ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠠᠨ ᠠᠩᠬᠠᠷᠴᠤ ᠪᠠᠶᠢᠭᠠᠷᠠᠢ
ᠨᠡᠶᠢᠲᠡᠯᠡᠭᠰᠡᠨ ᠴᠠᠭ᠄
2023/12/31
    ᠢᠲᠡᠭᠡᠮᠵᠢ ᠶᠢᠨ ᠰᠢᠰᠲ᠋ᠧᠮ ᠤᠨ ᠲᠡᠭᠦᠯᠲᠡᠷᠵᠢᠬᠦ ᠶᠢ ᠲᠠᠭᠠᠯᠲᠤᠨ᠂ ᠬᠤᠪᠢ ᠬᠦᠮᠦᠨ ᠤ ᠢᠲᠡᠭᠡᠮᠵᠢ ᠶᠢᠨ ᠦᠢᠯᠡᠲᠦᠯ ᠶᠠᠪᠤᠬᠤ ᠲᠤᠲᠤᠮ ᠶᠡᠭᠡ ᠪᠤᠯᠵᠠᠢ᠃     ᠢᠲᠡᠭᠡᠮᠵᠢ ᠶᠢᠨ ᠪᠠᠶᠢᠲᠠᠯ ᠢ ᠲᠡᠮᠲᠡᠭᠯᠡᠭᠰᠡᠨ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠨᠢ ᠨᠢᠭᠡᠨᠲᠡ ᠡᠷᠬᠡᠲᠦ ᠠᠷᠠᠳ ᠤᠨ ᠬᠤᠪᠢ ᠬᠦᠮᠦᠨ ᠤ ︽ᠠᠵᠦ ᠠᠬᠤᠢ ᠶᠢᠨ ᠪᠡᠶ᠎ᠡ ᠶᠢᠨ ᠦᠨᠡᠮᠯᠡᠯ︾ ᠪᠤᠯᠵᠠᠢ᠃ ᠵᠢᠭᠡᠯᠡᠯᠭᠡ ᠪᠠᠷ ᠤᠷᠤᠨ ᠰᠠᠭᠤᠴᠠ ᠬᠤᠳᠠᠯᠳᠤᠨ ᠠᠪᠬᠤ᠂ ᠮᠠᠰᠢᠨ ᠲᠡᠷᠭᠡ ᠬᠤᠳᠠᠯᠳᠤᠨ ᠠᠪᠬᠤ᠂ ᠢᠲᠡᠭᠡᠮᠵᠢ ᠶᠢᠨ ᠺᠠᠷᠲ ᠠᠪᠬᠤ᠂ ᠠᠵᠢᠯ ᠡᠷᠢᠬᠦ ᠵᠡᠷᠭᠡ ᠳᠤ ᠪᠦᠷ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠢ ᠬᠠᠩᠭᠠᠬᠤ ᠴᠢᠬᠤᠯᠠᠲᠠᠢ᠃     ᠲᠡᠬᠡᠪᠡᠯ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠳᠤ ᠶᠠᠮᠠᠷ ᠶᠠᠮᠠᠷ ᠮᠡᠲᠡᠭᠡ ᠵᠠᠩᠬᠢ ᠪᠠᠶᠢᠬᠤ ᠪᠤᠢ︖ ᠶᠠᠭᠤᠨ ᠳᠤ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠠᠨ ᠦᠪᠡᠰᠦᠪᠡᠨ ᠪᠠᠶᠢᠴᠠᠭᠠᠬᠤ ᠴᠢᠬᠤᠯᠠᠲᠠᠢ ᠪᠤᠢ︖ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠠᠨ ᠬᠡᠷᠬᠢᠨ ᠪᠠᠶᠢᠴᠠᠭᠠᠨ ᠦᠵᠡᠬᠦ ᠪᠤᠢ︖ ᠬᠠᠮᠲᠦ ᠳᠠᠭᠠᠨ ᠤᠢᠢᠯᠠᠭᠠᠵᠠᠭᠠᠶ᠎ᠠ᠃     ● ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠬᠡᠲᠡᠭ ᠨᠢ ᠶᠠᠭᠤ ᠪᠤᠢ︖     ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠤᠯ ᠲᠠᠨ ᠤ ︽ᠢᠲᠡᠭᠡᠮᠵᠢ ᠶᠢᠨ ᠲᠠᠩᠰᠠ ᠡᠪᠬᠡᠮᠡᠯ︾ ᠪᠤᠯᠤᠨ᠎ᠠ᠂ ᠲᠡᠨ ᠤ ᠢᠲᠡᠭᠡᠮᠵᠢ ᠶᠢᠨ ᠠᠵᠢᠯᠯᠠᠭ᠎ᠠ ᠶᠢ ᠪᠦᠬᠦ ᠲᠠᠯ᠎ᠠ ᠪᠠᠷ᠂ ᠪᠤᠰᠤᠳᠴᠢ ᠪᠠᠷ ᠲᠡᠮᠲᠡᠭᠯᠡᠵᠦ᠂ ᠵᠢᠭᠡᠯᠡᠯᠭᠡ ᠶᠢᠨ ᠡᠬᠡ ᠬᠦᠦ ᠪᠠᠨ ᠲᠦᠯᠦᠭᠰᠡᠨ ᠪᠠᠶᠢᠲᠠᠯ᠂ ᠢᠲᠡᠭᠡᠮᠵᠢ ᠶᠢᠨ ᠺᠠᠷᠲ ᠤᠨ ᠬᠠᠲᠠᠭᠠᠯᠠᠮᠵᠢ ᠠᠴᠠ ᠬᠡᠲᠦᠷᠡᠲᠡᠯ᠎ᠡ ᠵᠠᠷᠤᠬᠰᠠᠨ ᠪᠠᠶᠢᠲᠠᠯ ᠵᠡᠷᠭᠡ ᠶᠢ ᠪᠦᠷ ᠲᠡᠮᠲᠡᠭᠯᠡᠵᠦ ᠪᠠᠶᠢᠨ᠎ᠠ᠃     ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠳᠤ ᠬᠠᠷᠢᠴᠠᠭᠠᠨ ᠡᠷᠦᠭᠡ ᠪᠤᠯᠤᠨ ᠪᠠᠩᠬᠢ ᠶᠢᠨ ᠬᠤᠭᠤᠷᠤᠨᠲᠤ ᠡᠭᠦᠰᠦᠭᠰᠡᠨ ᠢᠲᠡᠭᠡᠮᠵᠢ ᠶᠢᠨ ᠵᠢᠭᠡᠯᠡᠯᠭᠡ ᠶᠢᠨ ᠠᠷᠠᠯᠵᠢᠶᠠᠨ ᠤ ᠲᠡᠦᠬᠡᠨ ᠮᠡᠲᠡᠭᠡ ᠵᠠᠩᠬᠢ ᠶᠢ ᠲᠡᠮᠲᠡᠭᠯᠡᠵᠦ ᠂ ᠬᠡᠷᠪᠡ ᠬᠠᠷᠢᠴᠠᠭᠠᠨ ᠡᠷᠦᠭᠡ ᠪᠠᠩᠬᠢ ᠠᠴᠠ ᠢᠲᠡᠭᠡᠮᠵᠢ ᠶᠢᠨ ᠺᠠᠷᠲ ᠠᠪᠬᠤ᠂ ᠵᠢᠭᠡᠯᠡᠯᠭᠡ ᠠᠪᠬᠤ᠂ ᠪᠤᠰᠤᠳ ᠤᠨ ᠵᠢᠭᠡᠯᠡᠯᠭᠡ ᠶᠢᠨ ᠪᠠᠲᠤᠯᠠᠬᠴᠢ ᠪᠤᠯᠬᠤ ᠵᠡᠷᠭᠡ ᠢᠲᠡᠭᠡᠮᠵᠢ ᠶᠢᠨ ᠵᠢᠭᠡᠯᠡᠯᠭᠡ ᠶᠢᠨ ᠠᠵᠢᠯ ᠢ ᠬᠦᠢᠴᠡᠳᠬᠡᠵᠦ ᠦᠩᠭᠡᠷᠡᠭᠰᠡᠨ ᠪᠤᠯ᠂ ᠪᠠᠩᠬᠢ ᠳᠤ ᠲᠡᠩᠰᠠᠯᠠᠵᠦ ᠦᠩᠭᠡᠷᠡᠭᠰᠡᠨ ᠦᠨᠳᠦᠰᠦᠨ ᠮᠡᠲᠡᠭᠡ ᠵᠠᠩᠬᠢ ᠪᠤᠯᠤᠨ ᠲᠠᠩᠰᠠᠨ ᠡᠷᠦᠭᠡ ᠶᠢᠨ ᠮᠡᠲᠡᠭᠡ ᠵᠠᠩᠬᠢ ᠨᠢ ᠲᠠᠷᠤᠢ ᠬᠤᠳᠠᠯᠳᠤᠭᠠᠨ ᠤ ᠪᠠᠩᠬᠢ ᠶᠢᠨ ᠲᠤᠭ᠎ᠠ ᠪᠠᠷᠢᠮᠲᠠ ᠪᠠᠷ ᠲᠠᠮᠵᠢᠨ ᠬᠤᠪᠢ ᠬᠦᠮᠦᠨ ᠤ ᠢᠲᠡᠭᠡᠮᠵᠢ ᠶᠢᠨ ᠰᠢᠰᠲ᠋ᠧᠮ ᠳᠤ ᠮᠡᠲᠡᠭᠦᠯᠦᠭᠲᠡᠨ ᠬᠦᠷᠴᠦ᠂ ᠢᠲᠡᠭᠡᠮᠵᠢ ᠶᠢᠨ ᠮᠡᠲᠡᠭᠦᠯᠦᠯᠲᠡ ᠪᠦᠷᠢᠯᠲᠦᠲᠡᠭ᠃     ᠬᠠᠷᠢᠴᠠᠭᠠᠨ ᠡᠷᠦᠭᠡ ᠶᠢᠨ ᠠᠳᠠᠯᠢ ᠪᠤᠰᠤ ᠶᠢ ᠦᠨᠳᠦᠰᠦᠯᠡᠨ᠂ ᠬᠤᠪᠢ ᠬᠦᠮᠦᠨ ᠤ ᠢᠲᠡᠭᠡᠮᠵᠢ ᠶᠢᠨ ᠰᠢᠰᠲ᠋ᠧᠮ ᠨᠢ ᠠᠳᠠᠯᠢ ᠪᠤᠰᠤ ᠬᠡᠪᠯᠡᠯ ᠤᠨ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠬᠠᠩᠭᠠᠨ᠎ᠠ᠂ ᠪᠠᠩᠬᠢ ᠶᠢᠨ ᠬᠡᠪᠯᠡᠯ᠂ ᠬᠤᠪᠢ ᠬᠦᠮᠦᠨ ᠤ ᠪᠠᠶᠢᠴᠠᠭᠠᠨ ᠯᠠᠪᠯᠠᠬᠤ ᠬᠡᠪᠯᠡᠯ ᠪᠤᠯᠤᠨ ᠢᠲᠡᠭᠡᠮᠵᠢ ᠶᠢᠨ ᠲᠦᠪ ᠤᠨ ᠲᠤᠳᠤᠭᠠᠲᠤᠬᠢ ᠬᠡᠪᠯᠡᠯ ᠵᠡᠷᠭᠡ ᠭᠤᠷᠪᠠᠨ ᠵᠦᠢᠯ ᠤᠨ ᠬᠡᠪᠯᠡᠯ ᠢ ᠪᠠᠭᠲᠠᠭᠠᠵᠦ᠂ ᠲᠤᠰᠪᠤᠷᠢ ᠬᠤᠳᠠᠯᠳᠤᠭᠠᠨ ᠤ ᠪᠠᠩᠬᠢ ᠶᠢᠨ ᠲᠦᠷᠦᠯ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ᠂ ᠬᠠᠷᠢᠴᠠᠭᠠᠨ ᠡᠷᠦᠭᠡ ᠪᠤᠯᠤᠨ ᠠᠷᠠᠳ ᠤᠨ ᠪᠠᠩᠬᠢ ᠳᠤ ᠦᠢᠯᠡᠴᠢᠯᠡᠨ᠎ᠡ᠃     ● ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠠᠮᠠᠷ ᠦᠢᠯᠡᠲᠦᠯ ᠲᠠᠢ ᠪᠤᠢ︖     ᠢᠲᠡᠭᠡᠮᠵᠢ ᠶᠢᠨ ᠮᠡᠲᠡᠭᠦᠯᠦᠯᠲᠡ ᠨᠢ ᠨᠢᠭᠡᠨᠲᠡ ᠬᠤᠪᠢ ᠬᠦᠮᠦᠨ ᠤ ︽ᠠᠵᠦ ᠠᠬᠤᠢ ᠶᠢᠨ ᠪᠡᠶ᠎ᠡ ᠶᠢᠨ ᠦᠨᠡᠮᠯᠡᠯ︾ ᠪᠤᠯᠵᠦ᠂ ᠠᠷᠠᠯᠵᠢᠶᠠᠨ ᠤ ᠬᠠᠨᠢᠲᠠᠳ ᠬᠤᠭᠤᠷᠤᠨᠳᠤ ᠪᠠᠨ ᠬᠤᠪᠢ ᠬᠦᠮᠦᠨ ᠤ ᠢᠲᠡᠭᠡᠮᠵᠢ ᠶᠢᠨ ᠪᠠᠶᠢᠲᠠᠯ ᠢᠶᠠᠨ ᠬᠠᠷᠢᠯᠴᠠᠨ ᠤᠢᠢᠯᠠᠭᠠᠵᠦ ᠪᠤᠯᠲᠠᠭ᠃     ᠪᠤᠲᠠᠲᠠᠢ ᠪᠠᠷ ᠬᠡᠯᠡᠪᠡᠯ᠂ ᠵᠢᠭᠡᠯᠡᠯᠭᠡ ᠶᠢ ᠬᠢᠨᠠᠨ ᠵᠦᠪᠰᠢᠶᠡᠷᠡᠭᠦᠯᠬᠦ᠂ ᠢᠲᠡᠭᠡᠮᠵᠢ ᠶᠢᠨ ᠺᠠᠷᠲ ᠢ ᠬᠢᠨᠠᠨ ᠵᠦᠪᠰᠢᠶᠡᠷᠡᠭᠦᠯᠬᠦ᠂ ᠲᠤᠰᠢᠶᠠᠯ ᠳᠤ ᠭᠠᠷᠬᠤ ᠬᠢᠷᠢ ᠬᠡᠮ ᠢ ᠬᠢᠨᠠᠨ ᠪᠠᠶᠢᠴᠠᠭᠠᠬᠤ᠂ ᠠᠵᠢᠯᠲᠠᠨ ᠡᠯᠰᠡᠨ ᠬᠡᠷᠡᠭᠯᠡᠬᠦ ᠵᠡᠷᠭᠡ ᠳᠤ ᠬᠡᠷᠡᠭᠯᠡᠨ᠎ᠡ᠃ ᠢᠲᠡᠭᠡᠮᠵᠢ ᠶᠢᠨ ᠲᠡᠮᠲᠡᠭᠯᠡᠯ ᠰᠠᠶᠢᠨ ᠪᠤᠯ ᠵᠢᠭᠡᠯᠡᠯᠭᠡ᠂ ᠢᠲᠡᠭᠡᠮᠵᠢ ᠶᠢᠨ ᠺᠠᠷᠲ ᠢ ᠮᠠᠰᠢ ᠲᠦᠷᠬᠡᠨ ᠤᠯᠬᠤ ᠮᠦᠷᠲᠡᠭᠡᠨ ᠪᠠᠰᠠ ᠲᠤᠤᠷ᠎ᠠ ᠬᠦᠦ ᠨᠤᠷᠮ᠎ᠠ ᠶᠢ ᠡᠳ᠋ᠯᠡᠵᠦ ᠪᠤᠯᠤᠨ᠎ᠠ︔ ᠢᠲᠡᠭᠡᠮᠵᠢ ᠶᠢᠨ ᠲᠡᠮᠲᠡᠭᠯᠡᠯ ᠨᠢ ᠰᠠᠶᠢᠨ ᠪᠢᠰᠢ ᠪᠤᠯ ᠵᠢᠭᠡᠯᠡᠯᠭᠡ᠂ ᠢᠲᠡᠭᠡᠮᠵᠢ ᠶᠢᠨ ᠺᠠᠷᠲ ᠢ ᠤᠯᠬᠤ ᠳᠤ ᠠᠰᠢᠬ ᠦᠭᠡᠢ ᠮᠦᠷᠲᠡᠭᠡᠨ ᠬᠦᠦ ᠨᠤᠷᠮ᠎ᠠ ᠨᠢ ᠦᠨᠳᠦᠷ ᠰᠢᠭ ᠪᠤᠯᠤᠨ᠎ᠠ᠃     ● ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠳᠤ ᠶᠠᠮᠠᠷ ᠶᠠᠮᠠᠷ ᠮᠡᠲᠡᠭᠡ ᠵᠠᠩᠬᠢ ᠪᠠᠶᠢᠬᠤ ᠪᠤᠢ︖     ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠢᠨ ᠮᠡᠲᠡᠭᠡ ᠵᠠᠩᠬᠢ ᠳᠤ ᠭᠤᠤᠯᠲᠠᠭᠤ 6 ᠵᠦᠢᠯ ᠪᠤᠢ᠄ ᠲᠤᠳᠤᠭᠠᠲᠦ ᠶᠢ ᠬᠠᠮᠠᠭᠠᠯᠠᠬᠤ ᠶᠠᠮᠤᠨ ᠤ ᠪᠡᠶ᠎ᠡ ᠶᠢᠨ ᠭᠠᠷᠤᠯ ᠤᠨ ᠮᠡᠲᠡᠭᠡ ᠵᠠᠩᠬᠢ ᠶᠢ ᠬᠠᠷᠭᠤᠭᠤᠯᠤᠨ ᠪᠠᠶᠢᠴᠠᠭᠠᠬᠰᠠᠨ ᠦᠷ᠎ᠡ ᠳ᠋ᠦ᠋ᠩ᠂ ᠬᠤᠪᠢ ᠬᠦᠮᠦᠨ ᠤ ᠦᠨᠳᠦᠰᠦᠨ ᠮᠡᠲᠡᠭᠡ ᠵᠠᠩᠬᠢ᠂ ᠪᠠᠩᠬᠢ ᠶᠢᠨ ᠢᠲᠡᠭᠡᠮᠵᠢ ᠶᠢᠨ ᠵᠢᠭᠡᠯᠡᠯᠭᠡ ᠶᠢᠨ ᠠᠷᠠᠯᠵᠢᠶᠠᠨ ᠤ ᠮᠡᠲᠡᠭᠡ ᠵᠠᠩᠬᠢ᠂ ᠪᠠᠩᠬᠢ ᠶᠢᠨ ᠪᠤᠰᠤ ᠢᠲᠡᠭᠡᠮᠵᠢ ᠶᠢᠨ ᠮᠡᠲᠡᠭᠡ ᠵᠠᠩᠬᠢ᠂ ᠬᠤᠪᠢ ᠬᠦᠮᠦᠨ ᠤ ᠢᠯᠡᠷᠬᠡᠶᠢᠯᠡᠯᠲᠡ ᠵᠢᠴᠢ ᠤᠨᠳᠤᠤ ᠰᠠᠨᠠᠯ ᠳᠤ ᠲᠠᠶᠢᠯᠪᠤᠷᠢ ᠬᠠᠲᠠᠬᠤ ᠪᠠ ᠲᠡᠦᠬᠡᠨ ᠮᠡᠲᠡᠭᠡ ᠵᠠᠩᠬᠢ ᠶᠢ ᠪᠠᠶᠢᠴᠠᠭᠠᠬᠤ᠃     ᠲᠤᠳᠤᠭᠠᠲᠦ ᠶᠢ ᠬᠠᠮᠠᠭᠠᠯᠠᠬᠤ ᠶᠠᠮᠤᠨ ᠤ ᠪᠡᠶ᠎ᠡ ᠶᠢᠨ ᠭᠠᠷᠤᠯ ᠤᠨ ᠮᠡᠲᠡᠭᠡ ᠵᠠᠩᠬᠢ ᠶᠢ ᠬᠠᠷᠭᠤᠭᠤᠯᠤᠨ ᠪᠠᠶᠢᠴᠠᠭᠠᠬᠰᠠᠨ ᠦᠷ᠎ᠡ ᠳ᠋ᠦ᠋ᠩ ᠪᠤᠯ᠂ ᠲᠤᠳᠤᠭᠠᠲᠦ ᠶᠢ ᠬᠠᠮᠠᠭᠠᠯᠠᠬᠤ ᠶᠠᠮᠤᠨ ᠤ ᠡᠷᠬᠡᠲᠦ ᠠᠷᠠᠳ ᠤᠨ ᠮᠡᠲᠡᠭᠡ ᠵᠠᠩᠬᠢ ᠶᠢ ᠬᠠᠮᠳᠦᠪᠡᠷ ᠡᠳ᠋ᠯᠡᠬᠦ ᠲᠠᠪᠴᠠᠩ ᠤᠨ ᠮᠡᠲᠡᠭᠡ ᠵᠠᠩᠬᠢ ᠠᠴᠠ ᠢᠷᠡᠯᠲᠡ ᠲᠠᠢ᠃     ᠬᠤᠪᠢ ᠬᠦᠮᠦᠨ ᠤ ᠦᠨᠳᠦᠰᠦᠨ ᠮᠡᠲᠡᠭᠡ ᠵᠠᠩᠬᠢ ᠨᠢ ᠬᠠᠷᠢᠴᠠᠭᠠᠨ ᠡᠷᠦᠭᠡ ᠶᠢᠨ ᠲᠤᠰ ᠬᠦᠮᠦᠨ ᠤ ᠵᠠᠷᠢᠮ ᠦᠨᠳᠦᠰᠦᠨ ᠮᠡᠲᠡᠭᠡ ᠵᠠᠩᠬᠢ ᠶᠢ ᠢᠯᠡᠷᠬᠡᠶᠢᠯᠡᠵᠦ᠂ ᠪᠡᠶ᠎ᠡ ᠶᠢᠨ ᠭᠠᠷᠤᠯ ᠤᠨ ᠮᠡᠲᠡᠭᠡ ᠵᠠᠩᠬᠢ᠂ ᠤᠷᠤᠭ ᠤᠨ ᠮᠡᠲᠡᠭᠡ ᠵᠠᠩᠬᠢ᠂ ᠤᠷᠤᠨ ᠰᠠᠭᠤᠴᠠ ᠶᠢᠨ ᠮᠡᠲᠡᠭᠡ ᠵᠠᠩᠬᠢ᠂ ᠠᠵᠢᠯ ᠮᠡᠷᠭᠡᠵᠢᠯ ᠤᠨ ᠮᠡᠲᠡᠭᠡ ᠵᠠᠩᠬᠢ ᠵᠡᠷᠭᠡ ᠠᠭᠤᠯᠭ᠎ᠠ ᠶᠢ ᠪᠠᠭᠲᠠᠭᠠᠨ᠎ᠠ᠃     ᠪᠠᠩᠬᠢ ᠶᠢᠨ ᠢᠲᠡᠭᠡᠮᠵᠢ ᠶᠢᠨ ᠵᠢᠭᠡᠯᠡᠯᠭᠡ ᠶᠢᠨ ᠠᠷᠠᠯᠵᠢᠶᠠᠨ ᠤ ᠮᠡᠲᠡᠭᠡ ᠵᠠᠩᠬᠢ ᠨᠢ ᠬᠠᠷᠢᠴᠠᠭᠠᠨ ᠡᠷᠦᠭᠡ ᠶᠢᠨ ᠡᠯ᠎ᠡ ᠬᠤᠳᠠᠯᠳᠤᠭᠠᠨ ᠤ ᠪᠠᠩᠬᠢ ᠪᠤᠶᠤ ᠪᠤᠰᠤᠳ ᠢᠲᠡᠭᠡᠨ ᠨᠠᠶᠢᠲᠠᠬᠰᠠᠨ ᠪᠠᠶᠢᠭᠤᠯᠤᠮᠵᠢ ᠶᠢᠨ ᠬᠦᠢᠴᠡᠳᠬᠡᠭᠰᠡᠨ ᠵᠢᠭᠡᠯᠡᠯᠭᠡ ᠶᠢᠨ ᠮᠦᠩᠬᠦ ᠪᠤᠶᠤ ᠢᠲᠡᠭᠡᠮᠵᠢ ᠶᠢᠨ ᠺᠠᠷᠲ ᠤᠨ ᠲᠠᠩᠰᠠᠨ ᠡᠷᠦᠭᠡ ᠶᠢᠨ ᠨᠠᠷᠢᠨ ᠵᠦᠢᠯᠡᠰ ᠪᠤᠯᠤᠨ ᠬᠤᠷᠢᠶᠠᠩᠭᠤᠢᠢᠯᠠᠬᠰᠠᠨ ᠮᠡᠲᠡᠭᠡ ᠵᠠᠩᠬᠢ ᠪᠤᠯᠤᠨ᠎ᠠ᠃     ᠪᠠᠩᠬᠢ ᠶᠢᠨ ᠪᠤᠰᠤ ᠢᠲᠡᠭᠡᠮᠵᠢ ᠶᠢᠨ ᠮᠡᠲᠡᠭᠡ ᠵᠠᠩᠬᠢ ᠪᠤᠯ ᠬᠤᠪᠢ ᠬᠦᠮᠦᠨ ᠤ ᠢᠲᠡᠭᠡᠮᠵᠢ ᠶᠢᠨ ᠰᠢᠰᠲ᠋ᠧᠮ ᠤᠨ ᠪᠤᠰᠤᠳ ᠰᠠᠯᠠᠭ᠎ᠠ ᠮᠦᠴᠢᠷ ᠠᠴᠠ ᠬᠤᠷᠠᠮᠳᠤᠭᠤᠯᠤᠬᠰᠠᠨ᠂ ᠬᠠᠷᠢᠴᠠᠭᠠᠨ ᠡᠷᠦᠭᠡ ᠶᠢᠨ ᠤᠷᠤᠯᠭ᠎ᠠ᠂ ᠰᠦᠢᠳᠬᠡᠯ ᠲᠤᠰᠢᠶᠠᠬᠰᠠᠨ ᠰᠦᠢᠳᠬᠡᠯ ᠦᠷᠢᠲᠦᠭᠰᠡᠨ ᠪᠤᠶᠤ ᠪᠤᠰᠤᠳ ᠬᠦᠷᠦᠩᠭᠡ ᠶᠢᠨ ᠪᠠᠶᠢᠲᠠᠯ ᠤᠨ ᠮᠡᠲᠡᠭᠡ ᠵᠠᠩᠬᠢ ᠶᠢ ᠲᠤᠰᠬᠠᠨ᠎ᠠ᠃     ᠬᠤᠪᠢ ᠬᠦᠮᠦᠨ ᠤ ᠢᠯᠡᠷᠬᠡᠶᠢᠯᠡᠯᠲᠡ ᠪᠤᠯ ᠬᠠᠷᠢᠴᠠᠭᠠᠨ ᠡᠷᠦᠭᠡ ᠶᠢᠨ ᠲᠤᠰ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠳᠠᠬᠢ ᠵᠠᠷᠢᠮ ᠬᠢᠨᠠᠨ ᠮᠠᠭᠠᠳᠯᠠᠵᠦ ᠴᠢᠲᠠᠬᠤ ᠦᠭᠡᠢ ᠤᠨᠳᠤᠤ ᠰᠠᠨᠠᠯ ᠳᠤ ᠬᠢᠭᠰᠡᠨ ᠲᠤᠲᠤᠷᠬᠠᠢᠢᠯᠠᠯᠲᠠ ᠪᠤᠯᠤᠨ᠎ᠠ᠃ ᠤᠨᠳᠤᠤ ᠰᠠᠨᠠᠯ ᠳᠤ ᠲᠠᠶᠢᠯᠪᠤᠷᠢ ᠬᠠᠲᠠᠬᠤ ᠨᠢ ᠢᠲᠡᠭᠡᠮᠵᠢ ᠶᠢᠨ ᠲᠦᠪ ᠤᠨ ᠤᠨᠳᠤᠤ ᠰᠠᠨᠠᠯ ᠢ ᠰᠢᠢᠳᠪᠦᠷᠢᠯᠡᠭᠴᠢ ᠠᠴᠠ ᠢᠲᠡᠭᠡᠯ ᠤᠨ ᠮᠡᠲᠡᠭᠦᠯᠦᠯᠲᠡ ᠳᠠᠬᠢ ᠤᠨᠳᠤᠤ ᠰᠠᠨᠠᠯ ᠤᠨ ᠮᠡᠲᠡᠭᠡ ᠵᠠᠩᠬᠢ ᠳᠤ ᠬᠢᠭᠰᠡᠨ ᠲᠠᠶᠢᠯᠪᠤᠷᠢ ᠪᠤᠶᠤ ᠮᠡᠷᠭᠡᠵᠢᠯ ᠤᠨ ᠰᠢᠯᠲᠠᠭᠠᠨ ᠠᠴᠠ ᠪᠤᠯᠵᠦ ᠤᠨᠳᠤᠤ ᠰᠠᠨᠠᠯ ᠤᠨ ᠵᠦᠢᠯᠡᠰ ᠢ ᠴᠠᠬ ᠲᠤᠬᠠᠢ ᠳᠤᠨᠢ ᠵᠠᠯᠠᠷᠠᠭᠤᠯᠵᠦ ᠴᠢᠲᠠᠬᠤ ᠦᠭᠡᠢ ᠠᠴᠠ ᠪᠤᠯᠵᠦ ᠤᠨᠴᠠᠭᠠᠢᠢᠯᠠᠨ ᠲᠤᠲᠤᠷᠬᠠᠢᠢᠯᠠᠬᠰᠠᠨ ᠵᠦᠢᠯ ᠪᠤᠯᠤᠨ᠎ᠠ᠃     ᠲᠡᠦᠬᠡᠨ ᠮᠡᠳᠡᠭᠡ ᠵᠠᠩᠬᠢ ᠶᠢ ᠪᠠᠶᠢᠴᠠᠭᠠᠬᠤ ᠭᠡᠳᠡᠭ ᠨᠢ ᠶᠠᠮᠠᠷ ᠨᠢᠭᠡᠨ ᠪᠠᠶᠢᠭᠤᠯᠤᠮᠵᠢ ᠪᠤᠶᠤ ᠶᠠᠮᠠᠷ ᠨᠢᠭᠡᠨ ᠬᠦᠮᠦᠨ ᠬᠡᠵᠢᠶ᠎ᠡ ᠠᠴᠠ ᠡᠬᠢᠯᠡᠨ ᠶᠠᠮᠠᠷ ᠰᠢᠯᠲᠠᠭᠠᠨ ᠠᠴᠠ ᠪᠤᠯᠵᠦ ᠲᠤᠰ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠠᠨ ᠪᠠᠶᠢᠴᠠᠭᠠᠵᠦ ᠦᠩᠭᠡᠷᠡᠭᠰᠡᠨ ᠢ ᠢᠯᠡᠷᠡᠭᠦᠯᠦᠨ᠎ᠡ᠃     ● ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠬᠤᠪᠢ ᠶᠢᠨ ᠨᠢᠭᠤᠴᠠ ᠶᠢ ᠯᠡᠪᠡᠷᠡᠭᠦᠯᠦᠨ᠎ᠡ ᠤᠤ︖     ︽ᠢᠲᠡᠭᠡᠮᠵᠢ ᠶᠢᠨ ᠦᠢᠯᠡᠰ ᠤᠨ ᠬᠠᠮᠢᠶᠠᠷᠤᠯᠲᠠ ᠶᠢᠨ ᠲᠦᠷᠢᠮ︾᠎ ᠤᠨ ᠠᠷᠪᠠᠨ ᠭᠤᠷᠪᠠᠳᠤᠭᠠᠷ ᠵᠦᠢᠯ ᠳᠤ ᠲᠤᠬᠲᠠᠭᠠᠬᠰᠠᠨ ᠢᠶᠠᠷ᠄ ᠢᠲᠡᠭᠡᠮᠵᠢ ᠶᠢᠨ ᠪᠠᠶᠢᠭᠤᠯᠤᠮᠵᠢ ᠠᠴᠠ ᠬᠤᠪᠢ ᠬᠦᠮᠦᠨ ᠤ ᠱᠠᠰᠢᠨ ᠰᠤᠷᠲᠠᠬᠤᠨ ᠤ ᠢᠲᠡᠭᠡᠯ ᠪᠢᠰᠢᠷᠡᠯ᠂ ᠭᠧᠨ᠂ ᠬᠤᠷᠤᠭᠤᠨ ᠤᠷᠤᠮ᠂ ᠴᠢᠰᠤᠨ ᠤ ᠬᠡᠯᠪᠡᠷᠢ᠂ ᠡᠪᠡᠳᠴᠢᠨ ᠡᠮᠭᠡᠭ ᠪᠤᠯᠤᠨ ᠡᠪᠡᠳᠴᠢᠨ ᠤ ᠲᠡᠦᠬᠡ ᠶᠢᠨ ᠮᠡᠲᠡᠭᠡ ᠵᠠᠩᠬᠢ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠲᠠᠭᠠᠯ ᠳᠤ ᠲᠤᠬᠲᠠᠭᠠᠬᠰᠠᠨ ᠴᠤᠬᠯᠠᠭᠤᠯᠵᠦ ᠪᠤᠯᠬᠤ ᠦᠭᠡᠢ ᠭᠡᠰᠡᠨ ᠪᠤᠰᠤᠳ ᠬᠤᠪᠢ ᠬᠦᠮᠦᠨ ᠤ ᠮᠡᠲᠡᠭᠡ ᠵᠠᠩᠬᠢ ᠶᠢ ᠴᠤᠬᠯᠠᠭᠤᠯᠵᠦ ᠪᠤᠯᠬᠤ ᠦᠭᠡᠢ᠃ ᠢᠲᠡᠭᠡᠮᠵᠢ ᠶᠢᠨ ᠪᠠᠶᠢᠭᠤᠯᠤᠮᠵᠢ ᠨᠢ ᠬᠤᠪᠢ ᠬᠦᠮᠦᠨ ᠤ ᠤᠷᠤᠯᠭ᠎ᠠ᠂ ᠬᠠᠲᠠᠭᠠᠯᠠᠮᠵᠢ ᠂ ᠦᠷᠲᠡᠭᠲᠦ ᠲᠡᠮᠲᠡᠭ᠂ ᠬᠤᠳᠠᠯᠳᠤᠭᠠᠨ ᠤ ᠲᠠᠭᠠᠳᠬᠠᠯ᠂ ᠦᠯᠦ ᠬᠦᠲᠡᠯᠬᠦ ᠬᠦᠷᠦᠩᠭᠡ ᠶᠢᠨ ᠮᠡᠲᠡᠭᠡ ᠵᠠᠩᠬᠢ ᠪᠤᠯᠤᠨ ᠭᠠᠶᠢᠯᠢ ᠲᠤᠰᠢᠶᠠᠬᠰᠠᠨ ᠬᠡᠮᠵᠢᠶᠡᠨ ᠤ ᠮᠡᠲᠡᠭᠡ ᠵᠠᠩᠬᠢ ᠶᠢ ᠴᠤᠬᠯᠠᠭᠤᠯᠵᠦ ᠪᠤᠯᠬᠤ ᠦᠭᠡᠢ᠃     ᠬᠤᠳᠠᠯᠳᠤᠭᠠᠨ ᠤ ᠪᠠᠩᠬᠢ᠂ ᠬᠠᠷᠢᠴᠠᠭᠠᠨ ᠡᠷᠦᠭᠡ ᠪᠤᠶᠤ ᠠᠷᠠᠳ ᠤᠨ ᠪᠠᠩᠬᠢ ᠬᠡᠰᠡᠨ ᠦᠭᠡᠢ᠂ ᠪᠠᠶᠢᠴᠠᠭᠠᠬᠴᠢ ᠨᠢ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠢ ᠪᠠᠶᠢᠴᠠᠭᠠᠬᠤ ᠦᠶ᠎ᠡ ᠳᠤ ᠡᠷᠬᠡᠪᠰᠢ ᠪᠠᠶᠢᠴᠠᠭᠠᠬᠲᠠᠬᠴᠢ ᠶᠢᠨ ᠪᠢᠴᠢᠭ ᠤᠨ ᠬᠡᠯᠪᠡᠷᠢ ᠶᠢᠨ ᠡᠷᠬᠡ ᠶᠢ ᠤᠯᠬᠤ ᠬᠡᠷᠡᠭᠲᠡᠢ᠂ ᠲᠡᠭᠡᠬᠦ ᠮᠦᠷᠲᠡᠭᠡᠨ ᠪᠠᠶᠢᠴᠠᠭᠠᠬᠲᠠᠬᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠦᠯᠡᠲᠡᠭᠡᠨ ᠬᠠᠲᠠᠭᠠᠯᠠᠬᠤ ᠬᠡᠷᠡᠭᠲᠡᠢ᠃     ︽ᠬᠤᠪᠢ ᠬᠦᠮᠦᠨ ᠤ ᠢᠲᠡᠭᠡᠮᠵᠢ ᠶᠢᠨ ᠮᠡᠲᠡᠭᠡ ᠵᠠᠩᠬᠢ ᠶᠢᠨ ᠰᠠᠭᠤᠷᠢ ᠳ᠋ᠠᠶᠢᠲ᠋ᠠ ᠶᠢᠨ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾᠎ ᠶᠢᠨ ᠲᠤᠬᠲᠠᠭᠠᠯ ᠢ ᠦᠨᠳᠦᠰᠦᠯᠡᠪᠡᠯ᠂ ᠬᠤᠳᠠᠯᠳᠤᠭᠠᠨ ᠤ ᠪᠠᠩᠬᠢ ᠨᠢ ᠵᠦᠪᠬᠡᠨ ᠲᠤᠤᠷᠠᠬᠢ ᠵᠦᠢᠯ ᠢ ᠬᠦᠢᠴᠡᠳᠬᠡᠬᠦ ᠦᠶ᠎ᠡ ᠳᠤ ᠰᠠᠶ᠋ᠢ ᠬᠤᠪᠢ ᠬᠦᠮᠦᠨ ᠤ ᠢᠲᠡᠭᠡᠮᠵᠢ ᠶᠢᠨ ᠰᠢᠰᠲ᠋ᠧᠮ ᠠᠴᠠ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠢ ᠪᠠᠶᠢᠴᠠᠭᠠᠵᠦ ᠪᠤᠯᠤᠨ᠎ᠠ᠄     ︵1︶ ᠬᠤᠪᠢ ᠬᠦᠮᠦᠨ ᠤ ᠵᠢᠭᠡᠯᠡᠯᠭᠡ᠂ ᠵᠢᠭᠡᠯᠡᠯᠭᠡ ᠶᠢᠨ ᠺᠠᠷᠲ᠂ ᠵᠢᠭᠡᠯᠡᠯᠭᠡ ᠬᠢᠬᠦ ᠶᠢ ᠵᠦᠪᠰᠢᠶᠡᠷᠡᠬᠦ ᠺᠠᠷᠲ ᠤᠨ ᠡᠷᠡᠮᠡᠯᠵᠡᠯ ᠢ ᠬᠢᠨᠠᠨ ᠪᠠᠶᠢᠴᠠᠭᠠᠬᠤ ᠦᠶ᠎ᠡ ᠳᠤ︔     ︵2︶ ᠬᠤᠪᠢ ᠬᠦᠮᠦᠨ ᠤ ᠵᠢᠭᠡᠯᠡᠯᠭᠡ ᠶᠢᠨ ᠪᠠᠲᠤᠯᠠᠬᠴᠢ ᠪᠤᠯᠤᠬᠰᠠᠨ ᠪᠠᠶᠢᠲᠠᠯ ᠢ ᠬᠢᠨᠠᠨ ᠪᠠᠶᠢᠴᠠᠭᠠᠬᠤ ᠦᠶ᠎ᠡ ᠳᠤ︔     ︵3︶ ᠨᠢᠭᠡᠨᠲᠡ ᠲᠠᠷᠬᠠᠭᠠᠬᠰᠠᠨ ᠬᠤᠪᠢ ᠬᠦᠮᠦᠨ ᠤ ᠢᠲᠡᠭᠡᠮᠵᠢ ᠶᠢᠨ ᠵᠢᠭᠡᠯᠡᠯᠭᠡ ᠳᠤ ᠵᠢᠭᠡᠯᠡᠯᠭᠡ ᠶᠢᠨ ᠲᠠᠷᠠᠭᠠᠬᠢ ᠠᠶᠤᠯ ᠲᠦᠭᠰᠢᠭᠦᠷᠢ ᠶᠢᠨ ᠬᠠᠮᠢᠶᠠᠷᠤᠯᠲᠠ ᠬᠢᠬᠦ ᠦᠶ᠎ᠡ ᠳᠤ︔     ︵4︶ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠶᠢᠨ ᠵᠢᠭᠡᠯᠡᠯᠭᠡ ᠡᠷᠡᠮᠡᠯᠵᠡᠬᠦ ᠪᠤᠶᠤ ᠲᠡᠭᠦᠨ ᠤ ᠵᠢᠭᠡᠯᠡᠯᠭᠡ ᠶᠢᠨ ᠪᠠᠲᠤᠯᠠᠬᠴᠢ ᠪᠤᠯᠬᠤ ᠶᠢ ᠬᠦᠯᠢᠶᠡᠨ ᠠᠪᠴᠤ ᠬᠢᠨᠠᠨ ᠰᠢᠭᠦᠭᠦ ᠳᠤ᠂ ᠲᠡᠭᠦᠨ ᠤ ᠬᠠᠤᠯᠢ ᠶᠢᠨ ᠡᠷᠬᠡᠲᠡᠨ ᠵᠢᠴᠢ ᠪᠡᠯᠡ ᠤᠷᠤᠭᠤᠯᠤᠬᠴᠢ ᠶᠢᠨ ᠢᠲᠡᠭᠡᠮᠵᠢ ᠶᠢᠨ ᠪᠠᠶᠢᠲᠠᠯ ᠢ ᠪᠠᠶᠢᠴᠠᠭᠠᠬᠤ ᠴᠢᠬᠤᠯᠠᠲᠠᠢ᠃     ● ᠶᠠᠭᠤᠨ ᠳᠤ ᠢᠲᠡᠭᠡᠮᠵᠢ ᠶᠢᠨ ᠮᠡᠲᠡᠭᠦᠯᠦᠯᠲᠡ ᠪᠠᠨ ᠦᠪᠡᠰᠦᠪᠡᠨ ᠪᠠᠶᠢᠴᠠᠭᠠᠬᠤ ᠪᠤᠢ︖     ᠢᠲᠡᠭᠡᠮᠵᠢ ᠶᠢᠨ ᠮᠡᠲᠡᠭᠦᠯᠦᠯᠲᠡ ᠪᠠᠨ ᠦᠪᠡᠰᠦᠪᠡᠨ ᠪᠠᠶᠢᠴᠠᠭᠠᠬᠤ ᠨᠢ ᠦᠪᠡᠷ ᠤᠨ ᠢᠲᠡᠭᠡᠮᠵᠢ ᠶᠢᠨ ᠲᠡᠮᠲᠡᠭᠯᠡᠯ ᠢᠶᠠᠨ ᠰᠠᠨᠠᠭᠠᠴᠢᠯᠠᠭ᠎ᠠ ᠲᠠᠢ ᠪᠠᠷ ᠤᠢᠢᠯᠠᠭᠠᠵᠦ᠂ ᠠᠰᠠᠭᠤᠲᠠᠯ ᠲᠠᠢ ᠪᠤᠯ ᠡᠷᠲᠡᠭᠡᠨ ᠰᠢᠢᠳᠪᠦᠷᠢᠯᠡᠵᠦ᠂ ᠬᠤᠵᠢᠮ ᠬᠡᠷᠡᠭᠯᠡᠬᠦ ᠦᠶ᠎ᠡ ᠳᠤ ᠬᠤᠪᠢ ᠬᠦᠮᠦᠨ ᠤ ᠠᠮᠢᠳᠤᠷᠠᠯ ᠢᠶᠠᠨ ᠬᠠᠷᠰᠢᠯᠠᠬᠤ ᠠᠴᠠ ᠵᠠᠶᠢᠯᠠᠰᠬᠢᠵᠦ ᠴᠢᠲᠠᠨ᠎ᠠ᠃     ᠪᠤᠲᠠᠲᠠᠢ ᠪᠠᠷ ᠬᠡᠯᠡᠪᠡᠯ᠂ ᠨᠢᠭᠡ ᠲᠠᠯ᠎ᠠ ᠪᠠᠷ ︽ᠪᠤᠷᠤᠭᠤ︾ ᠲᠡᠮᠲᠡᠭᠯᠡᠯ ᠲᠠᠢ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠬᠡᠷᠪᠡ ᠪᠠᠶᠢᠪᠠᠯ ᠴᠠᠬ ᠲᠤᠬᠠᠢ ᠳᠤᠨᠢ ᠢᠲᠡᠭᠡᠮᠵᠢ ᠶᠢᠨ ᠲᠦᠪ ᠪᠤᠶᠤ ᠲᠤᠰ ᠲᠡᠮᠲᠡᠭᠯᠡᠯ ᠢ ᠪᠤᠢ ᠪᠤᠯᠭᠠᠬᠰᠠᠨ ᠪᠠᠩᠬᠢ ᠳᠤ ᠡᠷᠡᠮᠡᠯᠵᠡᠨ ᠵᠠᠯᠠᠷᠠᠭᠤᠯᠵᠦ ᠪᠤᠯᠤᠨ᠎ᠠ︔ ᠨᠦᠬᠦᠭᠡ ᠲᠠᠯ᠎ᠠ ᠪᠠᠷ᠂ ᠦᠪᠡᠷ ᠤᠨ ᠵᠦᠪᠰᠢᠶᠡᠷᠡᠯ ᠦᠭᠡᠢ ᠪᠠᠷ ᠪᠠᠶᠢᠴᠠᠭᠠᠬᠰᠠᠨ ᠲᠡᠮᠲᠡᠭᠯᠡᠯ ᠪᠠᠶᠢᠬᠤ ᠡᠰᠡᠬᠦ ᠶᠢ ᠴᠠᠬ ᠲᠤᠬᠠᠢ ᠳᠤᠨᠢ ᠪᠠᠶᠢᠴᠠᠭᠠᠨ ᠦᠵᠡᠵᠦ ᠪᠤᠯᠤᠨ᠎ᠠ᠂ ︽ᠵᠢᠭᠡᠯᠡᠯᠭᠡ ᠤᠯᠭᠤᠬᠰᠠᠨ︾ ᠪᠤᠶᠤ ︽ᠮᠡᠲᠡᠭᠡ ᠵᠠᠩᠬᠢ ᠯᠡᠪᠡᠷᠡᠭᠰᠡᠨ︾ ᠪᠠᠶᠢᠲᠠᠯ ᠪᠠᠶᠢᠬᠤ ᠡᠰᠡᠬᠦ ᠶᠢ ᠦᠵᠡᠵᠦ ᠴᠢᠲᠠᠨ᠎ᠠ᠃     ︽ᠢᠲᠡᠭᠡᠮᠵᠢ ᠶᠢᠨ ᠦᠢᠯᠡᠰ ᠤᠨ ᠬᠠᠮᠢᠶᠠᠷᠤᠯᠲᠠ ᠶᠢᠨ ᠲᠦᠷᠢᠮ︾᠎ ᠳᠤ ᠲᠤᠬᠲᠠᠭᠠᠬᠰᠠᠨ ᠢᠶᠠᠷ᠂ ᠬᠤᠪᠢ ᠬᠦᠮᠦᠨ ᠨᠢᠭᠡ ᠵᠢᠯ ᠳᠤ 2 ᠤᠳᠠᠭ᠎ᠠ ᠰᠦᠢᠳᠬᠡᠯ ᠲᠤᠰᠢᠶᠠᠬᠤ ᠦᠭᠡᠢ ᠪᠠᠷ ᠢᠲᠡᠭᠡᠮᠵᠢ ᠶᠢᠨ ᠮᠡᠲᠡᠭᠦᠯᠦᠯᠲᠡ ᠪᠠᠨ ᠪᠠᠶᠢᠴᠠᠭᠠᠵᠦ ᠪᠤᠯᠤᠨ᠎ᠠ᠃ ᠵᠢᠭᠡᠯᠡᠯᠭᠡ ᠪᠤᠶᠤ ᠢᠲᠡᠭᠡᠮᠵᠢ ᠶᠢᠨ ᠺᠠᠷᠲ ᠡᠷᠡᠮᠡᠯᠵᠡᠬᠦ ᠠᠴᠠ ᠡᠮᠦᠨ᠎ᠡ᠂ ᠬᠠᠮᠤᠭ ᠰᠠᠶᠢᠨ ᠨᠢ ᠦᠪᠡᠷ ᠢᠶᠠᠨ ᠨᠢᠭᠡ ᠤᠳᠠᠭ᠎ᠠ ᠪᠠᠶᠢᠴᠠᠭᠠᠵᠦ ᠦᠵᠡᠨ᠎ᠡ᠃     ● ᠢᠲᠡᠭᠡᠮᠵᠢ ᠶᠢᠨ ᠮᠡᠲᠡᠭᠦᠯᠦᠯᠲᠡ ᠪᠠᠨ ᠬᠡᠷᠬᠢᠨ ᠪᠠᠶᠢᠴᠠᠭᠠᠬᠤ ᠪᠤᠢ︖     ᠬᠠᠷᠢᠴᠠᠭᠠᠨ ᠡᠷᠦᠭᠡ ᠢᠲᠡᠭᠡᠮᠵᠢ ᠶᠢᠨ ᠲᠦᠪ᠂ ᠢᠲᠡᠭᠡᠮᠵᠢ ᠶᠢᠨ ᠬᠤᠪᠢᠶᠠᠷᠢ ᠲᠦᠪ ᠵᠢᠴᠢ ᠲᠤᠬᠠᠢ ᠶᠢᠨ ᠭᠠᠵᠠᠷ ᠤᠨ ᠠᠷᠠᠳ ᠤᠨ ᠪᠠᠩᠬᠢ ᠶᠢᠨ ᠬᠤᠪᠢᠶᠠᠷᠢ ᠪᠠᠩᠬᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠵᠡᠷᠭᠡ ᠪᠠᠶᠢᠴᠠᠭᠠᠬᠤ ᠪᠠᠶᠢᠭᠤᠯᠤᠮᠵᠢ ᠳᠤ ᠦᠪᠡᠷ ᠤᠨ ᠢᠲᠡᠭᠡᠮᠵᠢ ᠶᠢᠨ ᠮᠡᠲᠡᠭᠦᠯᠦᠯᠲᠡ ᠪᠠᠨ ᠪᠠᠶᠢᠴᠠᠭᠠᠬᠤ ᠪᠢᠴᠢᠭ ᠤᠨ ᠬᠡᠯᠪᠡᠷᠢ ᠶᠢᠨ ᠡᠷᠡᠮᠡᠯᠵᠡᠯ ᠢ ᠲᠤᠷᠠᠳᠴᠤ ᠪᠤᠯᠤᠨ᠎ᠠ᠃ ︽ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠶᠢᠨ ᠲᠤᠰ ᠬᠦᠮᠦᠨ ᠤ ᠪᠠᠶᠢᠴᠠᠭᠠᠯᠲᠠ ᠶᠢᠨ ᠡᠷᠡᠮᠡᠯᠵᠡᠯ ᠤᠨ ᠬᠦᠰᠦᠨᠦᠭᠲᠦ︾᠎ ᠶᠢ ᠲᠠᠬᠯᠠᠬᠤ ᠶᠢᠨ ᠬᠠᠮᠲᠦ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠬᠠᠩᠭᠠᠵᠦ ᠪᠠᠶᠢᠴᠠᠭᠠᠨ ᠰᠢᠯᠭᠠᠬᠤ ᠳᠤ ᠬᠡᠷᠡᠭᠰᠡᠬᠦ ᠮᠦᠷᠲᠡᠭᠡᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠦᠯᠡᠲᠡᠭᠡᠵᠦ ᠪᠠᠶᠢᠴᠠᠭᠠᠯᠲᠠ ᠳᠤ ᠪᠡᠯᠡᠭᠡᠨ ᠪᠤᠯᠭᠠᠨ᠎ᠠ᠃     ᠬᠤᠪᠢ ᠬᠦᠮᠦᠨ ᠪᠠᠰᠠ ᠲᠤᠮᠲᠠᠲᠤ ᠤᠯᠤᠰ ᠤᠨ ᠠᠷᠠᠳ ᠤᠨ ᠪᠠᠩᠬᠢ ᠶᠢᠨ ᠡᠷᠡᠮᠡᠯᠵᠡᠯ ᠤᠨ ᠲᠦᠪ ᠤᠨ ᠠᠯᠪᠠᠨ ᠰᠦᠯᠵᠢᠶ᠎ᠡ ᠳᠤ ᠭᠠᠷᠴᠤ᠂ ᠬᠤᠪᠢ ᠬᠦᠮᠦᠨ ᠤ ᠢᠲᠡᠭᠡᠮᠵᠢ ᠶᠢᠨ ᠮᠡᠲᠡᠭᠦᠯᠦᠯᠲᠡ ᠪᠠᠨ ᠪᠠᠶᠢᠴᠠᠭᠠᠵᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号