︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2023/12/31
            ᠥᠪᠥᠷ ᠵᠠᠰᠠᠭ ᠠᠯᠪᠠᠨ ᠲᠠᠷᠬᠠᠭᠠᠭᠰᠠᠨ ︹2022︺ 86 ᠳ᠋ᠤᠭᠠᠷ ᠲᠣᠭᠠᠲᠦ   2022 ᠣᠨ ᠤ12 ᠳ᠋ᠤᠭᠠᠷ  ᠰᠠᠷ᠎ᠠ ᠶᠢᠨ12᠎ ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄   ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ  ᠶᠠᠰᠤ  ᠴᠢᠨᠠᠷ  ᠤᠨ  ᠱᠠᠩᠨᠠᠯ  ᠤᠨ  ᠬᠠᠮᠢᠶᠠᠷᠤᠯᠲᠠ ᠶᠢᠨ  ᠠᠷᠭ᠎ᠠ  ᠨᠢᠭᠡᠳᠦᠭᠡᠷ ᠪᠦᠯᠦᠭ    ᠶᠡᠷᠦᠩᠬᠡᠢ ᠲᠦᠷᠢᠮ  ᠨᠢᠭᠡᠳᠦᠭᠡᠷ ᠵᠦᠢᠯ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠳᠣᠭᠡᠨ ᠪᠠᠶᠢᠭᠤᠯᠤᠯᠲᠠ ᠶᠢ ᠲᠦᠷᠭᠡᠳᠬᠡᠨ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠣᠡᠬᠠᠬᠤ ᠶᠢ ᠨᠢ ᠬᠥᠲᠥᠯᠦᠨ ᠵᠢᠯᠣᠭᠤᠳᠬᠤ ᠪᠠ ᠤᠷᠮᠠᠰᠢᠭᠤᠯᠵᠤ᠂ ᠭᠠᠷᠮᠠᠭᠠᠶ ᠠᠮᠵᠢᠯᠲᠠ ᠪᠦᠲᠦᠮᠵᠢ ᠶᠢ ᠬᠦᠭᠡᠭᠡᠴᠡᠯᠳᠦᠭᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃   ᠬᠤᠶᠠᠳᠤᠭᠠᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︵ᠳᠣᠷᠣᠭᠰᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠢᠭᠤᠯᠤᠭᠰᠠᠨ ᠶᠠᠰᠤ ᠴᠢᠨᠠᠷ ᠤᠨ ᠲᠠᠯ᠎ᠠ ᠪᠠᠷ ᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠱᠠᠩᠨᠠᠯ ᠤᠨ ᠵᠦᠢᠯ ᠪᠠᠶᠢᠵᠤ᠂ ᠲᠡᠭᠦᠨ ᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠠᠮᠵᠢᠯᠲᠠ ᠪᠦᠲᠦᠮᠵᠢ ᠪᠠᠷ ᠢᠯᠡᠳᠲᠡ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠤᠶᠢᠮ᠎ᠠ᠂ ᠢᠯᠡᠷᠭᠡᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠯᠭᠤᠨ᠎ᠠ᠃   ᠭᠤᠷᠪᠠᠳᠤᠭᠠᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ 2 ᠵᠢᠯ ᠳᠤ 1 ᠤᠳᠠᠭ᠎ᠠ ᠰᠢᠯᠭᠠᠷᠠᠭᠤᠯᠣᠨ ᠰᠣᠩᠭᠤᠵᠦ᠂ ᠬᠤᠭᠤᠴᠠᠭ᠎ᠠ ᠪᠦᠷᠢ ᠳᠤ ᠣᠯᠭᠤᠬᠤ ᠶᠠᠰᠤ ᠴᠢᠨᠠᠷ ᠤᠨ ᠱᠠᠩᠨᠠᠯ ᠤᠨ ᠶᠡᠷᠦᠩᠬᠡᠶ ᠲᠤᠭ᠎ᠠ ᠨᠢ 5 ᠪᠣᠯᠤᠨ᠎ᠠ᠃   ᠨᠥᠬᠦᠴᠡᠯ ᠳᠤ ᠨᠡᠶᠢᠴᠡᠬᠦ ᠨᠢᠭᠡᠴᠢ ᠪᠠᠶᠢᠢᠬᠤ ᠦᠭᠡᠢ ᠪᠣᠯ ᠱᠠᠩᠨᠠᠯ ᠤᠨ ᠵᠦᠢᠯ ᠢ ᠬᠤᠭᠤᠰᠣᠨ ᠪᠠᠶᠢᠢᠯᠭᠠᠵᠤ ᠪᠣᠯᠤᠨ᠎ᠠ᠃   ᠳᠥᠷᠪᠡᠳᠦᠭᠡᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠰᠢᠯᠭᠠᠷᠠᠭᠤᠯᠣᠯᠳᠠ ᠳᠤ ᠣᠷᠤᠯᠴᠠᠬᠤ ᠡᠲᠡᠭᠡᠳ ᠠᠴᠠ ᠰᠦᠢᠳᠬᠡᠯ ᠬᠤᠷᠢᠶᠠᠬᠤ ᠦᠭᠡᠢ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠲᠣ ᠶᠢᠨ ᠪᠠᠶᠢᠭ᠎ᠠ ᠵᠠᠷᠤᠳᠠᠯ ᠠᠴᠠ ᠪᠠᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠤᠰᠠᠯᠠᠮᠵᠢ ᠶᠢᠨ ᠪᠠᠯᠠ ᠮᠥᠩᠭᠦ ᠶᠢ ᠱᠠᠩᠨᠠᠯ ᠣᠯᠭᠤᠬᠤ ᠶᠢᠨ ᠳᠠᠷᠠᠭ᠎ᠠ ᠨᠢᠭᠡ ᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠪᠠᠨ ᠵᠢᠭᠰᠠᠭᠠᠨ ᠣᠷᠣᠭᠤᠯᠤᠨ᠎ᠠ᠃   ᠲᠠᠪᠤᠳᠤᠭᠠᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠤᠨ ᠰᠤᠩᠭᠤᠬᠤ ᠳᠤ ᠰᠠᠶᠢᠨ ᠳᠤᠷ᠎ᠠ ᠠᠴᠠ ᠪᠠᠨ ᠭᠤᠶᠣᠴᠢᠯᠠᠵᠣ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠤᠯᠴᠢ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠪᠠᠨ ᠴᠢᠩᠳᠠᠯᠠᠵᠤ᠂ ᠰᠠᠶᠢᠨ ᠠᠴᠠ ᠨᠢ ᠰᠢᠯᠢᠳᠡᠭ ᠢ ᠨᠢ ᠰᠣᠩᠭᠤᠬᠤ ᠬᠡᠷᠡᠭᠲᠡᠶ᠃   ᠵᠢᠷᠭᠤᠳᠤᠭᠠᠷ ᠵᠦᠢᠯ   ᠬᠢᠨᠠᠨ ᠲᠣᠭᠳᠠᠭᠠᠬᠤ ᠲᠦᠷᠢᠮᠯᠡᠯ ᠳᠤ GB / T19580 ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠳᠦᠷᠢᠮ︾᠎ ᠢ ᠦᠨᠳᠦᠰᠦᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠣᠶᠠᠯᠳᠣᠭᠤᠯᠵᠣ ᠪᠠᠶᠢᠢᠭᠠᠣᠨ ᠲᠣᠭᠲᠠᠭᠠᠨ᠎ᠠ᠃   ᠬᠤᠶᠠᠳᠤᠭᠠᠷ ᠪᠦᠯᠦᠭ    ᠵᠣᠬᠢᠶᠠᠨ ᠪᠠᠶᠢᠢᠭᠤᠯᠵᠣ ᠬᠠᠮᠢᠶᠠᠷᠬᠤ  ᠳᠣᠯᠣᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶᠎ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ ᠲᠣᠭᠳᠠᠭᠠᠬᠤ ᠠᠵᠢᠯ ᠢ ᠬᠠᠷᠢᠭᠤᠴᠠᠵᠣ᠂ ᠬᠢᠨᠠᠨ ᠲᠣᠭᠳᠠᠭᠠᠬᠤ ᠠᠵᠢᠯᠯᠠᠭ᠎ᠠ ᠶᠢ ᠵᠣᠬᠢᠶᠠᠨ ᠪᠠᠶᠢᠢᠭᠤᠯᠵᠤ᠂ ᠬᠢᠨᠠᠨ ᠲᠣᠭᠳᠠᠭᠠᠬᠤ ᠲᠦᠷᠢᠮ ᠪᠠ ᠰᠢᠯᠭᠠᠷᠠᠭᠤᠯᠤᠨ ᠰᠤᠩᠭᠤᠭᠰᠠᠨ ᠦᠷ᠎ᠡ ᠳ᠋ᠦᠩ ᠢ ᠬᠢᠨᠠᠵᠣ ᠲᠣᠭᠳᠠᠭᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠳᠤ ᠱᠠᠩᠨᠠᠯ ᠣᠯᠭᠤᠬᠤ ᠪᠠᠷ ᠲᠥᠯᠥᠪᠯᠡᠭᠰᠡᠨ ᠨᠡᠷᠡᠰ ᠵᠡᠷᠭᠡ ᠵᠦᠢᠯᠡᠰ ᠢ ᠳᠤᠷᠠᠳᠤᠨ᠎ᠠ᠃   ᠨᠠᠶᠢᠮᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶᠎ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠣ᠂ ᠬᠢᠨᠠᠨ ᠲᠣᠭᠳᠠᠭᠠᠬᠤ ᠳᠦᠷᠢᠮ ᠢ ᠲᠣᠭᠲᠠᠭᠠᠬᠤ ᠪᠠ ᠵᠠᠰᠠᠪᠣᠷᠢ ᠣᠷᠣᠭᠤᠯᠬᠤ ᠶᠢ ᠵᠣᠬᠢᠶᠠᠨ ᠪᠠᠶᠢᠢᠭᠤᠯᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠢᠭᠤᠯᠣᠨ ᠬᠠᠮᠢᠶᠠᠷᠴᠣ᠂ ᠬᠢᠨᠠᠨ ᠲᠣᠭᠲᠠᠭᠠᠬᠤ ᠠᠵᠢᠯ ᠤᠨ ᠲᠥᠯᠥᠪᠯᠡᠭᠡ ᠪᠠ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠢᠭᠤᠯᠵᠤ ᠬᠡᠷᠡᠭᠵᠢᠭᠦᠯᠦᠨ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ᠂ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠵᠢᠱᠢᠭᠳᠡᠭᠰᠡᠳ ᠤᠨ ᠨᠡᠷᠡᠰ ᠢ ᠬᠢᠨᠠᠨ ᠵᠥᠪᠯᠡᠬᠦ ᠪᠠᠷ ᠲᠣᠷᠠᠳᠣᠨ ᠭᠠᠷᠭᠠᠵᠣ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠪᠠ ᠠᠷᠭ᠎ᠠ ᠶᠢ ᠤᠬᠠᠭᠤᠯᠤᠨ ᠳᠡᠯᠭᠡᠷᠡᠭᠦᠯᠭᠦ᠂ ᠪᠣᠯᠪᠠᠰᠣᠷᠠᠯ ᠬᠢᠭᠦ ᠪᠠ ᠬᠦᠮᠣᠵᠢᠭᠦᠯᠣᠨ ᠪᠤᠶᠢᠵᠢᠭᠤᠯᠬᠤ ᠠᠵᠢᠯ ᠢ ᠵᠣᠬᠢᠶᠠᠨ ᠪᠠᠶᠢᠢᠭᠤᠯᠵᠤ ᠥᠷᠨᠢᠭᠦᠯᠦᠨ᠂ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠣᠯᠣᠨ ᠲᠡᠮᠳᠡᠭ ᠤᠨ ᠬᠡᠷᠡᠭᠯᠡᠯᠲᠡ ᠶᠢ ᠵᠢᠷᠣᠮᠵᠢᠭᠤᠯᠵᠣ᠂ ᠬᠢᠨᠠᠯᠲᠠ ᠲᠠᠯᠪᠢᠨ᠎ᠠ᠃   ᠶᠢᠰᠦᠳᠦᠭᠡᠷ ᠵᠦᠢᠯ    ᠡᠯ᠎ᠡ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠤᠰ ᠭᠠᠵᠠᠷ ᠣᠷᠣᠨ ᠤ ᠪᠠᠨ ᠭᠤᠶᠣᠴᠢᠯᠠᠵᠣ ᠮᠡᠳᠡᠭᠦᠯᠬᠦ ᠶᠢ ᠳᠠᠶᠢᠴᠢᠯᠠᠬᠤ᠂ ᠲᠠᠨᠢᠯᠴᠠᠭᠤᠯᠬᠤ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠲᠤᠰ ᠠᠵᠢᠯ ᠲᠥᠷᠥᠯ ᠤᠨ ᠢᠶᠠᠨ ᠭᠤᠶᠣᠴᠢᠯᠠᠵᠣ ᠮᠡᠳᠡᠭᠦᠯᠬᠦ ᠶᠢ ᠳᠠᠶᠢᠴᠢᠯᠠᠬᠤ ᠠᠵᠢᠯ ᠢ ᠬᠠᠷᠢᠭᠤᠴᠠᠨ᠎ᠠ᠃   ᠭᠤᠷᠪᠠᠳᠤᠭᠠᠷ ᠪᠦᠯᠦᠭ    ᠭᠤᠶᠣᠴᠢᠯᠡᠨ ᠮᠡᠳᠡᠭᠦᠯᠬᠦ ᠨᠥᠬᠦᠴᠡᠯ  ᠠᠷᠪᠠᠳᠤᠭᠠᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠢᠭᠡᠴᠢ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠄   ︵ᠨᠢᠭᠡ︶ ᠥᠪᠡᠷᠲᠡᠭᠡᠨ ᠵᠠᠰᠠᠬᠤ ᠣᠷᠣᠨ ᠳᠤ ᠬᠠᠤᠯᠢ ᠶᠣᠰᠣᠭᠠᠷ ᠳᠡᠩᠰᠠᠯᠠᠨ ᠳᠡᠮᠳᠡᠭᠯᠡᠭᠦᠯᠣᠭ᠍ᠰᠡᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠬᠤᠭᠤᠴᠠᠭ᠎ᠠ ᠲᠠᠢ ᠬᠡᠪ ᠤᠨ ᠪᠠᠶᠢᠢᠳᠡᠯ ᠢᠶᠠᠷ ᠦᠢᠯᠡᠳᠪᠦᠷᠢᠯᠡᠨ ᠡᠵᠡᠩᠨᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠥᠬᠦᠶ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠯᠳᠣᠭᠦᠯᠣᠭ᠍ᠰᠡᠨ ᠪᠠᠶᠢᠬᠤ᠃   ︵ᠬᠤᠶᠠᠷ︶ ᠶᠠᠰᠤ ᠴᠢᠨᠠᠷ ᠢ ᠬᠠᠮᠢᠶᠠᠷᠬᠤ ᠲᠣᠭᠲᠠᠯᠴᠠᠭ᠎ᠠ ᠨᠢ ᠪᠦᠷᠢᠨᠰᠢᠭᠰᠡᠨ᠂ ᠶᠠᠰᠤ ᠴᠢᠨᠠᠷ ᠢ ᠬᠠᠮᠢᠶᠠᠷᠬᠤ ᠵᠠᠭᠪᠤᠷ ᠨᠢ ᠲᠡᠷᠢᠭᠦᠨ ᠤ ᠪᠠᠶᠢᠵᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠢᠭᠤᠯᠣᠭᠰᠠᠨ᠂ ᠶᠠᠰᠤ ᠴᠢᠨᠠᠷ ᠢ ᠬᠠᠮᠢᠶᠠᠷᠬᠤ ᠲᠦᠷᠢᠮ᠂ ᠵᠠᠭᠪᠤᠷ᠂ ᠠᠷᠭ᠎ᠠ ᠠᠪᠴᠠᠯ ᠳᠤ ᠰᠢᠨ᠎ᠡ ᠶᠢ ᠡᠭᠦᠳᠦᠭᠰᠡᠨ ᠤ ᠬᠠᠮᠲᠤ᠂ 2 ᠵᠢᠯ ᠠᠴᠠ ᠳᠡᠭᠡᠭᠰᠢ ᠬᠤᠭᠤᠴᠠᠭ᠎ᠠ ᠲᠠᠢ ᠪᠦᠲᠦᠮᠵᠢᠲᠡᠶ ᠠᠵᠢᠯᠯᠠᠭᠰᠠᠨ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ ᠲᠠᠢ ᠪᠠᠶᠢᠬᠤ᠃   ︵ᠭᠤᠷᠪᠠ︶ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠤᠯᠬᠢᠯᠠᠬᠤ︾ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠶᠠᠰᠤ ᠴᠢᠨᠠᠷ ᠤᠨ ᠠᠵᠢᠯ ᠤᠨ ᠰᠢᠯᠢᠳᠡᠭ ᠰᠣᠶᠣᠯ ᠢ ᠡᠷᠬᠢᠮᠯᠡᠵᠦ᠂ ᠶᠠᠰᠤ ᠴᠢᠨᠠᠷ ᠤᠨ ᠬᠤᠪᠢᠰᠤᠯᠲᠠ ᠶᠢ ᠶᠡᠭᠡ ᠪᠠᠷ ᠠᠬᠢᠭᠤᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ ᠶᠢᠨ ᠭᠤᠤᠯ ᠪᠣᠯᠬᠤ ᠠᠵᠤ ᠠᠬᠤᠶ᠂ ᠮᠡᠷᠭᠡᠵᠢᠯ ᠤᠨ ᠭᠦᠢᠴᠡᠳᠬᠡᠯ ᠲᠤᠭ᠎ᠠ ᠪᠣᠯᠤᠨ ᠶᠠᠰᠤ ᠴᠢᠨᠠᠷ ᠤᠨ ᠬᠢᠷᠢ ᠲᠦᠪᠰᠢᠨ ᠨᠢ ᠪᠥᠬᠦ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠢᠬᠤ︔ ᠠᠰᠢᠭ ᠣᠯᠵᠠᠪᠤᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠨᠢᠭᠡᠴᠢ ᠶᠢᠨ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠨᠢ ᠥᠪᠡᠷᠲᠡᠭᠡᠨ ᠵᠠᠰᠠᠬᠤ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠢᠬᠤ᠃   ︵ᠳᠥᠷᠪᠡ︶ ᠶᠠᠰᠤ ᠴᠢᠨᠠᠷ ᠤᠨ ᠬᠥᠭᠵᠢᠯᠲᠡ᠂ ᠨᠠᠷᠠᠲᠤ ᠲᠡᠮᠲᠡᠭ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠪᠠᠷᠢᠮᠵᠢᠶ᠎ᠠ ᠳᠤ ᠰᠢᠨ᠎ᠡ ᠶᠢ ᠡᠭᠦᠳᠬᠦ᠂ ᠠᠵᠤ ᠠᠬᠤᠶ ᠨᠡᠶᠢᠭᠡᠮ ᠤᠨ ᠦᠷ᠎ᠡ ᠠᠰᠢᠭ᠂ ᠡᠨᠧᠷᠭᠢ ᠠᠷᠪᠢᠯᠠᠨ ᠬᠤᠷᠣᠭᠳᠠᠯ ᠢ ᠪᠠᠭᠤᠷᠠᠭᠤᠯᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠣᠭᠰᠠᠨ ᠪᠠᠶᠢᠢᠬᠤ᠃   ︵ᠲᠠᠪᠤ︶ ᠣᠶᠢᠷ᠎ᠠ ᠶᠢᠨ 3 ᠵᠢᠯ ᠤᠨ ᠬᠤᠭᠤᠴᠠᠭᠠᠨ ᠳᠤ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠡ᠊ᠨᠳᠡᠯ ᠭᠠᠷᠤᠭᠰᠠᠨ ᠥᠬᠡᠶ᠂ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠ ᠢᠳᠡᠭᠡᠮᠵᠢ ᠪᠠᠨ ᠠᠯᠳᠠᠭᠰᠠᠨ ᠲᠡᠮᠳᠡᠭᠯᠡᠯ ᠪᠠᠶᠢᠢᠬᠤ ᠥᠬᠡᠶ᠃   ᠳᠥᠷᠪᠡᠳᠦᠭᠡᠷ ᠪᠦᠯᠦᠭ    ᠬᠢᠨᠠᠨ ᠲᠣᠭᠲᠠᠭᠠᠬᠤ ᠶᠠᠪᠤᠴᠠ  ᠠᠷᠪᠠᠨ ᠨᠢᠭᠡᠳᠦᠭᠡᠷ ᠵᠦᠢᠯ   ᠭᠤᠶᠤᠴᠢᠯᠠᠨ ᠮᠡᠳᠡᠭᠦᠯᠬᠦ ᠨᠢᠭᠡᠴᠢ ᠨᠦᠭᠦᠳ ᠰᠠᠶᠢᠢᠨ ᠳᠤᠷ᠎ᠠ ᠶᠢᠨ ᠪᠠᠶᠢᠢᠬᠤ ᠰᠠᠭᠤᠷᠢᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠦᠨᠡᠨ ᠮᠥᠨ ᠢᠶᠠᠷ ᠲᠠᠭᠯᠠᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠬᠠᠮᠢᠶ᠎ᠠ ᠪᠥᠬᠦᠢ ᠨᠤᠲᠠᠯᠠᠨ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢᠶᠠᠨ ᠲᠣᠭᠲᠠᠭᠰᠠᠨ ᠴᠠᠭ ᠬᠤᠭᠤᠴᠠᠭᠠᠨ ᠳᠤ᠂ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃   ᠠᠷᠪᠠᠨ ᠬᠤᠶᠠᠳᠤᠭᠠᠷ ᠵᠦᠢᠯ    ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠶᠢᠢᠮᠠᠭ ᠬᠤᠲᠠ ᠶᠢᠨ ᠬᠤᠯᠪᠣᠭᠳᠠᠯ ᠪᠥᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠣᠯᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠲᠤ ᠬᠡᠯᠪᠡᠷᠢ ᠶᠢᠨ ᠲᠡᠯ᠎ᠠ ᠪᠠᠷ ᠬᠢᠨᠠᠨ ᠪᠠᠶᠢᠴᠠᠭᠠᠯᠲᠠ ᠬᠢᠵᠦ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠢᠴᠡᠭᠰᠡᠨ ᠳᠤ ᠨᠢ ᠲᠠᠨᠢᠯᠴᠠᠭᠤᠯᠬᠤ ᠰᠠᠨᠠᠯ ᠭᠠᠷᠭᠠᠬᠤ ᠬᠡᠷᠡᠭᠲᠡᠶ᠃   ᠠᠷᠪᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠨᠢ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠳᠠᠬᠢᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠲᠥᠷᠥᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠢᠷᠢ ᠬᠡᠮ ᠳᠤ ᠨᠡᠶᠢᠴᠡᠬᠦ ᠨᠡᠷᠡᠰ ᠢ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠨᠠᠶᠢᠢᠳᠡᠯᠡᠭᠦ ᠬᠡᠷᠩᠲᠠᠢ᠃   ᠠᠷᠪᠠᠨ ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠨᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠢᠭᠤᠯᠵᠤ ᠥᠷᠨᠢᠭᠦᠯᠦᠨ᠎ᠡ᠂ ᠡᠭᠦᠨ ᠳᠤ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ᠂ ᠲᠣᠭᠠᠴᠢᠯᠲᠠ ᠬᠢᠵᠦ ᠬᠠᠷᠢᠭᠤ ᠮᠠᠷᠭᠤᠬᠤ ᠪᠠᠭᠲᠠᠨ᠎ᠠ᠃   ︵ᠨᠢᠭᠡ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠂ ᠬᠢᠨᠠᠨ ᠲᠣᠭᠲᠠᠭᠠᠭᠰᠠᠨ ᠰᠠᠨᠠᠯ ᠪᠠ ᠮᠠᠲ᠋ᠧᠷᠢᠶᠠᠯ ᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ         ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠨᠢ ᠡᠯ᠎ᠡ ᠳᠤᠭᠤᠶᠢᠯᠠᠩ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠢᠯᠡᠭᠡᠳ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠨᠢᠭᠡᠴᠢ ᠶᠢᠨ ᠨᠡᠷᠡᠰ ᠢ ᠲᠣᠭᠲᠠᠭᠠᠨ᠎ᠠ᠃   ︵ᠬᠤᠶᠠᠷ︶ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ᠃ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠭᠤᠭᠴᠤᠭ᠎ᠠ ᠳᠤ ᠤᠷᠤᠭᠰᠠᠨ ᠭᠤᠶᠤᠴᠢᠯᠠᠨ ᠮᠡᠳᠡᠭᠦᠯᠭᠦ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠦᠢᠯᠡᠳᠦᠯᠭᠡ᠂ ᠭᠠᠷᠮᠠᠭᠠᠶ ᠠᠮᠵᠢᠯᠲᠠ ᠪᠦᠲᠦᠮᠵᠢ ᠶᠢᠨ ᠵᠠᠭᠪᠤᠷ ᠢ ᠬᠡᠷᠡᠭᠵᠢᠭᠦᠯᠦᠭᠰᠡᠨ ᠶᠠᠪᠤᠴᠠ ᠦᠷ᠎ᠡ ᠳ᠋ᠦᠩ ᠵᠡᠷᠭᠡ ᠳᠤ ᠲᠤᠬᠠᠶ ᠶᠢᠨ ᠭᠠᠵᠠᠷ ᠲᠤ ᠨᠢ ᠦᠨᠡᠯᠡᠯᠲᠡ ᠬᠢᠵᠦ᠂ ᠬᠢᠨᠠᠨ ᠲᠣᠭᠲᠠᠭᠠᠭᠰᠠᠨ ᠰᠠᠨᠠᠯ ᠪᠠ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠨ᠎ᠠ᠃   ︵ᠭᠤᠷᠪᠠ︶ ᠲᠣᠭᠠᠴᠢᠯᠲᠠ ᠬᠢᠵᠦ ᠬᠠᠷᠢᠭᠤ ᠮᠠᠷᠭᠤᠬᠤ᠃ ᠲᠣᠭᠠᠴᠢᠯᠲᠠ ᠬᠢᠵᠦ ᠬᠠᠷᠢᠭᠤ ᠮᠠᠷᠭᠤᠬᠤ ᠶᠢᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢ ᠪᠡᠶᠡᠯᠡᠭᠦᠯᠦᠭᠰᠡᠨ ᠭᠤᠶᠤᠴᠢᠯᠠᠨ ᠮᠡᠳᠡᠭᠦᠯᠬᠦ ᠨᠢᠭᠡᠴᠢ ᠶᠢᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠢᠭᠤᠯᠵᠤ ᠪᠠᠶᠢᠢᠭᠠᠳ ᠲᠣᠭᠠᠴᠢᠯᠲᠠ ᠬᠢᠵᠦ ᠬᠠᠷᠢᠭᠤ ᠮᠠᠷᠭᠤᠭᠤᠯᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠬᠢᠨᠠᠨ ᠲᠣᠭᠲᠠᠭᠠᠭᠰᠠᠨ ᠰᠠᠨᠠᠯ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠤ ᠬᠤᠪᠢ ᠶᠢ ᠭᠠᠷᠭᠠᠨ᠎ᠠ᠃   ᠠᠷᠪᠠᠨ ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠨᠢ ᠲᠤᠬᠠᠶ ᠶᠢᠨ ᠲᠠᠯᠠᠪᠤᠷ ᠲᠤ ᠨᠢ ᠬᠢᠨᠠᠨ ᠲᠣᠭᠲᠠᠭᠠᠭᠰᠠᠨ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠦᠷ᠎ᠡ ᠳ᠋ᠦᠩ ᠢ ᠦᠨᠳᠦᠰᠦᠯᠡᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠶᠡᠷᠣᠩᠬᠡᠢ ᠬᠤᠪᠢ ᠶᠢ ᠲᠣᠭᠳᠠᠭᠠᠵᠣ᠂ ᠱᠠᠩᠨᠠᠯ ᠣᠯᠭᠤᠬᠤ ᠪᠠᠷ ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠴᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠰᠠᠨᠠᠭᠤᠯᠭ᠎ᠠ ᠬᠤᠷᠢᠶᠠᠨ᠎ᠡ᠃   ᠠᠷᠪᠠᠨ ᠵᠢᠷᠭᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠵᠢᠴᠢ ᠰᠠᠨᠠᠯ ᠬᠤᠷᠢᠶᠠᠭᠰᠠᠨ ᠪᠠᠶᠢᠳᠠᠯ ᠢ ᠬᠤᠷᠢᠶᠠᠩᠭᠤᠶᠢᠯᠠᠵᠤ᠂ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠲᠥᠯᠥᠪᠯᠡᠵᠦ ᠪᠠᠶᠢᠭ᠎ᠠ ᠨᠡᠷᠡᠰ ᠢ ᠳᠤᠷᠠᠳᠴᠤ᠂ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ︶᠎ ᠠᠴᠠ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠨᠡᠶᠢᠭᠡᠮ ᠨᠡᠶᠢᠲᠡ ᠳᠤ ᠵᠠᠷᠯᠠᠨ᠎ᠠ᠂ ᠨᠡᠶᠢᠢᠲᠡ ᠳᠤ ᠵᠠᠷᠯᠠᠬᠤ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃   ᠲᠠᠪᠤᠳᠤᠭᠠᠷ ᠪᠦᠯᠦᠭ    ᠰᠠᠶᠢᠰᠢᠶᠠᠨ ᠬᠥᠬᠢᠭᠦᠯᠵᠦ ᠱᠠᠩᠨᠠᠬᠤ  ᠠᠷᠪᠠᠨ ᠳᠣᠯᠣᠳᠤᠭᠠᠷ ᠵᠦᠢᠯ   ᠢᠯᠡ ᠪᠠᠷ ᠨᠡᠶᠢᠢᠲᠡᠯᠡᠭᠡᠳ ᠣᠨᠳᠣᠣ ᠰᠠᠨᠠᠯ ᠪᠠᠶᠢᠢᠬᠤ ᠥᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ         ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶᠎ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠭᠦᠯᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠠᠶᠢᠢᠰᠢᠶᠠᠨ ᠬᠦᠬᠢᠭᠦᠯᠬᠦ ᠪᠠᠷ ᠨᠡᠪᠳᠡᠷᠡᠭᠦᠯᠣᠨ ᠮᠡᠳᠡᠭᠡᠯᠡᠵᠦ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠡ᠃   ᠠᠷᠪᠠᠨ ᠨᠠᠶᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠣᠯᠤᠭᠰᠠᠨ ᠨᠢᠭᠡᠴᠢ ᠳᠤ 100 ᠲᠦ᠋ᠮᠡᠨ ᠲᠥᠭᠦᠷᠢᠭ ᠤᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠣᠯᠭᠤᠨ᠎ᠠ᠃ ᠠᠳᠠᠯᠢ ᠱᠠᠩᠨᠠᠯ ᠢ ᠳᠠᠬᠢᠨᠲᠠ ᠣᠯᠤᠭᠰᠠᠨ ᠨᠢᠭᠡᠴᠢ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ ᠶᠢ ᠳᠠᠭᠢᠵᠤ ᠣᠯᠭᠤᠬᠤ ᠥᠬᠡᠶ᠃   ᠠᠷᠪᠠ ᠶᠢᠰᠦᠳᠦᠭᠡᠷ ᠵᠦᠢᠯ   ᠱᠠᠩᠨᠠᠯ ᠣᠯᠤᠭᠰᠠᠨ ᠨᠢᠭᠡᠴᠢ ᠳᠤ ᠣᠯᠭᠤᠭᠰᠠᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ ᠶᠢ ᠭᠤᠤᠯᠳᠠᠭᠤ ᠶᠠᠰᠤ ᠴᠢᠨᠠᠷ ᠤᠨ ᠮᠡᠷᠭᠡᠵᠢᠯ ᠤᠨ ᠰᠢᠪᠲᠤᠯᠤᠯᠲᠠ ᠶᠢᠨ ᠠᠵᠢᠯ ᠢ ᠥᠷᠨᠢᠭᠦᠯᠬᠦ᠂ ᠶᠠᠰᠤ ᠴᠢᠨᠠᠷ ᠤᠨ ᠰᠠᠶᠢᠢᠵᠢᠷᠠᠯᠲᠠ ᠶᠢ ᠦᠷᠭᠦᠯᠵᠢᠯᠡᠨ ᠠᠬᠢᠭᠤᠯᠬᠤ᠂ ᠠᠵᠢᠯᠲᠠᠨ ᠠᠵᠢᠯᠴᠢᠨ ᠤ ᠴᠢᠨᠠᠷ ᠴᠢᠨᠰᠠᠭ᠎ᠠ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠵᠡᠷᠭᠡ ᠳᠤ ᠵᠠᠷᠣᠴᠠᠭᠤᠯᠵᠣ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠱᠠᠩᠨᠠᠯ ᠣᠯᠤᠭᠰᠠᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠬᠡᠷ ︶᠎ ᠶᠢᠨ ᠲᠤᠰᠬᠠᠶ ᠵᠦᠢᠯ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠭᠦ ᠠᠵᠢᠯ ᠦᠷᠨᠢᠭᠦᠯᠭᠦ ᠳᠤ ᠬᠠᠮᠵᠢᠬᠤ ᠬᠡᠷᠩᠳᠠᠢ᠃   ᠵᠢᠷᠭᠤᠳᠤᠭᠠᠷ ᠪᠦᠯᠦᠭ    ᠬᠢᠨᠠᠯᠳᠡ ᠬᠠᠮᠢᠶᠠᠷᠣᠯᠳᠡ  ᠬᠤᠷᠢᠳᠤᠭᠠᠷ ᠵᠦᠢᠯ    ᠬᠢᠨᠠᠨ ᠲᠣᠭᠳᠠᠭᠠᠬᠤ ᠠᠵᠢᠯᠳᠠᠨ ᠭᠤᠶᠤᠴᠢᠯᠠᠨ ᠮᠡᠳᠡᠭᠦᠯᠦᠭᠰᠡᠨ ᠨᠢᠭᠡᠴᠢ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠶ᠃   ᠬᠤᠷᠢᠨ ᠨᠢᠭᠡᠳᠦᠭᠡᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ ᠲᠣᠭᠲᠠᠭᠠᠯᠳᠠ ᠳᠤ ᠣᠷᠣᠯᠴᠠᠭᠴᠢ ᠡᠷᠬᠡᠪᠰᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠤᠳᠠᠯᠳᠤᠭᠠᠨ ᠤ ᠨᠢᠭᠤᠴᠠ᠂ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠃   ᠬᠤᠷᠢᠨ ᠬᠤᠶᠠᠳᠤᠭᠠᠷ ᠵᠦᠢᠯ   ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠠᠬᠢ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠳᠤ ᠬᠤᠯᠪᠣᠭᠳᠠᠭᠰᠠᠨ ᠵᠦᠢᠯ ᠢᠶᠠᠨ ᠰᠠᠨᠠᠭᠠᠴᠢᠯᠠᠭ᠎ᠠ ᠠᠴᠠ ᠪᠠᠨ ᠲᠣᠳᠣᠷᠬᠠᠶᠢᠢᠯᠠᠬᠤ ᠬᠡᠷᠡᠭᠲᠡᠶ᠃   ᠬᠤᠷᠢᠨ ᠭᠤᠷᠪᠠᠳᠤᠭᠠᠷ ᠵᠦᠢᠯ    ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠩᠲᠠᠢ᠃ ᠬᠤᠳᠠᠯ ᠬᠠᠭᠤᠷᠮᠠᠭ ᠢᠶᠠᠷ ᠵᠣᠬᠢᠶᠠᠵᠣ ᠂ ᠵᠦᠢ ᠪᠤᠰᠤ ᠠᠷᠭ᠎ᠠ ᠪᠠᠷᠢᠯ ᠢᠶᠠᠷ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠤᠭᠰᠠᠨ ᠨᠢᠭᠡᠴᠢ ᠶᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ ︶᠎ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠴᠣᠯᠠ ᠶᠢ ᠨᠢ ᠬᠦᠴᠦᠨ ᠦᠭᠡᠢ ᠪᠣᠯᠭᠠᠬᠤ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠣ᠂ ᠲᠤᠰᠠᠯᠠᠮᠵᠢ ᠶᠢᠨ ᠪᠡᠯᠡ ᠮᠥᠩᠭᠦ ᠶᠢ ᠨᠡᠬᠡᠮᠵᠢᠯᠡᠨ ᠬᠤᠷᠢᠶᠠᠵᠣ᠂ ᠨᠡᠶᠢᠭᠡᠮ ᠳᠤ ᠠᠯᠪᠡᠨ ᠵᠠᠷᠯᠠᠯ ᠨᠡᠶᠢᠲᠡᠯᠡᠵᠦ᠂ 5 ᠵᠢᠯ ᠤᠨ ᠬᠤᠭᠤᠴᠠᠭᠠᠨ ᠳᠤ ᠲᠡᠭᠦᠨ ᠤ ᠭᠤᠶᠣᠴᠢᠯᠠᠵᠣ ᠮᠡᠳᠡᠭᠦᠯᠬᠦ ᠶᠢ ᠬᠦᠯᠢᠶᠡᠨ ᠠᠪᠴᠣ ᠰᠢᠢᠳᠪᠦᠷᠢᠯᠡᠬᠦ ᠦᠭᠡᠢ᠃   ᠬᠤᠷᠢᠨ ᠳᠥᠷᠪᠡᠳᠦᠭᠡᠷ ᠵᠦᠢᠯ   ᠱᠠᠩᠨᠠᠯ ᠣᠯᠤᠭᠰᠠᠨ ᠨᠢᠭᠡᠴᠢ ᠨᠢ ᠱᠠᠩᠨᠠᠯ ᠣᠯᠤᠭᠰᠠᠨ ᠤ ᠳᠠᠷᠠᠭᠠᠬᠢ 3 ᠵᠢᠯ ᠤᠨ ᠬᠤᠭᠤᠴᠠᠭᠠᠨ ᠳᠤ ᠶᠠᠰᠤ ᠴᠢᠨᠠᠷ ᠤᠨ ᠪᠠ ᠠᠮᠦᠷ ᠲᠦᠪᠰᠢᠨ ᠤ ᠨᠡᠯᠢᠶᠡᠳ ᠶᠡᠭᠡ ᠡ᠊ᠨᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ ︶᠎ ᠠᠴᠠ ᠱᠠᠩᠨᠠᠯ ᠢ ᠨᠢ ᠬᠦᠴᠦᠨ ᠦᠭᠡᠢ ᠪᠣᠯᠭᠠᠬᠤ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠬᠦ ᠶᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ᠃   ᠬᠤᠷᠢᠨ ᠲᠠᠪᠤᠳᠤᠭᠠᠷ ᠵᠦᠢᠯ   ᠱᠠᠩᠨᠠᠯ ᠣᠯᠤᠭᠰᠠᠨ ᠨᠢᠭᠡᠴᠢ ᠨᠢ ᠨᠢᠭᠡᠴᠢ ᠶᠢᠨ ᠢᠶᠠᠨ ᠳᠦᠷᠢ ᠲᠥᠷᠬᠦ ᠶᠢᠨ ᠤᠬᠠᠭᠤᠯᠭ᠎ᠠ ᠳᠤ ᠱᠠᠩᠨᠠᠯ ᠤᠨ ᠴᠣᠯᠠ ᠶᠢ ᠬᠡᠷᠡᠭᠯᠡᠵᠦ ᠪᠣᠯᠬᠤ ᠶᠢᠨ ᠬᠠᠮᠲᠤ᠂ ᠱᠠᠩᠨᠠᠯ ᠣᠯᠤᠭᠰᠠᠨ ᠣᠨ ᠵᠢᠯ ᠢᠶᠠᠨ ᠲᠣᠳᠣᠷᠬᠠᠶᠢᠢᠯᠡᠨ᠎ᠡ᠂ ᠭᠡᠪᠡᠴᠦ ᠦᠢᠯᠡᠣᠡᠭᠦᠨ ᠢᠶᠠᠨ ᠤᠬᠠᠭᠤᠯᠬᠤ ᠳᠤ ᠬᠡᠷᠡᠭᠯᠡᠵᠦ ᠪᠣᠯᠬᠤ ᠦᠭᠡᠢ᠂ ᠦᠢᠯᠡᠣᠡᠭᠦᠨ ᠪᠤᠶᠤ ᠪᠣᠭᠤᠳᠠᠯ ᠳᠡᠭᠡᠷ᠎ᠡ ᠪᠠᠨ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠲᠡᠮᠳᠡᠭ ᠪᠠ ᠱᠠᠩᠨᠠᠯ ᠤᠨ ᠴᠣᠯᠠ ᠶᠢ ᠬᠠᠳᠠᠵᠤ ᠪᠣᠯᠬᠤ ᠦᠭᠡᠢ᠃   ᠬᠤᠷᠢᠨ ᠵᠢᠷᠭᠤᠳᠤᠭᠠᠷ ᠵᠦᠢᠯ   ᠱᠠᠩᠨᠠᠯ ᠣᠯᠤᠭᠰᠠᠨ ᠨᠢᠭᠡᠴᠢ ᠨᠢ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠪᠠ ᠠᠷᠭ᠎ᠠ ᠠᠪᠴᠠᠯ ᠢᠶᠠᠨ ᠨᠡᠶᠢᠭᠡᠮ ᠳᠤ ᠳᠡᠯᠭᠡᠷᠡᠭᠦᠯᠬᠦ ᠡᠭᠦᠷᠭᠡ ︵ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠠᠴᠠ ᠭᠠᠳᠡᠨ᠎ᠠ︶᠎ ᠪᠠᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶᠎ ᠶᠢᠨ ᠵᠣᠬᠢᠶᠠᠨ ᠪᠠᠶᠢᠢᠭᠤᠯᠵᠤ ᠥᠷᠨᠢᠭᠦᠯᠦᠭᠰᠡᠨ ᠳᠡᠯᠭᠡᠷᠡᠭᠦᠯᠬᠦ᠂ ᠤᠬᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠵᠢᠱᠢᠶᠡᠴᠢ ᠶᠢᠨ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠩᠲᠠᠢ᠃   ᠬᠤᠷᠢᠨ ᠳᠣᠯᠣᠳᠤᠭᠠᠷ ᠵᠦᠢᠯ    ᠱᠠᠩᠨᠠᠯ ᠣᠯᠤᠭᠰᠠᠨ ᠨᠢᠭᠡᠴᠢ ᠨᠢ ᠱᠠᠩᠨᠠᠯ ᠣᠯᠤᠭᠰᠠᠨ 3 ᠵᠢᠯ ᠤᠨ ᠬᠤᠭᠤᠴᠠᠭᠠᠨ ᠳᠤ᠂ ᠵᠢᠯ ᠪᠦᠷᠢ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ︾᠎ ᠶᠢ ᠦᠨᠡᠨ ᠮᠥᠨ ᠢᠶᠠᠷ ᠲᠠᠭᠯᠠᠵᠣ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶᠎ ᠳᠤ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃   ᠬᠤᠷᠢᠨ ᠨᠠᠶᠢᠮᠠᠳᠣᠭᠠᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠮᠧᠳᠠᠯ᠂ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠢ ᠭᠡᠳ ᠬᠤᠳᠡᠯ ᠢᠶᠠᠷ ᠵᠣᠬᠢᠶᠠᠬᠤ ᠪᠠ ᠬᠠᠭᠤᠷᠮᠠᠭᠯᠠᠨ ᠬᠡᠷᠡᠭᠯᠡᠵᠦ ᠪᠣᠯᠬᠤ ᠥᠭᠡᠢ᠃   ᠳᠣᠯᠣᠳᠤᠭᠠᠷ ᠪᠦᠯᠦᠭ    ᠳᠠᠭᠠᠯᠳᠤᠭᠤᠯᠤᠯ ᠲᠦᠷᠢᠮ  ᠬᠤᠷᠢ ᠶᠢᠰᠦᠳᠦᠭᠡᠷ ᠵᠦᠢᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 7 ᠳ᠋ᠤᠭᠠᠷ ᠲᠣᠭᠠᠲᠤ︶᠎ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号