ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠶᠠᠮᠠᠷ ᠦᠢᠯᠡᠴᠢᠯᠡᠭᠡ ᠬᠠᠩᠭᠠᠳᠠᠭ ᠪᠤᠢ︖
ᠨᠡᠶᠢᠲᠡᠯᠡᠭᠰᠡᠨ ᠴᠠᠭ᠄
2023/12/31
        ᠰᠤᠷᠪᠤᠯᠵᠢᠯᠠᠬᠴᠢ ᠡᠷᠳᠡᠨᠢᠴᠡᠴᠡᠭ         ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠪᠠᠶᠠᠨᠬᠤᠲᠠ ᠶᠢᠨ ᠵᠡᠭᠦᠨ ᠡᠮᠦᠨ᠎ᠡ ᠪᠠᠶᠢᠭ᠎ᠠ ᠳᠡᠭᠦᠯᠢᠯᠲᠡ ᠵᠡᠮ  ᠤᠨ ᠠᠶᠢᠮᠠᠭ  ᠤᠨ ᠨᠠᠮ  ᠤᠨ ᠰᠤᠷᠭᠠᠭᠤᠯᠢ  ᠶᠢᠨ ᠡᠰᠡᠷᠭᠦ ᠲᠠᠯ᠎ᠠ ᠳᠤ ᠪᠠᠶᠢᠷᠢᠯᠠᠵᠤ᠂ ᠵᠡᠮᠳᠡᠭᠴᠦᠳ ᠲᠤ ᠠᠵᠢᠯ ᠣᠯᠭᠤᠬᠤ᠂ ᠡᠷᠡᠭᠦᠯᠵᠢᠯ  ᠤᠨ ᠦᠢᠯᠡᠴᠢᠯᠡᠭᠡ ᠬᠠᠩᠭᠠᠬᠤ᠂ ᠵᠡᠮᠳᠡᠭᠴᠦᠳ ᠤᠨ ᠲᠤᠰᠠᠯᠠᠬᠤ ᠪᠠᠭᠠᠵᠢ ᠬᠠᠩᠭᠠᠬᠤ ᠦᠢᠯᠡᠴᠢᠯᠡᠭᠡ ᠶᠢ ᠬᠢᠳᠡᠭ᠃ ᠡᠷᠡᠭᠦᠯᠵᠢᠯ ᠤᠨ ᠦᠢᠯᠡᠴᠢᠯᠡᠭᠡ ᠎ ᠳᠡᠭᠡᠨ 0 — 7 ᠨᠠᠰᠤᠨ ᠤ ᠬᠤᠭᠤᠷᠤᠨᠳᠤᠬᠢ ᠰᠣᠨᠣᠰᠬᠤ ᠰᠡᠷᠡᠯ ᠤᠨ ᠬᠠᠷᠰᠢ ᠲᠠᠢ᠂ ᠤᠢ ᠪᠢᠯᠢᠭ ᠤᠨ ᠪᠣᠶᠢᠵᠢᠯᠲᠠ ᠠᠨᠠᠢ᠂ ᠦᠭᠡ ᠶᠠᠷᠢᠶᠠᠨ ᠤ ᠪᠣᠶᠢᠵᠢᠯᠲᠠ ᠣᠷᠣᠢ᠂ ᠬᠥᠭᠵᠢᠯ ᠤᠨ ᠪᠡᠷᠬᠡᠰᠢᠶᠡᠯ ᠲᠠᠢ ᠬᠡᠦᠬᠡᠳ ᠲᠤ ᠡᠮᠴᠢᠯᠡᠭᠡᠨ  ᠤ ᠡᠷᠡᠭᠦᠯᠵᠢᠯ ᠤᠨ ᠦᠢᠯᠡᠴᠢᠯᠡᠭᠡ ᠪᠣᠯᠣᠨ ᠰᠤᠷᠭᠠᠨ ᠬᠥᠮᠦᠵᠢᠯ ᠤᠨ ᠡᠷᠡᠭᠦᠯᠵᠢᠯ ᠤᠨ ᠦᠢᠯᠡᠴᠢᠯᠡᠭᠡ  ᠶᠢ ᠬᠠᠩᠭᠠᠳᠠᠭ᠃ ᠭᠡᠬᠦ ᠳᠡᠭᠡᠨ ᠵᠠᠪᠠᠯ ᠡᠮᠨᠡᠯᠭᠡ ᠶᠢᠨ ᠬᠤᠷᠢᠶᠠᠨ  ᠤ ᠪᠠᠶᠢᠴᠠᠭᠠᠯᠲᠠ  ᠪᠠᠷ ᠳᠠᠮᠵᠢᠨ ᠵᠡᠮᠳᠡᠭ  ᠤᠨ ᠪᠠᠷᠢᠮᠵᠢᠶᠠᠨ ᠳᠤ ᠬᠥᠷᠥᠭᠰᠡᠨ ᠪᠠᠶᠢᠬᠤ ᠱᠠᠭᠠᠷᠳᠠᠯᠭ᠎ᠠ ᠲᠠᠢ᠃ ᠪᠠᠷᠢᠮᠵᠢᠶᠠᠨ ᠳᠤ ᠬᠥᠷᠥᠭᠰᠡᠨ  ᠢ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ  ᠠᠴᠠ ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ  ᠲᠤ ᠲᠠᠨᠢᠯᠴᠠᠭᠤᠯᠵᠤ ᠬᠦᠷᠭᠡᠳᠡᠭ᠃       ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ᠂ ᠤᠯᠠᠮᠵᠢᠯᠠᠯᠳᠤ ᠡᠮᠴᠢᠯᠡᠭᠡᠨ ᠤ ᠲᠠᠰᠤᠭ᠂ ᠦᠭᠡ ᠬᠡᠯᠡᠨ ᠤ ᠡᠮᠴᠢᠯᠡᠭᠡᠨ ᠤ ᠲᠠᠰᠤᠭ᠂ ᠹᠢᠽᠢᠺ  ᠤᠨ ᠦᠢᠯᠡᠳᠦᠯ  ᠢᠶᠠᠷ ᠡᠮᠴᠢᠯᠡᠬᠦ ᠲᠠᠰᠤᠭ᠂ ᠬᠡᠦᠬᠡᠳ ᠤᠨ ᠳᠡᠮᠪᠡᠷᠡᠯ ᠢ ᠡᠮᠴᠢᠯᠡᠬᠦ ᠲᠠᠰᠤᠭ᠂ ᠬᠡᠦᠬᠡᠳ ᠤᠨ ᠪᠦᠷᠢᠨ ᠮᠡᠳᠡᠷᠡᠯ  ᠤᠨ ᠪᠤᠯᠪᠠᠰᠤᠷᠠᠯ ᠤᠨ ᠲᠠᠰᠤᠭ᠂ ᠬᠥᠳᠡᠯᠭᠡᠭᠡᠨ ᠢᠶᠠᠷ ᠡᠮᠴᠢᠯᠡᠬᠦ ᠲᠠᠰᠤᠭ᠂ ᠤᠬᠠᠭᠠᠨ ᠰᠠᠭᠠᠳ ᠲᠠᠢ ᠬᠡᠦᠬᠡᠳ ᠤᠨ ᠲᠤᠰᠠᠭᠠᠷ ᠪᠤᠯᠪᠠᠰᠤᠷᠠᠯ ᠤᠨ ᠭᠡᠷ᠂ ᠨᠣᠮ ᠤᠩᠰᠢᠬᠤ ᠦᠷᠦᠭᠡ᠂ ᠬᠡᠦᠬᠡᠳ ᠤᠨ ᠬᠤᠭᠤᠯᠠᠨ ᠭᠡᠷ᠂ ᠬᠡᠦᠬᠡᠳ ᠤᠨ ᠤᠨᠲᠠᠯᠭ᠎ᠠ ᠎ ᠶᠢᠨ ᠣᠷᠴᠢᠨ ᠲᠣᠭᠤᠷᠢᠨ ᠢ ᠵᠢᠭᠠᠬᠤ ᠭᠡᠷ ᠮᠡᠲᠦ ᠶᠢᠨ ᠮᠠᠰᠢ ᠤᠯᠠᠨ ᠵᠦᠢᠯ ᠤᠨ ᠵᠡᠮᠳᠡᠭ ᠬᠡᠦᠬᠡᠳ ᠤᠨ ᠡᠮᠴᠢᠯᠡᠭᠡᠨ ᠤ ᠲᠠᠰᠤᠭ  ᠲᠠᠢ᠃       ᠵᠡᠮᠳᠡᠭ ᠬᠡᠦᠬᠡᠳ ᠲᠤ ᠵᠢᠯ ᠳᠤ ᠠᠷᠪᠠᠨ ᠰᠠᠷ᠎ᠠ ᠶᠢᠨ ᠬᠤᠭᠤᠴᠠᠭ᠎ᠠ ᠲᠠᠢ 15000 ᠲᠥᠭᠦᠷᠢᠭ ᠤᠨ ᠥᠷᠲᠡᠭ ᠪᠦᠬᠦᠢ ᠡᠷᠡᠭᠦᠯᠵᠢᠯ ᠤᠨ ᠲᠠᠮᠢᠷ ᠤᠨ ᠦᠢᠯᠡᠴᠢᠯᠡᠭᠡ ᠬᠠᠩᠭᠠᠳᠠᠭ᠃ ᠭᠠᠷᠠᠭ ᠤᠨ ᠨᠢᠭᠡᠨ  ᠠᠴᠠ ᠭᠠᠷᠠᠭ ᠤᠨ ᠲᠠᠪᠤᠨ  ᠳᠤ ᠦᠳᠡ ᠶᠢᠨ ᠡᠮᠦᠨ᠎ᠡ ᠶᠢᠨ 9᠄ 00 — — 12᠄ 00 ᠴᠠᠭ᠂ 15᠄ 00 — — 18᠄ 00 ᠴᠠᠭ ᠪᠤᠯᠲᠠᠯ᠎ᠠ ᠠᠵᠢᠯᠯᠠᠵᠤ ᠪᠠᠶᠢᠬᠤ ᠬᠤᠭᠤᠴᠠᠭᠠᠨ ᠳᠤ ᠭᠡᠷ ᠤᠨ ᠠᠬᠠᠮᠠᠳ ᠨᠢ ᠬᠡᠦᠬᠡᠳ ᠢᠶᠠᠨ ᠳᠠᠭᠠᠭᠤᠯᠤᠨ ᠠᠪᠴᠢᠷᠠᠵᠤ᠂ ᠡᠮᠴᠢᠯᠡᠭᠡᠨ  ᠤ ᠡᠷᠡᠭᠦᠯᠵᠢᠯ ᠤᠨ ᠦᠢᠯᠡᠴᠢᠯᠡᠭᠡ ᠪᠣᠯᠣᠨ ᠰᠤᠷᠭᠠᠨ ᠬᠥᠮᠦᠵᠢᠯ ᠤᠨ ᠡᠷᠡᠭᠦᠯᠵᠢᠯ ᠤᠨ ᠦᠢᠯᠡᠴᠢᠯᠡᠭᠡ ᠬᠢᠯᠭᠡᠬᠦ ᠪᠣᠯᠣᠨ᠎ᠠ᠃       ᠬᠡᠷᠪᠡ ᠵᠡᠮᠳᠡᠭ ᠬᠡᠦᠬᠡᠳ  ᠤᠳ ᠡᠷᠡᠭᠦᠯᠵᠢᠯ ᠤᠨ ᠦᠢᠯᠡᠴᠢᠯᠡᠭᠡᠨ ᠤ ᠲᠤᠰᠠᠯᠠᠮᠵᠢ ᠭᠤᠶᠤᠴᠢᠯᠠᠶ᠎ᠠ ᠭᠡᠪᠡᠯ ᠡᠯ᠎ᠡ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠳᠤ ᠣᠴᠢᠵᠤ ᠭᠤᠶᠤᠴᠢᠯᠠᠨ᠎ᠠ᠃ ᠣᠳᠣᠬᠠᠨ ᠳᠤ ᠠᠷᠪᠠ ᠭᠠᠷᠤᠢ ᠵᠡᠮᠳᠡᠭ ᠬᠡᠦᠬᠡᠳ ᠡᠷᠡᠭᠦᠯᠵᠢᠯ ᠤᠨ ᠦᠢᠯᠡᠴᠢᠯᠡᠭᠡᠨ ᠤ ᠲᠤᠰᠠᠯᠠᠮᠵᠢ  ᠶᠢ ᠭᠤᠶᠤᠴᠢᠯᠠᠨ᠂ ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠡᠮᠴᠢᠯᠡᠭᠡᠨ ᠤ ᠡᠷᠡᠭᠦᠯᠵᠢᠯ ᠤᠨ ᠦᠢᠯᠡᠴᠢᠯᠡᠭᠡ ᠪᠣᠯᠣᠨ ᠰᠤᠷᠭᠠᠨ ᠬᠥᠮᠦᠵᠢᠯ ᠤᠨ ᠡᠷᠡᠭᠦᠯᠵᠢᠯ ᠤᠨ ᠦᠢᠯᠡᠴᠢᠯᠡᠭᠡ ᠬᠢᠯᠭᠡᠵᠦ ᠪᠠᠶᠢᠨ᠎ᠠ᠃ ᠬᠤᠪᠢ ᠪᠠᠷ ᠢᠶᠠᠨ ᠵᠣᠭᠤᠰ ᠵᠠᠷᠤᠴᠠᠭᠤᠯᠵᠤ ᠦᠢᠯᠡᠴᠢᠯᠡᠭᠡ ᠬᠦᠷᠲᠡᠵᠦ ᠪᠠᠶᠢᠭ᠎ᠠ ᠬᠡᠦᠬᠡᠳ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号