| ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠣᠭᠡᠣᠨ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ | ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠲᠦᠷᠢᠮ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠵᠦ᠂ ᠨᠡᠶᠢᠭᠡᠮ | ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠡᠮᠵᠢᠯᠡᠨ ᠠᠷᠢᠯᠭᠠᠵᠤ᠂ ᠠᠵᠤ ᠠᠬᠤᠶ ᠶᠢᠨ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠬᠠᠤᠯᠢ︾ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠲᠦᠷᠢᠮ︾ | ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠣᠰ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠳᠤ ᠲᠣᠰ ᠨᠠᠷᠢᠨ ᠲᠦᠷᠢᠮ ᠢ ᠲᠣᠬᠢᠷᠠᠭᠤᠯᠣᠨ | ᠬᠡᠷᠩᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠠᠤᠯᠢ ᠪᠤᠰᠤ ᠪᠠᠷ ᠪᠠᠩᠬᠢ᠂ | ᠦᠨᠡᠲᠦ ᠲᠡᠮᠳᠡᠭᠲᠦ᠂ ᠳᠠᠭᠠᠳᠬᠠᠯ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ | ᠠᠵᠢᠯ ᠤᠨ ᠠᠵᠢᠯᠯᠠᠭ᠎ᠠ ᠡᠷᠬᠢᠯᠡᠭᠰᠡᠨ ᠲᠤᠬᠠᠶ ᠪᠤᠰᠤᠳ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ | | ᠭᠤᠷᠪᠠᠳᠤᠭᠠᠷ ᠵᠦᠢᠯ ᠶᠠᠮᠠᠷᠪᠠ ᠬᠡᠯᠪᠡᠷᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠡ ᠠᠵᠢᠯᠯᠠᠭ᠎ᠠ ᠶᠢ | ᠴᠦᠮ ᠴᠠᠭᠠᠵᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠰᠡᠷᠡᠮᠵᠢᠯᠡᠬᠦ ᠪᠠᠷ ᠭᠤᠣᠯᠯᠠᠬᠤ᠂ | ᠡᠷᠲᠡ ᠠᠴᠠ ᠭᠠᠷᠳᠠᠵᠣ ᠪᠠᠭ᠎ᠠ ᠪᠠᠶᠢᠢᠬᠤ ᠳᠤ ᠨᠢ ᠴᠣᠬᠢᠯᠲᠠ ᠥᠭᠬᠦ᠂ ᠶᠡᠷᠦᠩᠬᠡᠶᠢᠯᠡᠨ ᠵᠠᠰᠠᠬᠤ᠂ ᠯᠠᠪᠳᠠᠭᠤᠨ ᠢᠶᠠᠷ | ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠥᠬᠦ ᠣᠷᠣᠨ ᠤ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠠᠴᠠ ᠨᠢᠭᠡᠳᠦᠯᠲᠡᠶ | ᠤᠳᠤᠷᠢᠳᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠶᠢᠨ ᠬᠢᠨ ᠣᠷᠣᠯᠴᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠲᠣᠭᠲᠠᠴᠠ ᠨᠢ ᠪᠥᠬᠦ ᠣᠷᠣᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ᠂ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠵᠡᠷᠭᠡ | ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠬᠤ ᠬᠡᠷᠩᠲᠠᠢ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ | ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠰᠡᠭᠦᠯ ᠬᠤᠷᠢᠶᠠᠵᠤ ᠰᠢᠢᠳᠪᠦᠷᠢᠯᠡᠬᠦ᠂ ᠤᠬᠠᠭᠤᠯᠤᠨ ᠬᠥᠮᠦᠵᠢᠭᠦᠯᠬᠦ ᠪᠠ | ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠬᠡᠷᠩᠲᠠᠢ᠃ | ᠳᠡᠭᠡᠳᠦ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠤᠷᠡᠳᠦ ᠱᠠᠲᠤᠨ ᠤ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠤᠨ ᠵᠢᠯᠣᠭᠤᠳᠴᠤ ᠪᠠᠶᠢᠭᠠᠳ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠪᠤᠰᠤ ᠪᠠᠷ ᠪᠡᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠢ ᠰᠠᠶᠢᠲᠤᠷ ᠬᠢᠯᠭᠡᠬᠦ ᠬᠡᠷᠡᠭᠲᠡᠢ᠃ | ᠰᠤᠷᠭᠠᠨ ᠬᠥᠮᠦᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠠᠷᠠᠳ ᠤᠨ ᠶᠠᠪᠤᠳᠠᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠣᠶ ᠰᠢᠭᠤᠶ ᠪᠠ | ᠨᠤᠲᠤᠭ ᠪᠡᠯᠴᠢᠭᠡᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ | ᠪᠠᠶᠢᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠪᠠ | ᠬᠠᠮᠵᠢᠯᠴᠠᠨ ᠰᠢᠢᠳᠪᠦᠷᠢᠯᠡᠬᠦ ᠠᠵᠢᠯ ᠢᠶᠠᠨ ᠬᠠᠷᠢᠭᠤᠴᠠᠬᠤ ᠬᠡᠷᠡᠭᠲᠡᠶ︔ ᠪᠤᠰᠤᠳ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠨᠢᠭᠡᠴᠢ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠵᠢᠴᠢ ᠲᠣᠰᠢᠶᠠᠯ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠬᠠᠮᠢᠶ᠎ᠠ ᠪᠥᠬᠦᠶ ᠡᠭᠦᠷᠭᠡ ᠶᠢ ᠡᠭᠦᠷᠭᠡᠯᠡᠭᠦ ᠬᠡᠷᠩᠲᠠᠢ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ | ᠰᠢᠢᠳᠪᠦᠷᠢᠯᠡᠬᠦ ᠠᠵᠢᠯ ᠤᠨ ᠲᠣᠭᠲᠠᠴᠠ ᠶᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ︵ᠳᠣᠷᠣᠭᠰᠢ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠭᠡᠵᠦ | ᠲᠣᠪᠴᠢᠯᠠᠨ᠎ᠠ︶ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠣᠨ᠎ᠠ᠃ ᠠᠶᠢᠮᠠᠭ ᠬᠤᠲᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠬᠡᠷ ᠪᠣᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠪᠡᠶ᠎ᠡ ᠪᠠᠨ ᠳᠠᠭᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠣᠰᠢᠶᠠᠯᠳᠣ ᠬᠠᠮᠢᠶ᠎ᠠ | ᠪᠥᠬᠦᠶ ᠪᠠᠶᠢᠭᠤᠯᠤᠮᠵᠢ ᠶᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠬᠡᠮᠡᠨ ᠲᠤᠳᠤᠷᠬᠠᠢ ᠲᠤᠨᠨᠳᠠᠭᠠᠬᠤ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠦᠷᠦᠭᠦᠯᠡᠨ | ᠬᠠᠷᠢᠭᠤᠴᠠᠬᠤ ᠠᠵᠢᠯᠲᠠᠨ ᠢ ᠠᠳᠠᠭ ᠲᠤ ᠪᠠᠨ 1 ᠶᠢ ᠲᠤᠳᠤᠷᠬᠠᠢ ᠲᠤᠨᠨᠳᠠᠭᠠᠵᠦ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠢᠬᠦ ᠪᠠ ᠰᠦᠪᠡᠭᠴᠢ ᠶᠢ ᠮᠡᠳᠡᠭᠦᠯᠭᠦ ᠵᠡᠷᠭᠡ ᠠᠵᠢᠯ ᠢ | ᠰᠠᠶᠢᠲᠤᠷ ᠬᠢᠯᠭᠡᠬᠦ ᠬᠡᠷᠡᠭᠲᠡᠶ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠠᠵᠢᠯ ᠢᠶᠠᠨ ᠥᠷᠨᠢᠭᠦᠯᠬᠦ ᠶᠢᠨ ᠬᠠᠮᠲᠤ᠂ | ᠳᠡᠭᠡᠳᠦ ᠱᠠᠲᠤᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠶ᠃ | ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠵᠣᠬᠢᠰᠲᠠᠢ ᠪᠠᠲᠤᠯᠠᠬᠤ ᠶᠢᠨ | ᠬᠠᠮᠲᠤ᠂ ᠲᠤᠰ ᠱᠠᠲᠤᠨ ᠤ ᠲᠥᠰᠦᠪ ᠲᠤ ᠪᠠᠨ ᠣᠷᠣᠭᠤᠯᠬᠤ ᠬᠡᠷᠡᠭᠲᠡᠢ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠠᠤᠯᠢ ᠬᠡᠷᠡᠭᠵᠢᠭᠦᠯᠬᠦ ᠬᠦᠴᠦᠨ ᠢᠶᠠᠨ | ᠴᠢᠩᠭ᠎ᠠ ᠪᠠᠷ ᠳᠣᠭᠢᠷᠠᠭᠤᠯᠤᠨ᠂ ᠬᠠᠤᠯᠢ ᠬᠡᠷᠡᠭᠵᠢᠭᠦᠯᠬᠦ ᠲᠥᠬᠦᠭᠡᠷᠦᠮᠵᠢ᠂ ᠬᠠᠤᠯᠢ ᠬᠡᠷᠡᠭᠵᠢᠭᠦᠯᠬᠦ ᠲᠡᠷᠭᠡ ᠬᠥᠰᠬᠡ | ᠵᠡᠷᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠥᠷᠨᠢᠭᠦᠯᠦᠨ᠂ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠬᠠᠤᠯᠢ ᠬᠡᠷᠡᠭᠵᠢᠭᠦᠯᠦᠯᠲᠡ ᠶᠢᠨ ᠵᠢᠷᠣᠮᠵᠢᠬᠰᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠤᠯᠪᠤᠭᠠᠯᠠᠨ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ ᠬᠠᠤᠯᠢ | ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠶᠢ ᠵᠣᠷᠢᠬᠵᠢᠭᠤᠯᠤᠨ᠎ᠠ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ | ᠬᠠᠷᠠᠯᠲᠠ ᠶᠢᠨ ᠰᠢᠯᠭᠠᠨ ᠬᠢᠨᠠᠬᠤ ᠬᠠᠷᠢᠭᠤᠴᠠᠯᠭ᠎ᠠ ᠶᠢᠨ ᠲᠥᠷᠢᠮ ᠢ ᠪᠠᠶᠢᠭᠤᠯᠵᠤ᠂ ᠲᠤᠰ ᠱᠠᠲᠤᠨ ᠤ ᠵᠠᠰᠠᠭ ᠤᠨ | ᠣᠷᠳᠣᠨ ᠤ ᠬᠠᠷᠢᠶ᠎ᠠ ᠰᠠᠯᠠᠭ᠎ᠠ ᠮᠥᠴᠢᠷ᠂ ᠨᠢᠭᠡᠴᠢ ᠪᠣᠯᠤᠨ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ | ᠪᠠᠶᠢᠳᠠᠯ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠰᠢᠯᠭᠠᠨ ᠬᠢᠨᠠᠯᠳᠡ ᠶᠢᠨ ᠲᠣᠭᠲᠠᠯᠴᠠᠭ᠎ᠠ ᠳᠤ ᠪᠠᠨ | ᠣᠷᠣᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠰᠡᠷᠡᠮᠵᠢᠯᠡᠬᠦ | ᠨᠠᠶᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠣᠭᠲᠠᠯᠴᠠᠭ᠎ᠠ ᠳᠤ ᠪᠠᠨ ᠣᠷᠣᠭᠤᠯᠤᠨ᠂ ᠲᠣᠣᠷᠵᠢᠭᠤᠯᠤᠭᠰᠠᠨ | ᠬᠠᠮᠢᠶᠠᠷᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠦᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠮᠤ ᠳ᠋ᠠᠶᠢᠲ᠋ᠠ ᠶᠢᠨ ᠵᠠᠳᠠᠯᠤᠯᠲᠠ ᠵᠡᠷᠭᠡ ᠤᠳᠤ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠨᠢᠭᠡᠴᠢ ᠯᠦᠭᠡ ᠬᠠᠮᠳᠤᠷᠠᠯᠴᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠬᠢᠨᠠᠯᠲᠠ | ᠬᠠᠮᠢᠶᠠᠷᠤᠯᠲᠠ ᠶᠢᠨ ᠲᠤᠭ᠎ᠠ ᠪᠠᠷᠢᠮᠲᠠ᠂ ᠢᠨᠲ᠋ᠧᠷ ᠰᠦᠯᠵᠢᠶ᠎ᠡ ᠳᠤ ᠢᠯᠡ ᠪᠣᠯᠭᠠᠭᠰᠠᠨ ᠲᠤᠭ᠎ᠠ ᠪᠠᠷᠢᠮᠲᠠ ᠵᠢᠴᠢ | ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢᠨ ᠲᠤᠭ᠎ᠠ ᠪᠠᠷᠢᠮᠲᠠ ᠵᠡᠷᠭᠡ ᠶᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ | ᠰᠠᠯᠠᠭ᠎ᠠ ᠮᠥᠴᠢᠷ ᠤᠨ ᠬᠤᠭᠤᠷᠣᠨᠳᠣ᠂ ᠣᠷᠣᠨ ᠪᠦᠰᠡ ᠶᠢᠨ ᠬᠤᠭᠤᠷᠣᠨᠳᠣ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠬᠠᠤᠯᠢ ᠪᠤᠰᠤ ᠪᠠᠷ ᠪᠠᠯᠠ | ᠴᠤᠭᠯᠠᠭᠤᠯᠤᠭᠰᠠᠨ ᠮᠡᠳᠡᠭᠡ ᠵᠠᠩᠭᠢ ᠶᠢ ᠪᠦᠷᠢᠳᠬᠡᠬᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ | ᠴᠠᠭ ᠲᠤᠬᠠᠶ ᠳᠤ ᠨᠢ ᠣᠷᠢᠣᠡᠴᠢᠯᠡᠨ ᠰᠡᠷᠡᠮᠵᠢᠯᠡᠭᠦᠯᠵᠦ ᠰᠠᠨᠠᠭᠤᠯᠬᠤ ᠬᠡᠷᠡᠭᠲᠡᠶ᠃ | ᠠᠶᠢᠮᠠᠭ ᠬᠤᠲᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠵᠣᠯᠭᠠᠭᠤᠯᠤᠨ ᠬᠡᠷᠡᠭᠯᠡᠵᠦ᠂ ᠨᠥᠬᠦᠴᠡᠯ ᠲᠠᠢ ᠨᠢ ᠲᠣᠰ | ᠱᠠᠲᠤᠨ ᠤ ᠪᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ | ᠲᠠᠪᠴᠠᠩ ᠢ ᠪᠠᠶᠢᠭᠤᠯᠬᠤ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ | ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠰᠤᠳᠤᠯᠤᠨ | ᠮᠠᠭᠠᠳᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠶ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠨ ᠡᠳᠦᠷ | ᠲᠤᠲᠤᠮ ᠤᠨ ᠬᠢᠨᠠᠨ ᠬᠠᠮᠢᠶᠠᠷᠬᠤ᠂ ᠮᠡᠷᠭᠡᠵᠢᠯ ᠤᠨ ᠬᠢᠨᠠᠨ ᠰᠢᠨᠵᠢᠬᠦ᠂ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠬᠤ | ᠂ ᠰᠦᠪᠡᠭᠴᠢ ᠶᠢ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ | ᠲᠦᠭᠰᠢᠭᠦᠷᠢ ᠶᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠵᠡᠷᠭᠡ ᠦᠨᠳᠦᠰᠦᠨ | ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠲᠣᠣᠷᠠᠯᠵᠢ ᠪᠠᠷ ᠴᠬᠠᠳᠠᠨ ᠪᠠᠶᠢᠴᠠᠭᠠᠬᠤ᠂ ᠠᠰᠠᠷ ᠲᠠᠭᠳᠣ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ | ᠬᠠᠷᠢᠭᠤᠴᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠢᠶᠠᠷ | ᠰᠡᠵᠢᠭᠯᠡᠭᠳᠡᠭᠰᠡᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠲᠣᠣᠷᠠᠯᠵᠢ ᠶᠢᠨ ᠠᠵᠢᠯᠲᠠᠨ ᠢ ᠤᠬᠠᠭᠤᠯᠵᠤ ᠪᠤᠯᠪᠠᠰᠤᠷᠠᠯ ᠭᠦᠷᠳᠡᠬᠡᠬᠦ ᠡᠷᠴᠢᠮ ᠢᠶᠠᠨ ᠴᠢᠩᠭᠠᠷᠠᠭᠤᠯᠵᠤ᠂ | ᠤᠷᠮᠠᠰᠢᠭᠤᠯᠬᠤ ᠪᠠᠳᠣᠯᠠᠬᠤ ᠲᠣᠭᠲᠠᠴᠠ ᠪᠠᠨ ᠲᠡᠭᠦᠯᠳᠡᠷᠵᠢᠭᠦᠯᠦᠨ᠂ ᠲᠣᠣᠷᠠᠯᠵᠢ ᠶᠢᠨ ᠠᠵᠢᠯᠲᠠᠨ ᠢ ᠰᠢᠮᠳᠠᠭᠤᠯᠤᠨ | ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠢᠬᠦ᠂ | ᠰᠦᠪᠡᠭᠴᠢ ᠶᠢ ᠴᠬᠠᠳᠠᠨ ᠪᠠᠶᠢᠴᠠᠭᠠᠬᠤ ᠪᠠ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠬᠦ ᠵᠡᠷᠭᠡ ᠠᠵᠢᠯ ᠢ ᠰᠠᠶᠢᠲᠤᠷ | ᠬᠢᠯᠭᠡᠬᠦ ᠬᠡᠷᠡᠭᠲᠡᠶ᠃ | ᠶᠢᠰᠦᠳᠦᠭᠡᠷ ᠵᠦᠢᠯ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ | ᠰᠠᠯᠠᠭ᠎ᠠ ᠮᠥᠴᠢᠷ ᠨᠢ ︽ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ᠬᠡᠨ ᠬᠢᠨᠠᠨ | ᠵᠥᠪᠰᠢᠶᠡᠷᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠨ ᠬᠠᠮᠢᠶᠠᠷᠬᠤ ᠠᠵᠢᠯ ᠲᠥᠷᠥᠯ ᠳᠠᠬᠢ | ᠲᠦᠭᠰᠢᠭᠦᠷᠢ ᠶᠢ ᠵᠠᠪᠠᠯ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰ ᠠᠵᠢᠯ ᠲᠥᠷᠥᠯ᠂ ᠲᠣᠰ | ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ | ᠰᠢᠨᠵᠢᠵᠦ ᠣᠷᠢᠣᠡᠴᠢᠯᠠᠡ ᠰᠡᠷᠡᠮᠵᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠰ ᠠᠵᠢᠯ ᠲᠥᠷᠥᠯ᠂ | ᠲᠣᠰ ᠬᠦᠷᠢᠶᠡᠨ ᠤ ᠪᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠴᠤᠭᠯᠠᠭᠤᠯᠤᠨ ᠬᠤᠷᠢᠶᠠᠩᠭᠤᠶᠢᠯᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ | ᠲᠦᠭᠰᠢᠭᠦᠷᠢ ᠶᠢᠨ ᠰᠦᠪᠡᠭᠴᠢ ᠶᠢᠨ ᠡᠬᠡ ᠲᠠᠩᠰᠠ ᠶᠢ ᠪᠠᠶᠢᠢᠭᠤᠯᠬᠤ ᠬᠡᠷᠩᠲᠠᠢ᠃ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢᠨ ᠲᠦᠭᠰᠢᠭᠦᠷᠢ ᠶᠢᠨ ᠰᠦᠪᠡᠭᠴᠢ ᠶᠢ ᠣᠯᠵᠤ ᠮᠡᠳᠡᠪᠡᠯ᠂ ᠠᠵᠢᠯ ᠤᠨ ᠲᠡᠮᠳᠡᠭᠯᠡᠯ ᠢ ᠰᠠᠶᠢᠲᠤᠷ ᠬᠢᠵᠦ | ᠂ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠴᠤᠭᠯᠠᠭᠤᠯᠬᠤ ᠪᠠ ᠪᠦᠷᠢᠨ ᠪᠦᠳᠣᠨ ᠪᠠᠶᠢᠢᠬᠤ ᠶᠢ ᠨᠢ ᠪᠠᠳᠣᠯᠠᠵᠣ᠂ ᠠᠩᠬ᠎ᠠ | ᠠᠯᠬᠤᠮ ᠬᠠᠷᠭᠤᠭᠤᠯᠤᠨ ᠪᠠᠶᠢᠴᠠᠭᠠᠭᠰᠠᠨ ᠪᠠ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ ᠠᠳᠠᠯᠢ ᠱᠠᠲᠤᠨ ᠤ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠶ᠃ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠲᠤᠳᠤᠷᠬᠠᠢ ᠲᠤᠨᠨᠳᠠᠭᠠᠨᠨᠰᠠᠨ | ᠦᠬᠡᠢ ᠠᠵᠢᠯ ᠲᠥᠷᠥᠯ ᠤᠨ ᠬᠦᠷᠢᠶᠡᠨ ᠳᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠠᠶᠢᠭᠠᠳ ᠣᠲᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ | ᠭᠦᠢᠴᠡᠳ ᠠᠰᠢᠬᠯᠠᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠦᠭᠰᠢᠭᠦᠷᠢ ᠶᠢ | ᠵᠢᠭᠰᠠᠭᠠᠨ ᠪᠠᠶᠢᠴᠠᠭᠠᠬᠤ ᠪᠠ ᠬᠢᠨᠠᠨ ᠰᠢᠨᠵᠢᠵᠦ ᠣᠷᠢᠣᠡᠴᠢᠯᠡᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠯᠭᠡᠬᠦ ᠬᠡᠷᠡᠭᠲᠡᠶ | ᠃ | ᠠᠷᠪᠠᠳᠤᠭᠠᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠡᠪᠴᠢᠶ᠎ᠡ ᠵᠡᠷᠭᠡ ᠶᠢ | ᠳᠠᠩᠰᠠᠯᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠠ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠡᠨ᠎ᠠ᠂ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠡᠪᠴᠢᠶᠡᠨ ᠳᠤ ︽ | ᠮᠥᠩᠭᠦᠨ ᠭᠦᠢᠯᠭᠡᠭᠡ︾ ︽ᠠᠷᠠᠯᠵᠢᠶᠠᠨ ᠤ ᠭᠠᠵᠠᠷ︾ ︽ᠠᠷᠠᠯᠵᠢᠶᠠᠨ ᠤ ᠲᠥᠪ︾ ︽ᠡᠳ᠋ ᠡᠷᠬᠢᠯᠡᠬᠦ ᠮᠦᠩᠭᠦ | ᠦᠷᠡᠵᠢᠭᠦᠯᠬᠦ︾ ︽ᠡᠳ᠋ ᠪᠠᠶᠠᠯᠢᠭ ᠤᠨ ᠬᠠᠮᠢᠶᠠᠷᠤᠯᠲᠠ︾ ︽ᠰᠲ᠋ᠣᠺ ᠤᠨ ᠡᠷᠬᠡ ᠶᠢᠨ ᠤᠯᠠᠨ ᠤ ᠬᠤᠷᠠᠮᠳᠤᠯᠭ᠎ᠠ︾ | ᠵᠡᠷᠭᠡ ᠦᠰᠦᠭ ᠪᠤᠶᠤ ᠠᠭᠤᠯᠭ᠎ᠠ ᠠᠭᠤᠯᠵᠣ ᠪᠣᠯᠬᠤ ᠦᠭᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠢ ᠨᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠤᠶᠤ ᠡᠵᠡᠩᠨᠡᠯᠲᠡ ᠶᠢᠨ ᠬᠡᠪᠴᠢᠶᠡᠨ ᠳᠤ ᠡᠮᠦᠨᠡᠬᠢ ᠪᠠᠳᠠᠭ ᠲᠤ | ᠲᠣᠭᠲᠠᠭᠠᠭᠰᠠᠨ ᠥᠰᠥᠭ ᠪᠤᠶᠤ ᠠᠭᠤᠯᠭ᠎ᠠ ᠵᠢᠴᠢ ᠪᠠᠯᠠ ᠴᠤᠭᠯᠠᠭᠤᠯᠬᠤ ᠳᠤ ᠬᠤᠯᠪᠣᠭᠳᠠᠬᠤ ᠪᠤᠰᠤᠳ ᠥᠰᠥᠭ | ᠪᠤᠶᠤ ᠠᠭᠤᠯᠭ᠎ᠠ ᠠᠭᠤᠯᠵᠣ ᠪᠠᠶᠢᠢᠬᠤ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠭᠤᠤᠯᠳᠠᠯᠭ᠎ᠠ ᠲᠠᠢ ᠠᠩᠬᠠᠷᠣᠨ᠂ | ᠬᠠᠤᠯᠢ ᠲᠣᠭᠲᠠᠭᠠᠯ ᠶᠣᠰᠣᠭᠠᠷ ᠬᠠᠮᠢᠶᠠᠷᠴᠤ᠂ ᠨᠡᠮᠡᠭᠳᠡᠯ ᠤᠨ ᠬᠡᠮᠵᠢᠶ᠎ᠠ ᠶᠢ ᠴᠢᠩᠭ᠎ᠠ ᠬᠢᠵᠠᠭᠠᠷᠯᠠᠨ᠂ ᠣᠳᠣ | ᠪᠠᠶᠢᠢᠭ᠎ᠠ ᠶᠢ ᠨᠢ ᠲᠥᠷᠥᠯ ᠬᠤᠪᠢᠶᠠᠨ ᠯᠠᠪᠳᠠᠭᠤᠨ ᠪᠠᠳᠣᠳᠠᠢ ᠰᠢᠢᠳᠪᠦᠷᠢᠯᠡᠵᠦ᠂ ᠲᠦᠭᠰᠢᠭᠦᠷᠢ ᠶᠢᠨ ᠬᠡᠮ ᠢ | ᠪᠦᠲᠦᠮᠵᠢᠲᠡᠶ ᠠᠷᠢᠯᠭᠠᠬᠤ ᠬᠡᠷᠡᠭᠲᠡᠶ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠪᠠᠶᠢᠪᠠᠯ᠂ ᠴᠠᠭ | ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠴᠠᠬᠢᠯᠭᠠᠨ ᠬᠤᠯᠪᠣᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠪᠠᠷ ᠰᠡᠵᠢᠭᠯᠡᠭᠳᠡᠭᠰᠡᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠰᠦᠯᠵᠢᠶᠠᠨ | ᠦᠷᠲᠡᠭᠡ᠂ ᠰᠢᠯᠵᠢᠮᠡᠯ ᠬᠡᠷᠡᠭᠯᠡᠯᠲᠡ ᠶᠢᠨ ᠫᠷᠤᠭ᠍ᠷᠠᠮ ᠵᠡᠷᠭᠡ ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠬᠢᠨᠠᠨ | ᠰᠢᠨᠵᠢᠬᠦ ᠪᠠᠨ ᠴᠢᠩᠭᠠᠳᠬᠠᠬᠤ ᠬᠡᠷᠡᠭᠲᠡᠶ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠢᠭᠤᠯᠵᠤ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ | ᠬᠡᠷᠡᠭᠯᠡᠭᠰᠡᠨ ᠢᠶᠠᠷ ᠮᠠᠭᠠᠳᠯᠠᠨ ᠲᠣᠭᠲᠠᠭᠠᠭᠰᠠᠨ ᠢ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠬᠢᠯᠭᠠᠨ ᠬᠤᠯᠪᠣᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠬᠢᠯᠭᠠᠨ | ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠦᠢᠯᠡᠴᠢᠯᠡᠭᠡ ᠬᠠᠩᠭᠠᠭᠴᠢ ᠪᠠ ᠰᠢᠯᠵᠢᠮᠡᠯ ᠬᠡᠷᠡᠭᠯᠡᠯᠲᠡ ᠶᠢᠨ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ | ᠵᠢᠯᠣᠭᠤᠳᠴᠤ ᠪᠠᠶᠢᠭᠠᠳ ᠬᠡᠷᠡᠭᠯᠡᠭᠴᠢ ᠶᠢᠨ ᠨᠡᠶᠢᠲᠡᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠂ ᠬᠠᠤᠯᠢ ᠪᠤᠰᠤ ᠪᠠᠷ ᠪᠡᠯᠡ ᠴᠣᠭᠯᠠᠭᠤᠯᠬᠤ ᠶᠢᠨ ᠰᠡᠵᠢᠭᠯᠡᠯᠲᠡᠶ ᠮᠡᠳᠡᠭᠡ ᠵᠠᠩᠭᠢ ᠶᠢ ᠦᠢᠯᠡᠳᠴᠦ᠂ | ᠬᠠᠭᠤᠯᠪᠤᠷᠢᠯᠠᠵᠤ᠂ ᠨᠡᠶᠢᠲᠡᠯᠡᠵᠦ᠂ ᠲᠠᠷᠬᠠᠭᠠᠵᠤ ᠪᠣᠯᠬᠤ ᠦᠭᠡᠢ᠃ ᠬᠠᠤᠯᠢ ᠪᠤᠰᠤ ᠪᠠᠷ ᠪᠠᠯᠠ ᠴᠣᠭᠯᠠᠭᠤᠯᠬᠤ ᠶᠢᠨ | ᠰᠡᠵᠢᠭᠯᠡᠯᠲᠡᠶ ᠮᠡᠳᠡᠭᠡ ᠵᠠᠩᠭᠢ ᠶᠢ ᠣᠯᠵᠤ ᠮᠡᠳᠡᠪᠡᠯ᠂ ᠬᠤᠯᠪᠣᠭᠳᠠᠯ ᠪᠥᠬᠦᠶ ᠲᠡᠮᠳᠡᠭᠯᠡᠯ ᠢ ᠬᠠᠳᠠᠭᠠᠯᠠᠬᠤ ᠶᠢᠨ ᠬᠠᠮᠲᠤ᠂ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠴᠠᠭ | ᠲᠤᠬᠠᠶ ᠳᠤ ᠨᠢ ᠮᠡᠳᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠠᠨ᠎ᠡ᠂ ᠶᠠᠮᠠᠷᠪᠠ | ᠨᠢᠭᠡᠴᠢ ᠪᠠ ᠬᠤᠪᠢ ᠬᠥᠮᠦᠨ ᠭᠡᠳ ᠪᠡᠯᠡ ᠴᠤᠭᠯᠠᠭᠤᠯᠬᠤ ᠠᠭᠤᠯᠭ᠎ᠠ ᠠᠭᠤᠯᠣᠭᠰᠠᠨ ᠵᠠᠷ ᠮᠡᠳᠡᠭᠡ ᠨᠡᠶᠢᠲᠡᠯᠡᠬᠦ ᠪᠤᠶᠤ | ᠪᠤᠰᠤᠳ ᠠᠷᠭ᠎ᠠ ᠪᠠᠷ ᠨᠡᠶᠢᠭᠡᠮ ᠨᠡᠶᠢᠲᠡ ᠳᠤ ᠪᠡᠯᠡ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠪᠤᠰᠤ ᠪᠠᠷ | ᠪᠠᠯᠠ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠵᠠᠷ ᠮᠡᠳᠡᠭᠡ ᠶᠢ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠶ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ | ᠵᠣᠬᠢᠶᠠᠨ ᠪᠠᠶᠢᠢᠭᠤᠯᠵᠤ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠢᠶᠠᠷ ᠮᠠᠭᠠᠳᠯᠠᠨ ᠲᠣᠭᠲᠠᠭᠠᠭᠰᠠᠨ ᠪᠣᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ | ᠬᠠᠮᠢᠶ᠎ᠠ ᠪᠦᠬᠦᠢ ᠵᠠᠷ ᠮᠡᠳᠡᠭᠡ ᠶᠢ ᠴᠠᠭ ᠲᠤᠬᠠᠶ ᠳᠤ ᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠷ ᠮᠡᠳᠡᠭᠡ ᠡᠵᠡᠩᠨᠡᠭᠴᠢ᠂ ᠵᠠᠷ ᠮᠡᠳᠡᠭᠡ | ᠨᠡᠶᠢᠲᠡᠯᠡᠭᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠢ ᠪᠠᠶᠢᠴᠠᠭᠠᠨ ᠰᠢᠯᠭᠠᠵᠤ᠂ ᠵᠠᠷ | ᠮᠡᠳᠡᠭᠡ ᠶᠢᠨ ᠠᠭᠤᠯᠭ᠎ᠠ ᠶᠢ ᠨᠢ ᠬᠠᠷᠭᠤᠭᠤᠯᠬᠤ ᠬᠡᠷᠡᠭᠲᠡᠢ᠃ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ | ᠪᠠᠶᠢᠬᠤ ᠦᠭᠡᠢ ᠮᠥᠷᠲᠡᠭᠡᠨ ᠪᠡᠯᠡ ᠴᠤᠭᠯᠠᠭᠤᠯᠬᠤ ᠠᠭᠤᠯᠭ᠎ᠠ ᠠᠭᠤᠯᠣᠭᠰᠠᠨ ᠵᠠᠷ ᠮᠡᠳᠡᠭᠡ ᠶᠢ ᠪᠣᠯ᠂ ᠵᠠᠷ ᠮᠡᠳᠡᠭᠡ | ᠡᠵᠡᠩᠨᠡᠭᠴᠢ ᠵᠢᠷᠤᠵᠤ ᠲᠥᠯᠥᠪᠯᠡᠬᠦ᠂ ᠦᠢᠯᠡᠳᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠣᠯᠬᠤ ᠦᠭᠡᠢ | ᠂ ᠵᠠᠷ ᠮᠡᠳᠡᠭᠡ ᠨᠡᠶᠢᠲᠡᠯᠡᠭᠴᠢ ᠨᠡᠶᠢᠲᠡᠯᠡᠵᠦ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠯᠤᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠪᠡᠯᠡ ᠮᠥᠩᠭᠦ ᠶᠢ ᠬᠢᠨᠠᠨ ᠰᠢᠨᠵᠢᠬᠦ | ᠲᠣᠭᠲᠠᠴᠠ ᠶᠢ ᠪᠠᠶᠢᠭᠤᠯᠬᠤ ᠬᠡᠷᠡᠭᠲᠡᠶ᠃ | ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ | ᠰᠢᠮᠳᠠᠭᠤᠯᠤᠨ ᠵᠢᠯᠣᠭᠤᠳᠴᠤ ᠪᠠᠶᠢᠭᠠᠳ ᠪᠡᠯᠡ ᠮᠥᠩᠭᠦ ᠶᠢᠨ ᠬᠡᠪ ᠤᠨ ᠪᠤᠰᠤ ᠡᠷᠭᠢᠯᠲᠡ ᠶᠢᠨ ᠪᠠᠶᠢᠳᠠᠯ ᠵᠢᠴᠢ | ᠪᠤᠰᠤᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠪᠡᠯᠡ ᠮᠥᠩᠭᠦ ᠶᠢ ᠬᠢᠨᠠᠨ ᠰᠢᠨᠵᠢᠬᠦ ᠠᠵᠢᠯ ᠢᠶᠠᠨ | ᠴᠢᠩᠭᠠᠳᠬᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ ᠰᠢᠮᠳᠠᠭᠤᠯᠤᠨ | ᠵᠢᠯᠣᠭᠤᠳᠴᠤ ᠪᠠᠶᠢᠭᠠᠳ ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠡᠭᠦᠷᠭᠡ ᠶᠢ ᠭᠦᠢᠴᠡᠳᠬᠡᠭᠦᠯᠬᠦ ᠬᠡᠷᠡᠭᠲᠡᠶ᠄ | ︵ᠨᠢᠭᠡ︶ ᠳᠣᠲᠣᠭᠠᠳᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠪᠢᠶᠠᠷᠢ ᠪᠠᠶᠢᠢᠭᠤᠯᠤᠮᠵᠢ | ᠪᠠ ᠠᠵᠢᠯᠳᠠᠨ ᠠᠵᠢᠯᠴᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠬᠤ ᠶᠢ ᠴᠠᠭᠠᠵᠠᠯᠠᠵᠤ᠂ | ᠪᠤᠰᠤᠳ ᠬᠥᠮᠦᠨ ᠡᠵᠡᠩᠨᠡᠯᠲᠡ ᠶᠢᠨ ᠲᠠᠯᠠᠪᠤᠷ ᠭᠠᠵᠠᠷ᠂ ᠪᠣᠷᠣᠯᠠᠭᠤᠯᠭ᠎ᠠ ᠶᠢᠨ ᠠᠷᠭ᠎ᠠ ᠵᠠᠮ ᠢ ᠨᠢ ᠠᠰᠢᠬᠯᠠᠨ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠬᠡᠷᠡᠭᠲᠡᠢ︔ | ︵ᠬᠤᠶᠠᠷ︶ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠲᠠᠯ᠎ᠠ ᠪᠠᠷ ᠨᠡᠶᠢᠢᠭᠡᠮ ᠨᠡᠶᠢᠢᠲᠡ ᠳᠤ | ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠭᠠᠵᠠᠷ ᠲᠤ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠦᠭᠡᠭᠡᠨ ᠲᠠᠷᠬᠠᠭᠠᠬᠤ | ᠬᠡᠷᠡᠭᠲᠡᠢ︔ | ︵ᠭᠤᠷᠪᠠ︶ ᠶᠡᠭᠡ ᠲᠣᠭᠠᠨ ᠤ ᠠᠷᠠᠯᠵᠢᠶ᠎ᠠ ᠪᠠ ᠰᠡᠵᠢᠭᠯᠡᠯᠲᠡᠶ ᠠᠷᠠᠯᠵᠢᠶ᠎ᠠ ᠶᠢ ᠮᠡᠳᠡᠭᠦᠯᠬᠦ ᠲᠦᠷᠢᠮ ᠢ ᠬᠠᠤᠯᠢ | ᠶᠣᠰᠣᠭᠠᠷ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠯᠠ ᠮᠥᠩᠭᠦ ᠶᠢᠨ | ᠬᠡᠪ ᠤᠨ ᠪᠤᠰᠤ ᠡᠷᠭᠢᠯᠲᠡ ᠲᠠᠢ ᠬᠠᠮᠢᠶ᠎ᠠ ᠪᠥᠬᠦᠶ ᠲᠠᠩᠰᠠᠨ ᠡᠷᠦᠬᠡ ᠳᠤ ᠵᠠᠳᠠᠯᠤᠯᠲᠠ ᠬᠢᠵᠦ ᠢᠯᠭᠠᠨ ᠲᠠᠨᠢᠬᠤ ᠶᠢᠨ | ᠬᠠᠮᠲᠤ᠂ ᠬᠤᠯᠪᠣᠭᠳᠠᠯ ᠪᠥᠬᠦᠶ ᠪᠠᠶᠢᠳᠠᠯ ᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ | ᠪᠠ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠢ ᠵᠢᠯᠣᠭᠤᠳᠤᠨ | ᠠᠵᠢᠯ ᠲᠦᠷᠦᠯ ᠤᠨ ᠪᠠᠷᠢᠮᠵᠢᠶ᠎ᠠ ᠪᠠ ᠥᠪᠡᠷ ᠢ ᠪᠠᠨ ᠱᠠᠭᠠᠷᠳᠠᠬᠤ ᠳᠦᠷᠢᠮ ᠳᠤ ᠪᠠᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠬᠦ ᠠᠭᠤᠯᠭ᠎ᠠ ᠶᠢ ᠨᠢ ᠲᠤᠳᠤᠷᠬᠠᠢ ᠲᠤᠨᠨᠳᠠᠭᠠᠯᠭᠠᠵᠦ᠂ ᠲᠦᠭᠰᠢᠭᠦᠷᠢ ᠶᠢ ᠰᠡᠷᠡᠮᠵᠢᠯᠡᠬᠦ | ᠬᠥᠮᠦᠵᠢᠯ ᠥᠷᠨᠢᠭᠦᠯᠵᠦ᠂ ᠭᠡᠰᠢᠭᠦᠳ ᠢᠶᠠᠨ ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠢᠳᠡᠪᠬᠢᠲᠡᠢ ᠰᠡᠷᠡᠮᠵᠢᠯᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠵᠣᠬᠢᠶᠠᠨ ᠪᠠᠶᠢᠭᠤᠯᠬᠤ | ᠦᠭᠡᠢ ᠮᠦᠷᠳᠡᠬᠡᠨ ᠡᠨᠡ ᠬᠦ ᠦᠢᠯᠡ ᠳᠤ ᠬᠠᠮᠵᠢᠯᠴᠠᠬᠤ ᠦᠭᠡᠢ᠂ ᠣᠷᠣᠯᠴᠠᠬᠤ ᠦᠭᠡᠢ ᠪᠠᠶᠢᠢᠬᠤ ᠬᠡᠷᠩᠲᠠᠢ᠃ ᠬᠠᠤᠯᠢ | ᠪᠤᠰᠤ ᠪᠠᠷ ᠪᠠᠯᠠ ᠴᠤᠭᠯᠠᠭᠤᠯᠤᠭᠰᠠᠨ ᠰᠡᠵᠢᠭᠯᠡᠯᠲᠡᠶ ᠮᠡᠳᠡᠭᠡ ᠵᠠᠩᠭᠢ ᠶᠢ ᠣᠯᠵᠤ ᠮᠡᠳᠡᠪᠡᠯ᠂ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ | ᠮᠡᠳᠡᠭᠦᠯᠭᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠡᠭᠡᠳᠣ ᠲᠣᠣᠷᠠᠳᠣ ᠱᠠᠲᠤ | ᠬᠤᠯᠪᠣᠭᠠᠯᠠᠨ ᠬᠥᠳᠡᠯᠦᠯᠴᠡᠭᠰᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ | ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠤᠬᠠᠭᠤᠯᠭ᠎ᠠ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠤᠬᠠᠭᠤᠯᠭ᠎ᠠ ᠶᠢᠨ ᠲᠥᠯᠥᠪᠯᠡᠭᠡ | ᠲᠣᠭᠲᠠᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠪᠠᠶᠢᠩᠭᠤ ᠶᠢᠨ ᠤᠬᠠᠭᠤᠯᠭ᠎ᠠ ᠬᠥᠮᠦᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠪᠤᠶᠤ ᠠᠴᠢᠶᠠᠯᠠᠪᠤᠷᠢ ᠶᠢ ᠭᠦᠢᠴᠡᠳ | ᠬᠡᠷᠡᠭᠯᠡᠨ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠪᠠᠯᠠ ᠣᠷᠣᠭᠤᠯᠤᠯᠲᠠ ᠶᠢᠨ | ᠲᠦᠭᠰᠢᠭᠦᠷᠢ ᠶᠢᠨ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ ᠪᠠᠷ ᠨᠡᠶᠢᠭᠡᠮ ᠨᠡᠶᠢᠲᠡ ᠳᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢᠨ ᠬᠠᠤᠯᠢ ᠠᠴᠠ ᠵᠦᠷᠢᠴᠡᠭᠦ ᠴᠢᠨᠠᠷ᠂ ᠬᠤᠤᠷ ᠬᠥᠨᠥᠭᠡᠯᠲᠦ ᠴᠢᠨᠠᠷ ᠵᠢᠴᠢ ᠲᠡᠭᠦᠨ ᠤ ᠢᠯᠡᠷᠡᠬᠦ | ᠬᠡᠯᠪᠡᠷᠢ ᠵᠡᠷᠭᠡ ᠶᠢ ᠤᠬᠠᠭᠤᠯᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ | ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠨᠡᠮᠡᠭᠳᠡᠬᠦᠯᠬᠦ ᠬᠡᠷᠡᠭᠳᠡᠢ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ | ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠨᠢ ᠲᠣᠰ ᠠᠵᠢᠯ ᠲᠥᠷᠥᠯ᠂ ᠲᠣᠰ | ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ᠂ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠢᠭᠯᠡᠭᠦᠯᠬᠦ | ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ | ᠤᠬᠠᠭᠤᠯᠬᠤ ᠰᠠᠯᠠᠭ᠎ᠠ ᠮᠥᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠣᠭᠤᠳᠴᠤ ᠪᠠᠶᠢᠭᠠᠳ | ᠲᠤᠬᠠᠶ ᠶᠢᠨ ᠭᠠᠵᠠᠷ ᠤᠨ ᠭᠤᠣᠯ ᠪᠣᠯᠬᠤ ᠰᠣᠨᠢᠨ ᠰᠡᠳᠬᠦᠯ᠂ ᠷᠠᠳᠢᠣ᠋᠂ ᠲᠧᠯᠸᠢᠰ᠂ ᠭᠤᠣᠯ ᠪᠣᠯᠬᠤ ᠰᠣᠨᠢᠨ | ᠮᠡᠳᠡᠭᠡᠨ ᠤ ᠰᠦᠯᠵᠢᠶ᠎ᠡ ᠵᠢᠴᠢ ᠰᠢᠨ᠎ᠡ ᠮᠠᠶ᠋ᠢᠭ ᠤᠨ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠲᠠᠪᠴᠠᠩ ᠵᠡᠷᠭᠡ | ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠬᠠᠤᠯᠢ ᠶᠣᠰᠣᠭᠠᠷ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠦᠢᠯᠡ ᠠᠵᠢᠯᠯᠠᠭ᠎ᠠ ᠳᠤ | ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ | ᠡᠷᠬᠡ ᠲᠠᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠵᠢᠴᠢ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠬᠦ ᠤᠲᠠᠰᠤ ᠪᠠ ᠰᠢᠦᠳᠠᠨ ᠵᠡᠷᠭᠡ | ᠢᠯᠡᠴᠢᠯᠡᠨ ᠮᠡᠳᠡᠭᠦᠯᠬᠦ ᠠᠷᠭ᠎ᠠ ᠪᠠᠨ ᠢᠯᠡ ᠪᠣᠯᠭᠠᠵᠤ᠂ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠳᠤ | ᠢᠯᠡᠴᠢᠯᠡᠨ ᠮᠡᠳᠡᠭᠦᠯᠬᠦ ᠲᠤᠰᠬᠠᠶ ᠪᠤᠯᠤᠩ ᠭᠠᠷᠭᠠᠨ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠴᠠᠭ | ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠵᠦ᠂ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ | ᠨᠥᠬᠦᠴᠡᠯ ᠳᠤ ᠨᠡᠶᠢᠴᠡᠭᠰᠡᠨ ᠢᠯᠡᠴᠢᠯᠡᠨ ᠮᠡᠳᠡᠭᠦᠯᠦᠯᠲᠡ ᠶᠢ ᠱᠠᠩᠨᠠᠨ ᠬᠥᠬᠢᠭᠦᠯᠬᠦ ᠶᠢ ᠵᠣᠷᠢᠬᠵᠢᠭᠤᠯᠤᠨ᠎ᠠ᠃ | ᠠᠷᠪᠠᠨ ᠨᠠᠶᠢᠮᠠᠳᠤᠭᠠᠷ ᠵᠦᠢᠯ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠪᠤᠶᠤ ᠲᠣᠰ ᠠᠵᠢᠯ ᠲᠥᠷᠥᠯ᠂ ᠲᠣᠰ | ᠬᠦᠷᠢᠶᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠣᠷᠣᠰᠢᠬᠤ ᠪᠣᠯᠣᠮᠵᠢ ᠲᠠᠢ ᠶᠢ ᠣᠯᠵᠤ | ᠮᠡᠳᠡᠪᠡᠯ᠂ ᠬᠠᠮᠢᠶ᠎ᠠ ᠪᠥᠬᠦᠶ ᠨᠢᠭᠡᠴᠢ ᠪᠠ ᠬᠤᠪᠢ ᠬᠥᠮᠦᠨ ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠵᠤ᠂ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠷᠬᠡ ᠲᠠᠢ᠃ ᠰᠡᠷᠡᠮᠵᠢᠯᠡᠭᠦᠯᠬᠦ ᠪᠠᠷ ᠪᠣᠯᠵᠣᠨ ᠶᠠᠷᠢᠯᠴᠠᠬᠤ ᠶᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰᠠᠭᠠᠷ ᠢᠶᠠᠷ ᠢᠶᠠᠨ ᠪᠤᠶᠤ ᠬᠠᠮᠲᠤᠷᠠᠨ ᠥᠷᠨᠢᠭᠦᠯᠵᠦ ᠪᠣᠯᠤᠨ᠎ᠠ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰᠠᠭᠠᠷ ᠢᠶᠠᠷ ᠢᠶᠠᠨ ᠪᠣᠯᠵᠣᠨ ᠶᠠᠷᠢᠯᠴᠠᠭᠰᠠᠨ ᠪᠠᠶᠢᠳᠠᠯ ᠵᠢᠴᠢ ᠰᠢᠮᠳᠠᠭᠤᠯᠵᠤ ᠪᠠᠶᠢᠭᠠᠳ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠲᠦᠷᠦᠭᠦᠯᠡᠨ ᠰᠢᠢᠣᠡᠪᠣᠷᠢᠯᠡᠭᠦ | ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠨᠡᠪᠳᠡᠷᠡᠭᠦᠯᠣᠨ ᠮᠡᠳᠡᠭᠡᠯᠡᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠬᠠᠤᠯᠢ ᠪᠤᠰᠤ ᠪᠠᠷ ᠪᠠᠯᠠ | ᠴᠤᠭᠯᠠᠭᠤᠯᠬᠤ ᠲᠦᠭᠰᠢᠭᠦᠷᠢ ᠳᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠢᠯᠡᠷᠡᠬᠦ ᠬᠡᠯᠪᠡᠷᠢ᠂ ᠪᠣᠳᠠᠲᠠᠶ | ᠣᠨᠴᠠᠯᠢᠭ ᠪᠠ ᠬᠤᠤᠷ ᠬᠥᠨᠥᠭᠡᠯᠲᠦ ᠴᠢᠨᠠᠷ ᠵᠡᠷᠭᠡ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ | ᠨᠡᠪᠳᠡᠷᠡᠭᠦᠯᠣᠨ ᠮᠡᠳᠡᠭᠡᠯᠡᠵᠦ᠂ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠠᠨᠠᠭᠤᠯᠤᠮᠵᠢ ᠥᠭᠬᠦ ᠬᠡᠷᠡᠭᠲᠡᠶ᠃ | ᠬᠤᠷᠢᠳᠤᠭᠠᠷ ᠵᠦᠢᠯ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠮᠡᠳᠡᠭᠡ ᠵᠠᠩᠭᠢ ᠶᠢ ᠴᠤᠭᠯᠠᠭᠤᠯᠤᠨ ᠳᠠᠩᠰᠠᠯᠠᠬᠤ | ᠲᠦᠷᠢᠮ ᠢ ᠪᠠᠶᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠡᠯ᠎ᠡ ᠲᠥᠷᠥᠯ ᠤᠨ | ᠬᠡᠷᠡᠭ᠂ ᠰᠦᠪᠡᠭᠴᠢ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠵᠦ᠂ ᠠᠵᠢᠯ ᠤᠨ ᠡᠬᠡ ᠲᠠᠩᠰᠠ | ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠳᠡᠭᠡᠳᠣ ᠨᠢᠭᠡ ᠱᠠᠲᠤᠨ ᠤ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠃ | ᠭᠤᠷᠪᠠᠳᠤᠭᠠᠷ ᠪᠦᠯᠦᠭ ᠪᠠᠶᠢᠢᠴᠠᠭᠠᠬᠤ ᠪᠠ ᠰᠢᠢᠣᠡᠪᠣᠷᠢᠯᠡᠭᠦ | ᠬᠤᠷᠢᠨ ᠨᠢᠭᠡᠳᠦᠭᠡᠷ ᠵᠦᠢᠯ ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ | ᠦᠢᠯᠡ ᠠᠵᠢᠯᠯᠠᠭ᠎ᠠ ᠳᠤ᠂ ᠪᠠᠶᠢᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠬᠡᠷᠡᠭᠲᠡᠶ᠄ | ︵ᠨᠢᠭᠡ︶ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠪᠡᠯᠡ ᠣᠷᠣᠭᠤᠯᠤᠯᠲᠠ ᠵᠢᠴᠢ ᠪᠡᠯᠡ ᠣᠷᠣᠭᠤᠯᠤᠯᠲᠠ ᠶᠢᠨ | ᠵᠥᠪᠯᠡᠮᠵᠢ ᠶᠢᠨ ᠲᠦᠷᠦᠯ ᠤᠨ ᠠᠵᠤ ᠠᠬᠤᠶᠢᠯᠠᠯ᠂ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠪᠤᠶᠤ | ᠲᠠᠪᠴᠠᠩ᠂ ᠲᠠᠷᠢᠶᠠᠴᠢᠨ ᠤ ᠲᠤᠰᠬᠠᠶ ᠬᠤᠷᠰᠢᠶᠠᠵᠢᠯ᠂ ᠪᠡᠯᠡ ᠮᠥᠩᠭᠦ ᠶᠢᠨ ᠬᠠᠪᠰᠤᠷᠤᠯᠴᠠᠬᠤ ᠵᠣᠬᠢᠶᠠᠨ | ᠪᠠᠶᠢᠭᠤᠯᠤᠯᠲᠠ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠡᠯᠡ ᠮᠥᠩᠭᠦ ᠰᠢᠩᠭᠡᠭᠡᠨ ᠠᠪᠬᠤ︔ | ︵ᠬᠤᠶᠠᠷ︶ ᠰᠲ᠋ᠣᠺ ᠤᠨ ᠡᠷᠬᠡ᠂ ᠠᠪᠴᠠᠭᠠᠨ ᠤ ᠡᠷᠬᠡ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠪᠠᠷ ᠰᠠᠭᠤᠷᠢ | ᠮᠥᠩᠭᠦ ᠴᠤᠭᠯᠠᠭᠤᠯᠬᠤ᠂ ᠳᠠᠭᠠᠳᠬᠠᠯ ᠤᠨ ᠦᠢᠯᠡᠳᠬᠦᠨ ᠪᠣᠷᠣᠯᠠᠭᠤᠯᠬᠤ᠂ ᠡᠰᠡᠬᠦᠯ᠎ᠡ ᠡᠯ᠎ᠡ ᠲᠦᠷᠦᠯ ᠤᠨ ᠪᠡᠯᠡ | ᠬᠦᠷᠦᠩᠭᠡ ᠶᠢᠨ ᠬᠠᠮᠢᠶᠠᠷᠤᠯᠲᠠ᠂ ᠬᠡᠶᠢᠰᠪᠦᠷᠢ ᠵᠣᠭᠤᠰ ᠮᠦᠩᠭᠦ᠂ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠯ ᠤᠨ | ᠲᠤᠬᠠᠶᠢᠯᠠᠭᠰᠠᠨ ᠠᠵᠢᠯ ᠡᠷᠬᠢᠯᠡᠬᠦ ᠵᠡᠷᠭᠡ ᠨᠡᠷ᠎ᠡ ᠪᠠᠷ ᠪᠡᠯᠡ ᠮᠥᠩᠭᠦ ᠰᠢᠩᠭᠡᠭᠡᠨ ᠠᠪᠬᠤ︔ | ︵ᠭᠤᠷᠪᠠ︶ ᠲᠠᠸᠠᠷ ᠪᠣᠷᠣᠯᠠᠭᠤᠯᠬᠤ᠂ ᠦᠢᠯᠡᠴᠢᠯᠡᠭᠡ ᠬᠠᠩᠭᠠᠬᠤ᠂ ᠲᠥᠷᠥᠯ ᠵᠦᠢᠯ ᠳᠤ ᠪᠡᠯᠡ ᠣᠷᠣᠭᠤᠯᠣᠯᠳᠡ ᠬᠢᠬᠦ | ᠵᠡᠷᠭᠡ ᠬᠤᠳᠠᠯᠳᠤᠭᠠᠨ ᠤ ᠠᠵᠢᠯᠯᠠᠭ᠎ᠠ ᠳᠤᠮᠳᠠ᠂ ᠵᠣᠭᠤᠰ᠂ ᠰᠲ᠋ᠣᠺ ᠤᠨ ᠡᠷᠬᠡ᠂ ᠪᠣᠳᠠᠲᠤ ᠶᠠᠭᠤᠮ᠎ᠠ ᠵᠡᠷᠭᠡ ᠶᠢᠨ | ᠬᠠᠷᠠᠮᠵᠢ ᠦᠭᠬᠦᠨ᠎ᠡ ᠭᠡᠵᠦ ᠠᠮᠠᠯᠠᠬᠤ ᠬᠡᠯᠪᠡᠷᠢ ᠪᠠᠷ ᠪᠡᠯᠡ ᠮᠥᠩᠭᠦ ᠰᠢᠩᠭᠡᠭᠡᠨ ᠠᠪᠬᠤ︔ | ︵ᠳᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠵᠠᠭᠤᠴᠢᠯᠠᠭᠤᠷ᠂ ᠳᠠᠷᠤᠢ ᠲᠥᠷᠭᠡᠨ ᠴᠢᠮᠡᠭᠡ ᠨᠡᠪᠲᠡᠷᠡᠬᠦ | ᠪᠠᠭᠠᠵᠢ ᠪᠤᠶᠤ ᠪᠤᠰᠤᠳ ᠠᠷᠭ᠎ᠠ ᠪᠠᠷ ᠪᠡᠯᠡ ᠮᠦᠩᠭᠦ ᠰᠢᠩᠭᠡᠬᠡᠨ ᠠᠪᠤᠭᠰᠠᠨ ᠮᠡᠳᠡᠭᠡ ᠵᠠᠩᠭᠢ ᠶᠢ ᠢᠯᠡ ᠪᠠᠷ | ᠤᠯᠠᠮᠵᠢᠯᠠᠨ ᠲᠠᠷᠬᠠᠭᠠᠬᠤ︔ | ︵ᠲᠠᠪᠤ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠪᠤᠰᠤᠳ ᠦᠢᠯᠨ ᠠᠵᠢᠯᠯᠠᠭ᠎ᠠ᠃ | ᠬᠤᠷᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠳᠤ | ᠂ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ | ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠪᠠᠶᠢᠢᠴᠠᠭᠠᠯᠲᠠ ᠬᠢᠵᠦ | ᠮᠠᠭᠠᠳᠯᠠᠨ ᠲᠣᠭᠲᠠᠭᠠᠬᠤ ᠬᠡᠷᠡᠭᠲᠡᠶ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠰᠡᠵᠢᠭᠯᠡᠯᠲᠡᠶ ᠦᠢᠯᠡ | ᠠᠵᠢᠯᠯᠠᠭ᠎ᠠ ᠳᠤ᠂ ᠬᠠᠤᠯᠢ ᠪᠤᠰᠤ ᠪᠠᠷ ᠪᠠᠯᠠ ᠴᠤᠭᠯᠠᠭᠤᠯᠤᠭᠴᠢ ᠨᠢ ᠨᠢᠭᠡᠴᠢ ᠪᠠᠶᠢᠪᠠᠯ᠂ ᠲᠡᠭᠦᠨ ᠤ | ᠳᠠᠩᠰᠠᠯᠠᠭᠤᠯᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠪᠠᠶᠢᠢᠴᠠᠭᠠᠯᠲᠠ ᠬᠢᠵᠦ | ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠢᠭᠤᠯᠤᠨᠠ︔ ᠬᠠᠤᠯᠢ ᠪᠤᠰᠤ ᠪᠠᠷ ᠪᠠᠯᠠ ᠴᠤᠭᠯᠠᠭᠤᠯᠤᠭᠴᠢ ᠨᠢ ᠬᠤᠪᠢ | ᠬᠥᠮᠦᠨ ᠪᠠᠶᠢᠪᠠᠯ᠂ ᠲᠡᠭᠦᠨ ᠤ ᠰᠠᠭᠤᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠠᠴᠠ ᠪᠠᠶᠢᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠢᠭᠤᠯᠤᠨᠠ᠃ | ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠬᠡᠮᠡᠨ ᠰᠡᠵᠢᠭᠯᠡᠭᠳᠡᠭᠰᠡᠨ ᠬᠦᠨᠳᠣ ᠶᠡᠭᠡ᠂ ᠬᠦᠴᠢᠷ ᠲᠦᠪᠡᠭᠲᠡᠶ᠂ ᠨᠠᠷᠢᠨ | ᠪᠤᠳᠤᠯᠢᠶᠠᠨᠲᠠᠶ ᠦᠢᠯᠡ ᠠᠵᠢᠯᠯᠠᠭ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ ᠲᠡᠳᠡᠨᠤᠰ ᠢᠶᠠᠷ | ᠪᠠᠶᠢᠢᠴᠠᠭᠠᠯᠳᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠢᠭᠤᠯᠤᠭᠤᠯᠬᠤ ᠪᠠᠷ ᠮᠡᠳᠡᠭᠦᠯᠦᠨ ᠳᠡᠪᠰᠢᠭᠦᠯᠵᠦ | ᠪᠣᠯᠣᠨ᠎ᠠ᠃ ᠦᠨᠡᠨ ᠬᠦ ᠴᠢᠬᠤᠯᠠᠲᠠᠢ ᠦᠶ᠎ᠡ ᠳᠤ᠂ ᠠᠶᠢᠮᠠᠭ ᠬᠤᠲᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ | ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ ᠲᠡᠳᠡᠨᠤᠰ ᠢᠶᠠᠷ | ᠪᠠᠶᠢᠢᠴᠠᠭᠠᠯᠳᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠢᠭᠤᠯᠤᠭᠤᠯᠬᠤ ᠪᠠᠷ ᠮᠡᠳᠡᠬᠦᠯᠦᠨ ᠲᠡᠪᠰᠢᠬᠦᠯᠵᠦ | ᠪᠤᠯᠤᠨ᠎ᠠ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠬᠠᠮᠢᠶ᠎ᠠ ᠪᠥᠬᠦᠶ ᠰᠠᠯᠠᠭ᠎ᠠ | ᠮᠥᠴᠢᠷ ᠨᠢ ᠪᠠᠶᠢᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠢᠭᠤᠯᠬᠤ ᠡᠭᠦᠷᠭᠡ | ᠬᠠᠷᠢᠭᠤᠴᠠᠯᠭ᠎ᠠ ᠶᠢᠨ ᠲᠠᠯ᠎ᠠ ᠪᠠᠷ ᠮᠠᠷᠭᠤᠭᠠᠨ ᠲᠠᠢ ᠪᠠᠶᠢᠪᠠᠯ᠂ ᠲᠡᠳᠡᠨ ᠤ ᠬᠠᠮᠲᠤ ᠶᠢᠨ ᠳᠡᠭᠡᠳᠦ ᠱᠠᠲᠤᠨ ᠤ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠲᠣᠭᠲᠠᠭᠠᠨ᠎ᠠ | ᠃ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠦᠢᠯᠡ ᠠᠵᠢᠯᠯᠠᠭ᠎ᠠ ᠡᠭᠦᠰᠦᠭᠰᠡᠨ ᠭᠠᠵᠠᠷ᠂ | ᠴᠤᠭᠯᠠᠭᠤᠯᠤᠭᠰᠠᠨ ᠪᠡᠯᠡ ᠬᠥᠷᠥᠩᠭᠡ ᠶᠢᠨ ᠪᠠᠶᠢᠭ᠎ᠠ ᠭᠠᠵᠠᠷ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ | ᠬᠠᠮᠵᠢᠬᠴᠢ᠂ ᠪᠡᠯᠡ ᠴᠣᠭᠯᠠᠭᠤᠯᠬᠤ ᠳᠤ ᠣᠷᠣᠯᠴᠠᠭᠴᠢ ᠶᠢᠨ ᠪᠠᠶᠢᠭ᠎ᠠ ᠭᠠᠵᠠᠷ ᠤᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠢᠴᠠᠭᠠᠯᠲᠠ ᠬᠢᠵᠦ ᠮᠠᠭᠠᠳᠯᠠᠨ | ᠲᠣᠭᠲᠠᠭᠠᠬᠤ ᠠᠵᠢᠯ ᠳᠤ ᠬᠠᠮᠵᠢᠯᠴᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠥᠢᠯᠡ | ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤ ᠨᠢ ᠬᠢᠨᠠᠨ ᠪᠠᠶᠢᠴᠠᠭᠠᠵᠤ᠂ ᠬᠥᠯᠢᠶᠡᠨ ᠠᠪᠴᠤ ᠰᠢᠢᠳᠪᠦᠷᠢᠯᠡᠬᠦ | ᠡᠰᠡᠬᠦ ᠪᠠᠨ ᠲᠣᠭᠲᠠᠭᠠᠬᠤ ᠬᠡᠷᠡᠭᠲᠡᠶ᠃ ᠬᠢᠨᠠᠨ ᠪᠠᠶᠢᠢᠴᠠᠭᠠᠳ ᠬᠠᠮᠢᠶ᠎ᠠ ᠪᠦᠬᠦᠢ ᠦᠢᠯᠡ ᠠᠵᠢᠯᠯᠠᠭ᠎ᠠ ᠨᠢ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶᠢᠵᠤ᠂ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ | ᠪᠠᠭᠳᠠᠬᠤ ᠪᠠᠷ ᠦᠵᠡᠵᠦ ᠪᠠᠶᠢᠢᠪᠡᠯ᠂ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠪᠠᠶᠢᠴᠠᠭᠠᠯᠲᠠ ᠬᠢᠬᠦ ᠶᠢ | ᠵᠣᠬᠢᠶᠠᠨ ᠪᠠᠶᠢᠢᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ ᠪᠠᠭᠲᠠᠬᠤ ᠦᠭᠡᠢ ᠪᠣᠯ᠂ | ᠬᠠᠷᠢᠶᠠᠯᠠᠬᠤ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠥᠢᠯᠡ ᠠᠵᠢᠯᠯᠠᠭ᠎ᠠ ᠶᠢ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ | ᠬᠥᠯᠢᠶᠡᠨ ᠠᠪᠬᠤ ᠪᠠᠷ ᠲᠣᠭᠲᠠᠭᠰᠠᠨ ᠪᠣᠯ᠂ ᠴᠠᠭ ᠲᠤᠬᠠᠶ ᠳᠤ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ᠂ | ᠨᠢᠭᠡᠴᠢ ᠶᠢ ᠵᠣᠬᠢᠶᠠᠨ ᠪᠠᠶᠢᠢᠭᠤᠯᠣᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠢ ᠬᠠᠤᠯᠢ ᠶᠣᠰᠣᠭᠠᠷ | ᠪᠠᠶᠢᠴᠠᠭᠠᠬᠤ ᠬᠡᠷᠡᠭᠲᠡᠶ᠃ | ᠪᠠᠶᠢᠴᠠᠭᠠᠬᠤ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ᠂ ᠪᠠᠶᠢᠴᠠᠭᠠᠬᠤ ᠳᠤ ᠪᠠᠨ | ᠪᠠᠶᠢᠴᠠᠭᠠᠭᠳᠠᠬᠤ ᠡᠲᠡᠭᠡᠳ ᠲᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ | ᠦᠵᠡᠭᠦᠯᠬᠦ ᠬᠡᠷᠡᠭᠲᠡᠶ᠃ | ᠪᠠᠶᠢᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠨᠢ ᠪᠠᠶᠢᠢᠴᠠᠭᠠᠯᠲᠠ ᠳᠤ | ᠬᠠᠮᠵᠢᠯᠴᠠᠬᠤ ᠬᠡᠷᠡᠭᠲᠡᠶ᠂ ᠲᠡᠪᠴᠢᠭᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠥᠢᠯᠡ | ᠠᠵᠢᠯᠯᠠᠭ᠎ᠠ ᠶᠢ ᠵᠣᠬᠢᠶᠠᠨ ᠪᠠᠶᠢᠢᠭᠤᠯᠵᠤ ᠪᠠᠶᠢᠴᠠᠭᠠᠬᠤ ᠳᠤ ᠪᠠᠨ᠂ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠲᠠᠯᠠᠪᠤᠷ ᠭᠠᠵᠠᠷ ᠲᠤ ᠣᠷᠣᠵᠤ᠂ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠨᠢᠭᠡᠴᠢ ᠪᠤᠶᠤ ᠬᠤᠪᠢ ᠬᠥᠮᠦᠨ ᠤ ᠦᠨᠳᠦᠰᠦᠨ ᠪᠠᠶᠢᠳᠠᠯ᠂ ᠪᠡᠯᠡ | ᠴᠣᠭᠯᠠᠭᠤᠯᠣᠭᠰᠠᠨ ᠠᠷᠭ᠎ᠠ ᠬᠡᠯᠪᠡᠷᠢ᠂ ᠴᠤᠭᠯᠠᠭᠤᠯᠤᠭᠰᠠᠨ ᠵᠤᠭᠤᠰ ᠤᠨ ᠲᠤᠭ᠎ᠠ ᠬᠡᠮᠵᠢᠶ᠎ᠡ᠂ ᠣᠷᠣᠯᠴᠠᠭᠰᠠᠨ | ᠬᠥᠮᠦᠨ ᠤ ᠲᠤᠭ᠎ᠠ᠂ ᠪᠡᠯᠡ ᠮᠥᠩᠭᠦᠨ ᠤ ᠠᠵᠢᠯᠯᠠᠭ᠎ᠠ᠂ ᠵᠣᠭᠤᠰ ᠰᠣᠯᠢᠵᠤ ᠲᠥᠯᠥᠭᠰᠡᠨ ᠪᠠᠶᠢᠳᠠᠯ᠂ ᠬᠤᠪᠢ | ᠣᠷᠣᠭᠤᠯᠤᠭᠴᠢ ᠪᠤᠶᠤ ᠪᠣᠳᠠᠲᠠᠶ ᠡᠵᠡᠮᠳᠡᠭᠴᠢ ᠶᠢᠨ ᠭᠤᠣᠯ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ ᠭᠡᠷᠡᠴᠢ | ᠴᠤᠭᠯᠠᠭᠤᠯᠬᠤ︔ | ︵ᠬᠤᠶᠠᠷ︶ ᠪᠠᠶᠢᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠠᠴᠠ ᠯᠠᠪᠯᠠᠨ | ᠠᠰᠠᠭᠤᠵᠤ᠂ ᠲᠡᠭᠦᠨ ᠢ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ | ᠱᠠᠭᠠᠷᠳᠠᠬᠤ︔ | ︵ᠭᠤᠷᠪᠠ︶ ᠪᠠᠶᠢᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠪᠢᠴᠢᠭ ᠬᠠᠷ᠎ᠠ᠂ ᠮᠠᠲ᠋ᠧᠷᠢᠶᠠᠯ᠂ ᠡᠯᠧᠺᠲᠷᠣᠨ | ᠲᠤᠭ᠎ᠠ ᠪᠠᠷᠢᠮᠳᠡ ᠵᠡᠷᠭᠡ ᠶᠢ ᠪᠠᠶᠢᠴᠠᠭᠠᠨ ᠦᠵᠡᠬᠦ ᠪᠠ ᠬᠠᠭᠤᠯᠪᠤᠷᠢᠯᠠᠵᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ | ᠰᠦᠢᠳᠬᠡᠵᠦ ᠮᠡᠳᠡᠬᠦ ᠪᠢᠴᠢᠭ ᠬᠠᠷ᠎ᠠ᠂ ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠵᠡᠷᠭᠡ ᠶᠢ ᠪᠢᠲᠡᠭᠦᠮᠵᠢᠯᠡᠨ | ᠬᠠᠳᠠᠭᠠᠯᠠᠬᠤ︔ | ︵ᠳᠥᠷᠪᠡ︶ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ | ᠰᠡᠵᠢᠭᠯᠡᠯᠲᠡᠢ ᠬᠤᠯᠪᠣᠭᠳᠠᠯ ᠪᠥᠬᠦᠶ ᠲᠠᠩᠰᠠᠨ ᠡᠷᠦᠬᠡ ᠶᠢ ᠬᠠᠤᠯᠢ ᠶᠣᠰᠣᠭᠠᠷ ᠪᠠᠶᠢᠴᠠᠭᠠᠨ ᠯᠠᠪᠯᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠶ | ᠪᠥᠭᠡᠳ ᠪᠠᠶᠢᠴᠠᠭᠠᠨ ᠯᠠᠪᠯᠠᠭᠰᠠᠨ ᠠᠭᠤᠯᠭ᠎ᠠ ᠪᠠ ᠬᠠᠮᠢᠶ᠎ᠠ ᠪᠦᠬᠦᠢ ᠪᠠᠶᠢᠳᠠᠯ ᠤᠨ ᠨᠢᠭᠤᠴᠠ ᠶᠢ ᠬᠠᠮᠠᠭᠠᠯᠠᠵᠤ᠂ | ᠪᠠᠶᠢᠴᠠᠭᠠᠨ ᠯᠠᠪᠯᠠᠭᠳᠠᠭᠰᠠᠨ ᠨᠢᠭᠡᠴᠢ ᠪᠠ ᠬᠤᠪᠢ ᠬᠥᠮᠦᠨ ᠳᠤ ᠮᠡᠳᠡᠭᠳᠡᠵᠦ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠪᠠᠶᠢᠢᠴᠠᠭᠠᠵᠣ ᠭᠡᠷᠡᠴᠢ ᠴᠣᠭᠯᠠᠭᠤᠯᠬᠤ ᠬᠤᠭᠤᠴᠠᠭᠠᠨ ᠳᠤ᠂ ᠬᠡᠷᠡᠭ ᠲᠤ | ᠬᠤᠯᠪᠣᠭᠳᠠᠭᠰᠠᠨ ᠪᠡᠯᠡ ᠮᠥᠩᠭᠦ ᠶᠢ ᠲᠠᠯᠳᠠᠭᠤᠷ ᠰᠢᠯᠵᠢᠬᠦᠯᠬᠦ᠂ ᠰᠢᠯᠵᠢᠭᠦᠯᠬᠦ᠂ ᠨᠢᠭᠤᠨ ᠳᠠᠯᠳᠠᠯᠠᠬᠤ ᠵᠢᠴᠢ ᠭᠤᠣᠯ | ᠰᠡᠵᠢᠭᠯᠡᠯᠲᠡᠶ ᠬᠥᠮᠥᠨ ᠤ ᠣᠷᠭᠤᠨ ᠲᠣᠳᠠᠭᠠᠬᠤ ᠠᠴᠠ ᠰᠡᠷᠭᠡᠶᠢᠯᠡᠬᠦ ᠶᠢᠨ ᠲᠤᠰᠠᠳᠠ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠳᠤ ᠬᠠᠤᠯᠢ ᠶᠣᠰᠣᠭᠠᠷ ᠴᠢᠬᠤᠯᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠪᠠᠷ | ᠮᠡᠳᠡᠭᠳᠡᠵᠦ ᠪᠣᠯᠤᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠦᠢᠯᠨ ᠠᠵᠢᠯᠯᠠᠭ᠎ᠠ ᠲᠠᠢ | ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠦᠨ ᠳᠤ ᠪᠡᠯᠡ ᠴᠤᠭᠯᠠᠭᠤᠯᠬᠤ ᠠᠵᠢᠯᠯᠠᠭ᠎ᠠ ᠪᠠᠨ ᠲᠦᠷ ᠵᠣᠭᠰᠣᠭᠠᠬᠤ ᠪᠠᠷ | ᠱᠠᠭᠠᠷᠳᠠᠬᠤ ᠡᠷᠬᠡ ᠲᠠᠢ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠬᠤᠯᠪᠣᠭᠳᠠᠯ ᠪᠦᠬᠦᠢ | ᠨᠢᠭᠡᠴᠢ ᠳᠤ ᠪᠠᠶᠢᠭᠤᠯᠬᠤ᠂ ᠬᠤᠪᠢᠷᠠᠭᠤᠯᠬᠤ ᠪᠤᠶᠤ ᠳᠠᠩᠰᠠᠯᠠᠯ ᠢ ᠬᠦᠴᠦᠨ ᠦᠭᠡᠢ ᠪᠣᠯᠭᠠᠬᠤ ᠭᠠᠷ ᠭᠦᠢᠴᠡᠳᠭᠡᠯ | ᠬᠢᠬᠦ ᠶᠢ ᠲᠦᠷ ᠵᠣᠭᠰᠣᠭᠠᠬᠤ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠮᠡᠳᠡᠭᠳᠡᠨ᠎ᠡ᠃ | ᠬᠤᠷᠢᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ | ᠰᠠᠨᠠᠯ ᠢ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶᠢᠭ᠎ᠠ ᠭᠠᠵᠠᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ | ᠵᠡᠷᠭᠡ ᠶᠢ ᠴᠠᠭ ᠲᠤᠬᠠᠢ ᠳᠤ ᠨᠢ ᠵᠣᠬᠢᠶᠠᠨ ᠪᠠᠶᠢᠢᠭᠤᠯᠣᠨ ᠰᠤᠳᠤᠯᠤᠨ ᠮᠠᠭᠠᠳᠯᠠᠵᠤ᠂ ᠳᠣᠣᠷᠠᠬᠢ ᠮᠡᠲᠦ ᠮᠠᠭᠠᠳᠯᠠᠨ | ᠲᠣᠭᠲᠠᠭᠠᠬᠤ ᠰᠠᠨᠠᠯ ᠭᠠᠷᠭᠠᠬᠤ ᠬᠡᠷᠡᠭᠲᠡᠢ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠪᠠᠷ ᠮᠠᠭᠠᠳᠯᠠᠨ ᠲᠣᠭᠲᠠᠭᠠᠭᠰᠠᠨ ᠪᠣᠯ᠂ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠬᠴᠢ ᠶᠢ | ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠬᠠᠤᠯᠢ ᠪᠤᠰᠤ ᠦᠢᠯᠨ ᠠᠵᠢᠯᠯᠠᠭ᠎ᠠ ᠶᠢ ᠨᠢ ᠲᠡᠷᠡ ᠳᠠᠷᠤᠶ ᠳᠤ ᠨᠢ | ᠵᠣᠭᠰᠣᠭᠠᠬᠤ ᠶᠢᠨ ᠬᠠᠮᠲᠤ᠂ ᠬᠠᠤᠯᠢ ᠶᠣᠰᠣᠭᠠᠷ ᠰᠢᠢᠣᠡᠪᠣᠷᠢᠯᠡᠭᠦ ᠬᠡᠷᠩᠲᠠᠢ︔ ᠶᠠᠯ᠎ᠠ ᠬᠢᠭᠰᠡᠨ ᠰᠡᠵᠢᠭᠯᠡᠯᠲᠡᠶ ᠪᠠᠶᠢᠬᠤ ᠶᠢ | ᠣᠯᠵᠤ ᠮᠡᠳᠡᠪᠡᠯ᠂ ᠲᠣᠭᠲᠠᠭᠠᠯ ᠶᠣᠰᠣᠭᠠᠷ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ | ᠲᠤᠬᠠᠶ ᠳᠤ ᠨᠢ ᠰᠢᠯᠵᠢᠭᠦᠯᠦᠨ ᠬᠦᠷᠭᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠶ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠦᠭᠡᠢ ᠪᠠᠷ ᠮᠠᠭᠠᠳᠯᠠᠨ | ᠲᠣᠭᠲᠠᠭᠠᠭᠰᠠᠨ ᠪᠣᠯ᠂ ᠪᠠᠶᠢᠢᠴᠠᠭᠠᠬᠤ ᠪᠠᠨ ᠵᠣᠭᠰᠣᠭᠠᠨ᠎ᠠ᠃ | ᠬᠤᠷᠢᠨ ᠨᠠᠶᠢᠮᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠬᠡᠷᠡᠭᠴᠡᠭᠡ ᠪᠠᠨ | ᠦᠨᠳᠦᠰᠦᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠬᠤᠯᠪᠣᠭᠳᠠᠯ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠵᠦ᠂ ᠬᠤᠯᠪᠣᠭᠳᠠᠯ | ᠪᠦᠬᠦᠢ ᠪᠡᠯᠡ ᠬᠦᠷᠦᠩᠭᠡ ᠶᠢ ᠪᠠᠶᠢᠴᠠᠭᠠᠨ ᠪᠢᠲᠡᠭᠦᠮᠵᠢᠯᠡᠵᠦ᠂ ᠪᠠᠷᠢᠴᠠᠭᠠᠨ ᠳᠤ ᠦᠯᠡᠳᠡᠭᠡᠬᠦ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ | ᠬᠠᠮᠵᠢᠬᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠪᠡᠯᠡ ᠬᠦᠷᠦᠩᠭᠡ ᠪᠠᠨ ᠨᠡᠬᠡᠮᠵᠢᠯᠡᠨ ᠠᠪᠴᠢᠷᠠᠵᠣ᠂ | ᠦᠨ᠎ᠡ ᠶᠢ ᠨᠢ ᠬᠤᠪᠢᠷᠠᠭᠠᠨ ᠬᠤᠳᠠᠯᠳᠤᠭᠠᠯᠠᠵᠦ ᠪᠠᠶᠢᠢᠭᠠᠣᠨ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ | ᠪᠣᠴᠠᠭᠠᠯᠭᠠᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢᠶᠠᠷ ᠲᠣᠭᠲᠠᠭᠠᠯᠭᠠᠵᠤ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠯᠢ ᠪᠠᠷ ᠭᠠᠷᠴᠤ ᠣᠷᠣᠬᠤ ᠳᠠᠬᠢ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠪᠠᠶᠢᠭᠤᠯᠭ᠎ᠠ ᠳᠤ ᠮᠡᠳᠡᠭᠳᠡᠵᠦ᠂ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠬᠤᠪᠢ ᠬᠥᠮᠦᠨ ᠪᠤᠶᠤ ᠬᠠᠤᠯᠢ | ᠪᠤᠰᠤ ᠪᠠᠷ ᠪᠠᠯᠠ ᠴᠤᠭᠯᠠᠭᠤᠯᠤᠭᠰᠠᠨ ᠨᠢᠭᠡᠴᠢ ᠶᠢᠨ ᠬᠤᠪᠢ ᠡᠵᠡᠮᠳᠡᠭᠰᠡᠨ ᠬᠤᠪᠢ ᠣᠷᠣᠭᠤᠯᠤᠭᠴᠢ᠂ ᠪᠣᠳᠠᠲᠠᠶ | ᠡᠵᠡᠮᠳᠡᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠭᠴᠢ ᠵᠢᠴᠢ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠦᠨ ᠤ ᠬᠢᠯᠢ ᠠᠴᠠ ᠭᠠᠷᠬᠤ ᠶᠢ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠤᠨ ᠠᠷᠭ᠎ᠠ ᠬᠡᠮᠵᠢᠶ᠎ᠡ ᠶᠢ ᠠᠪᠬᠤ ᠳᠤ᠂ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠬᠡᠷᠡᠭ ᠢ ᠰᠢᠢᠳᠪᠦᠷᠢᠯᠡᠭᠰᠡᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠪᠲᠡᠷᠡᠭᠦᠯᠦᠨ ᠮᠡᠳᠡᠭᠡᠯᠡᠵᠦ᠂ | ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡᠨ ᠳᠤ ᠨᠢ | ᠨᠡᠶᠢᠢᠴᠡᠪᠡᠯ᠂ ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯ ᠢ ᠡᠬᠢᠯᠡᠭᠦᠯᠬᠦ ᠬᠡᠷᠡᠭᠲᠡᠶ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠣᠡᠪᠣᠷᠢᠯᠡᠭᠦ ᠳᠤ᠂ ᠪᠦᠯᠦᠭᠵᠢᠯ ᠤᠨ ᠴᠢᠨᠠᠷᠲᠠᠶ ᠬᠡᠷᠡᠭ ᠡᠭᠦᠰᠭᠦ ᠪᠤᠶᠤ ᠬᠦᠴᠦᠷᠬᠡᠭᠯᠡᠯ ᠢᠶᠠᠷ ᠬᠠᠷᠰᠢᠯᠠᠵᠣ ᠮᠡᠳᠡᠭᠦ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠬᠠᠤᠯᠢ ᠬᠡᠷᠡᠭᠵᠢᠭᠦᠯᠦᠨ ᠪᠠᠶᠢᠢᠴᠠᠭᠠᠬᠤ ᠦᠶ᠎ᠡ ᠳᠤ ᠪᠠᠶᠢᠢᠴᠠᠭᠠᠬᠤ ᠶᠢ ᠬᠠᠷ᠎ᠡ ᠰᠠᠨᠠᠭ᠎ᠠ ᠪᠠᠷ ᠬᠠᠷᠰᠢᠯᠠᠬᠤ᠂ | ᠠᠶᠤᠯᠭᠠᠨ ᠰᠦᠷᠳᠡᠭᠦᠯᠬᠦ ᠪᠤᠶᠤ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠵᠡᠷᠭᠡ ᠪᠠᠶᠢᠳᠠᠯ ᠲᠤᠯᠭᠠᠷᠠᠬᠤ︔ | ︵ᠭᠤᠷᠪᠠ︶ ᠶᠠᠭ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠶ | ᠵᠠᠰᠠᠭ ᠵᠠᠬᠢᠷᠭᠠᠨ ᠤ ᠬᠡᠷᠡᠭ ᠨᠢ ᠡᠷᠡᠭᠦᠦ ᠶᠢᠨ ᠶᠠᠯᠠᠲᠤ ᠬᠡᠷᠡᠭ ᠲᠤ ᠬᠤᠯᠪᠣᠭᠳᠠᠵᠤ ᠮᠡᠳᠡᠬᠦ︔ | ︵ᠳᠥᠷᠪᠡ︶ ᠬᠠᠤᠯᠢ ᠪᠤᠰᠤ ᠪᠠᠷ ᠪᠠᠯᠠ ᠴᠣᠭᠯᠠᠭᠤᠯᠬᠤ ᠦᠢᠯᠨ ᠠᠵᠢᠯᠯᠠᠭ᠎ᠠ ᠠᠮᠠᠷᠬᠠᠨ ᠡᠭᠦᠰᠬᠦ᠂ ᠣᠯᠠᠨ ᠡᠭᠦᠰᠬᠦ | ᠬᠦᠷᠢᠶᠡᠨ ᠳᠤ ᠬᠤᠯᠪᠣᠭᠠᠯᠠᠨ ᠴᠡᠭᠴᠡᠯᠡᠨ ᠵᠠᠰᠠᠯᠲᠠ ᠥᠷᠨᠢᠭᠦᠯᠬᠦ︔ | ︵ᠲᠠᠪᠤ︶ ᠬᠤᠯᠪᠣᠭᠠᠯᠠᠨ ᠬᠠᠤᠯᠢ ᠬᠡᠷᠡᠭᠵᠢᠭᠦᠯᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠣ ᠪᠠᠶᠢᠢᠬᠤ᠃ | ᠬᠤᠯᠪᠣᠭᠠᠯᠠᠨ ᠬᠠᠤᠯᠢ ᠬᠡᠷᠡᠭᠵᠢᠭᠦᠯᠬᠦ ᠶᠠᠪᠤᠴᠠ ᠳᠤ ᠪᠤᠢ ᠪᠣᠯᠤᠭᠰᠠᠨ ᠵᠠᠰᠠᠭ ᠵᠠᠬᠢᠷᠭᠠᠨ ᠤ ᠲᠣᠭᠲᠠᠭᠠᠯ ᠢ ᠪᠣᠯ | ᠬᠤᠯᠪᠣᠭᠠᠯᠠᠨ ᠬᠠᠤᠯᠢ ᠬᠡᠷᠩᠵᠢᠭᠦᠯᠭᠦ ᠳᠤ ᠣᠷᠣᠯᠴᠠᠭᠰᠠᠨ ᠰᠠᠯᠠᠭ᠎ᠠ ᠮᠥᠴᠢᠷ᠂ ᠨᠢᠭᠡᠴᠢ ᠨᠢ ᠦᠪᠡᠷ ᠦᠪᠡᠷ ᠤᠨ ᠢᠶᠠᠨ | ᠡᠷᠬᠡ ᠲᠤᠰᠢᠶᠠᠯ ᠤᠨ ᠬᠡᠪᠴᠢᠶᠡᠨ ᠳᠤ ᠪᠠᠨ ᠬᠠᠤᠯᠢ ᠶᠣᠰᠣᠭᠠᠷ ᠭᠠᠷᠭᠠᠨ᠎ᠠ᠃ | ᠭᠤᠴᠢᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠬᠡᠷᠡᠭ ᠤᠨ ᠬᠡᠷᠡᠭᠴᠡᠭᠡ ᠪᠠᠨ ᠦᠨᠳᠦᠰᠦᠯᠡᠨ᠂ ᠬᠠᠤᠯᠢ ᠳᠤ ᠲᠣᠭᠲᠠᠭᠰᠠᠨ ᠬᠢᠷᠢ ᠴᠢᠳᠠᠮᠵᠢ ᠲᠠᠢ | ᠲᠤᠰᠬᠠᠶ ᠮᠡᠷᠭᠡᠵᠢᠯ ᠤᠨ ᠪᠠᠶᠢᠭᠤᠯᠤᠮᠵᠢ ᠪᠤᠶᠤ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠳᠤ ᠨᠠᠶᠢᠳᠠᠵᠤ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠲᠠᠬᠢ ᠲᠤᠰᠬᠠᠶ ᠵᠦᠢᠯᠡᠰ ᠲᠤ ᠪᠠᠶᠢᠴᠠᠭᠠᠨ ᠰᠢᠨᠵᠢᠭᠦ᠂ ᠬᠢᠨᠠᠨ | ᠲᠣᠭᠳᠠᠭᠠᠯᠳᠠ ᠬᠢᠭᠦ᠂ ᠦᠨᠡᠯᠡᠨ ᠵᠢᠱᠢᠬᠦ᠂ ᠬᠢᠨᠠᠨ ᠪᠤᠳᠤᠯᠳᠠ ᠬᠢᠵᠦ ᠪᠣᠯᠤᠨ᠎ᠠ᠃ | ᠭᠤᠴᠢᠨ ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠶᠠᠯᠠᠲᠤ ᠬᠡᠷᠡᠭ ᠢ ᠰᠢᠯᠵᠢᠭᠦᠯᠦᠨ ᠬᠦᠷᠭᠡᠬᠦ ᠲᠥᠷᠢᠮ ᠢ ᠪᠠᠶᠢᠭᠤᠯᠤᠨ | ᠪᠥᠷᠢᠨᠰᠢᠬᠦᠯᠵᠤ᠂ ᠬᠡᠷᠡᠭ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ᠂ ᠵᠣᠯᠭᠠᠭᠤᠯᠬᠤ ᠲᠡᠰ ᠳᠠᠷᠠᠭᠠᠯᠠᠯ ᠢ | ᠵᠢᠷᠤᠮᠵᠢᠭᠤᠯᠬᠤ ᠶᠢᠨ ᠬᠠᠮᠲᠤ ᠬᠠᠮᠢᠶ᠎ᠠ ᠪᠥᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠬᠠᠮᠵᠢᠬᠴᠢ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠤᠨ ᠬᠢᠨᠠᠯᠲᠠ ᠳᠣᠣᠷ᠎ᠠ ᠪᠡᠯᠡ ᠴᠣᠭᠯᠠᠭᠤᠯᠬᠤ ᠳᠤ ᠣᠷᠣᠯᠴᠠᠭᠴᠢ ᠳᠤ ᠪᠡᠯᠡ | ᠮᠥᠩᠭᠦ ᠶᠢ ᠨᠢ ᠢᠯᠭᠠᠷᠠᠭᠤᠯᠤᠨ ᠪᠤᠴᠠᠭᠠᠬᠤ ᠬᠡᠷᠡᠭᠲᠡᠶ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠢᠯᠭᠠᠷᠠᠭᠤᠯᠤᠨ ᠪᠤᠴᠠᠭᠠᠵᠤ ᠪᠣᠯᠬᠤᠶᠢᠢᠴᠠ ᠪᠡᠯᠡ ᠮᠥᠩᠭᠦ ᠶᠢ | ᠡᠮᠬᠢᠯᠡᠵᠦ ᠴᠣᠭᠯᠠᠭᠤᠯᠬᠤ ᠪᠠᠨ ᠴᠢᠩᠭᠠᠳᠬᠠᠵᠤ᠂ ᠪᠡᠯᠡ ᠴᠣᠭᠯᠠᠭᠤᠯᠬᠤ ᠳᠤ ᠣᠷᠣᠯᠴᠠᠭᠴᠢ ᠶᠢᠨ ᠲᠤᠭ᠎ᠠ᠂ | ᠴᠤᠭᠯᠠᠭᠤᠯᠤᠭᠰᠠᠨ ᠵᠣᠭᠤᠰ ᠤᠨ ᠲᠤᠭ᠎ᠠ᠂ ᠣᠯᠤᠭᠰᠠᠨ ᠠᠵᠤ ᠠᠬᠤᠶ ᠶᠢᠨ ᠠᠰᠢᠭ ᠲᠤᠰᠠ ᠵᠡᠷᠭᠡ ᠪᠠᠶᠢᠳᠠᠯ ᠢ | ᠡᠵᠡᠮᠰᠢᠵᠦ᠂ ᠠᠮᠠᠷᠬᠠᠨ ᠡᠪᠳᠡᠷᠡᠵᠦ ᠬᠤᠬᠢᠷᠠᠬᠤ᠂ ᠦᠷᠳᠡᠭ ᠪᠠᠭᠤᠷᠠᠬᠤ᠂ ᠤᠰᠠᠳᠴᠤ ᠭᠡᠭᠡᠭᠳᠡᠬᠦ ᠡᠳ᠋ ᠬᠦᠷᠦᠩᠭᠡ | ᠪᠣᠳᠠᠰ ᠢ ᠴᠠᠭ ᠲᠤᠬᠠᠶ ᠳᠤ ᠨᠢ ᠬᠤᠳᠠᠯᠳᠣᠵᠣ᠂ ᠪᠡᠯᠡᠨ ᠵᠣᠭᠤᠰ ᠪᠣᠯᠭᠠᠬᠤ ᠪᠤᠶᠤ ᠬᠤᠯᠪᠣᠭᠳᠠᠯ ᠪᠦᠬᠦᠢ ᠪᠡᠯᠡ | ᠬᠦᠷᠦᠩᠭᠡ ᠶᠢ ᠤᠷᠢᠳ ᠢᠶᠠᠷ ᠬᠤᠪᠢᠷᠠᠭᠤᠯᠤᠨ ᠬᠤᠳᠠᠯᠳᠤᠬᠤ᠂ ᠦᠨ᠎ᠡ ᠬᠠᠶᠠᠨ ᠬᠤᠳᠠᠯᠳᠤᠵᠤ᠂ ᠴᠤᠭᠯᠠᠭᠤᠯᠤᠭᠰᠠᠨ | ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠡᠷᠡᠭᠯᠡᠬᠦ ᠬᠡᠷᠡᠭᠲᠡᠶ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠪᠡᠯᠡ ᠴᠣᠭᠯᠠᠭᠤᠯᠬᠤ ᠳᠤ ᠣᠷᠣᠯᠴᠠᠭᠴᠢ ᠲᠠᠢ ᠭᠦᠢᠴᠡᠳ | ᠨᠡᠪᠲᠡᠷᠡᠯᠴᠡᠨ᠂ ᠵᠥᠪᠳᠡᠯᠴᠡᠵᠦ᠂ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠲᠥᠰᠦᠯ ᠢ ᠲᠣᠭᠲᠠᠭᠠᠵᠤ᠂ | ᠢᠯᠭᠠᠷᠠᠭᠤᠯᠤᠨ ᠪᠤᠴᠠᠭᠠᠬᠤ ᠬᠥᠮᠥᠨ᠂ ᠢᠯᠭᠠᠷᠠᠭᠤᠯᠤᠨ ᠪᠤᠴᠠᠭᠠᠬᠤ ᠵᠣᠭᠤᠰ ᠤᠨ ᠲᠤᠭ᠎ᠠ᠂ ᠢᠯᠭᠠᠷᠠᠭᠤᠯᠤᠨ | ᠪᠤᠴᠠᠭᠠᠬᠤ ᠠᠷᠭ᠎ᠠ ᠬᠡᠯᠪᠡᠷᠢ᠂ ᠢᠯᠭᠠᠷᠠᠭᠤᠯᠤᠨ ᠪᠤᠴᠠᠭᠠᠬᠤ ᠬᠠᠷᠢᠴᠠᠯ᠂ ᠢᠯᠭᠠᠷᠠᠭᠤᠯᠤᠨ ᠪᠤᠴᠠᠭᠠᠬᠤ ᠠᠬᠢᠴᠠ ᠵᠡᠷᠭᠡ | ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠬᠴᠢ ᠪᠠ ᠪᠡᠯᠡ | ᠴᠣᠭᠯᠠᠭᠤᠯᠬᠤ ᠳᠤ ᠣᠷᠣᠯᠴᠠᠭᠴᠢ ᠢᠯᠭᠠᠷᠠᠭᠤᠯᠤᠨ ᠪᠣᠴᠠᠭᠠᠬᠤ ᠪᠡᠯᠡ ᠮᠥᠩᠭᠦ ᠶᠢᠨ ᠵᠣᠭᠤᠰ ᠤᠨ ᠲᠤᠭ᠎ᠠ ᠳᠤ | ᠣᠨᠳᠣᠣ ᠰᠠᠨᠠᠯ ᠲᠠᠢ ᠪᠤᠶᠤ ᠵᠥᠪᠳᠡᠯᠴᠡᠭᠡᠳ ᠰᠠᠨᠠᠯ ᠨᠢᠭᠡᠳᠬᠦ ᠶᠢᠨ ᠠᠷᠭ᠎ᠠ ᠦᠭᠡᠢ ᠪᠠᠶᠢᠪᠠᠯ᠂ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠤᠯᠢ ᠪᠤᠰᠤ ᠪᠠᠷ ᠪᠡᠯᠡ | ᠴᠤᠭᠯᠠᠭᠤᠯᠤᠭᠴᠢ ᠶᠢ ᠪᠡᠯᠡ ᠴᠣᠭᠯᠠᠭᠤᠯᠬᠤ ᠳᠤ ᠣᠷᠣᠯᠴᠠᠭᠴᠢ ᠪᠤᠶᠤ ᠲᠡᠳᠡᠨ ᠤ ᠲᠥᠯᠥᠭᠡᠯᠡᠭᠴᠢᠳ ᠤᠨ ᠬᠤᠷᠠᠯ ᠢ | ᠬᠤᠷᠠᠯᠳᠣᠭᠤᠯᠣᠨ᠂ ᠴᠤᠭᠯᠠᠭᠤᠯᠤᠭᠰᠠᠨ ᠪᠡᠯᠡ ᠮᠥᠩᠭᠦ ᠶᠢᠨ ᠢᠷᠡᠯᠳᠡ ᠪᠠ ᠪᠡᠯᠡ ᠬᠦᠷᠦᠩᠭᠡ ᠶᠢᠨ ᠪᠠᠶᠢᠳᠠᠯ᠂ | ᠢᠯᠭᠠᠷᠠᠭᠤᠯᠤᠨ ᠪᠤᠴᠠᠭᠠᠬᠤ ᠵᠠᠷᠴᠢᠮ ᠢ ᠲᠣᠳᠣᠷᠬᠠᠶᠢᠯᠠᠵᠤ᠂ ᠪᠡᠯᠡ ᠴᠣᠭᠯᠠᠭᠤᠯᠬᠤ ᠳᠤ ᠣᠷᠣᠯᠴᠠᠭᠴᠢ ᠪᠤᠶᠤ | ᠲᠡᠳᠡᠨ ᠤ ᠲᠥᠯᠥᠭᠡᠯᠡᠭᠴᠢ ᠶᠢᠨ ᠰᠠᠨᠠᠯ ᠢ ᠭᠦᠢᠴᠡᠳ ᠰᠣᠨᠣᠰᠴᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ | ᠵᠢᠭᠠᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ᠂ ᠲᠣᠭᠲᠠᠭᠠᠯ ᠳᠤ ᠨᠡᠶᠢᠴᠡᠭᠰᠡᠨ ᠰᠠᠭᠤᠷᠢᠨ ᠳᠡᠭᠡᠷ᠎ᠡ | ᠢᠯᠭᠠᠷᠠᠭᠤᠯᠤᠨ ᠪᠤᠴᠠᠭᠠᠬᠤ ᠲᠥᠰᠦᠯ ᠢᠶᠠᠨ ᠲᠡᠭᠦᠯᠳᠡᠷᠵᠢᠭᠦᠯᠵᠦ᠂ ᠴᠠᠭ ᠲᠤᠬᠠᠶ ᠳᠤ ᠨᠢ ᠢᠯᠭᠠᠷᠠᠭᠤᠯᠤᠨ | ᠪᠣᠴᠠᠭᠠᠬᠤ ᠪᠠᠷ ᠱᠠᠭᠠᠷᠳᠠᠬᠤ ᠬᠡᠷᠩᠲᠠᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠬᠡᠷᠡᠭ ᠤᠨ ᠬᠡᠷᠡᠭᠴᠡᠭᠡ ᠶᠢ ᠦᠨᠳᠦᠰᠦᠯᠡᠨ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠪᠤᠶᠤ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢ ᠤᠷᠢᠵᠤ | ᠢᠯᠭᠠᠷᠠᠭᠤᠯᠤᠨ ᠪᠤᠴᠠᠭᠠᠬᠤ ᠲᠥᠰᠦᠯ ᠢ ᠲᠣᠭᠲᠠᠭᠠᠬᠤ ᠪᠠ ᠢᠯᠭᠠᠷᠠᠭᠤᠯᠤᠨ ᠪᠤᠴᠠᠭᠠᠬᠤ ᠶᠠᠪᠤᠴᠠ ᠳᠤ ᠬᠢᠨᠠᠯᠲᠠ | ᠲᠠᠯᠪᠢᠬᠤ ᠳᠤ ᠣᠷᠣᠯᠴᠠᠭᠤᠯᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠠᠤᠯᠢ ᠪᠤᠰᠤ ᠪᠠᠷ ᠪᠡᠯᠡ | ᠴᠣᠭᠯᠠᠭᠤᠯᠬᠤ ᠳᠤᠮᠳᠠ ᠠᠴᠠ ᠠᠵᠤ ᠠᠬᠤᠶ ᠶᠢᠨ ᠠᠰᠢᠭ ᠲᠤᠰᠠ ᠣᠯᠵᠤ ᠪᠣᠯᠬᠤ ᠦᠭᠡᠢ᠃ ᠬᠠᠤᠯᠢ ᠪᠤᠰᠤ ᠪᠠᠷ | ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠬᠴᠢ ᠳᠣᠣᠷ᠎ᠠ ᠵᠢᠭᠰᠠᠭᠠᠭᠰᠠᠨ | ᠲᠣᠭᠲᠠᠭᠠᠯ ᠶᠣᠰᠣᠭᠠᠷ ᠪᠡᠯᠡ ᠴᠣᠭᠯᠠᠭᠤᠯᠬᠤ ᠳᠤ ᠣᠷᠣᠯᠴᠠᠭᠴᠢ ᠶᠢᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ | ᠬᠡᠷᠡᠭᠲᠡᠢ᠄ | ︵ᠨᠢᠭᠡ︶ ᠢᠯᠭᠠᠷᠠᠭᠤᠯᠤᠨ ᠪᠣᠴᠠᠭᠠᠬᠤ ᠪᠠᠯᠠ ᠮᠥᠩᠭᠦ ᠨᠢ ᠪᠠᠯᠠ ᠴᠣᠭᠯᠠᠭᠤᠯᠬᠤ ᠳᠠᠬᠢ ᠪᠥᠬᠦ ᠣᠷᠣᠯᠴᠠᠭᠴᠢ ᠶᠢᠨ | ᠡᠬᠡ ᠮᠥᠩᠭᠦ ᠶᠢ ᠳᠥᠯᠥᠵᠦ ᠳᠡᠶᠢᠯᠬᠦ ᠳᠤ ᠭᠦᠷᠪᠡᠯ᠂ ᠨᠢᠭᠡ ᠯᠡ ᠤᠳᠠᠭ᠎ᠠ ᠳᠤ ᠳᠥᠯᠥᠬᠦ ᠬᠡᠷᠡᠭᠲᠡᠶ᠃ ᠪᠠᠯᠠ | ᠴᠣᠭᠯᠠᠭᠤᠯᠬᠤ ᠳᠤ ᠣᠷᠣᠯᠴᠠᠭᠴᠢ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠤᠷᠢᠲᠠᠯ ᠳᠣᠤᠷ᠎ᠠ᠂ ᠬᠠᠤᠯᠢ ᠪᠤᠰᠤ ᠪᠠᠷ | ᠴᠤᠭᠯᠠᠭᠤᠯᠤᠭᠰᠠᠨ ᠪᠠᠯᠠ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠤᠭᠤᠴᠠᠭ᠎ᠠ ᠬᠤᠪᠢᠶᠠᠨ ᠬᠠᠷᠢᠴᠠᠯ ᠶᠣᠰᠣᠭᠠᠷ | ᠡᠬᠡ ᠮᠥᠩᠭᠦ ᠶᠢ ᠨᠢ ᠪᠤᠴᠠᠭᠠᠬᠤ᠂ ᠦᠨ᠎ᠡ ᠨᠤᠭᠤᠯᠤᠨ ᠪᠤᠳᠤᠵᠤ ᠬᠤᠪᠢ ᠣᠷᠣᠭᠤᠯᠬᠤ ᠪᠠ ᠪᠣᠳᠠᠲᠤ ᠶᠠᠭᠤᠮ᠎ᠠ ᠪᠠᠷ | ᠥᠷᠢ ᠳᠥᠯᠥᠬᠦ ᠵᠡᠷᠭᠡ ᠠᠷᠭ᠎ᠠ ᠪᠠᠷ ᠶᠠᠪᠣᠭᠳᠠᠭᠤᠯᠬᠤ︔ | ︵ᠬᠤᠶᠠᠷ︶ ᠢᠯᠭᠠᠷᠠᠭᠤᠯᠤᠨ ᠪᠣᠴᠠᠭᠠᠬᠤ ᠪᠡᠯᠡ ᠮᠥᠩᠭᠦ ᠨᠢ ᠪᠡᠯᠡ ᠴᠣᠭᠯᠠᠭᠤᠯᠬᠤ ᠳᠠᠬᠢ ᠪᠥᠬᠦ ᠣᠷᠣᠯᠴᠠᠭᠴᠢ ᠶᠢᠨ | ᠡᠬᠡ ᠮᠥᠩᠭᠦ ᠶᠢ ᠲᠦᠯᠦᠵᠦ ᠭᠦᠢᠴᠡᠬᠦ ᠦᠭᠡᠢ ᠪᠣᠯ᠂ ᠪᠡᠯᠡ ᠴᠣᠭᠯᠠᠭᠤᠯᠬᠤ ᠳᠤ ᠣᠷᠣᠯᠴᠠᠭᠴᠢ ᠶᠢᠨ ᠪᠡᠯᠡ | ᠭᠠᠷᠭᠠᠭᠰᠠᠨ ᠬᠠᠷᠢᠴᠠᠯ ᠢᠶᠠᠷ ᠨᠢᠭᠡᠳᠦᠯᠲᠡᠶ ᠲᠦᠯᠦᠵᠦ ᠳᠠᠭᠤᠰᠬᠠᠨ᠎ᠠ︔ | ︵ᠭᠤᠷᠪᠠ︶ ᠪᠠᠯᠠ ᠴᠣᠭᠯᠠᠭᠤᠯᠬᠤ ᠳᠤ ᠣᠷᠣᠯᠴᠠᠭᠴᠢ ᠶᠢᠨ ᠨᠢᠭᠡᠨᠲᠡ ᠣᠯᠤᠭᠰᠠᠨ ᠠᠰᠢᠭ ᠲᠤᠰᠠ ᠶᠢ ᠲᠡᠭᠦᠨ ᠤ | ᠡᠬᠡ ᠮᠥᠩᠭᠦ ᠠᠴᠠ ᠬᠠᠰᠤᠵᠤ ᠭᠠᠷᠭᠠᠨ᠎ᠡ᠃ | ᠭᠤᠴᠢᠨ ᠳᠥᠷᠪᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠥᠯᠥᠭᠡ ᠪᠠᠶᠢᠭᠤᠯᠤᠭᠰᠠᠨ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶᠠᠵᠢᠯ ᠤᠨ ᠡᠵᠡᠩᠨᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ | ᠲᠥᠯᠥᠭᠡ ᠪᠠᠶᠢᠭᠤᠯᠤᠭᠰᠠᠨ ᠰᠦᠯᠵᠢᠶ᠎ᠡ᠂ ᠨᠡᠭᠡᠭᠡᠨ ᠬᠥᠭᠵᠢᠭᠦᠯᠦᠭᠰᠡᠨ ᠰᠢᠯᠵᠢᠮᠡᠯ ᠬᠡᠷᠡᠭᠯᠡᠯᠲᠡ ᠶᠢᠨ ᠫᠷᠤᠭ᠍ᠷᠠᠮ ᠵᠡᠷᠭᠡ | ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠬᠠᠭᠠᠵᠣ ᠵᠣᠭᠰᠣᠭᠠᠬᠤ ᠬᠡᠷᠩᠲᠠᠢ᠃ | ᠭᠤᠴᠢᠨ ᠲᠠᠪᠤᠳᠤᠭᠠᠷ ᠵᠦᠢᠯ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠠᠴᠠ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠢᠳᠬᠡᠯ ᠥᠭᠬᠦ ᠪᠤᠶᠤ ᠰᠢᠢᠳᠬᠡᠯ ᠠᠴᠠ ᠭᠡᠯᠳᠦᠷᠢᠭᠦᠯᠬᠦ ᠳᠤ᠂ ᠬᠤᠯᠪᠣᠭᠳᠠᠯ ᠪᠥᠬᠦᠶ ᠪᠠᠶᠢᠳᠠᠯ ᠢᠶᠠᠨ ᠴᠠᠭ | ᠲᠤᠬᠠᠶ ᠳᠤ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠲᠤ ᠨᠡᠪᠳᠡᠷᠡᠭᠦᠯᠣᠨ ᠮᠡᠳᠡᠭᠡᠯᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠨᠢᠭᠡᠴᠢ ᠪᠤᠶᠤ ᠬᠤᠪᠢ | ᠬᠥᠮᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠣᠯ᠂ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ | ᠪᠠᠶᠢᠢᠭᠤᠯᠭᠠ ᠪᠣᠯᠤᠨ ᠬᠤᠯᠪᠣᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ | ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠲᠣᠭᠳᠠᠭᠠᠯ︾ ᠵᠡᠷᠭᠡ ᠶᠢᠨ ᠶᠣᠰᠣᠭᠠᠷ | ᠬᠡᠷᠩᠵᠢᠭᠦᠯᠭᠦ ᠬᠡᠷᠩᠲᠠᠢ᠃ ᠶᠠᠯ᠎ᠠ ᠳᠤ ᠬᠦᠷᠣᠭ᠍ᠰᠡᠨ ᠪᠠᠶᠢᠢᠪᠡᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠭᠡᠮᠵᠢᠯᠡᠭᠦ ᠬᠡᠷᠩᠲᠠᠢ᠃ | ᠭᠤᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠢ | ᠪᠡᠶᠡᠯᠡᠭᠦᠯᠦᠭᠰᠡᠨ ᠤ ᠳᠠᠷᠠᠭ᠎ᠠ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠰᠢᠢᠳᠪᠦᠷᠢᠯᠡᠭᠰᠡᠨ ᠮᠡᠳᠡᠭᠦᠯᠦᠯᠲᠡ ᠭᠠᠷᠭᠠᠬᠤ ᠬᠡᠷᠡᠭᠲᠡᠶ᠃ ᠰᠢᠢᠳᠪᠦᠷᠢᠯᠡᠭᠰᠡᠨ | ᠮᠡᠳᠡᠭᠦᠯᠦᠯᠲᠡ ᠳᠤ ᠭᠤᠤᠯᠳᠠᠭᠤ᠄ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠬᠡᠷᠡᠭ ᠤᠨ ᠰᠦᠪᠡᠭᠴᠢ᠂ | ᠰᠢᠢᠳᠪᠦᠷᠢᠯᠡᠭᠳᠡᠭᠰᠡᠨ ᠡᠲᠡᠭᠡᠳ ᠤᠨ ᠦᠨᠳᠦᠰᠦᠨ ᠪᠠᠶᠢᠳᠠᠯ᠂ ᠪᠠᠶᠢᠢᠴᠠᠭᠠᠯᠲᠠ ᠬᠢᠵᠦ ᠭᠡᠷᠡᠴᠢ ᠴᠣᠭᠯᠠᠭᠤᠯᠣᠭᠰᠠᠨ | ᠵᠢᠴᠢ ᠰᠢᠨᠵᠢ ᠴᠢᠨᠠᠷ ᠢ ᠮᠠᠭᠠᠳᠯᠠᠨ ᠲᠣᠭᠲᠠᠭᠠᠭᠰᠠᠨ ᠪᠠᠶᠢᠳᠠᠯ᠂ ᠬᠠᠤᠯᠢ ᠶᠢ ᠵᠥᠷᠢᠴᠡᠭᠰᠡᠨ ᠭᠤᠤᠯ ᠪᠣᠳᠠᠲᠤ ᠬᠡᠷᠡᠭ | ᠪᠠ ᠭᠡᠷᠡᠴᠢ ᠪᠠᠷᠢᠮᠲᠠ᠂ ᠰᠢᠢᠳᠪᠦᠷᠢᠯᠡᠬᠦ ᠠᠵᠢᠯ ᠳᠤᠮᠳᠠ ᠠᠪᠤᠭᠰᠠᠨ ᠠᠷᠭ᠎ᠠ ᠬᠡᠮᠵᠢᠶ᠎ᠡ ᠵᠢᠴᠢ ᠰᠢᠢᠳᠪᠦᠷᠢᠯᠡᠭᠰᠡᠨ | ᠦᠷ᠎ᠡ ᠳ᠋ᠦᠩ ᠵᠡᠷᠭᠡ ᠪᠠᠭᠲᠠᠨ᠎ᠠ᠃ | ᠭᠤᠴᠢᠨ ᠨᠠᠶᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ | ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠠᠵᠢᠯ ᠢ | ᠰᠢᠢᠳᠪᠦᠷᠢᠯᠡᠬᠦ ᠳᠤ ᠳᠡᠮᠵᠢᠯᠭᠡ ᠦᠵᠡᠭᠦᠯᠵᠦ ᠬᠠᠮᠵᠢᠯᠴᠠᠬᠤ ᠬᠡᠷᠡᠭᠲᠡᠢ᠃ | ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠢ | ᠬᠤᠷᠢᠬᠯᠠᠬᠤ ᠪᠠ ᠬᠠᠷᠰᠢᠯᠠᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠠᠪᠤᠴᠠ ᠳᠤ᠂ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠦᠭᠰᠢᠭᠦᠷᠢ ᠶᠢ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠡᠮᠬᠢ ᠵᠢᠷᠤᠮ ᠲᠠᠢ ᠪᠥᠭᠡᠳ ᠯᠠᠪᠳᠠᠭᠤᠨ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ | ᠶᠣᠰᠣᠨ ᠤ ᠬᠦᠭᠡᠭᠡᠴᠡᠯᠳᠣᠯ ᠱᠠᠭᠠᠷᠳᠠᠯᠭ᠎ᠠ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠳᠦᠭᠡᠷ ᠵᠦᠢᠯ ᠲᠣᠰ ᠨᠠᠷᠢᠨ ᠲᠦᠷᠢᠮ ᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠥᠴᠢᠨ ᠨᠢᠭᠡᠳᠦᠭᠡᠷ ᠵᠦᠢᠯ ᠲᠣᠰ ᠨᠠᠷᠢᠨ ᠲᠦᠷᠢᠮ ᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |