢᠨ ᠣᠶᠢᠲᠤ ᠭᠠᠵᠠᠷ ᠢ ᠲᠠᠪᠤᠨ ᠮᠦ ᠠᠴᠠ ᠳᠡᠭᠡᠭᠰᠢ᠂ ᠲᠠᠸᠠᠷ ᠤᠨ ᠣᠶᠢᠲᠤ ᠭᠠᠵᠠᠷ ᠢ ᠠᠷᠪᠠᠨ ᠮᠦ ᠠᠴᠠ ᠳᠡᠭᠡᠭᠰᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ ᠪᠠᠶᠢᠪᠠᠯ ᠳᠠᠷᠤᠢ ᠶᠠᠯ᠎ᠠ ᠲᠣᠭᠲᠠᠭᠠᠵᠤ ᠪᠣᠯᠣᠨ᠎ᠠ ᠭᠡᠵᠡᠢ᠃ ᠡᠭᠦᠨ ᠠᠴᠠ ᠭᠠᠳᠠᠨ᠎ᠠ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠤᠷᠭᠤᠮᠠᠯ  ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠠᠶᠢᠯᠪᠤᠷᠢᠯᠠᠵᠤ᠂ ᠤᠯᠤᠰ ᠤᠨ ᠨᠢᠭᠡᠳᠦᠭᠡᠷ ᠲᠠᠰ  ᠤᠨ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠤᠷᠭᠤᠮᠠᠯ ᠢ ᠨᠢᠭᠡ ᠰᠠᠭᠤᠷᠢ ᠠᠴᠠ ᠳᠡᠭᠡᠭᠰᠢ ᠪᠤᠶᠤ ᠣᠷᠭᠤᠭ᠎ᠠ ᠮᠣᠳᠣ ᠶᠢ ᠨᠢᠭᠡ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠡᠰᠡᠬᠦᠯ᠎ᠡ ᠤᠯᠤᠰ ᠤᠨ ᠬᠤᠶᠠᠳᠤᠭᠠᠷ ᠲᠠᠰ ᠤᠨ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠤᠷᠭᠤᠮᠠᠯ ᠢ ᠬᠤᠶᠠᠷ ᠰᠠᠭᠤᠷᠢ ᠠᠴᠠ ᠳᠡᠭᠡᠭᠰᠢ ᠪᠤᠶᠤ ᠣᠷᠭᠤᠭ᠎ᠠ ᠮᠣᠳᠣ ᠶᠢ ᠬᠤᠶᠠᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠬᠤᠬᠢᠷᠠᠭᠤᠯᠤᠭᠰᠠᠨ ᠪᠠᠶᠢᠪᠠᠯ᠂ ᠳᠠᠷᠤᠢ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠤᠷᠭᠤᠮᠠᠯ  ᠢ ᠬᠤᠬᠢᠷᠠᠭᠤᠯᠤᠭᠰᠠᠨ ᠶᠠᠯ᠎ᠠ ᠪᠣᠯᠵᠤ ᠪᠦᠷᠢᠯᠳᠦᠨ᠎ᠡ᠃       ᠣᠢ ᠮᠣᠳᠣ ᠶᠢ ᠬᠤᠯᠠᠭᠠᠶᠢᠯᠠᠨ ᠣᠭᠲᠣᠯᠣᠭᠰᠠᠨ ᠶᠠᠯ᠎ᠠ᠂ ᠣᠢ ᠮᠣᠳᠣ ᠶᠢ ᠳᠤᠷ᠎ᠠ ᠪᠠᠷ ᠢᠶᠠᠨ ᠣᠭᠲᠣᠯᠣᠭᠰᠠᠨ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠪᠠ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠲᠣᠳᠣᠷᠬᠠᠢ ᠲᠠᠶᠢᠯᠪᠤᠷᠢᠯᠠᠬᠤ ᠶᠢᠨ ᠬᠠᠮᠲᠤ ᠬᠤᠯᠠᠭᠠᠶᠢᠯᠠᠨ ᠣᠭᠲᠣᠯᠣᠭᠰᠠᠨ᠂ ᠳᠤᠷ᠎ᠠ ᠪᠠᠷ ᠢᠶᠠᠨ ᠣᠭᠲᠣᠯᠣᠭᠰᠠᠨ ᠣᠢ ᠮᠣᠳᠣ ᠶᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ ᠶᠠᠯ᠎ᠠ ᠶᠢᠨ ᠪᠡᠶᠡᠴᠢ ᠲᠠᠯ᠎ᠠ ᠶᠢᠨ ᠲᠣᠳᠣᠷᠬᠠᠢ ᠮᠡᠳᠡᠷᠡᠭᠳᠡᠯ ᠵᠢᠴᠢ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠠᠢ᠃ ᠡᠭᠦᠨ ᠳᠤ ︽ᠬᠤᠯᠠᠭᠠᠶᠢᠯᠠᠨ ᠣᠭᠲᠣᠯᠣᠭᠰᠠᠨ᠂ ᠳᠤᠷ᠎ᠠ ᠪᠠᠷ ᠢᠶᠠᠨ ᠣᠭᠲᠣᠯᠣᠭᠰᠠᠨ ᠣᠢ ᠮᠣᠳᠣ ᠪᠣᠯᠬᠤ ᠶᠢ ᠲᠣᠳᠣᠷᠬᠠᠢ ᠮᠠᠲᠠᠵᠤ ᠪᠣᠯᠬᠤ︾ ᠎ ᠶᠢ ᠵᠦᠢᠴᠢᠯᠡᠨ ᠲᠣᠭᠲᠠᠭᠠᠬᠤ ᠲᠠᠪᠤᠨ ᠵᠦᠢᠯ ᠤᠨ ᠪᠣᠳᠠᠲᠠᠢ ᠪᠠᠶᠢᠳᠠᠯ ᠢ ᠵᠢᠭᠰᠠᠭᠠᠪᠠ᠃ ᠵᠢᠱᠢᠶᠡᠯᠡᠪᠡᠯ ᠬᠤᠳᠠᠯᠳᠤᠨ ᠠᠪᠬᠤ ᠦᠨ᠎ᠡ ᠬᠠᠩᠰᠢ ᠨᠢ ᠢᠯᠡᠳᠲᠡ ᠳᠣᠣᠷ᠎ᠠ ᠪᠠᠶᠢᠬᠤ᠂ ᠠᠷᠠᠯᠵᠢᠶᠠᠯᠠᠬᠤ ᠠᠷᠭ᠎ᠠ ᠮᠠᠶ᠋ᠢᠭ ᠨᠢ ᠬᠡᠪ ᠤᠨ ᠵᠤᠷᠰᠢᠯ ᠲᠠᠢ ᠢᠯᠡᠳᠲᠡ ᠨᠡᠶᠢᠴᠡᠬᠦ ᠦᠭᠡᠢ ᠪᠠᠶᠢᠬᠤ ᠵᠡᠷᠭᠡ ᠪᠣᠯᠣᠨ᠎ᠠ᠃       ᠡᠭᠦᠨ ᠠᠴᠠ ᠭᠠᠳᠠᠨ᠎ᠠ᠂ ᠣᠢ ᠰᠢᠭᠤᠢ ᠶᠢᠨ ᠭᠡᠷᠡᠴᠢ ᠦᠨᠡᠮᠯᠡᠯ᠂ ᠪᠢᠴᠢᠭ ᠮᠠᠲ᠋ᠧᠷᠢᠶᠠᠯ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠢ ᠰᠢᠢᠳᠪᠦᠷᠢᠯᠡᠬᠦ ᠳᠦᠷᠢᠮ ᠢ ᠲᠠᠶᠢᠯᠪᠤᠷᠢᠯᠠᠨ ᠲᠣᠳᠣᠷᠬᠠᠶᠢᠯᠠᠵᠠᠢ᠃ ᠲᠠᠶᠢᠯᠪᠤᠷᠢᠯᠠᠯᠲᠠ ᠳᠤ᠂ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ᠂ ᠣᠢ ᠰᠢᠭᠤᠢ᠂ ᠰᠢᠭᠤᠶᠢᠲᠤ ᠭᠠᠵᠠᠷ᠂ ᠣᠢ ᠮᠣᠳᠣᠨ ᠤ ᠡᠷᠬᠡ ᠶᠢᠨ ᠬᠠᠷᠢᠶᠠᠯᠠᠯ ᠤᠨ ᠦᠨᠡᠮᠯᠡᠯ ᠵᠴᠢ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠵᠡᠷᠭᠡ ᠲᠥᠷᠥ ᠶᠢᠨ ᠪᠠᠶᠢᠭᠤᠯᠭ᠎ᠠ ᠶᠢᠨ ᠵᠥᠪᠰᠢᠶᠡᠷᠡᠭᠰᠡᠨ ᠣᠢ ᠰᠢᠭᠤᠢ ᠶᠢᠨ ᠭᠡᠷᠡᠴᠢ ᠦᠨᠡᠮᠯᠡᠯ᠂ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠲᠥᠷᠥ ᠶᠢᠨ ᠪᠠᠶᠢᠭᠤᠯᠭ᠎ᠠ ᠶᠢᠨ ᠠᠯᠪᠠᠨ ᠪᠢᠴᠢᠭ᠂ ᠭᠡᠷᠡᠴᠢ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ᠃ ᠭᠠᠳᠠᠭᠠᠳᠤ ᠠᠴᠠ ᠣᠷᠣᠭᠤᠯᠵᠤ᠂ ᠭᠠᠳᠠᠭᠠᠳᠤ ᠳᠤ ᠭᠠᠷᠭᠠᠬᠤ ᠶᠢ ᠵᠥᠪᠰᠢᠶᠡᠷᠡᠭᠰᠡᠨ ᠭᠡᠷᠡᠴᠢ ᠪᠢᠴᠢᠭ ᠵᠡᠷᠭᠡ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠤᠳᠠᠯᠳᠤᠭᠠᠯᠠᠬᠤ ᠶᠢᠨ ᠬᠠᠮᠲᠤ ᠬᠠᠤᠯᠢ ᠪᠤᠰᠤ ᠪᠠᠷ ᠡᠵᠡᠩᠨᠡᠭᠰᠡᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠦᠨᠳᠦ ᠶᠠᠯ᠎ᠠ ᠶᠢ ᠨᠢ ᠰᠣᠩᠭᠤᠵᠤ ᠰᠢᠢᠳᠬᠡᠯ ᠣᠨᠣᠭᠳᠠᠭᠤᠯᠤᠨ᠎ᠠ᠃       ᠲᠠᠨᠢᠯᠴᠠᠭᠤᠯᠤᠭᠰᠠᠨ ᠢᠶᠠᠷ᠂ ᠠᠷᠠᠳ ᠤᠨ ᠰᠢᠭᠦᠬᠦ ᠬᠤᠷᠢᠶ᠎ᠠ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠡᠯ᠎ᠡ ᠳᠦᠷᠦᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠣᠶᠢᠷ᠎ᠠ ᠶᠢᠨ ᠲᠠᠪᠤᠨ ᠵᠢᠯ ᠤᠨ ᠲᠤᠷᠰᠢ 2010 ᠣᠨ ᠠᠴᠠ 2022 ᠣᠨ ᠪᠥᠬᠦ ᠤᠯᠤᠰ ᠤᠨ ᠰᠢᠭᠦᠬᠦ ᠬᠤᠷᠢᠶ᠎ᠠ ᠬᠤᠯᠪᠣᠭᠳᠠᠯ ᠪᠦᠬᠦᠢ ᠡᠷᠡᠭᠦᠦ ᠶᠢᠨ ᠬᠡᠷᠡᠭ ᠢ ᠨᠠᠶᠢᠳᠠ 6475 ᠤᠳᠠᠭ᠎ᠠ ᠰᠢᠭᠦᠨ ᠳᠠᠭᠤᠰᠬᠠᠵᠤ᠂ ᠬᠦᠴᠦᠨ ᠲᠠᠢ ᠰᠢᠭᠦᠨ ᠳᠠᠰᠤᠯᠤᠬᠰᠠᠨ ᠬᠥᠮᠥᠨ ᠤ ᠲᠤᠭ᠎ᠠ 82204 ᠪᠠᠷᠢᠵᠤ᠂ ᠣᠢ ᠰᠢᠭᠤᠢ ᠶᠢᠨ ᠡᠬᠢ ᠪᠠᠶᠠᠯᠢᠭ ᠢ ᠪᠦᠲᠦᠮᠵᠢᠲᠡᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠰᠢᠭᠦᠬᠦ ᠬᠤᠷᠢᠶ᠎ᠠ  ᠶᠢ ᠵᠢᠭᠠᠨ ᠵᠢᠯᠤᠭᠤᠳᠴᠤ᠂ ᠲᠠᠶᠢᠯᠪᠤᠷᠢᠯᠠᠯᠲᠠ ᠶᠢ ᠨᠡᠶᠢᠲᠡᠯᠡᠵᠦ ᠬᠡᠷᠡᠭᠵᠢᠭᠦᠯᠬᠦ ᠪᠠᠷ ᠲᠣᠭᠢᠶᠠᠯ ᠪᠣᠯᠭᠠᠨ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠢ ᠰᠢᠭᠤᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ᠥᠪᠥᠷ ᠮᠣᠩᠭᠤᠯ ᠤᠨ ᠡᠳᠦᠷ ᠤᠨ ᠰᠣᠨᠢᠨ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号