ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠪᠠᠨ ᠭᠠᠷᠭᠠᠵᠤ ᠠᠪᠬᠤ ᠬᠠᠮᠢᠶ᠎ᠠ ᠪᠦᠬᠦᠢ ᠭᠠᠷᠳᠠᠮ ᠭᠦᠢᠴᠡᠳᠬᠡᠯ ᠢ ᠰᠦᠯᠵᠢᠶᠡᠨ ᠳᠡᠭᠡᠷ᠎ᠡ ᠬᠢᠵᠦ ᠪᠣᠯᠣᠨ᠎ᠠ
ᠨᠡᠶᠢᠲᠡᠯᠡᠭᠰᠡᠨ ᠴᠠᠭ᠄
2023/12/31
          ᠠᠵᠢᠯ ᠠᠮᠢᠳᠤᠷᠠᠯ ᠤᠨ ᠳᠤᠮᠳᠠ᠂ ᠬᠥᠮᠥᠰ ᠠᠵᠢᠯ ᠣᠯᠬᠤ᠂ ᠨᠠᠮ ᠳᠤ ᠣᠷᠣᠬᠤ᠂ ᠬᠢᠯᠢ ᠠᠴᠠ ᠭᠠᠷᠬᠤ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ︽ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ︾ ᠭᠠᠷᠭᠠᠬᠤ ᠴᠢᠬᠤᠯᠠᠲᠠᠢ ᠪᠠᠶᠢᠳᠠᠭ᠂ ᠣᠯᠠᠨ ᠲᠦᠮᠡᠨ ᠳᠤ ᠦᠨᠡᠨ ᠬᠦ ᠪᠣᠳᠠᠲᠠᠢ ᠠᠵᠢᠯ ᠬᠢᠵᠦ ᠥᠭᠭᠦᠨ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠎ ᠶᠢᠨ ᠣᠯᠠᠨ ᠲᠦᠮᠡᠨ ᠳᠤ ᠦᠵᠡᠭᠦᠯᠬᠦ ᠲᠥᠬᠦᠮ ᠨᠥᠬᠦᠴᠡᠯ ᠢ ᠭᠦᠢᠴᠡᠳ ᠣᠶᠢᠯᠠᠭᠠᠭᠤᠯᠵᠤ᠂ ︽ᠲᠤᠭ᠎ᠠ ᠪᠠᠷᠢᠮᠲᠠ ᠶᠢ ᠢᠯᠡᠭᠦᠦ ᠠᠰᠢᠭᠯᠠᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠪᠡᠶᠡᠯᠡᠭᠦᠯᠬᠦ ᠪᠠᠷ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠥᠬᠦ ᠣᠷᠣᠨ ᠤ ᠲᠤᠷᠰᠢᠯᠲᠠ ᠶᠢᠨ ᠴᠡᠭ ᠤᠨ ᠪᠠᠶᠢᠭᠤᠯᠭ᠎ᠠ ᠨᠢᠭᠡᠴᠢ ᠪᠤᠯᠤᠬᠰᠠᠨ ᠤ ᠬᠤᠪᠢ ᠳᠤ᠂ ᠰᠦᠯᠵᠢᠶᠡᠨ ᠳᠡᠭᠡᠷ᠎ᠡ ︽ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ︾ ᠭᠠᠷᠭᠠᠬᠤ ᠦᠢᠯᠡᠴᠢᠯᠡᠭᠡ ᠭᠠᠷᠭᠠᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠨ᠎ᠡ᠃ ᠳᠠᠷᠠᠭᠠᠬᠢ ᠶᠠᠪᠤᠴᠠ ᠶᠢ ᠦᠨᠳᠦᠰᠦᠯᠡᠪᠡᠯ ᠬᠠᠮᠢᠶ᠎ᠠ ᠪᠦᠬᠦᠢ ᠭᠠᠷᠳᠠᠮ ᠭᠦᠢᠴᠡᠳᠬᠡᠯ ᠢ ᠰᠦᠯᠵᠢᠶᠡᠨ ᠳᠡᠭᠡᠷ᠎ᠡ ᠭᠤᠶᠤᠴᠢᠯᠠᠵᠤ᠂ ᠰᠦᠯᠵᠢᠶᠡᠨ ᠳᠡᠭᠡᠷ᠎ᠡ ᠪᠠᠭᠤᠯᠭᠠᠵᠤ ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠵᠤ ᠪᠣᠯᠣᠨ᠎ᠠ᠃       1. ᠦᠨᠡᠨ ᠨᠡᠷ᠎ᠡ ᠪᠠᠷ ᠢᠶᠠᠨ ᠳᠠᠩᠰᠠᠨ ᠨᠣᠮᠧᠷ ᠳᠠᠩᠰᠠᠯᠠᠭᠤᠯᠬᠤ       ᠨᠢᠭᠡᠳᠦᠭᠡᠷ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ ︵https://zwfw.gat.nmg.gov.cn/︶ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠠᠤᠯᠢ ᠶᠢᠨ ᠡᠷᠬᠡᠲᠡᠨ ᠪᠤᠶᠤ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠵᠤ ᠳᠠᠩᠰᠠᠯᠠᠯᠲᠠ ᠬᠢᠨ᠎ᠡ᠃       2. ᠵᠢᠩᠬᠢᠨᠢ ᠨᠡᠷ᠎ᠡ ᠪᠠᠷ ᠢᠶᠠᠨ ᠭᠡᠷᠡᠴᠢᠯᠡᠭᠡ ᠬᠢᠬᠦ       ᠬᠤᠶᠠᠳᠤᠭᠠᠷ ᠠᠯᠬᠤᠮ ᠳᠤ᠂ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ app ᠎ ᠶᠢ ᠰᠢᠷᠪᠢᠵᠦ ᠪᠠᠭᠤᠯᠭᠠᠨ ᠠᠪᠴᠤ᠂ ᠬᠤᠪᠢ ᠬᠥᠮᠥᠨ ᠤ ᠲᠠᠩᠰᠠᠨ ᠳ᠋ᠤᠭᠠᠷ ᠢᠶᠠᠨ ᠲᠣᠪᠴᠢᠳᠠᠨ ᠣᠷᠣᠭᠤᠯᠤᠨ᠎ᠠ᠃       ᠭᠤᠷᠪᠠᠳᠤᠭᠠᠷ ᠠᠯᠬᠤᠮ ᠳᠤ᠂ ᠵᠢᠩᠬᠢᠨᠢ ᠨᠡᠷ᠎ᠡ ᠪᠠᠷ ᠢᠶᠠᠨ ᠭᠡᠷᠡᠴᠢᠯᠡᠯᠲᠡ ᠬᠢᠨ᠎ᠡ᠃       ᠳᠥᠷᠪᠡᠳᠦᠭᠡᠷ ᠠᠯᠬᠤᠮ ᠳᠤ᠂ ᠵᠢᠩᠬᠢᠨᠢ ᠨᠡᠷ᠎ᠡ ᠶᠢᠨ ᠭᠡᠷᠡᠴᠢᠯᠡᠯᠲᠡ ᠬᠢᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠨ ᠠᠪᠬᠤ ᠭᠠᠷᠳᠠᠮ ᠭᠦᠢᠴᠡᠳᠬᠡᠯ ᠬᠢᠨ᠎ᠡ᠃       3. ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢ ᠢᠨᠲ᠋ᠧᠷ ᠰᠦᠯᠵᠢᠶ᠎ᠡ ᠪᠠᠷ ᠭᠤᠶᠤᠴᠢᠯᠠᠬᠤ ︵ᠺᠣᠮᠫᠢᠦ᠋ᠲ᠋ᠧᠷ ᠢᠶᠠᠷ︶       ᠨᠢᠭᠡᠳᠦᠭᠡᠷ ᠠᠯᠬᠤᠮ ᠳᠤ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠤᠶᠤᠴᠢᠯᠠᠬᠤ ᠬᠠᠶ᠋ᠢᠭ https://zwfw.gat.nmg.gov.cn/wfz/gr/696085812894371840       ᠬᠤᠶᠠᠳᠤᠭᠠᠷ ᠠᠯᠬᠤᠮ ᠳᠤ᠂ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠮᠢᠯᠠᠭᠰᠠᠨ ᠰᠠᠯᠪᠤᠷᠢ᠂ ᠦᠨᠳᠦᠰᠦᠲᠡᠨ ᠢᠶᠠᠨ ᠰᠣᠩᠭᠤᠵᠤ ᠲᠠᠯᠪᠢᠨ᠎ᠠ; ᠡᠷᠦᠭᠡ ᠠᠮᠠ ᠶᠢᠨ ᠲᠠᠩᠰᠠᠨ ᠤ ᠬᠠᠶ᠋ᠢᠭ ᠢᠶᠠᠨ ᠲᠠᠭᠯᠠᠵᠤ᠂ ᠣᠲᠣ ᠶᠢᠨ ᠰᠠᠭᠤᠷᠢᠰᠢᠵᠤ ᠪᠠᠶᠢᠭ᠎ᠠ ᠭᠠᠵᠠᠷ ᠣᠷᠣᠨ ᠢᠶᠠᠨ ᠰᠣᠩᠭᠤᠵᠤ᠂ ᠬᠠᠶ᠋ᠢᠭ ᠢᠶᠠᠨ ᠲᠠᠭᠯᠠᠨ᠎ᠠ᠃ ᠭᠤᠶᠤᠴᠢᠯᠠᠯᠲᠠ ᠶᠢᠨ ᠰᠤᠷᠠᠭ ᠵᠠᠩᠭᠢ ᠳᠤ ᠭᠤᠶᠤᠴᠢᠯᠠᠬᠤ ᠤᠴᠢᠷ ᠰᠢᠯᠲᠠᠭᠠᠨ ᠢ ᠰᠣᠩᠭᠤᠵᠤ ᠲᠠᠯᠪᠢᠨ᠎ᠠ᠂ ᠠᠵᠢᠯ ᠤᠨ ᠪᠠᠶᠢᠷᠢᠨ ᠤ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠴᠡᠷᠢᠭ ᠤᠨ ᠠᠯᠪᠠ ᠬᠠᠭᠠᠬᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠵᠡᠷᠭᠡ; ᠭᠠᠷᠳᠠᠨ ᠠᠪᠬᠤ ᠠᠷᠭ᠎ᠠ ᠮᠠᠶ᠋ᠢᠭ᠄ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠠᠴᠠ ᠠᠪᠬᠤ᠂ ᠰᠢᠤᠳᠠᠨ ᠢᠶᠠᠷ ᠢᠯᠡᠭᠡᠬᠦ ᠠᠴᠠ ᠨᠢᠭᠡ ᠵᠦᠢᠯ ᠢ ᠰᠣᠩᠭᠤᠨ᠎ᠠ᠃       ᠭᠤᠷᠪᠠᠳᠤᠭᠠᠷ ᠠᠯᠬᠤᠮ ᠳᠤ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠴᠢᠬᠤᠯᠠ ᠪᠦᠬᠦᠢ ᠰᠤᠷᠠᠭ ᠵᠠᠩᠭᠢ ᠶᠢ ᠲᠠᠭᠯᠠᠵᠤ ᠪᠠᠷᠠᠭᠰᠠᠨ ᠤ ᠳᠠᠷᠠᠭ᠎ᠠ᠂ ᠰᠢᠯᠭᠠᠨ ᠪᠠᠲᠤᠯᠠᠬᠤ ᠺᠣᠳ᠋ ᠢᠶᠠᠨ ᠲᠠᠭᠯᠠᠭᠰᠠᠨ ᠤ ᠳᠠᠷᠠᠭ᠎ᠠ᠂ ᠲᠤᠰᠢᠶᠠᠪᠠᠯ ᠪᠣᠯᠴᠢᠬᠠᠨ᠎ᠠ᠃       ᠳᠥᠷᠪᠡᠳᠦᠭᠡᠷ ᠠᠯᠬᠤᠮ ᠳᠤ᠂ ᠨᠢᠭᠡᠨᠲᠡ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠭᠠᠷᠭᠠᠭᠰᠠᠨ ᠪᠣᠯ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠪᠠᠶᠢᠬᠤ ᠡᠰᠡᠬᠦ ᠶᠢ ᠪᠠᠶᠢᠴᠠᠭᠠᠨ ᠯᠠᠪᠯᠠᠵᠤ ᠪᠣᠯᠣᠨ᠎ᠠ᠃       ᠲᠠᠪᠤᠳᠤᠭᠠᠷ ᠠᠯᠬᠤᠮ ᠳᠤ᠂ ᠭᠡᠷᠡᠴᠢ ᠪᠠᠷᠢᠮᠲᠠ ᠪᠠᠨ ᠪᠠᠶᠢᠴᠠᠭᠠᠨ ᠯᠠᠪᠯᠠᠬᠤ ᠪᠠᠷ ᠲᠠᠲᠠᠵᠤ ᠪᠠᠭᠤᠯᠭᠠᠭᠰᠠᠨ ᠪᠠᠷᠢᠮᠲᠠ ᠨᠢ PDF ᠬᠡᠯᠪᠡᠷᠢ ᠶᠢᠨ ᠡᠯᠧᠺᠲᠷᠣᠨ ᠬᠡᠪᠯᠡᠯ ᠪᠣᠯᠬᠤ ᠶᠤᠮ᠃       ᠵᠢᠷᠭᠤᠳᠤᠭᠠᠷ ᠠᠯᠬᠤᠮ ᠳᠤ᠂ ᠲᠠᠲᠠᠵᠤ ᠪᠠᠭᠤᠯᠭᠠᠭᠰᠠᠨ ᠭᠡᠷᠡᠴᠢ ᠪᠠᠷᠢᠮᠲᠠ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ app ᠪᠤᠶᠤ ︽ᠳᠣᠲᠣᠭᠠᠳᠤ ᠶᠢ ᠬᠠᠮᠠᠭᠠᠯᠠᠬᠤ ᠨᠢᠭᠡ ᠰᠦᠯᠵᠢᠶ᠎ᠡ ᠪᠠᠷ ᠨᠡᠪᠲᠡᠷᠡᠬᠦ︾ app ᠎ ᠳᠠᠬᠢ ᠬᠤᠶᠠᠷ ᠬᠡᠮᠵᠢᠯᠲᠦ ᠺᠣᠳ᠋ ᠢᠶᠠᠷ ᠬᠠᠷᠭᠤᠭᠤᠯᠤᠨ ᠪᠠᠶᠢᠴᠠᠭᠠᠵᠤ ᠪᠣᠯᠣᠨ᠎ᠠ᠃       ᠳᠣᠯᠣᠳᠤᠭᠠᠷ ᠠᠯᠬᠤᠮ ᠳᠤ᠂ https://zwfw.gat.nmg.gov.cn/ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠤᠪᠢ ᠬᠥᠮᠥᠨ ᠤ ᠰᠤᠷᠠᠭ ᠵᠠᠩᠭᠢ ᠶᠢᠨ ᠲᠥᠪ ᠲᠤ ᠭᠠᠷᠴᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠡᠰᠡᠬᠦ ᠶᠢ ᠬᠠᠷᠭᠤᠭᠤᠯᠤᠨ ᠪᠠᠶᠢᠴᠠᠭᠠᠬᠤ ᠲᠣᠪᠴᠢ ᠶᠢ ᠳᠠᠷᠤᠪᠠᠯ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠯᠲᠡᠢ ᠡᠯᠧᠺᠲᠷᠣᠨ ᠲᠠᠮᠠᠭ᠎ᠠ ᠶᠢᠨ ᠲᠠᠪᠴᠠᠩ ᠳᠤ ᠰᠢᠯᠵᠢᠨ ᠭᠠᠷᠬᠤ ᠪᠣᠯᠣᠨ᠎ᠠ᠃       ᠨᠠᠢᠮᠠᠳᠤᠭᠠᠷ ᠠᠯᠬᠤᠮ ᠳᠤ᠂ PDF ᠪᠢᠴᠢᠭᠯᠡᠯ ᠢ ᠬᠠᠷᠭᠤᠭᠤᠯᠤᠨ ᠪᠠᠶᠢᠴᠠᠭᠠᠬᠤ ᠳᠠᠷᠤᠭᠤᠯ ᠢ ᠳᠠᠷᠤᠪᠠᠯ᠂ ᠪᠠᠭᠤᠯᠭᠠᠭᠰᠠᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠪᠠᠨ ᠡᠷᠢᠵᠦ ᠣᠯᠬᠤ ᠪᠣᠯᠣᠨ᠎ᠠ᠃       4. ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠭᠤᠶᠤᠴᠢᠯᠠᠯᠲᠠ ︵ᠭᠠᠷ ᠤᠲᠠᠰᠤ ᠪᠠᠷ︶       ᠨᠢᠭᠡᠳᠦᠭᠡᠷ ᠠᠯᠬᠤᠮ᠄ ︽ᠠᠮᠤᠷ ᠠᠮᠤᠭᠤᠯᠠᠩ ᠠᠯᠠᠱᠠ︾ ᠸᠢᠴᠠᠲ ᠲᠠᠪᠴᠠᠩ ᠢ ᠠᠩᠬᠠᠷᠤᠨ᠎ᠠ       ᠬᠤᠶᠠᠳᠤᠭᠠᠷ ᠠᠯᠬᠤᠮ᠄ ᠸᠢᠴᠠᠲ ᠲᠠᠪᠴᠠᠩ ᠤᠨ ︽24 ᠴᠠᠭ ᠤᠨ ᠴᠠᠭᠳᠠᠭᠠᠨ ᠤ ᠲᠣᠪᠴᠢᠶ᠎ᠠ︾ ᠎ ᠶᠢ ᠲᠣᠪᠴᠢᠳᠠᠨ᠎ᠠ       ᠭᠤᠷᠪᠠᠳᠤᠭᠠᠷ ᠠᠯᠬᠤᠮ᠄ ︽ᠠᠯᠠᠱᠠ ᠶᠢᠨ 24 ᠴᠠᠭ ᠤᠨ ᠴᠠᠭᠳᠠᠭᠠᠨ ᠤ ᠲᠣᠪᠴᠢᠶ᠎ᠠ︾ ᠎ ᠳᠤ ᠣᠷᠣᠵᠤ ︽ᠶᠠᠯ᠎ᠠ ᠬᠢᠭᠰᠡᠨ ᠡᠰᠡᠬᠦ ᠪᠠᠨ ᠪᠠᠶᠢᠴᠠᠭᠠᠨ ᠯᠠᠪᠯᠠᠬᠤ︾ ᠲᠣᠪᠴᠢ ᠶᠢ ᠲᠣᠪᠴᠢᠳᠠᠨ᠎ᠠ᠃       ᠳᠥᠷᠪᠡᠳᠦᠭᠡᠷ ᠠᠯᠬᠤᠮ᠄ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠠᠭᠯᠠᠵᠤ ᠭᠤᠶᠤᠴᠢᠯᠠᠯᠲᠠ ᠪᠠᠨ ᠲᠤᠰᠢᠶᠠᠨ᠎ᠠ       ᠲᠠᠪᠤᠳᠤᠭᠠᠷ ᠠᠯᠬᠤᠮ᠄ 24 ᠴᠠᠭ ᠤᠨ ᠴᠠᠭᠳᠠᠭᠠᠨ ᠤ ᠲᠣᠪᠴᠢᠶ᠎ᠠ ᠪᠠᠷ ᠪᠠᠰᠠ ᠭᠤᠶᠤᠴᠢᠯᠠᠯᠲᠠ ᠶᠢᠨ ᠦᠷ᠎ᠡ ᠳ᠋ᠦᠩ ᠢᠶᠠᠨ ᠪᠠᠶᠢᠴᠠᠭᠠᠵᠤ ᠦᠵᠡᠵᠦ ᠪᠣᠯᠣᠨ᠎ᠠ᠃                    ︵ᠠᠮᠤᠷ ᠠᠮᠤᠭᠤᠯᠠᠩ ᠠᠯᠠᠱᠠ ᠸᠢᠴᠠᠲ ᠲᠠᠪᠴᠠᠩ ᠠᠴᠠ︶      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号