| ᠤᠯᠤᠰ ᠠᠴᠠ ᠡᠳ᠋ ᠤᠨ ᠵᠠᠰᠠᠭ ᠤᠨ ᠲᠡᠮᠵᠢᠯᠭᠡ᠂ ᠭᠠᠶᠢᠯᠢ ᠶᠢᠨ ᠬᠠᠷᠠᠭᠠᠯᠵᠠᠯ ᠪᠠ ᠮᠦᠩᠬᠦᠨ ᠬᠦᠢᠯᠭᠡᠭᠡ᠂ | ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠳᠠᠨ ᠤ ᠲᠡᠮᠵᠢᠯᠭᠡ ᠵᠢᠴᠢ ᠠᠵᠤ ᠦᠢᠯᠡᠰ ᠤᠨ ᠲᠦᠷᠦ ᠶᠢᠨ | ᠪᠤᠳᠤᠯᠭ᠎ᠠ ᠶᠢᠨ ᠳᠠᠭᠠᠭᠤᠯᠭ᠎ᠠ ᠵᠡᠷᠭᠡ ᠠᠷᠭ᠎ᠠ ᠪᠠᠷᠢᠯ ᠢᠶᠠᠷ ᠳᠠᠷᠢᠶᠠᠴᠢᠨ ᠤ ᠳᠤᠰᠬᠠᠢ ᠬᠤᠷᠰᠢᠶ᠎ᠠ ᠶᠢᠨ | ᠬᠦᠭᠵᠢᠯᠳᠡ ᠶᠢ ᠬᠠᠣᠯᠢ ᠪᠠᠷ ᠪᠠᠳᠣᠯᠠᠵᠣ ᠪᠣᠢ᠃ ᠨᠡᠶᠢᠭᠡᠮ ᠤᠨ ᠡᠯ᠎ᠡ ᠡᠳᠡᠭᠡᠳ ᠠᠴᠠ ᠳᠠᠷᠢᠶᠠᠴᠢᠨ ᠤ ᠳᠤᠰᠬᠠᠢ | ᠬᠤᠷᠰᠢᠶ᠎ᠠ ᠳᠤ ᠦᠢᠯᠡᠴᠢᠯᠡᠭᠡ ᠬᠠᠩᠭᠠᠬᠤ ᠶᠢ ᠤᠯᠤᠰ ᠠᠴᠠ ᠵᠤᠷᠢᠬᠵᠢᠭᠤᠯᠤᠨ ᠲᠡᠮᠵᠢᠭᠰᠡᠭᠡᠷ ᠢᠷᠡᠭᠰᠡᠨ ᠶᠣᠮ᠃ | ᠲᠡᠭᠡᠪᠡᠯ ᠲᠠᠷᠢᠶᠠᠴᠢᠨ ᠤ ᠲᠣᠰᠬᠠᠢ ᠬᠤᠷᠰᠢᠶ᠎ᠠ ᠨᠢ ᠠᠯᠢ ᠠᠯᠢ ᠳᠠᠯ᠎ᠠ ᠪᠠᠷ ᠤᠯᠤᠰ ᠤᠨ ᠲᠦᠷᠦ ᠶᠢᠨ ᠪᠤᠳᠤᠯᠭ᠎ᠠ | ᠶᠢᠨ ᠬᠠᠷᠠᠭᠠᠯᠵᠠᠯ ᠢ ᠬᠦᠷᠲᠡᠵᠦ ᠪᠤᠯᠳᠠᠭ ᠪᠤᠯ︖ ᠲᠠᠷᠢᠶᠠᠴᠢᠳ ᠢ ᠪᠠᠭᠤᠷᠠᠶᠢᠴᠤᠤᠯ ᠭᠡᠳᠡᠭ᠂ ᠬᠤᠷᠰᠢᠶ᠎ᠠ ᠶᠢᠨ | ᠪᠤᠳᠠᠳᠤ ᠬᠦᠴᠦᠨ ᠬᠢᠷᠢ ᠵᠡᠷᠬᠡ ᠪᠤᠯ︖ | — ᠤᠯᠤᠰ ᠠᠴᠠ ᠲᠦᠷᠦᠯ ᠵᠦᠢᠯ ᠤᠯᠭᠤᠨ ᠠᠵᠤ ᠦᠢᠯᠡᠰ ᠢᠶᠠᠷ ᠲᠡᠮᠵᠢᠨ᠎ᠠ | ᠬᠤᠷᠰᠢᠶ᠎ᠠ ᠨᠢ ᠵᠠᠬ᠎ᠠ ᠲᠡᠯᠭᠡᠬᠦᠷ ᠤᠨ ᠡᠵᠡᠩᠨᠡᠯᠳᠡ ᠶᠢᠨ ᠭᠤᠤᠯ ᠴᠤᠭᠴᠠ ᠪᠤᠯᠤᠭᠰᠠᠨ ᠤ ᠬᠤᠪᠢ ᠳᠤ᠂ | ᠦᠷᠢᠰᠦᠯᠳᠦᠭᠡᠨ ᠤ ᠬᠦᠴᠦᠨ ᠪᠠᠭᠤᠷᠠᠢ ᠳᠤᠯᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ | ᠤᠯᠭᠤᠨ᠂ ᠲᠠᠷᠢᠶᠠᠴᠢᠨ ᠤ ᠲᠣᠰᠬᠠᠢ ᠬᠤᠷᠰᠢᠶ᠎ᠠ ᠶᠢ ᠤᠯᠤᠰ ᠤᠨ ᠳᠠᠷᠢᠶᠠᠯᠠᠩ ᠢ ᠲᠡᠮᠵᠢᠵᠦ ᠬᠠᠮᠠᠭᠠᠯᠠᠬᠤ | ᠰᠢᠰᠲ᠋ᠧᠮ ᠤᠨ ᠴᠢᠬᠤᠯᠠ ᠳᠠᠯ᠎ᠠ ᠪᠤᠯᠭᠠᠵᠤ ᠪᠤᠢ᠃ ᠨᠦᠬᠦᠴᠡᠯ ᠳᠤ ᠨᠡᠶᠢᠴᠡᠬᠦ ᠲᠠᠷᠢᠶᠠᠴᠢᠨ ᠤ ᠲᠣᠰᠬᠠᠢ ᠬᠤᠷᠰᠢᠶ᠎ᠠ ᠨᠢ | ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠦᠷᠦᠯ ᠵᠦᠢᠯ ᠤᠨ ᠵᠦᠭᠯᠡᠬᠦᠷ ᠤᠨ ᠱᠠᠭᠠᠷᠳᠠᠯᠭ᠎ᠠ | ᠶᠤᠰᠤᠭᠠᠷ ᠲᠦᠷᠦᠯ ᠵᠦᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷᠦᠯ ᠵᠦᠢᠯ ᠢ ᠳᠠᠭᠠᠭᠠᠴᠢᠯᠠᠨ | ᠡᠷᠬᠢᠯᠡᠬᠦ ᠭᠤᠶᠤᠴᠢᠯᠠᠯ ᠭᠠᠷᠭᠠᠵᠤ᠂ ᠲᠦᠷᠦᠯ ᠵᠦᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠭᠰᠡᠨ ᠤ ᠳᠠᠷᠠᠭ᠎ᠠ ᠭᠡᠷᠡᠭᠵᠢᠬᠦᠯᠦᠨ᠎ᠠ᠃ | ᠳᠠᠷᠢᠶᠠᠴᠢᠨ ᠤ ᠳᠤᠰᠬᠠᠢ ᠬᠤᠷᠰᠢᠶ᠎ᠠ ᠠᠴᠠ ᠳᠠᠭᠠᠭᠠᠴᠢᠯᠠᠨ ᠡᠷᠬᠢᠯᠡᠵᠦ ᠪᠤᠯᠬᠤ ᠳᠠᠷᠢᠶᠠᠯᠠᠩ ᠳᠤ ᠬᠤᠯᠪᠤᠬᠳᠠᠬᠤ | ᠲᠦᠷᠦᠯ ᠵᠦᠢᠯ ᠳᠤ ᠭᠤᠤᠯᠳᠠᠭᠤ᠄ ᠳᠠᠷᠢᠶᠠᠯᠠᠩ ᠦᠢᠯᠡᠳᠪᠦᠷᠢᠯᠡᠯ ᠤᠨ ᠲᠡᠮᠵᠢᠯᠭᠡ᠂ ᠳᠠᠷᠢᠶᠠᠯᠠᠩ ᠤᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠳᠠᠷᠢᠶᠠᠯᠠᠩ ᠤᠨ ᠲᠦᠬᠦᠭᠡᠷᠦᠮᠵᠢ ᠶᠢ ᠪᠠᠳᠤᠯᠠᠬᠤ ᠴᠢᠳᠠᠪᠤᠷᠢ ᠶᠢᠨ | ᠪᠦᠳᠦᠭᠡᠨ ᠪᠠᠶᠢᠭᠤᠯᠤᠯᠳᠠ᠂ ᠬᠦᠳᠡᠭᠡ ᠳᠤᠰᠬᠤᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠲᠠᠢ | ᠬᠤᠯᠪᠤᠬᠳᠠᠬᠤ ᠡᠳ᠋ ᠤᠨ ᠵᠠᠰᠠᠭ ᠤᠨ ᠪᠡᠯᠡ ᠮᠦᠩᠬᠦᠨ ᠤ ᠲᠦᠷᠦᠯ ᠵᠦᠢᠯ ᠪᠠ ᠲᠦᠪ ᠤᠨ ᠲᠦᠰᠦᠯ ᠤᠨ ᠳᠤᠳᠤᠷᠠᠬᠢ | ᠪᠡᠯᠡ ᠤᠷᠤᠭᠤᠯᠬᠤ ᠲᠦᠷᠦᠯ ᠵᠦᠢᠯ ᠪᠠᠭᠳᠠᠨ᠎ᠠ᠃ ᠳᠠᠷᠢᠶᠠᠴᠢᠨ ᠤ ᠳᠤᠰᠬᠠᠢ ᠬᠤᠷᠰᠢᠶ᠎ᠠ ᠠᠴᠠ ᠳᠠᠭᠠᠭᠠᠴᠢᠯᠠᠨ | ᠡᠷᠬᠢᠯᠡᠬᠦ ᠳᠤ ᠳᠤᠬᠢᠷᠠᠬᠤ ᠲᠦᠷᠦᠯ ᠵᠦᠢᠯ ᠪᠤᠯᠭᠠᠨ ᠢ ᠴᠦᠮ ᠳᠠᠷᠢᠶᠠᠴᠢᠨ ᠤ ᠳᠤᠰᠬᠠᠢ ᠬᠤᠷᠰᠢᠶ᠎ᠠ ᠠᠴᠠ | ᠳᠠᠭᠠᠭᠠᠴᠢᠯᠠᠨ ᠡᠷᠬᠢᠯᠡᠬᠦ ᠶᠢ ᠬᠠᠣᠯᠢ ᠪᠠᠷ ᠢᠳᠡᠪᠬᠢᠳᠡᠢ ᠲᠡᠮᠵᠢᠨ᠎ᠠ᠃ | ᠬᠦᠳᠡᠭᠡ ᠳᠤᠰᠬᠤᠨ ᠤ ᠮᠡᠳᠡᠭᠡ ᠵᠠᠩᠬᠢᠵᠢᠯᠳᠡ ᠬᠠᠷᠢᠴᠠᠩᠭᠤᠢ ᠲᠦᠭᠵᠢᠩᠬᠦᠢ ᠪᠠᠶᠢᠳᠠᠬ᠂ ᠬᠤᠷᠰᠢᠶ᠎ᠠ ᠶᠢᠨ | ᠭᠠᠳᠠᠭᠰᠢ ᠬᠠᠷᠢᠯᠴᠠᠭ᠎ᠠ ᠶᠠᠮᠡᠷ ᠵᠡᠷᠭᠡ ᠪᠤᠯ︖ | — ᠤᠯᠤᠰ ᠠᠴᠠ ᠪᠡᠯᠡ ᠮᠦᠩᠬᠦ ᠳᠤᠬᠢᠷᠠᠭᠤᠯᠤᠨ ᠦᠢᠯᠡᠴᠢᠯᠡᠭᠡ ᠬᠠᠩᠭᠠᠨ᠎ᠠ | ᠲᠦᠪ ᠪᠠ ᠤᠷᠤᠨ ᠨᠤᠳᠤᠭ ᠤᠨ ᠡᠳ᠋ ᠤᠨ ᠵᠠᠰᠠᠭ ᠠᠴᠠ ᠳᠤᠰ ᠳᠤᠰ ᠪᠡᠯᠡ ᠮᠦᠩᠬᠦ ᠳᠤᠬᠢᠷᠠᠭᠤᠯᠤᠨ᠂ | ᠳᠠᠷᠢᠶᠠᠴᠢᠨ ᠤ ᠳᠤᠰᠬᠠᠢ ᠬᠤᠷᠰᠢᠶ᠎ᠠ ᠶᠢ ᠲᠡᠮᠵᠢᠨ ᠮᠡᠳᠡᠭᠡ ᠵᠠᠩᠬᠢ᠂ ᠪᠤᠯᠪᠠᠰᠤᠷᠠᠯ᠂ ᠳᠠᠷᠢᠶᠠᠯᠠᠩ ᠤᠨ | ᠪᠦᠳᠦᠬᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠬᠢᠭᠡᠳ ᠭᠡᠷᠡᠴᠢᠯᠡᠯ᠂ ᠳᠠᠷᠢᠶᠠᠯᠠᠩ ᠦᠢᠯᠡᠳᠪᠦᠷᠢᠯᠡᠯ ᠤᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠵᠠᠬ᠎ᠠ ᠲᠡᠯᠭᠡᠬᠦᠷ ᠤᠨ ᠪᠤᠷᠤᠯᠠᠭᠤᠯᠭ᠎ᠠ ᠪᠠ ᠮᠡᠷᠭᠡᠵᠢᠯ ᠤᠨ | ᠲᠡᠯᠭᠡᠷᠡᠬᠦᠯᠦᠯᠳᠡ ᠵᠡᠷᠭᠡ ᠦᠢᠯᠡᠴᠢᠯᠡᠭᠡ ᠦᠷᠨᠢᠬᠦᠯᠦᠨ᠎ᠠ᠃ ᠦᠨᠳᠦᠰᠦᠳᠡᠨ ᠤ ᠭᠠᠵᠠᠷ ᠤᠷᠤᠨ᠂ ᠬᠢᠯᠢ ᠬᠢᠵᠠᠭᠠᠷ | ᠤᠷᠤᠨ ᠪᠠ ᠶᠠᠳᠠᠭᠤ ᠬᠦᠴᠢᠷᠲᠡᠯᠲᠡᠢ ᠭᠠᠵᠠᠷ ᠤᠷᠤᠨ ᠤ ᠳᠠᠷᠢᠶᠠᠴᠢᠨ ᠤ ᠳᠤᠰᠬᠠᠢ ᠬᠤᠷᠰᠢᠶ᠎ᠠ ᠪᠠ ᠤᠯᠤᠰ ᠬᠢᠭᠡᠳ | ᠨᠡᠶᠢᠭᠡᠮ ᠤᠨ ᠪᠠᠴᠢᠮ ᠭᠡᠷᠡᠭᠴᠡᠭᠡ ᠲᠠᠢ ᠴᠢᠬᠤᠯᠠ ᠳᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠦᠷᠢᠯᠡᠬᠦ | ᠳᠠᠷᠢᠶᠠᠴᠢᠨ ᠤ ᠳᠤᠰᠬᠠᠢ ᠬᠤᠷᠰᠢᠶ᠎ᠠ ᠳᠤ ᠬᠠᠷᠠᠭᠠᠯᠵᠠᠯ ᠤᠨᠲ᠋ᠡᠮᠵᠢᠯᠭᠡ ᠦᠵᠡᠬᠦᠯᠦᠨ᠎ᠠ᠃ | ᠲᠦᠪ ᠤᠨ ᠡᠳ᠋ ᠤᠨ ᠵᠠᠰᠠᠭ ᠠᠴᠠ ᠵᠢᠯ ᠪᠦᠷᠢ ᠳᠤᠰᠬᠠᠢ ᠲᠦᠷᠦᠯ ᠤᠨ ᠪᠡᠯᠡ ᠮᠦᠩᠬᠦ ᠭᠠᠷᠭᠠᠨ᠂ ᠬᠤᠷᠰᠢᠶ᠎ᠠ ᠶᠢᠨ | ᠪᠠᠷᠢᠮᠵᠢᠶᠠᠵᠢᠬᠰᠠᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠳᠡ᠂ ᠵᠠᠬ᠎ᠠ ᠲᠡᠯᠭᠡᠬᠦᠷᠴᠢᠯᠡᠭᠰᠡᠨ ᠡᠷᠬᠢᠯᠳᠡ ᠪ᠊ | ᠲᠦᠷᠢᠮᠵᠢᠭᠰᠡᠨ ᠬᠠᠮᠢᠶᠠᠷᠤᠯᠳᠠ ᠦᠷᠨᠢᠬᠦᠯᠬᠦ ᠶᠢ ᠲᠡᠮᠵᠢᠵᠦ᠂ ᠰᠤᠷᠭᠠᠨ ᠬᠦᠮᠦᠵᠢᠯ ᠪᠤᠯᠪᠠᠰᠤᠷᠠᠯ ᠤᠨ ᠠᠵᠢᠯᠯᠠᠭ᠎ᠠ | ᠦᠷᠨᠢᠬᠦᠯᠬᠦ ᠶᠢ ᠲᠡᠳᠬᠦᠨ᠂ ᠭᠤᠤᠯᠯᠠᠬᠤ ᠠᠵᠤ ᠦᠢᠯᠡᠰ ᠪᠠ ᠤᠨᠴᠠᠯᠢᠬᠳᠤ ᠦᠢᠯᠡᠳᠬᠦᠨ ᠢ ᠬᠦᠭᠵᠢᠬᠦᠯᠬᠦ ᠶᠢ ᠬᠠᠣᠯᠢ | ᠶᠣᠰᠣᠭᠠᠷ ᠲᠡᠮᠵᠢᠵᠦ᠂ ᠳᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠠ᠃ | ᠬᠦᠳᠡᠭᠡ ᠠᠵᠤ ᠠᠬᠤᠢ ᠶᠢᠨ ᠶᠠᠮᠤᠨ ᠪᠠ ᠡᠯ᠎ᠡ ᠮᠤᠵᠢ ︵ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ︶ ᠶᠢᠨ ᠳᠠᠷᠢᠶᠠᠯᠠᠩ ᠤᠨ ᠰᠠᠯᠠᠭ᠎ᠠ ᠮᠦᠴᠢᠷ ᠠᠴᠠ ᠵᠢᠯ ᠪᠤᠯᠭᠠᠨ ᠨᠢᠭᠡ ᠪᠦᠯᠦᠭ ᠪᠦᠬᠦ ᠤᠯᠤᠰ᠂ ᠮᠤᠵᠢ ᠶᠢᠨ | ᠲᠡᠰ ᠪᠠ ᠬᠤᠳᠠ ︵ᠰᠢᠶᠠᠨ︶ ᠶᠢᠨ ᠲᠡᠰ ᠤᠨ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠳᠠᠭᠤᠷᠢᠶᠠᠯ ᠢ | ᠠᠳᠠᠯᠢᠳᠬᠠᠨ ᠰᠢᠯᠭᠠᠷᠠᠭᠤᠯᠬᠤ ᠶᠢᠨ ᠬᠠᠮᠳᠤ ᠵᠤᠬᠢᠰᠳᠠᠢ ᠱᠠᠩᠨᠠᠨ ᠵᠤᠷᠢᠬᠵᠢᠭᠤᠯᠤᠨ᠎ᠠ᠃ | ᠬᠤᠷᠰᠢᠶ᠎ᠠ ᠳᠠᠷᠢᠶᠠᠴᠢᠳ ᠢ ᠵᠤᠬᠢᠶᠠᠨ ᠪᠠᠶᠢᠭᠤᠯᠤᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠬᠦ ᠳᠤ | ᠭᠠᠶᠢᠯᠢ ᠳᠤᠰᠢᠶᠠᠳᠠᠭ ᠤᠤ︖ | — ᠤᠯᠤᠰ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠨ᠎ᠠ | ᠳᠠᠷᠢᠶᠠᠴᠢᠨ ᠤ ᠳᠤᠰᠬᠠᠢ ᠬᠤᠷᠰᠢᠶ᠎ᠠ ᠨᠢ ᠬᠦᠳᠡᠭᠡ ᠳᠤᠰᠬᠤᠨ ᠤ ᠦᠢᠯᠡᠳᠪᠦᠷᠢᠯᠡᠯ ᠡᠵᠡᠩᠨᠡᠯᠳᠡ ᠶᠢᠨ ᠳᠤᠰᠠᠭᠠᠷ | ᠵᠤᠬᠢᠶᠠᠨ ᠪᠠᠶᠢᠭᠤᠯᠤᠯᠳᠠ ᠪᠤᠯᠤᠭᠰᠠᠨ ᠤ ᠬᠤᠪᠢ ᠳᠤ᠂ ᠤᠯᠤᠰ ᠤᠨ ᠤᠳᠤ ᠪᠠᠶᠢᠭ᠎ᠠ ᠳᠠᠷᠢᠶᠠᠯᠠᠩ ᠤᠨ ᠬᠦᠭᠵᠢᠯᠳᠡ ᠶᠢ | ᠲᠡᠮᠵᠢᠬᠦ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠤᠯᠤᠨ᠎ᠠ᠃ ᠳᠠᠷᠢᠶᠠᠴᠢᠨ ᠤ | ᠳᠤᠰᠬᠠᠢ ᠬᠤᠷᠰᠢᠶ᠎ᠠ ᠨᠢ ᠤᠯᠤᠰ ᠠᠴᠠ ᠳᠤᠭᠳᠠᠭᠠᠭᠰᠠᠨ ᠳᠠᠷᠢᠶᠠᠯᠠᠩ ᠦᠢᠯᠡᠳᠪᠦᠷᠢᠯᠡᠯ᠂ ᠡᠳ᠋ᠰᠢᠬᠦᠯᠦᠨ | ᠪᠤᠯᠪᠠᠰᠤᠷᠠᠭᠤᠯᠤᠯᠳᠠ᠂ ᠬᠦᠢᠯᠭᠡᠭᠡ᠂ ᠦᠢᠯᠡᠴᠢᠯᠡᠭᠡ ᠪᠠ ᠪᠤᠰᠤᠳ ᠳᠠᠷᠢᠶᠠᠯᠠᠩ ᠳᠤ ᠬᠤᠯᠪᠤᠭᠳᠠᠬᠤ ᠠᠵᠤ | ᠠᠬᠤᠢ ᠶᠢᠨ ᠠᠵᠢᠯᠯᠠᠭ᠎ᠠ ᠲᠠᠢ ᠳᠤᠬᠢᠷᠠᠯᠴᠠᠬᠤ ᠭᠠᠶᠢᠯᠢ ᠶᠢᠨ ᠬᠠᠷᠠᠭᠠᠯᠵᠠᠯ ᠬᠦᠷᠲᠡᠨ᠎ᠡ᠃ | ᠳᠠᠷᠢᠶᠠᠴᠢᠨ ᠤ ᠳᠤᠰᠬᠠᠢ ᠬᠤᠷᠰᠢᠶ᠎ᠠ ᠨᠢ ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠤ ᠦᠢᠯᠡᠳᠪᠦᠷᠢᠯᠡᠭᠰᠡᠨ | ᠳᠠᠷᠢᠶᠠᠯᠠᠩ ᠤᠨ ᠪᠦᠳᠦᠬᠡᠭᠳᠡᠬᠦᠨ ᠢ ᠪᠤᠷᠤᠯᠠᠭᠤᠯᠪᠠᠯ ᠨᠡᠮᠡᠯᠳᠡ ᠦᠷᠲᠡᠭ ᠤᠨ ᠭᠠᠶᠢᠯᠢ ᠶᠢ ᠭᠡᠯᠳᠦᠷᠢᠬᠦᠯᠦᠨ᠎ᠡ︔ | ᠳᠠᠷᠢᠶᠠᠴᠢᠨ ᠤ ᠳᠤᠰᠬᠠᠢ ᠬᠤᠷᠰᠢᠶ᠎ᠠ ᠨᠢ ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠳᠤ ᠳᠠᠷᠢᠶᠠᠯᠠᠩ ᠤᠨ ᠰᠦᠯᠢᠶᠤᠤ | ᠪᠦᠷᠬᠦᠪᠴᠢ᠂ ᠳᠠᠷᠢᠶᠠᠨ ᠦᠷ᠎ᠡ᠂ ᠴᠢᠬᠢ᠂ ᠬᠢᠮᠢ ᠶᠢᠨ ᠪᠤᠷᠳᠤᠭᠤᠷ᠂ ᠳᠠᠷᠢᠶᠠᠨ ᠡᠮ᠂ ᠳᠠᠷᠢᠶᠠᠯᠠᠩ ᠤᠨ ᠮᠠᠰᠢᠨ | ᠪᠤᠷᠤᠯᠠᠭᠤᠯᠪᠠᠯ ᠨᠡᠮᠡᠯᠳᠡ ᠦᠷᠲᠡᠭ ᠤᠨ ᠭᠠᠶᠢᠯᠢ ᠶᠢ ᠭᠡᠯᠳᠦᠷᠢᠬᠦᠯᠦᠨ᠎ᠡ︔ ᠳᠠᠷᠢᠶᠠᠴᠢᠨ ᠤ ᠳᠤᠰᠬᠠᠢ ᠬᠤᠷᠰᠢᠶ᠎ᠠ ᠨᠢ | ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠲᠠᠢ ᠳᠤᠭᠳᠠᠭᠰᠠᠨ ᠳᠠᠷᠢᠶᠠᠯᠠᠩ ᠤᠨ ᠪᠦᠳᠦᠬᠡᠭᠳᠡᠬᠦᠨ ᠪᠠ ᠳᠠᠷᠢᠶᠠᠯᠠᠩ | ᠦᠢᠯᠡᠳᠪᠦᠷᠢᠯᠡᠯ ᠤᠨ ᠮᠠᠲ᠋ᠧᠷᠢᠶᠠᠯ ᠬᠤᠳᠠᠯᠳᠤᠨ ᠪᠤᠷᠤᠯᠠᠭᠤᠯᠬᠤ ᠭᠡᠷ᠎ᠡ ᠶᠢᠨ ᠲᠡᠮᠳᠡᠭᠳᠦ ᠶᠢᠨ ᠭᠠᠶᠢᠯᠢ ᠶᠢ | ᠭᠡᠯᠳᠦᠷᠢᠬᠦᠯᠦᠨ᠎ᠡ᠃ | ᠳᠠᠷᠢᠶᠠᠴᠢᠳ ᠵᠤᠭᠤᠰ ᠤᠯᠬᠤ ᠳᠤ ᠬᠦᠴᠢᠷ ᠪᠠᠶᠢᠳᠠᠬ᠂ ᠬᠤᠷᠰᠢᠶ᠎ᠠ ᠪᠡᠯᠡ ᠮᠦᠩᠬᠦ ᠳᠤᠳᠠᠬᠳᠠᠨᠠ ᠤᠤ︖ | — ᠤᠯᠤᠰ ᠠᠴᠠ ᠮᠦᠩᠬᠦᠨ ᠬᠦᠢᠯᠭᠡᠭᠡᠨ ᠤ ᠲᠡᠮᠵᠢᠯᠭᠡ ᠬᠠᠩᠭᠠᠨ᠎ᠠ | ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠦᠩᠬᠦᠨ ᠬᠦᠢᠯᠭᠡᠭᠡᠨ ᠤ ᠪᠠᠶᠢᠭᠤᠯᠤᠮᠵᠢ ᠤᠯᠠᠨ ᠶᠠᠩᠵᠤ | ᠭᠡᠯᠪᠡᠷᠢ ᠶᠢᠨ ᠠᠷᠭ᠎ᠠ ᠭᠡᠮᠵᠢᠶ᠎ᠡ ᠠᠪᠴᠤ᠂ ᠳᠠᠷᠢᠶᠠᠴᠢᠨ ᠤ ᠳᠤᠰᠬᠠᠢ ᠬᠤᠷᠰᠢᠶ᠎ᠠ ᠳᠤ ᠤᠯᠠᠨ ᠠᠷᠭ᠎ᠠ ᠵᠠᠮ ᠢᠶᠠᠷ | ᠮᠦᠩᠬᠦᠨ ᠬᠦᠢᠯᠭᠡᠭᠡᠨ ᠤ ᠲᠡᠮᠵᠢᠯᠭᠡ ᠬᠠᠩᠭᠠᠨ᠎ᠠ᠃ ᠬᠤᠳᠠᠯᠳᠤᠭᠠᠨ ᠤ ᠴᠢᠨᠠᠷᠳᠠᠢ ᠮᠦᠩᠬᠦᠨ ᠬᠦᠢᠯᠭᠡᠭᠡᠨ ᠤ | ᠪᠠᠶᠢᠭᠤᠯᠤᠮᠵᠢ ᠠᠴᠠ ᠤᠯᠠᠨ ᠶᠠᠩᠵᠤ ᠭᠡᠯᠪᠡᠷᠢ ᠶᠢᠨ ᠠᠷᠭ᠎ᠠ ᠭᠡᠮᠵᠢᠶ᠎ᠡ ᠠᠪᠴᠤ᠂ ᠳᠠᠷᠢᠶᠠᠴᠢᠨ ᠤ ᠳᠤᠰᠬᠠᠢ | ᠬᠤᠷᠰᠢᠶ᠎ᠠ ᠳᠤ ᠮᠦᠩᠬᠦᠨ ᠬᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠤᠯᠤᠰ ᠠᠴᠠ ᠵᠤᠷᠢᠬᠵᠢᠭᠤᠯᠤᠨ᠎ᠠ᠃ | ᠳᠠᠷᠢᠶᠠᠴᠢᠨ ᠤ ᠳᠤᠰᠬᠠᠢ ᠬᠤᠷᠰᠢᠶ᠎ᠠ ᠶᠢ ᠪᠦᠬᠦᠨ ᠢ ᠬᠦᠳᠡᠭᠡ ᠳᠤᠰᠬᠤᠨ ᠤ ᠢᠳᠡᠭᠡᠮᠵᠢ ᠶᠢ ᠳᠤᠭᠳᠠᠭᠠᠬᠤ | ᠭᠡᠪᠴᠢᠶᠡᠨ ᠳᠤ ᠤᠷᠤᠭᠤᠯᠵᠤ᠂ ᠢᠳᠡᠭᠡᠮᠵᠢᠳᠤ ᠵᠢᠭᠡᠯᠡᠯᠭᠡ ᠶᠢᠨ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ︔ | ᠬᠦᠳᠡᠭᠡ ᠳᠤᠰᠬᠤᠨ ᠬᠢᠭᠡᠳ ᠮᠦᠩᠬᠦᠨ ᠬᠦᠢᠯᠭᠡᠭᠡᠨ ᠤ ᠪᠠᠶᠢᠭᠤᠯᠤᠮᠵᠢ ᠬᠤᠷᠰᠢᠨ ᠮᠦᠩᠬᠦᠨ ᠬᠦᠢᠯᠭᠡᠭᠡᠨ ᠤ | ᠦᠢᠯᠡᠳᠬᠦᠨ ᠤ ᠰᠢᠨ᠎ᠡ ᠶᠢ ᠡᠬᠦᠳᠴᠦ᠂ ᠦᠢᠯᠡᠴᠢᠯᠡᠭᠡᠨ ᠤ ᠠᠷᠭ᠎ᠠ ᠪᠠᠷᠢᠯ ᠢᠶᠠᠨ ᠰᠠᠶᠢᠵᠢᠷᠠᠭᠤᠯᠬᠤ ᠶᠢ ᠲᠡᠮᠵᠢᠨ | ᠵᠤᠷᠢᠬᠵᠢᠭᠤᠯᠤᠨ᠎ᠠ︔ ᠨᠦᠬᠦᠴᠡᠯ ᠲᠠᠢ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠢᠳᠡᠭᠡᠮᠵᠢ ᠶᠢᠨ ᠬᠠᠮᠳᠤᠷᠠᠯᠴᠠᠭ᠎ᠠ | ᠬᠢᠬᠦ ᠶᠢ ᠵᠤᠷᠢᠬᠵᠢᠭᠤᠯᠤᠨ᠎ᠠ᠃ | ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠶᠢ | ᠰᠠᠯᠭᠠᠬᠤ ᠶᠢ ᠲᠡᠭᠦᠯᠳᠡᠷᠵᠢᠭᠦᠯᠬᠦ ᠠᠷᠭ᠎ᠠ ᠶᠢᠨ ᠳᠤᠬᠠᠢ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠦᠨᠳᠦᠰᠦᠯᠡᠪᠠᠯ᠂ | ᠤᠯᠤᠰ ᠤᠨ ᠰᠢᠨ᠎ᠠ ᠪᠠᠷ ᠨᠡᠮᠡᠭᠳᠡᠭᠰᠡᠨ ᠲᠠᠷᠢᠶᠠᠯᠠᠩ ᠤᠨ ᠨᠦᠬᠦᠪᠦᠷᠢ ᠶᠢ ᠬᠡᠪᠴᠢᠶᠡᠵᠢᠭᠦᠯᠦᠨ ᠡᠵᠡᠩᠨᠡᠵᠦ ᠪᠠᠶᠢᠭ᠎ᠠ ᠭᠡᠷ | ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠬᠤᠷᠰᠢᠶ᠎ᠠ ᠵᠡᠷᠭᠡ ᠰᠢᠨ᠎ᠠ ᠬᠡᠯᠪᠡᠷᠢ ᠶᠢᠨ ᠭᠤᠤᠯ | ᠴᠤᠭᠴᠠ ᠳᠤ ᠵᠤᠬᠢᠰᠲᠠᠢ ᠪᠠᠷ ᠬᠡᠯᠪᠠᠶᠢᠯᠭᠡᠬᠦ ᠪᠠᠷ ᠪᠤᠢ᠃ ᠲᠡᠭᠡᠪᠡᠯ ᠲᠠᠷᠢᠶᠠᠯᠠᠩ ᠤᠨ ᠬᠤᠷᠰᠢᠶ᠎ᠠ ᠪᠤᠯᠤᠨ ᠬᠦᠳᠡᠭᠡ | ᠳᠤᠰᠬᠤᠨ ᠤ ᠬᠤᠷᠰᠢᠶ᠎ᠠ ᠳᠤ ᠶᠠᠮᠠᠷ ᠶᠠᠮᠠᠷ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠠᠶᠢᠬᠤ ᠪᠤᠢ︖ | ᠨᠢᠭᠡ᠄ ᠬᠠᠷᠠᠭᠠᠯᠵᠠᠯ ᠤᠨ ᠲᠦᠷᠦ ᠶᠢᠨ ᠪᠤᠳᠤᠯᠭ᠎ᠠ | ᠭᠠᠶᠢᠯᠢ ᠶᠢᠨ ᠬᠠᠷᠠᠭᠠᠯᠵᠠᠯ | 1. ᠲᠠᠷᠢᠶᠠᠴᠢᠨ ᠤ ᠲᠤᠰᠬᠠᠢ ᠬᠤᠷᠰᠢᠶ᠎ᠠ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠤ ᠪᠠᠶᠢᠭ᠎ᠠ ᠶᠢ | ᠲᠠᠷᠢᠶᠠᠴᠢᠨ ᠦᠪᠡᠷ ᠢᠶᠠᠨ ᠦᠢᠯᠡᠳᠪᠦᠷᠢᠯᠡᠭᠰᠡᠨ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠦ ᠪᠠᠶᠢᠬᠤ ᠪᠠᠷ | ᠦᠵᠡᠵᠤ᠂ ᠨᠡᠮᠡᠭᠳᠡᠯ ᠦᠷᠲᠡᠭ ᠤᠨ ᠭᠠᠶᠢᠯᠢ ᠶᠢ ᠨᠢ ᠬᠡᠯᠲᠦᠷᠢᠭᠦᠯᠦᠨ᠎ᠠ᠃ | 2. ᠡᠩ ᠤᠨ ᠭᠠᠶᠢᠯᠢ ᠲᠤᠰᠢᠶᠠᠭᠴᠢ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠭᠠᠶᠢᠯᠢ ᠬᠡᠯᠲᠦᠷᠢᠭᠦᠯᠦᠭᠰᠡᠨ | ᠲᠠᠷᠢᠶᠠᠯᠠᠩ ᠤᠨ ᠪᠦᠲᠦᠭᠡᠭᠳᠡᠭᠦᠨ ᠬᠤᠳᠠᠯᠳᠤᠨ ᠠᠪᠤᠪᠠᠯ᠂ ᠨᠡᠮᠡᠭᠳᠡᠯ ᠦᠷᠳᠡᠭ ᠤᠨ ᠭᠠᠶᠢᠯᠢ ᠶᠢ 13% ᠢᠶᠠᠷ | ᠬᠠᠰᠤᠨ᠎ᠠ᠃ | ᠤᠰᠤ ᠴᠠᠬᠢᠯᠭᠠᠨ ᠬᠡᠷᠡᠭᠯᠡᠬᠦ ᠬᠠᠷᠠᠭᠠᠯᠵᠠᠯ | 1. ᠬᠡᠪᠴᠢᠶᠡᠵᠢᠭᠦᠯᠦᠨ ᠭᠠᠭ᠋ᠠᠢ ᠲᠡᠵᠢᠭᠡᠬᠦ᠂ ᠢᠳᠡᠰᠢᠨ ᠨᠤᠭᠤᠭ᠎ᠠ ᠳᠠᠷᠢᠬᠤ ᠵᠡᠷᠭᠡ ᠳᠤ ᠬᠡᠷᠡᠭᠯᠡᠬᠦ ᠤᠰᠤ ᠪᠠ | ᠴᠠᠬᠢᠯᠭᠠᠨ ᠢ ᠲᠠᠷᠢᠶᠠᠯᠠᠩ ᠳᠤ ᠬᠡᠷᠡᠭᠯᠡᠬᠦ ᠤᠰᠤ ᠴᠠᠬᠢᠯᠭᠠᠨ ᠤ ᠰᠦᠢᠳᠭᠡᠯ ᠲᠠᠢ ᠠᠳᠠᠯᠢ ᠦᠨ᠎ᠠ ᠪᠠᠷ ᠪᠤᠳᠤᠨ᠎ᠠ᠃ 2. | ᠴᠠᠬᠢᠯᠭᠠᠨ ᠬᠦᠴᠦᠨ ᠤ ᠰᠠᠯᠠᠭ᠎ᠠ ᠮᠦᠴᠢᠷ ᠤᠨ ᠠᠮᠦ ᠪᠤᠳᠠᠭ᠎ᠠ ᠶᠢ ᠬᠠᠲᠠᠭᠠᠬᠤ ᠮᠠᠰᠢᠨ ᠮᠧᠬᠠᠨᠢᠭ ᠲᠤ ᠬᠡᠷᠡᠭᠯᠡᠬᠦ | ᠴᠠᠬᠢᠯᠭᠠᠨ ᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠠ ᠠᠴᠠ ᠳᠤᠤᠷ᠎ᠠ ᠪᠠᠶᠢᠯᠭᠠᠬᠤ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠠ᠃ | ᠬᠤᠶᠠᠷ᠄ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ | ᠤᠯᠤᠰ ᠠᠴᠠ ᠤᠯᠭᠤᠬᠤ ᠲᠠᠷᠢᠶᠠᠯᠠᠩ ᠤᠨ ᠬᠤᠷᠰᠢᠶ᠎ᠠ ᠶᠢᠨ ᠨᠦᠬᠦᠪᠦᠷᠢ ᠳᠤ᠂ ᠭᠠᠵᠠᠷ ᠰᠢᠷᠤᠢ ᠪᠠᠨ ᠰᠢᠯᠵᠢᠭᠦᠯᠦᠨ | ᠦᠭᠬᠦ ᠨᠦᠬᠦᠪᠦᠷᠢ᠂ ᠵᠢᠭᠡᠯᠡᠯᠭᠡ ᠶᠢᠨ ᠨᠦᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ᠂ ᠠᠮᠤ | ᠪᠤᠳᠠᠭ᠎ᠠ ᠳᠠᠷᠢᠬᠤ ᠨᠦᠬᠦᠪᠦᠷᠢ᠂ ᠲᠠᠷᠢᠶᠠᠯᠠᠩ ᠤᠨ ᠬᠡᠷᠡᠭᠰᠡᠯ ᠤᠨ ᠶᠠᠷᠦᠩᠬᠡᠶᠢᠯᠡᠭᠰᠡᠨ ᠨᠦᠬᠦᠪᠦᠷᠢ᠂ ᠬᠡᠪᠴᠢᠶᠡᠵᠢᠬᠦᠯᠦᠨ | ᠭᠠᠭ᠋ᠠᠢ ᠳᠠᠵᠢᠬᠡᠬᠦ ᠪᠠᠷᠢᠮᠵᠢᠶᠠᠵᠢᠭᠰᠠᠨ ᠲᠠᠯᠠᠪᠠᠢ ᠪᠠᠶᠢᠭᠤᠯᠬᠤ ᠨᠦᠬᠦᠪᠦᠷᠢ᠂ ᠲᠠᠷᠢᠶᠠᠯᠠᠩ ᠤᠨ ᠳᠠᠭᠠᠳᠬᠠᠯ ᠤᠨ | ᠨᠦᠬᠦᠪᠦᠷᠢ᠂ ᠬᠠᠮᠤᠭ ᠳᠤᠤᠷ᠎ᠠ ᠦᠨ᠎ᠠ ᠪᠠᠷ ᠠᠮᠤ ᠪᠤᠳᠠᠭ᠎ᠠ ᠬᠤᠳᠠᠯᠳᠤᠨ ᠠᠪᠬᠤ ᠨᠦᠬᠦᠪᠦᠷᠢ᠂ ᠲᠠᠷᠢᠶᠠᠯᠠᠬᠤ ᠶᠢ | ᠵᠤᠭᠰᠤᠭᠠᠵᠦ ᠤᠢ ᠮᠤᠳᠤ ᠲᠠᠷᠢᠬᠤ ᠨᠦᠬᠦᠪᠦᠷᠢ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠭᠰᠠᠨ ᠨᠦᠬᠦᠪᠦᠷᠢ | ᠵᠡᠷᠭᠡ ᠪᠤᠢ᠃ ᠪᠤᠲᠠᠲᠠᠢ ᠲᠦᠷᠦᠯ ᠵᠦᠢᠯ ᠢ ᠭᠤᠶᠤᠴᠢᠯᠡᠨ ᠮᠡᠳᠡᠭᠦᠯᠬᠦ ᠳᠡᠭᠡᠨ ᠡᠯ᠎ᠠ ᠮᠤᠵᠢ ︵ᠦᠪᠡᠷᠳᠡᠭᠡᠨ ᠵᠠᠰᠠᠬᠤ | ᠣᠷᠣᠨ ᠰᠢᠭᠤᠳ ᠬᠠᠷᠢᠶ᠎ᠠ ᠬᠤᠳᠠ︶ ᠶᠢᠨ ᠠᠳᠠᠯᠢ ᠪᠤᠰᠤ ᠪᠠᠶᠢᠳᠠᠯ ᠢᠶᠠᠨ ᠦᠨᠳᠦᠰᠦᠯᠡᠨ ᠮᠡᠳᠡᠬᠦᠯᠦᠨ᠎ᠠ᠃ | ᠭᠤᠷᠪᠠ᠄ ᠲᠠᠷᠢᠶᠠᠯᠠᠩ ᠲᠠᠢ ᠬᠤᠯᠪᠤᠭᠳᠠᠭᠰᠠᠠ ᠲᠦᠷᠦᠯ ᠵᠦᠢᠯ ᠢ ᠳᠡᠮᠵᠢᠬᠦ ᠲᠦᠷᠦ ᠶᠢᠨ ᠪᠤᠳᠤᠯᠭᠠᠲ᠋ᠤᠰᠬᠠᠢ | ᠲᠦᠷᠦᠯ ᠢᠶᠠᠷ ᠳᠡᠮᠵᠢᠬᠦ ᠲᠠᠯ᠎ᠠ ᠪᠠᠷ ᠤᠯᠤᠰ ᠠᠴᠠ ᠲᠠᠷᠢᠶᠠᠴᠢᠨ ᠤ ᠲᠤᠰᠬᠠᠢ ᠬᠤᠷᠰᠢᠶ᠎ᠠ ᠳᠤ ᠪᠠᠰᠠ ᠳᠡᠮᠵᠢᠯᠭᠡ | ᠦᠵᠡᠬᠦᠯᠦᠨ᠎ᠠ᠃ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠠᠯᠪᠠᠨ ᠭᠡᠷ ᠤᠨ ︽ᠰᠢᠨ᠎ᠠ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠦᠨᠳᠦᠷ ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠲᠤᠷᠰᠢᠯᠲᠠ ᠶᠢᠨ ᠴᠢᠬ ᠢ ᠮᠡᠳᠡᠬᠦᠯᠦᠨ ᠬᠡᠷᠡᠭᠵᠢᠬᠦᠯᠬᠦ ᠲᠤᠬᠠᠢ ᠰᠠᠨᠠᠯ︾ ᠳᠤ | ᠲᠤᠭᠲᠠᠭᠠᠭᠰᠠᠨ ᠢᠶᠠᠷ᠂ ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠦᠨᠳᠦᠷ | ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠮᠡᠳᠡᠬᠦᠯᠦᠨ | ᠬᠡᠷᠡᠭᠵᠢᠬᠦᠯᠬᠦ ᠶᠢ ᠢᠳᠡᠪᠬᠢᠲᠠᠢ ᠪᠠᠷ ᠳᠡᠮᠵᠢᠨ᠎ᠠ ᠭᠡᠵᠡᠢ᠃ ᠳᠠᠩ ᠭᠠᠭᠴᠠ ᠲᠦᠷᠦᠯ ᠵᠦᠢᠯ ᠤᠨ ᠮᠡᠳᠡᠭᠦᠯᠦᠠ | ᠬᠡᠷᠡᠭᠵᠢᠬᠦᠯᠬᠦ ᠪᠤᠲᠠᠲᠠᠢ ᠲᠠᠯᠠᠪᠠᠢ ᠪᠠᠷ ᠵᠢᠱᠢᠶᠡᠯᠡᠪᠡᠯ᠂ ᠵᠠᠷᠴᠢᠮ ᠳᠡᠭᠡᠷ᠎ᠠ ᠪᠠᠨ ᠲᠠᠷᠢᠶᠠᠴᠢᠨ ᠤ ᠲᠤᠰᠬᠠᠢ | ᠬᠤᠷᠰᠢᠶ᠎ᠠ ᠶᠢᠨ ᠲᠤᠷᠰᠢᠯᠲᠠ ᠶᠢᠨ ᠲᠦᠷᠦᠯ ᠵᠦᠢᠯ ᠨᠢ ᠲᠠᠯ᠎ᠠ ᠭᠠᠵᠠᠷ ᠪᠠᠶᠢᠪᠠᠯ 500 ᠮᠦ ᠠᠴᠠ ᠳᠤᠷᠤᠭᠰᠢ ᠪᠠᠶᠢᠵᠤ | ᠪᠤᠯᠬᠤ ᠦᠭᠡᠢ᠂ ᠳᠤᠪᠤ ᠠᠭᠤᠯᠠᠷᠬᠠᠭ ᠭᠠᠵᠠᠷ ᠪᠤᠯ 300 ᠮᠦ ᠠᠴᠠ ᠳᠤᠷᠤᠭᠰᠢ ᠪᠠᠶᠢᠵᠤ ᠪᠤᠯᠬᠤ ᠦᠭᠡᠢ᠂ | ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠠ ᠬᠦᠭᠵᠢᠬᠦᠯᠬᠦ ᠭᠠᠵᠠᠷ ᠤᠨ ᠵᠠᠰᠠᠯᠲᠠ ᠶᠢᠨ ᠲᠦᠷᠦᠯ ᠵᠦᠢᠯ ᠳᠤ | ᠨᠦᠬᠦᠪᠦᠷᠢᠯᠡᠬᠦ ᠡᠳ᠋ ᠶᠢᠨ ᠵᠠᠰᠠᠭ ᠤᠨ ᠨᠦᠬᠦᠪᠦᠷᠢ ᠶᠢ ᠮᠦ ᠪᠦᠷᠢ ᠶᠢ 1500 ᠲᠦᠭᠦᠷᠢᠭ ᠠᠴᠠ ᠬᠡᠲᠦᠷᠡᠭᠦᠯᠵᠦ | ᠪᠤᠯᠬᠤ ᠦᠭᠡᠢ ᠭᠡᠵᠠᠢ᠃ | ᠠᠵᠦ ᠦᠢᠯᠡᠰᠵᠢᠬᠦᠯᠬᠦ ᠲᠦᠷᠦᠯ ᠵᠦᠢᠯ ᠤᠨ ᠳᠡᠮᠵᠢᠯᠭᠡ ᠶᠢᠨ ᠲᠠᠯ᠎ᠠ ᠪᠠᠷ᠂ ᠤᠯᠤᠰ ᠤᠨ ᠲᠠᠷᠢᠶᠠᠯᠠᠩ ᠤᠨ | ᠬᠦᠭᠵᠢᠭᠦᠯᠦᠯᠲᠡ ᠶᠢᠨ ᠠᠯᠪᠠᠨ ᠭᠡᠷ ᠤᠨ 68 ᠳ᠋ᠤᠭᠠᠷ ᠲᠤᠭᠠᠲᠤ ᠪᠢᠴᠢᠭ ᠮᠠᠲᠧᠷᠢᠶᠠᠯ ᠳᠤ᠂ ᠲᠦᠷᠦᠯ ᠵᠦᠢᠯ ᠤᠨ | ᠠᠭᠤᠯᠭ᠎ᠠ ᠶᠢ ᠲᠤᠳᠤᠷᠬᠠᠢ ᠲᠤᠭᠲᠠᠭᠠᠪᠠ᠃ 2016 ᠤᠨ ᠤ ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ | ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠨᠢ ᠵᠠᠷᠴᠢᠮ ᠳᠡᠭᠡᠷ᠎ᠠ ᠪᠠᠨ ︽ | ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠲᠠ ᠶᠢ ᠳᠡᠮᠵᠢᠬᠦ ᠲᠠᠷᠢᠶᠠᠯᠠᠩ ᠤᠨ ᠳᠠᠪᠠᠭᠤᠯᠢᠭ ᠤᠨᠴᠠᠯᠢᠭᠲᠤ | ᠠᠵᠦ ᠦᠢᠯᠡᠰ ᠤᠨ ᠲᠦᠯᠦᠪᠯᠡᠭᠡ ︵2016 — 2018 ᠤᠨ︶︾ ᠲᠠᠢ ᠨᠡᠶᠢᠴᠡᠬᠦ ᠬᠡᠷᠡᠭᠳᠠᠢ ᠬᠡᠵᠤ | ᠱᠠᠭᠠᠷᠳᠠᠪᠠ᠃ ᠡᠭᠦᠨ ᠳᠤ ᠭᠤᠤᠯᠳᠠᠭᠤ ᠠᠵᠦ ᠠᠬᠤᠢ ᠶᠢᠨ ᠤᠢ ᠵᠢᠴᠢ ᠲᠦᠬᠦᠭᠡᠷᠦᠮᠵᠢᠲᠦ ᠲᠠᠷᠢᠶᠠᠯᠠᠩ᠂ ᠮᠠᠯ | ᠵᠢᠭᠦᠷᠲᠡᠨ᠂ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠰᠠᠭᠤᠷᠢᠨ ᠤ ᠲᠦᠷᠦᠯ ᠵᠦᠢᠯ᠂ ᠠᠮᠤ ᠲᠤᠰᠤ᠂ | ᠵᠢᠮᠢᠰ ᠨᠤᠭᠤᠭ᠎ᠠ᠂ ᠮᠠᠯ ᠵᠢᠭᠦᠷᠲᠡᠨ ᠵᠡᠷᠭᠡ ᠲᠠᠷᠢᠵᠦ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ | ᠪᠦᠲᠦᠭᠡᠭᠳᠡᠭᠦᠨ ᠢ ᠪᠤᠯᠪᠠᠰᠤᠷᠠᠭᠤᠯᠬᠤ ᠲᠦᠷᠦᠯ ᠵᠦᠢᠯ᠂ ᠲᠠᠷᠢᠶᠠᠯᠠᠩ ᠤᠨ ᠪᠦᠲᠦᠭᠡᠭᠳᠡᠭᠦᠨ ᠢ ᠰᠢᠨ᠎ᠠ ᠰᠤᠷᠭᠤᠭ ᠢᠶᠠᠷ | ᠬᠠᠳᠠᠭᠠᠯᠠᠬᠤ᠂ ᠭᠠᠷᠤᠯᠲᠠ ᠶᠢᠨ ᠤᠷᠤᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠵᠡᠷᠭᠡ ᠭᠦᠢᠯᠭᠡᠭᠡᠨ ᠤ | ᠳᠤᠨᠤᠭ ᠲᠦᠬᠦᠭᠡᠷᠦᠮᠵᠢ ᠶᠢᠨ ᠲᠦᠷᠦᠯ ᠵᠦᠢᠯ ᠢ ᠪᠠᠭᠲᠠᠭᠠᠨ᠎ᠠ᠃ | ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ | ᠲᠦᠷᠦᠯ ᠵᠦᠢᠯ ᠳᠤ᠂ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ ᠪᠤᠯᠤᠨ ᠵᠢᠭᠡᠯᠡᠯᠭᠡ ᠶᠢᠨ ᠬᠦᠦ | ᠮᠦᠡᠭᠭᠦ ᠶᠢ ᠤᠷᠤᠯᠠᠨ ᠦᠭᠬᠦ ᠲᠦᠷᠦᠯ ᠵᠦᠢᠯ ᠢ ᠪᠠᠭᠲᠠᠭᠠᠨ᠎ᠠ᠃ ᠡᠳ᠋ ᠤᠨ ᠵᠠᠰᠠᠭ ᠤᠨ ᠨᠦᠬᠦᠪᠦᠷᠢ ᠮᠦᠡᠭᠭᠦ ᠶᠢ | ᠬᠡᠷᠡᠭᠯᠡᠬᠦ ᠬᠡᠪᠴᠢᠶ᠎ᠠ ᠨᠢ ︽ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠪᠡᠯᠨ | ᠮᠦᠡᠭᠭᠦ ᠪᠤᠯᠤᠨ ᠲᠦᠷᠦᠯ ᠵᠦᠢᠯ ᠢ ᠬᠠᠮᠢᠶᠠᠷᠬᠤ ᠠᠷᠭ᠎ᠠ︾ ︵ᠡᠳ᠋ ᠤᠨ ᠵᠠᠰᠠᠭ ᠤᠨ ᠶᠠᠮᠤᠨ ᠤ 60 ᠳ᠋ᠤᠭᠠᠷ ᠲᠤᠭᠠᠲᠤ | ᠪᠢᠴᠢᠭ ᠮᠠᠲ᠋ᠧᠷᠢᠶᠠᠯ︶ ᠶᠢᠨ ᠬᠠᠮᠢᠶ᠎ᠠ ᠪᠦᠬᠦᠢ ᠲᠤᠭᠲᠠᠭᠠᠯ ᠢᠶᠠᠷ ᠬᠡᠷᠡᠭᠵᠢᠭᠦᠯᠦᠨ᠎ᠠ᠃ ᠡᠯ᠎ᠠ ᠭᠠᠵᠠᠷ ᠤᠷᠤᠨ ︽ | ᠤᠷᠢᠳᠠᠪᠠᠷ ᠪᠠᠶᠢᠭᠤᠯᠵᠦ ᠳᠠᠷᠠᠭ᠎ᠠ ᠨᠢ ᠨᠦᠬᠦᠪᠦᠷᠢᠯᠡᠬᠦ︾ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠬᠦ ᠶᠢ | ᠵᠤᠷᠢᠭᠵᠢᠭᠤᠯᠤᠨ᠎ᠠ᠃ | ᠭᠡᠬᠦ ᠳᠡᠭᠡᠨ ᠳᠦᠷᠦᠯ ᠵᠦᠢᠯ ᠮᠡᠳᠡᠭᠦᠯᠬᠦ ᠬᠤᠷᠰᠢᠶ᠎ᠠ ᠳᠤ ᠪᠠᠰᠠ ᠵᠤᠬᠢᠰᠳᠠᠢ ᠬᠢᠵᠠᠭᠠᠷ ᠳᠤᠭᠳᠠᠭᠠᠪᠠ᠄ ᠬᠠᠤᠯᠢ ᠶᠢᠨ | ᠡᠷᠬᠡᠲᠡᠨ ᠤ ᠬᠢᠷᠢ ᠭᠡᠮ ᠲᠠᠢ ᠪᠠᠶᠢᠬᠤ ᠬᠡᠷᠡᠭᠳᠠᠢ︔ ᠦᠨᠡᠨᠴᠢ ᠢᠲᠡᠭᠡᠮᠵᠢ ᠶᠢᠨ ᠲᠡᠮᠳᠡᠭᠯᠡᠯ ᠲᠠᠢ ᠪᠠᠶᠢᠵᠤ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠦᠷᠢ ᠶᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ | ︔ ︽ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠤᠯᠢ︾ ᠶᠢᠨ ᠬᠠᠮᠢᠶ᠎ᠠ ᠪᠦᠬᠦᠢ ᠳᠦᠷᠢᠮ ᠲᠤᠭᠲᠠᠭᠠᠯ ᠲᠠᠢ | ᠨᠠᠶᠢᠴᠡᠵᠦ᠂ ᠡᠷᠬᠡ ᠲᠤᠳᠤᠷᠬᠠᠢ᠂ ᠲᠤᠭᠲᠠᠭᠠᠯ ᠳᠦᠷᠢᠮᠵᠢᠭᠰᠡᠨ᠂ ᠡᠵᠡᠩᠨᠡᠯᠲᠡ ᠶᠢᠨ ᠳᠤᠭᠳᠠᠴᠠ ᠵᠤᠬᠢᠰᠲᠠᠢ ᠪᠠᠶᠢᠬᠤ | ᠬᠡᠷᠡᠭᠳᠠᠢ︔ ᠦᠷᠬᠦᠯᠵᠢᠯᠡᠨ 1 ᠵᠢᠯ ᠠᠴᠠ ᠳᠡᠭᠡᠭᠰᠢ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠨᠡᠯᠢᠶᠡᠳ | ᠳᠦᠷᠢᠮᠵᠢᠭᠦᠨ᠂ ᠵᠢᠱᠢᠶᠡᠴᠢ ᠳᠠᠭᠠᠭᠤᠯᠤᠭᠴᠢ ᠦᠢᠯᠡᠳᠦᠯ ᠨᠢ ᠴᠢᠩᠭ᠎ᠠ ᠪᠠᠶᠢᠬᠤ ᠬᠡᠷᠡᠭᠲᠠᠢ᠃ | ᠬᠦᠳᠡᠭᠡ ᠠᠵᠦ ᠠᠬᠤᠢ ᠶᠢᠨ ᠶᠠᠮᠤᠨ ᠵᠡᠷᠭᠡ 7 ᠶᠠᠮᠤᠨ ᠵᠦᠪᠯᠡᠯ ᠠᠴᠠ᠂ ᠲᠠᠷᠢᠶᠠᠯᠠᠩ ᠳᠤ ᠬᠤᠯᠪᠤᠭᠳᠠᠬᠤ ᠲᠦᠷᠦᠯ | ᠵᠦᠢᠯ ᠢ ᠳᠠᠭᠠᠭᠠᠴᠢᠯᠠᠨ ᠬᠢᠬᠦ ᠳᠤ ᠳᠤᠬᠢᠷᠠᠬᠤ ᠲᠠᠷᠢᠶᠠᠴᠢᠨ ᠤ ᠲᠤᠰᠬᠠᠢ ᠬᠤᠷᠰᠢᠶ᠎ᠠ ᠶᠢ ᠭᠤᠶᠤᠴᠢᠯᠠᠨ ᠮᠡᠳᠡᠭᠦᠯᠬᠦ | ᠬᠦᠷᠢᠶ᠎ᠠ ᠬᠡᠪᠴᠢᠶᠡᠨ ᠳᠤ ᠤᠷᠤᠭᠤᠯᠤᠨ᠎ᠠ ᠭᠡᠵᠦ ᠳᠤᠭᠳᠠᠭᠠᠪᠠ᠃ ᠮᠠᠨ ᠤ ᠤᠯᠤᠰ ᠤᠨ ᠲᠤᠰᠬᠠᠢ ᠲᠦᠷᠦᠯ ᠵᠦᠢᠯ ᠤᠨ | ᠳᠡᠮᠵᠢᠯᠭᠡ ᠳᠤ ᠲᠠᠷᠢᠶᠠᠯᠠᠩ ᠳᠤ ᠬᠤᠯᠪᠤᠭᠳᠠᠬᠤ ᠲᠦᠷᠦᠯ ᠵᠦᠢᠯ ᠨᠡᠯᠢᠶᠡᠳ ᠤᠯᠠᠨ ᠪᠤᠢ᠂ ᠳᠠᠷᠢᠶᠠᠯᠠᠩ ᠤᠨ | ᠶᠡᠷᠦᠩᠬᠡᠶᠢᠯᠡᠨ ᠨᠡᠬᠡᠬᠡᠨ ᠬᠦᠭᠵᠢᠬᠦᠯᠦᠯᠳᠠ ᠶᠢᠨ ᠵᠢᠬᠡᠯᠡᠯᠬᠡ ᠶᠢᠨ ᠬᠦᠦ ᠮᠦᠩᠬᠦ ᠶᠢ ᠨᠢ ᠨᠦᠬᠦᠪᠦᠷᠢᠯᠡᠬᠦ ᠳᠦᠷᠦᠯ | ᠵᠦᠢᠯ ᠳᠤ᠂ ᠬᠠᠮᠤᠭ ᠳᠣᠣᠷ᠎ᠠ ᠨᠢ 100 ᠲᠦᠮᠡᠨ ᠲᠦᠭᠦᠷᠢᠭ᠂ ᠬᠠᠮᠤᠭ ᠦᠨᠳᠦᠷ ᠨᠢ 6000 ᠲᠦᠮᠡᠨ ᠲᠦᠭᠦᠷᠢᠭ | ᠨᠦᠬᠦᠪᠦᠷᠢᠯᠡᠨ᠎ᠡ ᠭᠡᠵᠠᠢ᠃ | ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠨ ᠬᠦᠭᠵᠢᠬᠦᠯᠦᠯᠲᠡ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ | ᠲᠦᠷᠦᠯ ᠵᠦᠢᠯ᠂ ᠭᠠᠵᠠᠷ ᠰᠢᠷᠤᠢ ᠶᠢ ᠵᠠᠰᠠᠬᠤ ᠲᠦᠷᠦᠯ ᠵᠦᠢᠯ ᠤᠨ ᠳᠡᠮᠵᠢᠯᠬᠡ ᠶᠢᠨ ᠮᠦᠡᠭᠭᠦ ᠨᠢ 80 — 160 | ᠲᠦᠮᠡᠨ ᠲᠦᠭᠦᠷᠢᠭ᠃ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ | ᠲᠤᠭᠤᠷᠢᠭ᠂ ᠲᠦᠪᠯᠡᠷᠡᠭᠦᠯᠦᠨ ᠬᠡᠢ ᠬᠠᠨᠭ᠍ᠭᠠᠬᠤ ᠵᠡᠷᠭᠡ ᠨᠠᠮᠤᠭ ᠤᠨ ᠬᠡᠢ ᠶᠢᠨ ᠢᠨᠵᠧᠨᠧᠷᠢᠩ ᠤᠨ ᠲᠦᠷᠦᠯ ᠵᠦᠢᠯ ᠢ | 20 — 80 ᠲᠦᠮᠡᠨ ᠲᠦᠭᠦᠷᠢᠭ ᠢᠶᠠᠷ ᠳᠡᠮᠵᠢᠨ᠎ᠠ᠃ ︽ᠬᠤᠯᠢᠰᠢᠨ ᠢᠳᠡᠬᠡᠨ ᠤ ᠰᠠᠭᠰᠤ︾ ᠶᠢᠨ | ᠪᠦᠲᠦᠭᠡᠭᠳᠡᠭᠦᠨ ᠦᠢᠯᠡᠳᠪᠦᠷᠢᠯᠡᠬᠦ ᠶᠢ ᠳᠡᠮᠵᠢᠬᠦ ᠲᠦᠷᠦᠯ ᠵᠦᠢᠯ ᠢ 100 ᠲᠦᠮᠡᠨ ᠲᠦᠭᠦᠷᠢᠭ ᠢᠶᠠᠷ ᠳᠡᠮᠵᠢᠨ᠎ᠠ᠃ | ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ | ᠵᠦᠢᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ᠂ ᠳᠠᠭᠠᠭᠤᠯᠤᠭᠴᠢ ᠠᠵᠦ ᠠᠬᠤᠢᠢᠯᠠᠯ ᠤᠨ | ᠳᠠᠶᠢᠴᠢᠯᠠᠭᠰᠠᠨ ᠠᠵᠦ ᠦᠢᠯᠡᠰ ᠤᠨ ᠬᠦᠭᠵᠢᠯᠲᠡ ᠪᠤᠯᠤᠨ ︽ᠨᠢᠭᠡ ᠰᠢᠶᠠᠨ ᠳᠤ ᠨᠢᠭᠡ ᠤᠨᠴᠠᠯᠢᠭ ᠲᠠᠢ ᠪᠠᠶᠢᠬᠤ︾ | ᠠᠵᠦ ᠦᠢᠯᠡᠰ ᠤᠨ ᠬᠦᠭᠵᠢᠯᠳᠠ ᠶᠢᠨ ᠲᠤᠷᠰᠢᠯᠲᠠ ᠶᠢᠨ ᠴᠢᠬ ᠤᠨ ᠲᠦᠷᠦᠯ ᠵᠦᠢᠯ ᠳᠤ᠂ ᠳᠠᠭᠠᠭᠤᠯᠤᠭᠴᠢ ᠠᠵᠦ | ᠠᠬᠤᠢᠢᠯᠡᠯ ᠢ 100 — 300 ᠲᠦᠮᠡᠨ ᠲᠦᠭᠦᠷᠢᠭ᠂ ᠬᠤᠷᠰᠢᠶ᠎ᠠ ᠶᠢ 50 — 150 ᠲᠦᠮᠡᠨ | ᠲᠦᠭᠦᠷᠢᠭ ᠢᠶᠠᠷ ᠳᠡᠮᠵᠢᠨ᠎ᠠ᠃ | ᠳᠦᠷᠪᠡ᠄ ᠲᠠᠷᠢᠶᠠᠯᠠᠩ ᠤᠨ ᠪᠦᠲᠦᠭᠡᠭᠳᠡᠭᠦᠨ ᠤ ᠭᠦᠢᠯᠭᠡᠭᠡᠨ ᠤ ᠲᠦᠷᠦ ᠶᠢᠨ ᠪᠤᠳᠤᠯᠭ᠎ᠠ ᠬᠤᠷᠰᠢᠶ᠎ᠠ ᠶᠢᠨ ᠬᠢᠨ | ᠬᠤᠲᠠ ᠶᠢᠨ ᠲᠤᠮᠤ ᠬᠡᠯᠪᠡᠷᠢ ᠶᠢᠨ ᠬᠡᠯᠬᠢᠶᠡᠵᠢᠭᠰᠡᠨ ᠬᠠᠮ ᠳᠡᠯᠭᠡᠭᠦᠷ᠂ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ | ᠭᠡᠷ᠂ ᠲᠠᠷᠢᠶᠠᠯᠠᠩ ᠤᠨ ᠬᠡᠷᠡᠭᠰᠡᠯ ᠤᠨ ᠦᠢᠯᠡᠳᠪᠦᠷᠢᠯᠠᠯ ᠤᠨ ᠠᠵᠦ ᠠᠬᠤᠢᠢᠯᠠᠯ ᠵᠡᠷᠭᠡ ᠡᠯ᠎ᠠ ᠲᠦᠷᠦᠯ ᠤᠨ ᠵᠠᠬ᠎ᠠ | ᠳᠡᠯᠭᠡᠭᠦᠷ ᠤᠨ ᠭᠤᠤᠯ ᠴᠤᠭᠴᠠ ᠲᠠᠢ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠬᠦ ᠬᠠᠨᠭ᠍ᠭᠠᠬᠤ | ᠪᠤᠷᠤᠯᠠᠭᠤᠯᠬᠤ ᠶᠢ ᠵᠤᠯᠭᠠᠭᠤᠯᠬᠤ ᠶᠢ ᠬᠦᠬᠢᠭᠦᠯᠤᠠ ᠵᠤᠷᠢᠭᠵᠢᠭᠤᠯᠤᠨ᠎ᠠ᠃ | ᠲᠠᠪᠤ᠄ ᠴᠢᠳᠠᠪᠦᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ | 2011 ᠤᠨ ᠠᠴᠠ ᠡᠬᠢᠯᠡᠨ ᠵᠤᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠤᠳᠤ ᠦᠶ᠎ᠠ ᠶᠢᠨ | ᠲᠠᠷᠢᠶᠠᠯᠠᠩ ᠤᠨ ᠴᠢᠳᠠᠪᠦᠷᠢᠲᠠᠨ ᠢᠶᠠᠷ ᠲᠤᠯᠭᠠᠭᠤᠷᠢᠯᠠᠬᠤ ᠲᠦᠯᠦᠪᠯᠡᠭᠡ ᠪᠠᠷ ᠵᠢᠯ ᠪᠦᠷᠢ 1500 ᠬᠤᠷᠰᠢᠶ᠎ᠠ ᠶᠢᠨ | ᠳᠠᠭᠠᠭᠤᠯᠤᠭᠴᠢ ᠶᠢ ᠬᠦᠮᠦᠵᠢᠭᠦᠯᠵᠦ ᠪᠤᠢ᠃ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠴᠢᠳᠠᠪᠦᠷᠢᠲᠠᠨ ᠤ | ᠪᠤᠯᠪᠠᠰᠤᠷᠠᠯ ᠢ ᠦᠷᠭᠦᠯᠵᠢᠯᠡᠨ ︽ᠨᠠᠷᠠᠨ ᠭᠡᠷᠡᠯᠲᠦ ᠢᠨᠵᠧᠨᠧᠷᠢᠩ︾ ᠳᠤ ᠤᠷᠤᠭᠤᠯᠵᠦ᠂ ᠬᠤᠷᠰᠢᠶ᠎ᠠ ᠶᠢᠨ | ᠳᠠᠭᠠᠭᠤᠯᠤᠭᠴᠢ᠂ ᠡᠳ᠋ ᠤᠨ ᠶᠠᠪᠤᠳᠠᠯ ᠤᠨ ᠬᠠᠮᠢᠶᠠᠷᠤᠭᠴᠢ ᠪᠤᠯᠤᠨ ᠦᠨᠳᠦᠰᠦᠨ ᠱᠠᠲᠤᠨ ᠤ ᠬᠤᠷᠰᠢᠶ᠎ᠠ ᠶᠢᠨ | ᠪᠤᠯᠪᠠᠰᠤᠷᠠᠭᠤᠯᠤᠭᠴᠢ ᠶᠢ ᠭᠤᠤᠯᠴᠢᠯᠠᠨ ᠳᠠᠪᠲᠠᠨ ᠪᠤᠯᠪᠠᠰᠤᠷᠠᠭᠤᠯᠵᠦ᠂ ᠤᠶᠤᠲᠠᠨ ᠭᠠᠴᠠᠭᠠᠨ ᠳᠠᠷᠤᠭ᠎ᠠ ᠶᠢᠨ | ᠤᠷᠤᠯᠴᠠᠬᠤ ᠪᠡ ᠬᠤᠷᠰᠢᠶ᠎ᠠ ᠪᠠᠶᠢᠭᠤᠯᠬᠤ ᠶᠢ ᠵᠤᠷᠢᠭᠵᠢᠭᠤᠯᠤᠨ᠎ᠠ᠃ | ︵ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠠᠴᠠ ᠠᠪᠤᠪᠠ︶ | | |