| —— ᠬᠥᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠶᠢᠨ ᠵᠠᠰᠠᠪᠤᠷᠢ | ᠤᠷᠤᠭᠤᠯᠬᠤ ᠲᠦᠰᠤᠯ ᠤᠨ ᠲᠦᠰᠤᠯ ᠤᠨ ᠠᠩᠬᠠᠷᠤᠯ ᠳᠤ | ᠨᠡᠶᠢᠳᠡᠯᠡᠵᠤ ᠬᠡᠷᠡᠭᠵᠢᠬᠦᠯᠤᠭᠡᠳ 14 ᠵᠢᠯ ᠪᠤᠯᠤᠭᠰᠠᠨ ᠤ ᠲᠠᠷᠠᠭ᠎ᠠ᠂ ᠬᠥᠳᠡᠭᠡ ᠲᠤᠰᠬᠤᠨ ᠤ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠳᠤ ᠠᠩᠬ᠎ᠠ ᠤᠳᠠᠭ᠎ᠠ ᠲᠤᠬᠢᠷᠠᠭᠤᠯᠤᠯᠳᠡ ᠬᠢᠵᠤ᠂ | ᠲᠡᠷᠢᠶᠠᠴᠢᠳ ᠲᠤ ᠬᠥᠢᠴᠡᠳ ᠪᠦᠭᠡᠳ ᠪᠠᠳᠤᠯᠠᠭ᠎ᠠ ᠲᠠᠢ ᠭᠠᠵᠠᠷ ᠰᠢᠷᠤᠢ ᠶᠢᠨ ᠡᠷᠭᠡ ᠶᠢ ᠤᠯᠠᠮ ᠨᠢᠭᠡ ᠠᠯᠬᠤᠮ | ᠤᠯᠭᠤᠬᠤ ᠪᠠᠷ ᠪᠠᠶᠢᠨ᠎ᠠ᠃ 10 ᠰᠠᠷ᠎ᠠ ᠶᠢᠨ 31 ᠤ ᠡᠳᠤᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠤᠴᠢᠳᠤᠭᠠᠷ ᠬᠤᠷᠠᠯᠳᠤᠭᠠᠨ ᠲᠡᠭᠡᠷ᠎ᠡ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ | ᠤᠨ ᠲᠠᠷᠢᠶᠠᠯᠠᠩ ᠬᠢᠭᠡᠳ ᠬᠥᠳᠡᠭᠡ ᠲᠤᠰᠬᠤᠨ ᠤ ᠺᠤᠮᠢᠰ ᠤᠨ ᠲᠡᠳ᠋ ᠡᠷᠬᠢᠯᠡᠭᠴᠢ ᠭᠡᠰᠢᠬᠦᠨ ᠯᠢᠤ ᠵᠧᠨ ᠸᠧᠢ | ᠬᠥᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠶᠢᠨ ᠵᠠᠰᠠᠪᠤᠷᠢ ᠤᠷᠤᠭᠤᠯᠬᠤ | ᠲᠦᠰᠤᠯ ᠤᠨ ᠲᠦᠰᠤᠯ ᠤᠨ ᠲᠤᠬᠠᠢ ᠲᠤᠳᠤᠷᠬᠠᠶᠢᠯᠠᠯᠳᠠ ᠬᠢᠪᠠ᠃ | ᠬᠥᠳᠡᠭᠡ ᠲᠤᠰᠬᠤᠨ ᠤ ᠦᠨᠳᠤᠰᠤᠨ ᠡᠵᠡᠩᠨᠡᠯᠳᠡ ᠶᠢᠨ ᠲᠦᠷᠢᠮ ᠤᠨ ᠴᠢᠬᠤᠯᠠ ᠶᠡᠭᠡ ᠰᠢᠨ᠎ᠠ | ᠡᠬᠦᠳᠤᠯᠳᠡ ᠶᠢ ᠰᠢᠨ᠎ᠠ ᠬᠠᠤᠯᠢ ᠳᠤ ᠪᠢᠴᠢᠨ ᠤᠷᠤᠭᠤᠯᠪᠠ | ᠲᠠᠷᠢᠶᠠᠴᠢᠳ ᠲᠤ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠲᠤᠬᠳᠠᠪᠤᠷᠢᠳᠠᠢ ᠵᠢᠱᠢᠯᠳᠡ ᠦᠭᠬᠦ ᠶᠢᠨ | ᠲᠦᠯᠤᠭᠡ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠳᠤ ᠬᠤᠶᠠᠳᠤᠭᠠᠷ ᠡᠭᠡᠯᠵᠢ ᠶᠢᠨ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ | ᠭᠡᠵᠤ ᠲᠤᠳᠤᠷᠬᠠᠢ ᠲᠤᠷᠠᠳᠤᠨ ᠭᠠᠷᠭᠠᠪᠠ᠃ ᠡᠨᠡ ᠤᠳᠠᠭ᠎ᠠ ᠶᠢᠨ ᠵᠠᠰᠠᠪᠤᠷᠢ ᠤᠷᠤᠭᠤᠯᠬᠤ ᠲᠦᠰᠤᠯ ᠤᠨ ᠲᠦᠰᠤᠯ | ᠳᠤ ᠲᠤᠬᠳᠠᠭᠠᠭᠰᠠᠨ ᠨᠢ᠂ ᠤᠯᠤᠰ ᠠᠴᠠ ᠬᠥᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ | ᠬᠠᠷᠢᠴᠠᠭ᠎ᠠ ᠶᠢᠨ ᠲᠤᠬᠳᠠᠭᠤᠨ ᠪᠠᠶᠢᠬᠤ ᠶᠢ ᠬᠠᠤᠯᠢ ᠶᠤᠰᠤᠭᠠᠷ ᠬᠠᠮᠠᠭᠠᠯᠠᠬᠤ ᠪᠦᠭᠡᠳ ᠤᠷᠳᠤ ᠬᠤᠭᠤᠴᠠᠭ᠎ᠠ | ᠬᠤᠪᠢᠷᠠᠭᠤᠯᠬᠤ ᠦᠭᠡᠢ᠂ ᠲᠡᠷᠡᠴᠢᠯᠠᠨ ᠲᠠᠷᠢᠶᠠᠨ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠤ | ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ ᠭᠡᠵᠤ ᠲᠤᠳᠤᠷᠬᠠᠢ ᠲᠤᠬᠳᠠᠭᠠᠵᠠᠢ᠃ | 《ᠬᠥᠳᠡᠭᠡ ᠲᠤᠰᠬᠤᠨ ᠤ ᠭᠠᠵᠠᠷ ᠰᠢᠷᠤᠢ ᠶᠢᠨ ᠬᠠᠮᠳᠤ ᠶᠢᠨ ᠦᠮᠴᠢᠯᠠᠯ ᠢ ᠪᠠᠷᠢᠮᠳᠠᠯᠠᠨ᠂ ᠭᠡᠷ | ᠪᠦᠯᠢ ᠶᠢᠨ ᠡᠵᠡᠩᠨᠡᠯᠳᠡ ᠶᠢᠨ ᠰᠠᠭᠤᠷᠢᠯᠠᠬᠤ ᠴᠢᠨᠠᠷᠳᠠᠢ ᠪᠠᠶᠢᠷᠢ ᠰᠠᠭᠤᠷᠢ ᠶᠢ ᠪᠠᠷᠢᠮᠳᠠᠯᠠᠵᠤ᠂ ᠭᠠᠵᠠᠷ ᠰᠢᠷᠤᠢ | ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢᠨ ᠲᠤᠬᠳᠠᠭᠤᠨ ᠪᠠᠶᠢᠬᠤ ᠶᠢ ᠪᠠᠷᠢᠮᠳᠠᠯᠠᠬᠤ ᠳᠤ ᠭᠤᠤᠯᠳᠠᠯᠭ᠎ᠠ ᠨᠢ | ᠲᠠᠷᠢᠶᠠᠴᠢᠳ ᠤᠨ ᠭᠠᠵᠠᠷ ᠰᠢᠷᠤᠢ ᠶᠢᠨ ᠡᠷᠭᠡ ᠠᠰᠢᠭ ᠢ ᠬᠠᠮᠠᠭᠠᠯᠠᠬᠤ ᠶᠠᠪᠤᠳᠠᠯ ᠮᠦᠨ》 ᠭᠡᠵᠤ ᠯᠢᠤ ᠵᠧᠨ ᠸᠧᠢ | ᠬᠡᠯᠠᠵᠠᠢ᠃ | ᠲᠦᠰᠤᠯ ᠳᠤ᠂ ᠭᠡᠷ ᠪᠦᠯᠢ ᠶᠢᠨ ᠲᠠᠭᠠᠭᠠᠴᠢᠯᠠᠯᠳᠠ ᠶᠢᠨ ᠠᠷᠭ᠎ᠠ ᠮᠠᠶ᠋ᠢᠭ ᠢᠶᠠᠷ ᠤᠯᠤᠭᠰᠠᠨ ᠭᠠᠵᠠᠷ | ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠭᠡ ᠶᠢ ᠡᠷᠬᠢᠯᠳᠤᠬᠦᠯᠬᠦ ᠶᠠᠪᠤᠴᠠ ᠳᠤ ᠭᠠᠵᠠᠷ ᠰᠢᠷᠤᠢ ᠲᠠᠭᠠᠭᠠᠴᠢᠯᠠᠬᠤ | ᠡᠷᠭᠡ ᠪᠠ ᠭᠠᠵᠠᠷ ᠰᠢᠷᠤᠢ ᠡᠵᠡᠩᠨᠡᠬᠦ ᠡᠷᠭᠡ ᠭᠡᠵᠤ ᠬᠤᠪᠢᠶᠠᠨ᠎ᠠ ᠭᠡᠵᠤ ᠲᠤᠬᠳᠠᠭᠠᠪᠠ᠃ ᠲᠡᠷᠡ ᠲᠠᠶᠢᠯᠪᠤᠷᠢᠯᠠᠬᠤ | ᠳᠠᠭᠠᠨ᠂ ᠬᠥᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ ᠪᠠ ᠡᠵᠡᠩᠨᠡᠬᠦ | ᠡᠷᠭᠡ ᠶᠢᠨ《ᠭᠤᠷᠪᠠᠨ ᠡᠷᠭᠡ ᠶᠢ ᠰᠠᠯᠭᠠᠬᠤ》 ᠪᠤᠯ ᠬᠤᠷᠢᠶᠠᠯᠳᠠ ᠲᠠᠢ ᠨᠢ ᠬᠤᠯᠪᠤᠬᠳᠠᠭᠤᠯᠤᠨ ᠡᠷᠤᠭᠡ ᠳᠤ | ᠲᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠲᠦᠷᠢᠮ ᠤᠨ ᠲᠠᠷᠠᠭᠠᠬᠢ ᠮᠠᠨ ᠤ ᠤᠯᠤᠰ ᠤᠨ ᠬᠥᠳᠡᠭᠡ ᠲᠤᠰᠬᠤᠨ ᠤ | ᠦᠭᠡᠷᠡᠴᠢᠯᠠᠯᠳᠠ ᠶᠢᠨ ᠪᠠᠰᠠ ᠨᠢᠭᠡᠨ ᠴᠢᠬᠤᠯᠠ ᠶᠡᠭᠡ ᠲᠦᠷᠢᠮ ᠤᠨ ᠰᠢᠨ᠎ᠠ ᠡᠬᠦᠳᠤᠯᠳᠡ ᠮᠦᠨ ᠭᠡᠵᠠᠢ᠃ | ᠦᠮᠴᠢᠯᠡᠬᠦ ᠡᠷᠭᠡ᠂ ᠲᠠᠭᠠᠭᠠᠴᠢᠯᠠᠨ ᠡᠵᠡᠩᠨᠡᠬᠦ ᠡᠷᠭᠡ ᠶᠢᠨ《ᠬᠤᠶᠠᠷ ᠡᠷᠭᠡ ᠶᠢ ᠰᠠᠯᠭᠠᠬᠤ》 ᠠᠴᠠ | ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ᠂ ᠡᠵᠡᠩᠨᠡᠬᠦ ᠡᠷᠭᠡ ᠶᠢᠨ《ᠭᠤᠷᠪᠠᠨ ᠡᠷᠭᠡ ᠶᠢ ᠰᠠᠯᠭᠠᠬᠤ》 | ᠬᠥᠷᠳᠡᠯ᠎ᠠ᠂ ᠲᠠᠷᠢᠶᠠᠴᠢᠳ ᠤᠨ ᠭᠠᠵᠠᠷ ᠰᠢᠷᠤᠢ ᠲᠠᠭᠠᠭᠠᠴᠢᠯᠠᠬᠤ ᠡᠷᠭᠡ ᠶᠢ ᠦᠯᠡᠳᠡᠭᠡᠵᠤ᠂ ᠭᠠᠵᠠᠷ ᠰᠢᠷᠤᠢ | ᠡᠵᠡᠩᠨᠡᠬᠦ ᠡᠷᠭᠡ ᠶᠢ ᠡᠷᠬᠢᠯᠳᠤᠬᠦᠯᠬᠦ ᠬᠥᠰᠡᠯ ᠰᠠᠨᠠᠭ᠎ᠠ ᠳᠤ ᠨᠡᠶᠢᠴᠡᠬᠦᠯᠵᠤ᠂ ᠲᠠᠷᠢᠶᠠᠨ ᠭᠠᠵᠠᠷ ᠤᠨ ᠡᠵᠡᠩᠨᠡᠯᠳᠡ | ᠶᠢᠨ ᠠᠷᠭ᠎ᠠ ᠮᠠᠶ᠋ᠢᠭ ᠤᠨ ᠴᠠᠭ ᠦᠶ᠎ᠠ ᠶᠢᠨ ᠬᠤᠪᠢᠷᠠᠯᠳᠠ ᠶᠢ ᠲᠤᠰᠬᠠᠵᠠᠢ᠃ ᠤᠳᠤ ᠪᠦᠬᠦ ᠤᠯᠤᠰ ᠤᠨ ᠬᠥᠳᠡᠭᠡ | ᠲᠤᠰᠬᠤᠨ ᠳᠤ ᠨᠢᠭᠡᠨᠳᠡ 30% ᠠᠴᠠ ᠲᠡᠭᠡᠭᠰᠢᠬᠢ ᠲᠠᠭᠠᠭᠠᠴᠢᠯᠠᠯᠳᠠ ᠶᠢᠨ ᠲᠠᠷᠢᠶᠠᠴᠢᠨ ᠡᠷᠤᠭᠡ | ᠲᠠᠭᠠᠭᠠᠴᠢᠠᠯᠭᠰᠠᠨ ᠭᠠᠵᠠᠷ ᠢᠶᠠᠨ ᠡᠷᠬᠢᠯᠳᠤᠬᠦᠯᠵᠤ᠂ ᠡᠷᠬᠢᠯᠳᠡ ᠳᠤ ᠤᠷᠤᠬᠰᠠᠨ ᠲᠠᠯᠠᠪᠠᠢ ᠨᠢ 4.79 ᠳ᠋ᠦᠩᠰᠢᠭᠤᠷ | ᠮᠤ᠋ ᠬᠥᠷᠦᠭᠰᠡᠨ ᠪᠠᠶᠢᠨ᠎ᠠ᠃ | ᠲᠠᠷᠢᠶᠠᠴᠢᠳ ᠤᠨ ᠡᠳ᠋ ᠬᠥᠷᠤᠩᠭᠡ ᠶᠢᠨ ᠡᠷᠭᠡ《ᠪᠡᠯᠡᠨ ᠵᠤᠭᠤᠰ》 ᠪᠤᠯᠵᠤ ᠪᠠᠶᠢᠨ᠎ᠠ | ᠲᠦᠰᠤᠯ ᠳᠤ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠬᠠᠤᠯᠢ ᠶᠤᠰᠤᠭᠠᠷ | ᠲᠦᠷᠢᠶᠡᠰᠤᠯᠡᠬᠦᠯᠬᠦ ︵ᠰᠢᠯᠵᠢᠬᠦᠯᠤᠨ ᠲᠠᠭᠠᠭᠠᠴᠢᠯᠠᠭᠤᠯᠬᠤ︶᠂ ᠬᠤᠪᠢ ᠤᠷᠤᠬᠤ ᠪᠤᠶᠤ ᠪᠤᠰᠤᠳ ᠠᠷᠭ᠎ᠠ ᠮᠠᠶ᠋ᠢᠭ ᠢᠶᠠᠷ | ᠡᠷᠬᠢᠯᠳᠡ ᠳᠤ ᠤᠷᠤᠭᠤᠯᠵᠤ ᠪᠤᠯᠤᠨ᠎ᠠ᠃ ᠲᠠᠭᠠᠭᠠᠴᠢᠯᠠᠭᠤᠯᠤᠭᠴᠢ᠂ ᠲᠠᠭᠠᠭᠠᠴᠢᠯᠠᠭᠴᠢ ᠡᠷᠬᠢᠯᠳᠡ ᠶᠢᠨ ᠭᠡᠷ᠎ᠡ | ᠶᠢᠨ ᠪᠤᠯᠵᠤᠯ ᠢ ᠬᠠᠤᠯᠢ ᠶᠤᠰᠤᠭᠠᠷ ᠬᠥᠢᠴᠡᠳᠭᠡᠵᠤ᠂ ᠭᠤᠷᠪᠠᠳᠡᠬᠢ ᠲᠠᠯ᠎ᠠ ᠶᠢᠨ ᠬᠠᠤᠯᠢ ᠶᠤᠰᠤᠭᠠᠷ ᠭᠡᠷ᠎ᠡ | ᠪᠠᠨ ᠦᠨᠳᠤᠰᠤᠯᠡᠨ ᠤᠯᠤᠭᠰᠠᠨ ᠡᠷᠭᠡ ᠶᠢ ᠬᠥᠨᠳᠤᠳᠭᠡᠬᠦ ᠬᠡᠷᠡᠭᠳᠠᠢ ᠭᠡᠵᠤ ᠲᠤᠬᠳᠠᠭᠠᠪᠠ᠃ | ᠲᠦᠷᠤ ᠶᠢᠨ ᠶᠠᠪᠤᠳᠠᠯ ᠤᠨ ᠬᠤᠷᠢᠶᠠᠨ ᠤ ᠬᠥᠭᠵᠢᠯᠳᠡ ᠶᠢᠨ ᠰᠤᠳᠤᠯᠭᠠᠨ ᠤ ᠲᠦᠪ ᠤᠨ ᠬᠥᠳᠡᠭᠡ ᠲᠤᠰᠬᠤᠨ | ᠤ ᠠᠵᠤ ᠠᠬᠤᠢ ᠶᠢᠨ ᠰᠤᠳᠤᠯᠭᠠᠨ ᠤ ᠬᠡᠯᠳᠡᠰ ᠤᠨ ᠲᠠᠷᠤᠭ᠎ᠠ ᠶᠧ ᠰᠢᠩ ᠴᠢᠩ ᠬᠡᠯᠡᠬᠦ ᠳᠡᠭᠡᠨ᠂ ᠡᠵᠡᠩᠨᠡᠯᠳᠡ ᠶᠢᠨ | ᠡᠷᠭᠡ ᠶᠢ ᠤᠯᠤᠭᠰᠠᠨ ᠤ ᠲᠠᠷᠠᠭ᠎ᠠ᠂ ᠲᠠᠭᠠᠭᠠᠴᠢᠯᠠᠭᠰᠠᠨ ᠡᠷᠤᠭᠡ ᠶᠢᠨ ᠵᠦᠪᠰᠢᠶᠡᠷᠡᠯ ᠢᠶᠠᠷ ᠪᠠᠰᠠ ᠪᠠᠷᠢᠴᠠᠭᠠᠯᠠᠬᠤ | ᠡᠷᠭᠡ ᠭᠠᠷᠭᠠᠵᠤ ᠪᠤᠯᠤᠨ᠎ᠠ᠃ ᠵᠢᠱᠢᠶᠡᠯᠡᠪᠡᠯ ᠬᠡᠪᠴᠢᠶᠡᠳᠤ ᠡᠵᠡᠩᠨᠡᠯᠳᠡ ᠶᠢᠨ ᠪᠡᠶᠡᠴᠢ ᠴᠤᠭᠴᠠ ᠨᠢ | ᠲᠠᠭᠠᠭᠠᠴᠢᠯᠠᠭᠰᠠᠨ ᠡᠷᠤᠭᠡ ᠶᠢᠨ ᠵᠦᠪᠰᠢᠶᠡᠷᠡᠯ ᠢᠶᠠᠷ ᠲᠡᠮᠵᠢᠨ᠂ ᠬᠤᠶᠠᠷ ᠭᠤᠷᠪᠠᠨ ᠵᠠᠭᠤᠨ ᠮᠤ᠋ ᠭᠠᠵᠠᠷ ᠤᠨ | ᠡᠵᠡᠩᠨᠡᠯᠳᠡ ᠶᠢᠨ ᠡᠷᠭᠡ ᠪᠠᠷ ᠪᠠᠩᠬᠢ ᠳᠤ ᠬᠥᠷᠴᠤ ᠪᠠᠷᠢᠴᠠᠭᠠᠯᠠᠵᠤ ᠪᠡᠯᠡ ᠮᠦᠩᠬᠦᠨ ᠤ ᠠᠰᠠᠭᠤᠳᠠᠯ ᠢᠶᠠᠨ | ᠰᠢᠢᠳᠪᠤᠷᠢᠯᠡᠵᠤ ᠪᠤᠯᠤᠨ᠎ᠠ ᠭᠡᠵᠠᠢ᠃ | ᠤᠯᠠᠮ ᠠᠴᠠ ᠤᠯᠠᠨ ᠲᠠᠷᠢᠶᠠᠴᠢᠨ ᠬᠤᠳᠠ ᠳᠤ ᠤᠷᠤᠬᠤ ᠶᠢ ᠲᠠᠭᠠᠯᠳᠤᠨ᠂ ᠤᠤᠯ ᠤᠨ ᠲᠠᠭᠠᠭᠠᠴᠢᠯᠠᠭᠰᠠᠨ | ᠭᠠᠵᠠᠷ ᠢ ᠭᠡᠷᠬᠢᠨ ᠰᠢᠢᠳᠪᠤᠷᠢᠯᠡᠬᠦ ᠪᠤᠢ︖ ᠡᠨᠡ ᠬᠦ ᠠᠰᠠᠭᠤᠳᠠᠯ ᠢ ᠦᠷᠭᠡᠨ ᠤᠯᠠᠨ ᠲᠠᠷᠢᠶᠠᠴᠢᠨ ᠬᠠᠮᠤᠭ | ᠠᠴᠠ ᠢᠯᠡᠬᠦᠤ ᠠᠩᠬᠠᠷᠴᠤ ᠪᠠᠶᠢᠨ᠎ᠠ᠃ ᠲᠤᠰ ᠤᠳᠠᠭ᠎ᠠ ᠰᠢᠨ᠎ᠠ ᠬᠠᠤᠯᠢ ᠶᠢᠨ ᠲᠦᠰᠤᠯ ᠳᠤ ᠪᠠᠰᠠ ᠲᠤᠳᠤᠷᠬᠠᠢ | ᠲᠤᠬᠳᠠᠭᠠᠯ ᠭᠠᠷᠭᠠᠵᠤ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ ᠳᠠᠬᠢ ᠲᠠᠭᠠᠭᠠᠴᠢᠯᠠᠭᠴᠢ ᠪᠦᠬᠦ | ᠭᠡᠷ ᠢᠶᠠᠷ ᠢᠶᠠᠨ ᠲᠤᠭᠤᠷᠢᠭ ᠪᠠᠶᠢᠭᠤᠯᠤᠭᠰᠠᠨ ᠬᠤᠳᠠ ᠳᠤ ᠨᠡᠬᠦᠨ ᠤᠴᠢᠭᠠᠳ ᠲᠠᠷᠢᠶᠠᠯᠠᠩ ᠤᠨ ᠪᠤᠰᠤ ᠡᠷᠤᠭᠡ ᠠᠮᠠ | ᠪᠤᠯᠵᠤ ᠬᠤᠪᠢᠷᠠᠭᠰᠠᠨ ᠪᠠᠶᠢᠪᠠᠯ᠂ ᠲᠠᠭᠠᠭᠠᠴᠢᠯᠠᠭᠰᠠᠨ ᠭᠠᠵᠠᠷ ᠢ ᠲᠠᠭᠠᠭᠠᠴᠢᠯᠠᠭᠤᠯᠤᠭᠴᠢ ᠳᠤ ᠲᠤᠰᠢᠶᠠᠨ | ᠦᠭᠬᠦ ᠬᠡᠷᠡᠭᠳᠠᠢ ᠭᠡᠬᠦ ᠲᠤᠬᠳᠠᠭᠠᠯ ᠢ ᠬᠠᠰᠤᠭᠰᠠᠨ ᠪᠠᠶᠢᠨ᠎ᠠ᠃ | ᠯᠢᠤ ᠵᠧᠨ ᠸᠧᠢ ᠬᠡᠯᠡᠬᠦ ᠳᠡᠭᠡᠨ᠂ ᠬᠤᠳᠠ ᠬᠥᠳᠡᠭᠡ ᠶᠢᠨ ᠬᠥᠮᠤᠨ ᠠᠮᠠ ᠶᠢᠨ ᠪᠦᠳᠤᠴᠠ ᠶᠢᠨ | ᠬᠤᠪᠢᠰᠤᠯᠳᠡ ᠪᠤᠯ ᠨᠢᠭᠡᠨ ᠨᠡᠯᠢᠶᠡᠳ ᠤᠷᠳᠤ ᠲᠡᠤᠭᠡᠨ ᠶᠠᠪᠤᠴᠠ ᠪᠤᠯᠬᠤ ᠲᠤᠯᠠ᠂ ᠤᠳᠤᠬᠢ ᠱᠠᠳᠤᠨ ᠳᠠᠬᠢ | ᠲᠠᠷᠢᠶᠠᠴᠢᠳ ᠤᠨ ᠬᠤᠳᠠ ᠳᠤ ᠤᠷᠤᠵᠤ ᠠᠵᠢᠯ ᠬᠥᠳᠡᠯᠮᠤᠷᠢ ᠬᠢᠬᠦ᠂ ᠡᠷᠤᠭᠡ ᠠᠮᠠ ᠤᠷᠤᠭᠤᠯᠬᠤ ᠪᠠᠶᠢᠳᠠᠯ ᠴᠦ ᠮᠠᠰᠢ | ᠪᠤᠳᠤᠯᠢᠶᠠᠨᠳᠠᠢ ᠪᠠᠶᠢᠳᠠᠭ᠂ ᠡᠶᠢᠮᠤ ᠠᠴᠠ ᠲᠦᠰᠤᠯ ᠳᠤ᠂ ᠬᠤᠳᠠ ᠳᠤ ᠤᠷᠤᠵᠤ ᠠᠵᠢᠯ ᠬᠥᠳᠡᠯᠮᠤᠷᠢ ᠬᠢᠬᠦ | ᠲᠠᠷᠢᠶᠠᠴᠢᠳ ᠤᠨ ᠭᠠᠵᠠᠷ ᠰᠢᠷᠤᠢ ᠲᠠᠭᠠᠭᠠᠴᠢᠯᠠᠬᠤ ᠡᠷᠭᠡ ᠪᠠ ᠡᠵᠡᠩᠨᠡᠬᠦ ᠡᠷᠭᠡ ᠶᠢ ᠬᠠᠮᠠᠭᠠᠯᠠᠵᠤ᠂ ᠭᠠᠵᠠᠷ | ᠰᠢᠷᠤᠢ ᠲᠠᠭᠠᠭᠠᠴᠢᠯᠠᠬᠤ ᠡᠷᠭᠡ ᠠᠴᠠ ᠤᠬᠤᠷᠢᠨ ᠭᠠᠷᠬᠤ ᠪᠠᠷ ᠲᠠᠷᠢᠶᠠᠴᠢᠳ ᠤᠨ ᠬᠤᠳᠠ ᠳᠤ ᠡᠷᠤᠭᠡ ᠠᠮᠠ | ᠤᠷᠤᠭᠤᠯᠬᠤ ᠨᠦᠬᠦᠴᠡᠯ ᠪᠤᠯᠭᠠᠵᠤ ᠪᠤᠯᠬᠤ ᠦᠭᠡᠢ᠃ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠡᠷᠭᠡ ᠪᠠᠨ | ᠦᠯᠡᠳᠡᠭᠡᠬᠦ ᠡᠰᠡᠬᠦ ᠶᠢ ᠲᠠᠷᠢᠶᠠᠴᠢᠳ ᠰᠤᠩᠭᠤᠬᠤ ᠠᠴᠠ ᠪᠢᠰᠢ ᠬᠠᠷᠢᠨ ᠲᠠᠷᠢᠶᠠᠴᠢᠳ ᠤᠨ ᠡᠮᠤᠨ᠎ᠠ ᠠᠴᠠ | ᠰᠤᠩᠭᠤᠯᠳᠡ ᠬᠢᠵᠤ ᠪᠤᠯᠬᠤ ᠦᠭᠡᠢ ᠭᠡᠵᠤ ᠲᠤᠬᠳᠠᠭᠠᠭᠰᠠᠨ ᠪᠠᠶᠢᠨ᠎ᠠ ᠭᠡᠵᠠᠢ᠃ | ᠬᠠᠤᠯᠢ ᠴᠠᠭᠠᠵᠠ ᠠᠴᠠ ᠲᠠᠷᠢᠶᠠᠴᠢᠳ ᠲᠤ ᠤᠯᠭᠤᠭᠰᠠᠨ ᠭᠠᠵᠡᠷ ᠰᠢᠷᠤᠢ ᠶᠢᠨ ᠡᠷᠭᠡ ᠠᠰᠢᠭ ᠢ ᠭᠡᠷᠬᠢᠨ | ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠪᠤᠢ︖ ᠬᠥᠳᠡᠭᠡ ᠠᠵᠤ ᠠᠬᠤᠢ ᠶᠢᠨ ᠶᠠᠮᠤᠨ ᠤᠳᠤ ᠶᠠᠭ ᠭᠠᠵᠠᠷ | ᠰᠢᠷᠤᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠤᠬᠳᠠᠭᠠᠬᠤ ᠲᠠᠩᠰᠠᠯᠠᠭᠤᠯᠬᠤ ᠦᠨᠡᠮᠯᠠᠯ ᠤᠯᠭᠤᠬᠤ | ᠲᠤᠷᠰᠢᠯᠳᠠ ᠶᠢᠨ ᠠᠵᠢᠯ ᠢ ᠢᠳᠡᠪᠬᠢᠳᠠᠢ ᠲᠦᠯᠬᠢᠨ ᠠᠬᠢᠭᠤᠯᠵᠤ ᠪᠠᠶᠢᠭ᠎ᠠ ᠪᠤᠯᠬᠤᠷ ᠲᠠᠷᠢᠶᠠᠴᠢᠳ ᠢ ᠭᠠᠵᠠᠷ | ᠰᠢᠷᠤᠢ ᠶᠢ ᠡᠷᠬᠢᠯᠳᠤᠬᠦᠯᠬᠦ ᠳᠤ ᠰᠠᠨᠠᠭ᠎ᠠ ᠠᠮᠤᠷ ᠪᠤᠯᠭᠠᠭᠰᠠᠨ ᠪᠠᠶᠢᠨ᠎ᠠ᠃ ᠤᠳᠤᠬᠠᠨ ᠳᠤ ᠪᠦᠬᠦ ᠤᠯᠤᠰ ᠤᠨ | ᠡᠷᠭᠡ ᠶᠢ ᠨᠤᠳᠠᠯᠠᠨ ᠲᠤᠬᠳᠠᠭᠠᠭᠰᠠᠨ ᠲᠠᠯᠠᠪᠠᠢ 10.8 ᠳ᠋ᠦᠩᠰᠢᠭᠤᠷ ᠮᠤ᠋ ᠬᠥᠷᠴᠤ᠂ ᠪᠠᠷᠤᠭ ᠪᠦᠬᠦ ᠤᠯᠤᠰ ᠤᠨ | ᠬᠤᠶᠠᠳᠤᠭᠠᠷ ᠡᠭᠡᠯᠵᠢ ᠶᠢᠨ ᠭᠡᠷ ᠪᠦᠯᠢ ᠶᠢᠨ ᠲᠠᠭᠠᠭᠠᠴᠢᠯᠠᠭᠰᠠᠨ ᠬᠠᠮᠳᠤ ᠶᠢᠨ ᠲᠠᠷᠢᠶᠠᠨ ᠭᠠᠵᠠᠷ ᠤᠨ ᠲᠠᠯᠠᠪᠠᠢ ᠶᠢᠨ | 80% ᠶᠢ ᠡᠵᠡᠯᠡᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠳᠡᠭᠡ ᠠᠵᠤ ᠠᠬᠤᠢ ᠶᠢᠨ ᠶᠠᠮᠤᠨ ᠡᠯ᠎ᠠ | ᠭᠠᠵᠠᠷ ᠢ ᠵᠢᠯᠤᠭᠤᠳᠴᠤ ᠪᠠᠶᠢᠭᠠᠳ ᠭᠠᠵᠠᠷ ᠰᠢᠷᠤᠢ ᠡᠵᠡᠩᠨᠡᠬᠦ ᠡᠷᠭᠡ ᠶᠢ ᠡᠷᠬᠢᠯᠳᠤᠬᠦᠯᠬᠦ ᠵᠠᠬ᠎ᠠ ᠲᠡᠯᠭᠡᠬᠦᠷ ᠢ | ᠪᠦᠷᠢᠨᠰᠢᠬᠦᠯᠤᠨ᠎ᠠ᠃ | ᠲᠠᠷᠢᠶᠠᠯᠠᠩ ᠬᠥᠳᠡᠭᠡ ᠲᠤᠰᠬᠤᠨ ᠤ ᠤᠳᠤᠬᠢᠴᠢᠯᠠᠯᠳᠠ ᠳᠤ ᠲᠦᠷᠢᠮ ᠤᠨ ᠪᠠᠳᠤᠯᠠᠭ᠎ᠠ ᠬᠠᠩᠭᠠᠨ᠎ᠠ | ᠬᠥᠳᠡᠭᠡ ᠲᠤᠰᠬᠤᠨ ᠤ ᠨᠡᠶᠢᠭᠡᠮ ᠠᠵᠤ ᠠᠬᠤᠢ ᠶᠢᠨ ᠪᠦᠳᠤᠴᠠ ᠶᠢᠨ ᠬᠥᠨᠵᠡᠭᠡᠢ ᠬᠤᠪᠢᠰᠤᠯᠳᠡ ᠶᠢᠨ | ᠲᠠᠷᠢᠶᠠᠯᠠᠩ ᠤᠨ ᠬᠥᠭᠵᠢᠯᠳᠡ ᠳᠤ ᠦᠵᠡᠬᠦᠯᠬᠦ ᠨᠦᠯᠤᠭᠡ ᠶᠢ ᠪᠤᠳᠤᠯᠬᠢᠯᠠᠭᠠᠳ᠂ ᠬᠥᠳᠡᠭᠡ ᠲᠤᠰᠬᠤᠨ ᠤ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠶᠢᠨ ᠵᠠᠰᠠᠪᠤᠷᠢ ᠤᠷᠤᠭᠤᠯᠬᠤ ᠲᠦᠰᠤᠯ ᠤᠨ ᠲᠦᠰᠤᠯ ᠳᠤ | ᠴᠦ ᠵᠤᠬᠢᠴᠠᠩᠭᠤᠢ ᠪᠠᠷ ᠤᠯᠠᠨ ᠭᠠᠵᠠᠷ ᠲᠤᠬᠢᠷᠠᠭᠤᠯᠤᠯᠳᠡ ᠬᠢᠵᠠᠢ᠂ ᠵᠢᠱᠢᠶᠡᠯᠡᠪᠡᠯ᠄ | ——ᠲᠠᠷᠢᠶᠠᠯᠠᠩ ᠤᠨ ᠦᠢᠯᠡᠳᠪᠦᠷᠢᠯᠠᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠲᠦᠯᠤᠭᠡ᠂ ᠭᠤᠷᠪᠠᠳᠠᠬᠢ | ᠲᠠᠯ᠎ᠠ ᠨᠢ ᠲᠠᠭᠠᠭᠠᠴᠢᠯᠠᠭᠴᠢ ᠪᠤᠶᠤ ᠲᠡᠬᠦᠨ ᠤ ᠨᠠᠶᠢᠳᠠᠭᠰᠠᠨ ᠤᠷᠤᠯᠠᠭᠴᠢ ᠶᠢᠨ ᠪᠢᠴᠢᠭ ᠤᠨ ᠵᠦᠪᠰᠢᠶᠡᠷᠡᠯ ᠢ ᠤᠯᠬᠤ | ᠶᠢᠨ ᠬᠠᠮᠳᠤ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠳᠤ ᠲᠠᠩᠰᠠᠯᠠᠭᠤᠯᠪᠠᠯ᠂ | ᠲᠠᠭᠠᠭᠠᠴᠢᠯᠠᠭᠰᠠᠨ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠲᠠᠬᠢᠨ ᠡᠷᠬᠢᠯᠳᠤᠬᠦᠯᠵᠤ ᠪᠤᠯᠤᠨ᠎ᠠ᠃ | ——ᠲᠠᠭᠠᠭᠠᠴᠢᠯᠠᠭᠴᠢ ᠶᠢᠨ ᠵᠦᠪᠰᠢᠶᠡᠷᠡᠯ ᠢᠶᠠᠷ ᠭᠤᠷᠪᠠᠳᠠᠬᠢ ᠲᠠᠯ᠎ᠠ ᠨᠢ ᠰᠠᠶᠢᠵᠢᠷᠠᠭᠤᠯᠤᠭᠰᠠᠨ | ᠬᠥᠷᠦᠰᠤᠨ ᠳᠤ ᠬᠠᠤᠯᠢ ᠶᠤᠰᠤᠭᠠᠷ ᠪᠡᠯᠡ ᠤᠷᠤᠭᠤᠯᠵᠤ᠂ ᠴᠢᠬᠤᠯᠠ ᠪᠦᠬᠦᠢ ᠲᠠᠷᠢᠶᠠᠯᠠᠩ ᠤᠨ ᠦᠢᠯᠡᠳᠪᠤᠷᠢᠯᠠᠯ ᠤᠨ | ᠲᠠᠭᠠᠯᠳᠠ ᠲᠦᠬᠦᠭᠡᠷᠤᠮᠵᠢ᠂ ᠢᠵᠢ ᠪᠦᠷᠢᠳᠤᠬᠦᠯᠦᠭᠰᠡᠨ ᠲᠦᠬᠦᠭᠡᠷᠤᠮᠵᠢ ᠪᠠᠶᠢᠭᠤᠯᠵᠤ ᠪᠤᠯᠬᠤ ᠪᠦᠭᠡᠳ ᠭᠡᠷ᠎ᠡ ᠶᠢᠨ | ᠪᠤᠯᠵᠤᠯ ᠶᠤᠰᠤᠭᠠᠷ ᠪᠡᠯᠡ ᠤᠷᠤᠭᠤᠯᠤᠭᠰᠠᠨ ᠬᠡᠰᠡᠭ ᠠᠴᠠ ᠪᠠᠨ ᠵᠦᠢ ᠵᠤᠬᠢᠰᠳᠠᠢ ᠨᠦᠬᠦᠪᠤᠷᠢ ᠤᠯᠵᠤ ᠪᠤᠯᠤᠨ᠎ᠠ᠃ | ᠲᠠᠷᠢᠶᠠᠨ ᠭᠠᠵᠠᠷ ᠤᠨ ᠪᠤᠳᠠᠳᠠᠢ ᠡᠵᠡᠩᠨᠡᠭᠴᠢ ᠶᠢᠨ ᠬᠠᠤᠯᠢ ᠶᠤᠰᠤᠨ ᠤ ᠡᠷᠭᠡ ᠶᠢ ᠪᠠᠳᠤᠯᠠᠬᠤ ᠪᠤᠯ ᠶᠠᠭ | ᠰᠢᠨ᠎ᠠ ᠬᠠᠤᠯᠢ ᠶᠢᠨ《ᠭᠤᠷᠪᠠᠨ ᠡᠷᠭᠡ ᠶᠢ ᠰᠠᠯᠭᠠᠬᠤ》 ᠦᠵᠡᠯ ᠰᠠᠨᠠᠭ᠎ᠠ ᠳᠤ ᠰᠠᠭᠤᠷᠢᠯᠠᠭᠰᠠᠨ ᠤ ᠢᠯᠡᠷᠡᠯ ᠮᠦᠨ᠃ | ᠬᠥᠳᠡᠭᠡ ᠲᠤᠰᠬᠤᠨ ᠤ ᠦᠯᠡᠬᠦᠤ ᠬᠥᠳᠡᠯᠮᠤᠷᠢ ᠶᠢᠨ ᠬᠥᠴᠤᠨ ᠤ ᠬᠤᠳᠠ ᠪᠠᠯᠭᠠᠰᠤᠨ ᠳᠤ ᠰᠢᠯᠵᠢᠵᠤ ᠠᠵᠢᠯ | ᠤᠯᠬᠤ ᠶᠢ ᠲᠠᠭᠠᠯᠳᠤᠨ᠂ ᠡᠯ᠎ᠠ ᠲᠦᠷᠤᠯ ᠤᠨ ᠬᠤᠷᠰᠢᠶ᠎ᠠ᠂ ᠲᠠᠷᠢᠶᠠᠯᠠᠩ ᠤᠨ ᠠᠵᠤ ᠦᠢᠯᠡᠰᠵᠢᠯᠳᠠ ᠶᠢᠨ | ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠪᠡᠶᠡᠴᠢ ᠴᠤᠭᠴᠠ ᠶᠡᠭᠡ | ᠬᠡᠮᠵᠢᠶ᠎ᠠ ᠪᠠᠷ ᠢᠯᠡᠷᠡᠨ ᠭᠠᠷᠴᠤ ᠪᠠᠶᠢᠨ᠎ᠠ᠃ | ᠬᠦᠳᠡᠭᠡ ᠠᠵᠤ ᠠᠬᠤᠢ ᠶᠢᠨ ᠶᠠᠮᠤᠨ ᠤ ᠪᠦᠷᠢᠳᠭᠡᠭᠰᠡᠨ ᠢ ᠦᠨᠳᠤᠰᠤᠯᠡᠪᠡᠯ᠂ ᠤᠳᠤᠬᠠᠨ ᠳᠤ ᠪᠦᠬᠦ | ᠤᠯᠤᠰ ᠤᠨ ᠡᠵᠡᠩᠨᠡᠯᠳᠡ ᠶᠢᠨ ᠬᠡᠪᠴᠢᠶ᠎ᠠ ᠨᠢ 50 ᠮᠤ᠋ ᠠᠴᠠ ᠲᠡᠭᠡᠭᠰᠢ ᠪᠠᠶᠢᠬᠤ ᠲᠠᠷᠢᠶᠠᠴᠢᠨ ᠡᠷᠤᠭᠡ 350 | ᠲᠦᠮᠡᠨ ᠡᠷᠤᠭᠡ ᠪᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠵᠡᠷᠭᠡ ᠡᠯ᠎ᠠ | ᠲᠦᠷᠤᠯ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠪᠡᠶᠡᠴᠢ ᠴᠤᠭᠴᠠ 280 ᠲᠦᠮᠡ ᠬᠥᠷᠴᠠᠢ᠃ ᠯᠢᠤ ᠵᠧᠨ | ᠸᠧᠢ ᠡᠶᠢᠮᠤᠷᠬᠦ ᠪᠠᠶᠢᠳᠠᠯ ᠢ《ᠭᠡᠷ ᠪᠦᠯᠢ ᠶᠢᠨ ᠲᠠᠭᠠᠭᠠᠴᠢᠯᠠᠯᠳᠠ᠂ ᠤᠯᠠᠨ ᠡᠰᠢᠳᠤ ᠡᠵᠡᠩᠨᠡᠯᠳᠡ》 ᠶᠢᠨ ᠪᠠᠶᠢᠷᠢᠰᠢᠯ | ᠭᠡᠵᠤ ᠬᠤᠷᠢᠶᠠᠩᠭᠤᠶᠢᠯᠠᠵᠠᠢ᠃ | 《ᠲᠠᠷᠢᠶᠠᠯᠠᠩ ᠤᠨ ᠠᠵᠤ ᠦᠢᠯᠡᠰᠵᠢᠯᠳᠠ᠂ ᠤᠰᠤᠨ ᠠᠰᠢᠭᠯᠠᠵᠢᠭᠤᠯᠤᠯᠳᠡ᠂ ᠮᠧᠬᠠᠨᠢᠬᠵᠢᠭᠤᠯᠤᠯᠳᠡ | ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠵᠡᠷᠭᠡ ᠨᠢ ᠴᠦᠮ ᠬᠥᠳᠡᠭᠡ ᠲᠤᠰᠬᠤᠨ ᠤ ᠦᠢᠯᠡᠳᠪᠤᠷᠢᠯᠠᠯ | ᠤᠨ ᠬᠠᠷᠢᠴᠠᠭ᠎ᠠ ᠶᠢ ᠰᠠᠶᠢᠵᠢᠷᠠᠭᠤᠯᠬᠤ ᠳᠤ ᠰᠢᠨ᠎ᠠ ᠱᠠᠭᠠᠷᠳᠠᠯᠭ᠎ᠠ ᠲᠤᠷᠠᠳᠤᠭᠰᠠᠨ ᠪᠠᠶᠢᠨ᠎ᠠ 》᠃ ᠲᠡᠷᠡ | ᠬᠡᠯᠡᠬᠦ ᠳᠡᠭᠡᠨ᠂《ᠦᠢᠯᠡᠳᠤᠯᠭᠡ ᠪᠠᠷ ᠪᠦᠳᠤᠮᠵᠢᠳᠠᠢ ᠬᠡᠳᠡᠭ ᠢ ᠰᠢᠯᠭᠠᠨ ᠬᠡᠷᠡᠴᠢᠯᠡᠭᠰᠡᠨ ᠬᠥᠳᠡᠭᠡ ᠲᠤᠰᠬᠤᠨ ᠤ | ᠭᠠᠵᠠᠷ ᠰᠢᠷᠤᠢ ᠲᠠᠭᠠᠭᠠᠴᠢᠯᠠᠬᠤ ᠲᠦᠷᠤ ᠶᠢᠨ ᠪᠤᠳᠤᠯᠭ᠎ᠠ ᠪᠤᠯᠤᠨ ᠠᠮᠵᠢᠯᠳᠠᠳᠠᠢ ᠲᠤᠷᠰᠢᠯᠭ᠎ᠠ ᠶᠢ ᠴᠠᠭ ᠲᠤᠬᠠᠢ ᠳᠤᠨᠢ | ᠬᠠᠤᠯᠢ ᠴᠠᠭᠠᠵᠠ ᠶᠢᠨ ᠵᠢᠷᠤᠮᠵᠢᠯ ᠪᠤᠯᠭᠠᠨ ᠬᠤᠪᠢᠷᠠᠭᠤᠯᠬᠤ ᠪᠤᠯ ᠬᠥᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ ᠳᠤ ᠵᠠᠰᠠᠪᠤᠷᠢ ᠤᠷᠤᠭᠤᠯᠬᠤ ᠳᠠᠭᠠᠨ ᠡᠩ ᠲᠡᠷᠢᠬᠦᠨ ᠳᠤ ᠪᠤᠳᠤᠯᠬᠢᠯᠠᠬᠤ ᠬᠡᠷᠡᠭᠳᠠᠢ | ᠠᠰᠠᠭᠤᠳᠠᠯ ᠮᠦᠨ 》 ᠭᠡᠵᠠᠢ᠃ | ᠲᠠᠷᠢᠶᠠᠨ ᠭᠠᠵᠠᠷ ᠢ ᠡᠷᠬᠢᠯᠳᠤᠬᠦᠯᠦᠭᠰᠡᠨ ᠤ ᠲᠠᠷᠠᠭ᠎ᠠ᠂《ᠲᠠᠷᠢᠶᠠᠯᠠᠩ ᠤᠨ ᠪᠤᠰᠤ ᠪᠤᠯᠭᠠᠬᠤ》 ᠶᠢ ᠭᠡᠷᠬᠢᠨ | ᠰᠡᠷᠭᠡᠶᠢᠯᠡᠬᠦ ᠲᠤᠬᠠᠢ ᠰᠢᠨ᠎ᠠ ᠬᠠᠤᠯᠢ ᠳᠤ ᠪᠠᠰᠠ ᠲᠤᠳᠤᠷᠬᠠᠢ ᠲᠤᠬᠳᠠᠭᠠᠯ ᠭᠠᠷᠭᠠᠵᠠᠢ᠂ ᠵᠢᠱᠢᠶᠡᠯᠡᠪᠡᠯ ᠭᠠᠵᠠᠷ ᠰᠢᠷᠤᠢ | ᠶᠢᠨ ᠦᠮᠴᠢᠯᠠᠯ ᠤᠨ ᠡᠷᠭᠡ ᠶᠢᠨ ᠰᠢᠨᠵᠢ ᠴᠢᠨᠠᠷ ᠪᠠ ᠭᠠᠵᠠᠷ ᠰᠢᠷᠤᠢ ᠶᠢᠨ ᠲᠠᠷᠢᠶᠠᠯᠠᠩ ᠤᠨ ᠬᠡᠷᠡᠭᠴᠡᠭᠡ ᠶᠢ | ᠬᠤᠪᠢᠷᠠᠭᠤᠯᠵᠤ ᠪᠤᠯᠬᠤ ᠦᠭᠡᠢ᠂ ᠲᠠᠷᠢᠶᠠᠯᠠᠩ ᠤᠨ ᠶᠡᠷᠤᠩᠬᠡᠶᠢᠯᠡᠭᠰᠡᠨ ᠦᠢᠯᠡᠳᠪᠤᠷᠢᠯᠠᠯ ᠤᠨ ᠴᠢᠳᠠᠪᠤᠷᠢ ᠪᠠ | ᠲᠠᠷᠢᠶᠠᠯᠠᠩ ᠤᠨ ᠠᠮᠢ ᠠᠬᠤᠢ ᠶᠢᠨ ᠤᠷᠴᠢᠨ ᠨᠦᠬᠦᠴᠡᠯ ᠢ ᠡᠪᠳᠡᠵᠤ ᠪᠤᠯᠬᠤ ᠦᠭᠡᠢ᠃ | | |