| ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ | ︵ᠳᠣᠷᠣᠭᠰᠢ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠭᠡᠵᠦ ᠲᠣᠪᠴᠢᠯᠠᠨ᠎ᠠ︶ ᠶᠢ ᠭᠦᠨᠵᠡᠭᠡᠶ | ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠠᠬᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠳᠠᠢ ᠲᠠᠢ ᠤᠶᠠᠯᠳᠤᠭᠤᠯᠵᠤ᠂ ᠳᠣᠣᠷᠠᠬᠢ ᠰᠠᠨᠠᠯ ᠢ ᠳᠤᠷᠠᠳᠪᠠ᠃ | ᠨᠢᠭᠡ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠨᠡᠶᠢᠲᠡᠯᠡᠨ ᠬᠡᠷᠩᠵᠢᠭᠦᠯᠣᠭ᠍ᠰᠡᠨ ᠤ | ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠥ᠋ᠪ | ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠠᠳᠠᠯᠢ ᠲᠡᠭᠰᠢ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠶᠢᠨ | ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ | ᠲᠦᠬᠦᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠣᠨᠣᠪᠴᠢᠲᠠᠢ ᠨᠠᠶᠢᠢᠳᠠᠪᠤᠷᠢᠵᠢᠭᠤᠯᠤᠨ᠂ ᠲᠥᠪ ᠭᠤᠣᠯᠴᠢ ᠥᠨᠳᠥᠷ ᠪᠦᠲᠦᠮᠵᠢᠲᠡᠢ ᠪᠦᠭᠡᠳ ᠡᠷᠬᠡ | ᠰᠦᠷᠲᠡᠢ ᠨᠡᠶᠢᠭᠡᠮ ᠵᠢᠷᠤᠮ ᠤᠨ ᠬᠠᠤᠯᠢ ᠪᠠᠷᠢᠬᠤ ᠲᠦᠷᠢᠮ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠶᠢᠨ | ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠦᠷᠦᠭᠳᠡᠯ | ᠣᠯᠭᠤᠬᠤ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷᠢᠬᠤ ᠲᠦᠷᠢᠮ ᠤᠨ ᠴᠢᠬᠤᠯᠠ | ᠪᠦᠷᠢᠯᠳᠦᠬᠦᠨ ᠬᠡᠰᠡᠭ ᠪᠠᠶᠢᠢᠵᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ ᠤᠨ | ᠬᠠᠤᠯᠢᠵᠢᠯ ᠤᠨ ᠪᠣᠯᠪᠠᠰᠤᠨ ᠤ ᠬᠡᠮᠵᠢᠶ᠎ᠡ ᠶᠢ ᠬᠠᠷᠠᠭᠤᠯᠬᠤ ᠶᠢᠨ ᠴᠢᠬᠤᠯᠠ ᠪᠡᠯᠭᠡ ᠲᠡᠮᠳᠡᠭ ᠪᠣᠯᠣᠨ᠎ᠡ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠣᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠬᠠᠤᠯᠢ ᠲᠣᠭᠲᠠᠭᠠᠭᠰᠠᠨ ᠵᠣᠷᠢᠭ | ᠰᠠᠨᠠᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠦᠢᠯᠠᠭᠠᠵᠣ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠷᠢᠭᠤᠴᠠᠯᠭ᠎ᠠ ᠶᠢ ᠦᠨᠡᠨ ᠬᠦ ᠳᠠᠭᠠᠭᠠᠨ ᠡᠭᠦᠷᠭᠡᠯᠡᠵᠦ᠂ ᠬᠥᠮᠦᠨ ᠤ ᠡᠷᠬᠡ ᠶᠢ ᠬᠠᠤᠯᠢ ᠪᠠᠷᠢᠬᠤ ᠪᠠᠷ | ᠪᠠᠲᠤᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠲᠠᠯ᠎ᠠ ᠳᠠᠬᠢ ᠠᠷᠠᠳ ᠲᠦᠮᠡᠨ ᠤ | ᠬᠦᠷᠲᠡᠮᠵᠢ ᠶᠢᠨ ᠲᠥᠷᠥᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ | ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ ᠪᠠ ᠨᠥᠬᠦᠪᠥᠷᠢ ᠶᠢᠨ | ᠪᠠᠷᠢᠮᠵᠢᠶ᠎ᠠ ᠶᠢ ᠲᠣᠳᠣᠷᠬᠠᠶᠢᠢᠯᠠᠬᠤ ᠬᠡᠷᠡᠭᠲᠡᠢ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠠ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠲᠣᠭᠲᠠᠭᠠᠯ ᠢ ᠦᠨᠳᠣᠰᠣᠯᠡᠪᠡᠯ᠂ ᠳᠣᠣᠷ᠎ᠠ ᠵᠢᠭᠰᠠᠭᠠᠭᠰᠠᠨ | ᠵᠦᠢᠯᠡᠰ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶᠡᠨ ᠳᠤ ᠪᠠᠭᠲᠠᠨ᠎ᠠ᠄ | 1. ᠡᠷᠡᠭᠦᠦ ᠶᠢᠨ ᠬᠡᠷᠡᠭ᠄ | ︵1︶ ᠡᠷᠡᠭᠦᠦ ᠶᠢᠨ ᠬᠡᠷᠡᠭ ᠤᠨ ᠶᠠᠯᠠᠳᠣ ᠬᠡᠷᠩ ᠤᠨ ᠰᠡᠵᠢᠭᠲᠡᠨ᠂ ᠵᠠᠭᠠᠯᠳᠤᠭᠳᠠᠭᠴᠢ ᠨᠢ ᠠᠵᠤ ᠠᠬᠤᠶ ᠶᠢᠨ | ᠬᠦᠴᠢᠷᠳᠡᠯ ᠪᠤᠶᠤ ᠪᠤᠰᠤᠳ ᠰᠢᠯᠲᠠᠭᠠᠨ ᠠᠴᠠ ᠪᠤᠯᠵᠤ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠲᠤᠰ | ᠬᠥᠮᠦᠨ ᠵᠢᠴᠢ ᠲᠡᠭᠦᠨ ᠤ ᠣᠶᠢᠷ᠎ᠠ ᠲᠦᠷᠦᠯ ᠰᠠᠳᠤᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠤᠨ᠎ᠠ︔ | ︵2︶ ᠡᠷᠡᠭᠦᠦ ᠶᠢᠨ ᠬᠡᠷᠡᠭ ᠤᠨ ᠶᠠᠯᠠᠳᠣ ᠬᠡᠷᠩ ᠤᠨ ᠰᠡᠵᠢᠭᠲᠡᠨ᠂ ᠵᠠᠭᠠᠯᠳᠤᠭᠳᠠᠭᠴᠢ ᠨᠢ ᠨᠠᠰᠤᠨ ᠳᠤ ᠦᠯᠦ | ᠬᠦᠷᠦᠭᠰᠡᠳ᠂ ᠬᠠᠷᠠᠭ᠎ᠠ᠂ ᠰᠣᠨᠣᠷ᠂ ᠦᠭᠡ ᠶᠠᠷᠢᠶᠠᠨ ᠤ ᠰᠠᠭᠠᠲᠠᠯ ᠲᠠᠢ ᠵᠡᠮᠳᠡᠭ ᠬᠥᠮᠦᠨ᠂ ᠥᠪᠡᠷ ᠤᠨ | ᠠᠵᠢᠯᠯᠠᠭ᠎ᠠ ᠪᠠᠨ ᠪᠦᠷᠢᠮᠦᠰᠦᠨ ᠢᠯᠭᠠᠨ ᠲᠠᠨᠢᠵᠤ ᠴᠢᠳᠠᠬᠤ ᠦᠭᠡᠢ ᠨᠠᠰᠤᠨ ᠳᠤ ᠭᠦᠷᠦᠭᠰᠡᠳ᠂ ᠬᠤᠭᠤᠴᠠᠭ᠎ᠠ ᠦᠭᠡᠢ | ᠬᠤᠷᠢᠬᠤ ᠡᠷᠡᠭᠦᠦ᠂ ᠠᠯᠠᠬᠤ ᠡᠷᠡᠭᠦᠦ ᠪᠠᠷ ᠰᠢᠢᠳᠬᠡᠭᠳᠡᠵᠦ ᠮᠡᠳᠡᠬᠦ ᠬᠥᠮᠦᠨ᠂ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠭᠰᠠᠨ ᠠᠯᠠᠬᠤ ᠡᠷᠡᠭᠦᠦ ᠶᠢ ᠳᠠᠬᠢᠨ ᠬᠢᠨᠠᠬᠤ ᠬᠡᠷᠡᠭ ᠤᠨ ᠵᠠᠭᠠᠯᠳᠤᠭᠳᠠᠭᠴᠢ᠂ ᠰᠠᠭᠠᠲᠠᠯ ᠲᠠᠢ ᠰᠢᠭᠦᠨ | ᠲᠠᠰᠤᠯᠤᠯᠲᠠ ᠶᠢᠨ ᠬᠡᠷᠡᠭ ᠤᠨ ᠵᠠᠭᠠᠯᠳᠤᠭᠳᠠᠭᠴᠢ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠪᠤᠰᠤᠳ ᠬᠥᠮᠦᠨ ᠪᠠᠶᠢᠢᠭ᠎ᠠ ᠮᠦᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ | ᠮᠡᠳᠡᠭᠳᠡᠭᠦ ᠬᠡᠷᠡᠭᠲᠡᠢ︔ | ︵3︶ ᠡᠩ ᠤᠨ ᠵᠢᠷᠤᠮ ᠢᠶᠠᠷ ᠰᠢᠭᠦᠬᠦ ᠪᠤᠰᠤᠳ ᠡᠷᠡᠭᠦᠦ ᠶᠢᠨ ᠬᠡᠷᠡᠭ ᠲᠤ ᠵᠠᠭᠠᠯᠳᠤᠭᠳᠠᠭᠴᠢ ᠨᠢ | ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠵᠦ ᠪᠣᠯᠣᠨ᠎ᠡ︔ | ︵4︶ ᠡᠷᠡᠭᠦᠦ ᠶᠢᠨ ᠵᠠᠷᠭᠤ ᠶᠢᠨ ᠬᠡᠷᠡᠭ ᠤᠨ ᠬᠤᠣᠷᠯᠠᠭᠳᠠᠭᠴᠢ ᠵᠢᠴᠢ ᠲᠡᠭᠦᠨ ᠤ ᠬᠠᠤᠯᠢ ᠪᠠᠷ | ᠲᠣᠭᠲᠠᠭᠠᠭᠰᠠᠨ ᠣᠷᠣᠯᠠᠭᠴᠢ ᠪᠤᠶᠤ ᠤᠶᠢᠢᠷ᠎ᠠ ᠲᠦᠷᠦᠯ ᠰᠠᠳᠤᠨ᠂ ᠡᠷᠡᠭᠦᠦ ᠶᠢᠨ ᠥᠪᠡᠰᠦᠪᠡᠨ ᠵᠠᠭᠠᠯᠳᠤᠭᠰᠠᠨ | ᠬᠡᠷᠡᠭ ᠤᠨ ᠥᠪᠡᠰᠦᠪᠡᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ᠂ ᠡᠷᠡᠭᠦᠦ ᠶᠢᠨ | ᠬᠡᠷᠡᠭ ᠤᠨ ᠳᠠᠭᠠᠯᠳᠤᠭᠰᠠᠨ ᠢᠷᠭᠡᠨ ᠤ ᠵᠠᠷᠭᠤ ᠶᠢᠨ ᠬᠡᠷᠡᠭ ᠤᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ | ᠲᠣᠭᠲᠠᠭᠠᠭᠰᠠᠨ ᠣᠷᠣᠯᠠᠭᠴᠢ ᠨᠢ ᠠᠵᠤ ᠠᠬᠤᠢ ᠶᠢᠨ ᠬᠦᠴᠢᠷᠳᠡᠯ ᠠᠴᠠ ᠪᠤᠯᠵᠤ ᠵᠠᠷᠭᠤ ᠶᠢᠨ ᠣᠷᠣᠯᠠᠭᠴᠢ ᠳᠤ | ᠨᠠᠶᠢᠳᠠᠭᠰᠠᠨ ᠦᠭᠡᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠠᠤᠯᠢ ᠴᠠᠭᠠᠵᠠ ᠶᠢᠨ | ᠲᠤᠰᠠᠯᠠᠮᠵᠢ ᠭᠤᠶᠤᠴᠢᠯᠠᠵᠤ ᠪᠣᠯᠤᠨ᠎ᠠ︔ | ︵5︶ ᠠᠯᠪᠠᠳᠠᠨ ᠡᠮᠴᠢᠯᠡᠬᠦ ᠬᠡᠷᠡᠭ ᠤᠨ ᠭᠤᠶᠤᠴᠢᠯᠠᠭᠳᠠᠭᠴᠢ ᠪᠤᠶᠤ ᠵᠠᠭᠠᠯᠳᠤᠭᠳᠠᠭᠴᠢ ᠨᠢ ᠵᠠᠷᠭᠤ ᠶᠢᠨ | ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠵᠤ ᠲᠡᠳᠡᠨᠦᠰ ᠲᠤ ᠬᠠᠤᠯᠢ ᠴᠠᠭᠠᠵᠠ ᠶᠢᠨ ᠲᠤᠰᠠᠯᠠᠮᠵᠢ | ᠬᠠᠩᠭᠠᠯᠭᠠᠬᠤ ᠪᠠᠷ ᠮᠡᠳᠡᠭᠳᠡᠭᠦ ᠬᠡᠷᠡᠭᠲᠡᠢ᠃ | 2. ᠢᠷᠭᠡᠨ ᠤ ᠬᠡᠷᠡᠭ᠄ | ︵1︶ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠪᠤᠶᠤ ᠨᠡᠶᠢᠭᠡᠮ ᠤᠨ ᠠᠪᠤᠷᠠᠨ ᠲᠤᠰᠠᠯᠠᠯᠲᠠ | ᠣᠯᠭᠤᠬᠤ ᠪᠠᠷ ᠭᠤᠶᠤᠴᠢᠯᠠᠬᠤ︔ | ︵2︶ ᠠᠰᠠᠷᠠᠮᠵᠢ ᠶᠢᠨ ᠮᠥᠩᠭᠦ ᠣᠯᠭᠤᠬᠤ ᠪᠠᠷ ᠭᠤᠶᠤᠴᠢᠯᠠᠬᠤ︔ | ︵3︶ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ | ᠦᠭᠬᠦᠬᠦᠯᠬᠦ ᠪᠠᠷ ᠭᠤᠶᠤᠴᠢᠯᠠᠬᠤ︔ | ︵4︶ ᠬᠥᠳᠡᠯᠮᠦᠷᠢ ᠶᠢᠨ ᠬᠠᠷᠢᠴᠠᠭ᠎ᠠ ᠶᠢ ᠨᠤᠲᠠᠯᠠᠭᠤᠯᠬᠤ ᠪᠤᠶᠤ ᠬᠥᠳᠡᠯᠮᠦᠷᠢ ᠶᠢᠨ ᠬᠥᠯᠥᠰᠥ ᠣᠯᠭᠤᠮᠵᠢ | ᠦᠭᠬᠦᠬᠦᠯᠬᠦ ᠪᠠᠷ ᠭᠤᠶᠤᠴᠢᠯᠠᠬᠤ︔ | ︵5︶ ᠠᠷᠠᠳ ᠢᠷᠭᠡᠨ ᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ | ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠨᠢ ᠬᠢᠵᠠᠭᠠᠷᠲᠠᠢ ᠪᠠᠶᠢᠬᠤ ᠶᠢ ᠮᠠᠭᠠᠳᠯᠠᠭᠤᠯᠬᠤ ᠪᠠᠷ | ᠭᠤᠶᠤᠴᠢᠯᠠᠬᠤ︔ | ︵6︶ ᠠᠵᠢᠯ ᠠᠴᠠ ᠪᠣᠯᠤᠭᠰᠠᠨ ᠭᠡᠮᠲᠦᠯ ᠤᠨ ᠡ᠊ᠨᠳᠡᠭᠳᠡᠯ᠂ ᠵᠠᠮ ᠬᠠᠷᠢᠯᠴᠠᠭᠠᠨ ᠤ ᠡ᠊ᠨᠳᠡᠯ᠂ ᠢᠳᠡᠭᠡᠨ ᠪᠠ | ᠡᠮ ᠤᠨ ᠵᠦᠢᠯ ᠤᠨ ᠠᠮᠦᠷ ᠲᠦᠪᠰᠢᠨ ᠤ ᠡ᠊ᠨᠳᠡᠭᠳᠡᠯ᠂ ᠡᠮᠴᠢᠯᠡᠭᠡᠨ ᠤ ᠡ᠊ᠨᠳᠡᠭᠳᠡᠯ ᠤᠨ ᠬᠦᠮᠦᠨ ᠤ ᠪᠡᠶ᠎ᠡ ᠶᠢᠨ | ᠬᠤᠬᠢᠷᠠᠯ ᠢ ᠲᠦᠯᠦᠭᠦᠯᠬᠦ ᠪᠠᠷ ᠭᠤᠶᠤᠴᠢᠯᠠᠬᠤ︔ | ︵7︶ ᠣᠷᠴᠢᠨ ᠲᠣᠭᠤᠷᠢᠨ ᠤ ᠪᠣᠬᠢᠷᠲᠤᠯ᠂ ᠠᠮᠢ ᠠᠬᠤᠢ ᠶᠢᠨ ᠡᠪᠳᠡᠭᠳᠡᠯ ᠤᠨ ᠬᠤᠬᠢᠷᠠᠯ ᠢ | ᠲᠥᠯᠥᠭᠦᠯᠬᠦ ᠪᠠᠷ ᠭᠤᠶᠤᠴᠢᠯᠠᠬᠤ︔ | ︵8︶ ᠦᠷᠡᠭᠳᠡᠭᠰᠡᠨ ᠪᠠᠭᠠᠲᠤᠷᠴᠤᠳ ᠤᠨ ᠤᠶᠢᠢᠷ᠎ᠠ ᠲᠦᠷᠦᠯ ᠰᠠᠳᠤᠨ ᠨᠢ ᠦᠷᠡᠭᠳᠡᠭᠰᠡᠨ | ᠪᠠᠭᠠᠲᠤᠷᠴᠤᠳ ᠤᠨ ᠬᠥᠮᠦᠨ ᠬᠡᠮ ᠤᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠲᠤᠰᠠᠯᠠᠮᠵᠢ ᠭᠤᠶᠤᠴᠢᠯᠠᠬᠤ︔ | ︵9︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ ᠠᠴᠠ ᠪᠤᠯᠵᠤ ᠬᠠᠮᠢᠶ᠎ᠡ ᠪᠦᠬᠦᠢ | ᠢᠷᠭᠡᠨ ᠤ ᠬᠡᠷᠡᠭ ᠤᠨ ᠡᠷᠬᠡ ᠠᠰᠢᠭ ᠢ ᠵᠣᠷᠢᠬᠤ︔ | ︵10︶ ᠬᠠᠯᠠ ᠠᠮᠰᠬᠠᠴᠢ᠂ ᠤᠷᠬᠢᠨᠨᠳᠠᠵᠦ ᠭᠤᠯᠤᠨᠨᠳ᠋ᠬᠠᠰᠠᠨ ᠪᠤᠶᠤ ᠭᠡᠷ ᠪᠦᠯᠢ ᠶᠢᠨ ᠬᠦᠴᠦᠷᠬᠡᠭᠯᠡᠯ ᠤᠨ | ᠬᠤᠣᠷ ᠠᠮᠰᠠᠭᠴᠢ ᠬᠠᠮᠢᠶ᠎ᠡ ᠪᠦᠬᠦᠢ ᠡᠷᠬᠡ ᠠᠰᠢᠭ ᠢ ᠵᠣᠷᠢᠬᠤ︔ | ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠤᠨ ᠵᠡᠷᠭᠡ ᠵᠦᠢᠯᠡᠰ᠃ | 3. ᠵᠠᠰᠠᠭ ᠵᠠᠬᠢᠷᠭᠠᠨ ᠤ ᠬᠡᠷᠡᠭ᠄ | ︵1︶ ᠬᠠᠤᠯᠢ ᠶᠣᠰᠣᠭᠠᠷ ᠤᠯᠤᠰ ᠤᠨ ᠲᠥᠯᠥᠪᠦᠷᠢ ᠶᠢ ᠭᠤᠶᠤᠴᠢᠯᠠᠬᠤ︔ | ︵2︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠤᠨ ᠵᠡᠷᠭᠡ ᠵᠦᠢᠯᠡᠰ᠃ | 4. ᠪᠤᠰᠤᠳ ᠬᠡᠷᠡᠭ᠄ ᠲᠤᠬᠠᠢ ᠶᠢᠨ ᠬᠥᠮᠦᠨ ᠨᠢ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ | ᠪᠣᠯᠤᠭᠰᠠᠨ ᠲᠠᠰᠤᠯᠤᠨ ᠲᠣᠭᠲᠠᠭᠠᠯᠲᠠ ᠶᠢ ᠵᠥᠪᠰᠢᠶᠡᠷᠡᠬᠦ ᠦᠭᠡᠢ ᠪᠤᠶᠤ ᠭᠤᠮᠣᠳᠠᠯ ᠲᠣᠭᠠᠴᠢᠬᠤ ᠪᠠᠷ ᠳᠤᠷᠠᠳᠤᠭᠰᠠᠨ | ᠡᠰᠡᠭᠦᠯ᠎ᠡ ᠲᠠᠬᠢᠨ ᠰᠢᠭᠦᠯᠭᠡᠬᠦ ᠪᠠᠷ ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶ᠎ᠠ ᠨᠢ ᠲᠠᠬᠢᠨ ᠰᠢᠭᠦᠬᠦ ᠪᠠᠷ | ᠰᠢᠢᠳᠦᠭᠰᠡᠨ᠂ ᠰᠢᠭᠦᠨ ᠲᠣᠭᠲᠠᠭᠠᠭᠰᠠᠨ ᠪᠤᠶᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠰᠡᠷᠭᠦᠴᠡᠭᠰᠡᠨ ᠵᠠᠭᠠᠯᠳᠣᠯᠭ᠎ᠠ | ᠭᠠᠷᠭᠠᠭᠰᠠᠨ ᠳᠤ ᠠᠵᠤ ᠠᠬᠤᠢ ᠶᠢᠨ ᠬᠦᠴᠢᠷᠳᠡᠯ ᠠᠴᠠ ᠪᠤᠯᠵᠤ ᠥᠮᠥᠭᠯᠡᠭᠴᠢ ᠪᠤᠶᠤ ᠵᠠᠷᠭᠤ ᠶᠢᠨ ᠣᠷᠣᠯᠠᠭᠴᠢ ᠳᠤ | ᠨᠠᠶᠢᠳᠠᠭᠰᠠᠨ ᠦᠭᠡᠢ ᠬᠡᠷᠡᠭ᠃ | ︵ᠬᠤᠶᠠᠷ︶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠦ ᠳᠤ ᠪᠠᠨ᠂ ᠬᠠᠣᠯᠢᠴᠢ ᠶᠢᠨ ᠬᠡᠷᠡᠭ ᠳᠠᠭᠠᠭᠠᠨ | ᠭᠦᠢᠴᠡᠳᠬᠡᠬᠦ ᠥᠪᠡᠷ ᠤᠨ ᠥᠷᠲᠡᠭ᠂ ᠦᠨᠳᠦᠰᠦᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠬᠦᠴᠦᠨ | ᠵᠦᠢᠯ ᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠶᠢ ᠵᠤᠬᠢᠮᠵᠢᠳᠠᠢ ᠪᠠᠷ | ᠳᠡᠭᠡᠭᠰᠢᠯᠡᠭᠦᠯᠦᠨ᠎ᠡ᠃ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠩ ᠨᠢᠭᠡ | ᠪᠦᠷᠢ ᠳᠤ ᠨᠢ ᠡᠩ ᠤᠨ ᠪᠠᠶᠢᠢᠳᠠᠯ ᠳᠤ 800 ᠲᠥᠭᠦᠷᠢᠭ ᠠᠴᠠ 1600 ᠲᠥᠭᠦᠷᠢᠭ ᠤᠨ ᠨᠡᠮᠡᠭᠦᠷᠢ ᠦᠭᠴᠦ᠂ | ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ | ᠪᠦᠷᠢ ᠳᠤ ᠨᠢ ᠡᠩ ᠤᠨ ᠪᠠᠶᠢᠢᠳᠠᠯ ᠳᠤ 1000 ᠲᠥᠭᠦᠷᠢᠭ ᠠᠴᠠ 1800 ᠲᠥᠭᠦᠷᠢᠭ ᠤᠨ ᠨᠡᠮᠡᠭᠦᠷᠢ ᠦᠭᠭᠦᠨ᠎ᠡ᠃ | ᠠᠯᠠᠬᠤ ᠡᠷᠡᠭᠦᠦ ᠶᠢᠨ ᠬᠤᠶᠠᠳᠠᠭᠢ ᠰᠢᠭᠦᠯᠲᠡ ᠶᠢᠨ ᠬᠡᠷᠡᠭ ᠲᠤ ᠨᠢᠭᠡᠳᠦᠭᠡᠷ ᠰᠢᠭᠦᠯᠲᠡ ᠶᠢᠨ ᠬᠠᠤᠯᠢᠴᠢ ᠶᠢ | ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠶᠢᠨ ᠬᠤᠷᠢᠵᠤ ᠪᠠᠶᠢᠭ᠎ᠠ ᠭᠠᠵᠠᠷ ᠠᠴᠠ | ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 1400 ᠲᠥᠭᠦᠷᠢᠭ ᠠᠴᠠ | 2600 ᠲᠥᠭᠦᠷᠢᠭ ᠤᠨ ᠨᠡᠮᠡᠭᠦᠷᠢ ᠦᠭᠭᠦᠨ᠎ᠡ᠃ ᠣᠨᠳᠣᠣ ᠭᠠᠵᠠᠷ ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ | ᠪᠤᠳᠤᠯᠢᠶᠠᠨᠲᠠᠢ ᠣᠨᠴᠠ ᠵᠠᠷᠢᠮ ᠬᠡᠷᠡᠭ ᠲᠤ᠂ ᠬᠡᠷᠡᠭ ᠢ ᠬᠦᠯᠢᠶᠡᠨ ᠠᠪᠤᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠬᠠᠷᠭᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢ ᠵᠤᠬᠢᠮᠵᠢᠳᠠᠢ ᠨᠡᠮᠡᠭᠳᠡᠭᠦᠯᠵᠦ ᠪᠣᠯᠤᠨ᠎ᠠ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠢᠵᠢᠭᠦᠷᠯᠡᠬᠦ ᠬᠠᠤᠯᠢᠴᠢ ᠳᠤ ᠠᠵᠢᠯᠯᠠᠬᠤ ᠡᠳᠦᠷ ᠪᠦᠷᠢ 200 ᠲᠥᠭᠦᠷᠢᠭ ᠠᠴᠠ 500 | ᠲᠥᠭᠦᠷᠢᠭ ᠤᠨ ᠨᠡᠮᠡᠭᠦᠷᠢ ᠦᠭᠭᠦᠨ᠎ᠡ᠃ ᠨᠥᠬᠦᠴᠡᠯ ᠲᠠᠢ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠪᠠᠨ ᠵᠤᠬᠢᠮᠵᠢᠳᠠᠢ ᠳᠡᠭᠡᠭᠰᠢᠯᠡᠭᠦᠯᠵᠦ ᠪᠣᠯᠤᠨ᠎ᠠ᠃ | ᠭᠤᠷᠪᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠯ᠎ᠡ ᠵᠦᠢᠯ ᠤᠨ ᠠᠵᠢᠯ ᠢᠶᠠᠨ ᠬᠢᠨᠠᠮᠠᠭᠠᠶ ᠰᠠᠶᠢᠲᠤᠷ ᠬᠢᠬᠦ | ᠬᠡᠷᠡᠭᠲᠡᠶ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ | ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠨ᠎ᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠣᠳᠠᠲᠠᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠦᠬᠦ | ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠣᠷᠣᠨ ᠤ | ᠬᠠᠤᠯᠢ ᠴᠠᠭᠠᠵᠠ ᠶᠢᠨ ᠲᠤᠰᠠᠯᠠᠮᠵᠢ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠣᠷᠣᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠡᠭᠦᠷᠭᠡᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ | ᠠᠵᠢᠯᠯᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠢᠭᠤᠯᠵᠣ ᠬᠡᠷᠩᠵᠢᠭᠦᠯᠭᠦ ᠶᠢ ᠬᠠᠷᠢᠭᠤᠴᠠᠨ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠬᠤ ᠪᠠ ᠬᠢᠨᠠᠨ ᠪᠠᠶᠢᠴᠠᠭᠠᠵᠤ᠂ ᠬᠠᠤᠯᠢᠴᠢ᠂ ᠦᠨᠳᠦᠰᠦᠨ ᠱᠠᠲᠤᠨ ᠤ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ | ᠠᠵᠢᠯᠯᠠᠭᠰᠠᠳ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠢᠭᠠᠨ ᠲᠣᠮᠢᠯᠠᠵᠤ ᠬᠠᠤᠯᠢ | ᠴᠠᠭᠠᠵᠠ ᠶᠢᠨ ᠲᠤᠰᠠᠯᠠᠮᠵᠢ ᠬᠠᠩᠭᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠥᠭᠴᠦ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠨᠢ ᠠᠵᠢᠯ ᠤᠨ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠢᠴᠡᠳᠬᠡᠵᠦ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠦᠷᠨᠢᠭᠦᠯᠭᠦ ᠳᠤ ᠪᠠᠳᠣᠯᠠᠭ᠎ᠠ ᠬᠠᠩᠭᠠᠬᠤ ᠬᠡᠷᠡᠭᠲᠡᠶ᠃ | ︵ᠬᠤᠶᠠᠷ︶ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠳᠠᠬᠢ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠪᠠᠶᠢᠭᠤᠯᠬᠤ ᠬᠡᠷᠡᠭᠲᠡᠶ︾ ᠭᠡᠰᠡᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠠᠵᠢᠯᠲᠠᠨ ᠤ ᠬᠦᠴᠦᠨ ᠢᠶᠠᠨ ᠲᠡᠭᠦᠯᠳᠡᠷᠵᠢᠭᠦᠯᠦᠨ᠂ | ᠠᠵᠢᠯ ᠤᠨ ᠬᠦᠴᠦᠨ ᠬᠦᠷᠦᠯᠴᠡᠬᠦ ᠦᠭᠡᠶ ᠪᠠᠶᠢᠬᠤ ᠵᠡᠷᠭᠡ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ | ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠲᠤᠰᠠᠯᠠᠬᠤ | ᠡᠭᠦᠷᠭᠡ ᠴᠢᠳᠠᠪᠤᠷᠢ ᠪᠠᠨ ᠴᠢᠩᠭᠠᠷᠠᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ | ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠢᠵᠢᠭᠤᠯᠬᠤ᠂ ᠠᠵᠢᠯ ᠮᠡᠷᠭᠡᠵᠢᠯ ᠤᠨ ᠪᠣᠯᠭᠠᠬᠤ | ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ | ᠬᠠᠤᠯᠢᠴᠢ ᠶᠢᠨ ᠬᠢᠷᠢ ᠬᠡᠮ ᠲᠠᠢ ᠪᠤᠶᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠠᠵᠢᠯᠲᠠᠨ ᠤ | ᠬᠡᠷᠡᠭ ᠰᠢᠢᠳᠪᠦᠷᠢᠯᠡᠬᠦ ᠶᠢ ᠨᠢ ᠵᠣᠷᠢᠬᠵᠢᠭᠤᠯᠤᠨ᠂ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠶ ᠠᠵᠢᠯ | ᠡᠷᠬᠢᠯᠡᠬᠦ ᠶᠢ ᠠᠬᠢᠭᠤᠯᠵᠤ᠂ ᠢᠲᠡᠭᠡᠯ ᠵᠣᠷᠢᠭ ᠨᠢ ᠡᠷᠡᠰ ᠪᠠᠲᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ | ᠵᠣᠷᠢᠭᠲᠠᠶ ᠪᠠᠷ ᠡᠭᠦᠷᠭᠡᠯᠡᠬᠦ᠂ ᠠᠷᠢᠭᠤᠨ ᠴᠢᠬᠡᠴᠢ ᠪᠠᠶᠢᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ | ᠴᠢᠷᠮᠠᠶᠢᠨ ᠪᠠᠶᠢᠭᠤᠯᠬᠤ ᠬᠡᠷᠡᠭᠲᠡᠶ᠃ ᠪᠣᠳᠠᠳᠠᠢ ᠲᠠᠢ ᠪᠠᠨ ᠤᠶᠠᠯᠳᠤᠭᠤᠯᠤᠨ᠂ ᠲᠤᠰᠬᠠᠶ ᠰᠡᠳᠦᠪᠲᠦ ᠲᠠᠶᠢᠯᠤᠮᠵᠢ᠂ | ᠪᠣᠯᠪᠠᠰᠤᠷᠠᠯ ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ︾ ᠶᠢᠨ ᠰᠤᠷᠤᠯᠴᠠᠯᠭ᠎ᠠ ᠪᠣᠯᠪᠠᠰᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠵᠢᠯᠲᠠᠨ ᠤ ᠬᠡᠷᠡᠭ ᠰᠢᠢᠳᠪᠦᠷᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠨᠢ | ᠲᠠᠰᠤᠷᠠᠯᠲᠠ ᠦᠬᠡᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠠᠯᠠᠮᠵᠢ | ᠬᠤᠳᠠᠯᠳᠤᠨ ᠠᠪᠬᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠠᠵᠢᠯᠲᠠᠳ ᠢ ᠬᠠᠤᠯᠢ | ᠴᠠᠭᠠᠵᠠ ᠶᠢᠨ ᠲᠤᠰᠠᠯᠠᠮᠵᠢ ᠳᠤ ᠲᠠᠲᠠᠨ ᠣᠷᠣᠯᠴᠠᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ︵ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ︶᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠨᠤᠭᠤᠳ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠨᠢ | ᠵᠣᠷᠢᠬᠵᠢᠭᠤᠯᠤᠨ ᠳᠡᠮᠵᠢᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢᠴᠢ ᠶᠢᠨ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ | ᠰᠢᠢᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠳᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ ᠤ ᠦᠢᠯᠡᠳᠦᠯ ᠢ ᠨᠢ ᠴᠢᠬᠤᠯᠠᠴᠢᠯᠠᠨ ᠪᠠᠳᠠᠷᠠᠭᠤᠯᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ | ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠢᠵᠠᠭᠠᠷᠯᠠᠯ ᠢ ᠨᠢ ᠪᠠᠭᠠᠰᠬᠠᠬᠤ ᠬᠡᠷᠡᠭᠲᠡᠢ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠡᠬᠢ ᠪᠠᠶᠠᠯᠢᠭ ᠤᠨ ᠪᠠᠶᠢᠳᠠᠯ ᠪᠣᠯᠤᠨ ᠠᠷᠠᠳ ᠢᠷᠭᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠤᠯᠬᠢᠯᠠᠵᠦ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠤ ᠠᠬᠤᠶ ᠶᠢᠨ ᠬᠦᠴᠢᠷᠳᠡᠯ ᠤᠨ ᠪᠠᠷᠢᠮᠵᠢᠶ᠎ᠠ ᠨᠢ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠪᠣᠯᠤᠨ ᠲᠠᠷᠢᠶᠠᠯᠠᠬᠤ ᠮᠠᠯᠵᠢᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠠᠴᠠ | ᠳᠣᠷᠣᠭᠰᠢ ᠪᠠᠶᠢᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠤᠷᠬᠤ ᠬᠥᠮᠦᠰ ᠢ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠥᠮᠦᠰ ᠠᠴᠠ ᠣᠷᠣᠯᠭ᠎ᠠ ᠪᠠᠭᠠᠲᠠᠶ ᠬᠥᠮᠦᠰ ᠬᠦᠷᠲᠡᠯ᠎ᠡ ᠦᠷᠭᠡᠳᠭᠡᠨ᠂ ᠨᠡᠩ ᠣᠯᠠᠨ ᠬᠦᠴᠢᠷᠳᠡᠯᠲᠡᠶ | ᠣᠯᠠᠨ ᠲᠦᠮᠡᠨ ᠳᠤ ᠬᠠᠷᠠᠭᠠᠯᠵᠡᠯ ᠦᠵᠡᠭᠦᠯᠭᠦ ᠬᠡᠷᠩᠲᠠᠢ᠃ ᠪᠠᠶᠢᠭᠠᠯᠢ ᠶᠢᠨ ᠭᠠᠢ ᠭᠠᠮᠰᠢᠭ ᠪᠤᠶᠤ ᠪᠤᠰᠤᠳ ᠳᠠᠪᠠᠰᠢ | ᠦᠭᠡᠢ ᠬᠦᠴᠦᠨ ᠵᠡᠷᠭᠡ ᠰᠢᠯᠲᠠᠭᠠᠨ ᠠᠴᠠ ᠪᠤᠯᠵᠦ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠪᠣᠯᠵᠤ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠵᠠᠷᠣᠲᠠᠯ ᠢ ᠥᠭᠬᠦ ᠴᠢᠳᠠᠯ ᠦᠭᠡᠢ ᠪᠣᠯᠤᠭᠰᠠᠨ ᠪᠠᠶᠢᠪᠠᠯ᠂ ᠠᠵᠤ ᠠᠬᠤᠢ ᠨᠢ | ᠬᠦᠴᠢᠷᠳᠡᠯᠳᠠᠢ ᠲᠠᠢ ᠪᠠᠷ ᠦᠵᠡᠨ᠎ᠡ︔ ᠣᠨᠴᠠᠭᠠᠢ᠂ ᠨᠡᠶᠢᠲᠡᠯᠢᠭ ᠬᠡᠷᠡᠭ ᠲᠠᠬᠢ ᠠᠵᠤ ᠠᠬᠤᠢ ᠶᠢᠨ ᠬᠦᠴᠢᠷᠳᠡᠯ ᠤᠨ | ᠪᠠᠷᠢᠮᠵᠢᠶ᠎ᠠ ᠶᠢ ᠵᠣᠬᠢᠰᠲᠠᠢ ᠪᠠᠷ ᠠᠭᠤᠵᠢᠭᠤ ᠲᠠᠯᠪᠢᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠭᠴᠢ ᠶᠢᠨ ᠰᠠᠭᠤᠭ᠎ᠠ ᠭᠠᠵᠠᠷ ᠪᠣᠯᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠶ ᠶᠢᠨ ᠬᠦᠴᠢᠷᠳᠡᠯ ᠤᠨ | ᠪᠠᠷᠢᠮᠵᠢᠶ᠎ᠠ ᠨᠢ ᠨᠢᠭᠡᠳᠦᠯ ᠦᠭᠡᠶ ᠪᠣᠯ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ | ᠠᠵᠤ ᠠᠬᠤᠶ ᠶᠢᠨ ᠬᠦᠴᠢᠷᠳᠡᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠤᠤᠷ ᠰᠦᠯᠵᠢᠶᠡᠨ ᠤ | ᠪᠠᠶᠢᠭᠤᠯᠤᠯᠲᠠ ᠪᠠᠨ ᠦᠷᠭᠦᠯᠵᠢᠯᠡᠨ ᠦᠷᠭᠡᠵᠢᠭᠦᠯᠣᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ | ᠵᠠᠮ ᠢᠶᠠᠨ ᠦᠷᠭᠡᠳᠭᠡᠨ᠂ ᠬᠠᠤᠯᠢ ᠴᠠᠭᠠᠵᠠ ᠶᠢᠨ ᠲᠤᠰᠠᠯᠠᠮᠵᠢ ᠶᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢᠶᠠᠨ ᠳᠥᠭᠦᠮᠴᠢᠯᠡᠵᠦ᠂ ᠠᠵᠤ ᠠᠬᠤᠶ ᠶᠢᠨ ᠬᠦᠴᠢᠷᠳᠡᠯ ᠢ ᠮᠡᠳᠡᠭᠳᠡᠬᠦ ᠠᠮᠠᠯᠠᠯᠲᠠ ᠶᠢᠨ | ᠳᠦᠷᠢᠮ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠪᠠᠶᠢᠳᠠᠯ ᠨᠢ ᠪᠠᠴᠢᠮ ᠲᠤᠯᠭᠠᠮ ᠪᠣᠯᠬᠤ ᠬᠡᠷᠡᠭ ᠪᠤᠯ | ᠤᠷᠢᠳ ᠢᠶᠠᠷ ᠬᠦᠯᠢᠶᠡᠨ ᠠᠪᠴᠤ ᠰᠢᠢᠳᠪᠦᠷᠢᠯᠡᠨ᠂ ᠳᠠᠷᠠᠭ᠎ᠠ ᠳᠤ ᠨᠢ ᠭᠠᠷᠳᠠᠮ ᠢᠶᠠᠨ ᠨᠦᠭᠦᠨ ᠭᠦᠢᠴᠡᠳᠬᠡᠵᠦ | ᠪᠣᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠣᠨᠳᠣᠣ ᠭᠠᠵᠠᠷ ᠤᠨ ᠬᠠᠮᠵᠢᠯᠴᠠᠬᠤ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠣᠨᠳᠣᠣ ᠭᠠᠵᠠᠷ ᠲᠤ ᠬᠠᠤᠯᠢ | ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ ᠳᠥᠭᠦᠮ ᠦᠵᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ | ᠬᠢᠭᠡᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ | ᠪᠦᠲᠦᠮᠵᠢᠲᠡᠶ ᠵᠣᠯᠭᠠᠭᠤᠯᠬᠤ ᠲᠣᠭᠲᠠᠴᠠ ᠪᠠᠨ ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠠᠷᠠᠳ ᠲᠤ ᠳᠥᠭᠦᠮ ᠦᠵᠡᠭᠦᠯᠬᠦ ᠠᠵᠢᠯ ᠤᠨ ᠪᠠᠶᠢᠩᠭᠤᠵᠢᠬᠤ ᠶᠢ ᠠᠬᠢᠭᠤᠯᠬᠤ ᠬᠡᠷᠡᠭᠲᠡᠶ᠃ | ︵ᠲᠠᠪᠤ︶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠡᠷᠡᠭᠲᠡᠶ᠃ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠣᠡᠬᠠᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠡᠯ᠎ᠡ ᠭᠤᠭᠴᠤᠭᠠᠨ ᠳᠠᠬᠢ ᠠᠵᠢᠯ ᠤᠨ ᠳᠡᠰ ᠳᠠᠷᠠᠭᠠᠯᠠᠯ᠂ | ᠠᠵᠢᠯ ᠤᠨ ᠳᠦᠷᠢᠮ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠪᠠᠶᠢᠢᠴᠠᠭᠠᠬᠤ ᠳᠦᠷᠢᠮ᠂ | ᠮᠦᠷᠳᠡᠨ ᠳᠠᠭᠠᠬᠤ ᠳᠦᠷᠢᠮ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠡᠯᠡᠨ ᠵᠢᠱᠢᠬᠦ | ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ | ᠴᠢᠨᠠᠷ ᠴᠢᠨᠰᠠᠭ᠎ᠠ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠢᠷᠳᠡᠯᠲᠡᠶ ᠣᠯᠠᠨ ᠲᠦᠮᠡᠨ ᠳᠤ ᠦᠨᠡᠨ ᠬᠦ | ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠬᠠᠩᠭᠠᠬᠤ | ᠬᠡᠷᠡᠭᠲᠡᠶ᠃ | ᠳᠥᠷᠪᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ ᠤᠨ ᠬᠡᠷᠡᠭᠵᠢᠭᠦᠯᠦᠯᠲᠡ ᠶᠢᠨ ᠪᠠᠲᠤᠯᠠᠭ᠎ᠠ ᠶᠢ | ᠦᠨᠡᠨ ᠬᠦ ᠴᠢᠩᠭᠠᠳᠬᠠᠬᠤ ᠬᠡᠷᠡᠭᠲᠡᠢ | ︵ᠨᠢᠭᠡ︶ ᠵᠣᠬᠢᠶᠠᠨ ᠪᠠᠶᠢᠢᠭᠤᠯᠵᠣ ᠣᠳᠣᠷᠢᠣᠡᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠢᠭᠤᠯᠵᠣ | ᠤᠳᠤᠷᠢᠳᠬᠤ ᠪᠠᠨ ᠦᠷᠭᠦᠯᠵᠢᠯᠡᠨ ᠴᠢᠩᠭᠠᠣᠡᠬᠠᠵᠣ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠡᠳᠦᠷ | ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠤᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠬᠤ ᠶᠢᠨ ᠬᠠᠮᠲᠤ ᠨᠠᠶᠢᠢᠳᠠᠪᠤᠷᠢᠵᠢᠭᠤᠯᠤᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ | ᠥᠷᠭᠡᠨ ᠢᠶᠠᠷ ᠣᠷᠣᠯᠴᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢᠰᠢᠯ ᠢ ᠦᠨᠡᠨ ᠬᠦ ᠪᠣᠶ | ᠪᠣᠯᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠤᠨ | ᠠᠷᠭ᠎ᠠ ᠬᠡᠮᠵᠢᠶ᠎ᠡ ᠶᠢᠨ ᠪᠣᠳᠠᠳᠠᠢ ᠳᠤ ᠨᠠᠶᠢᠢᠳᠠᠪᠣᠷᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠢ ᠲᠥᠰᠦᠪ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠨᠠᠶᠢᠷᠠᠭᠤᠯᠤᠨ ᠵᠣᠬᠢᠶᠠᠵᠤ᠂ ᠣᠷᠣᠨ | ᠨᠤᠲᠤᠭ ᠤᠨ ᠡᠳ᠋ ᠤᠨ ᠬᠦᠴᠦᠨ ᠤ ᠪᠠᠶᠢᠳᠠᠯ ᠪᠣᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ | ᠲᠤᠭ᠎ᠠ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠵᠦᠢ ᠵᠣᠬᠢᠰᠲᠠᠶ | ᠲᠣᠬᠢᠷᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠠᠷᠤᠳᠠᠯ ᠳᠤ ᠲᠤᠰᠠᠭᠠᠷ ᠲᠣᠭᠠᠴᠠᠭ᠎ᠠ ᠬᠢᠬᠦ ᠶᠢ ᠬᠡᠷᠡᠭᠵᠢᠭᠦᠯᠬᠦ ᠬᠡᠷᠡᠭᠲᠡᠶ᠃ ᠵᠠᠷᠤᠳᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠤᠬᠠᠶᠢᠯᠠᠭᠰᠠᠨ ᠠᠵᠢᠯ ᠤᠨ ᠵᠠᠷᠤᠳᠠᠯ ᠤᠨ ᠣᠷᠣᠭᠤᠯᠤᠯᠲᠠ ᠶᠢ ᠴᠠᠭ ᠲᠤᠬᠠᠢ ᠳᠤ ᠨᠢ ᠲᠣᠬᠢᠷᠠᠭᠤᠯᠤᠨ᠂ ᠡᠷᠡᠭᠦᠦ ᠶᠢᠨ | ᠬᠡᠷᠡᠭ ᠤᠨ ᠬᠠᠤᠯᠢᠴᠢ ᠶᠢᠨ ᠦᠮᠦᠭᠯᠡᠯᠲᠡ ᠶᠢ ᠨᠡᠶᠢᠳᠡᠮ ᠬᠠᠮᠤᠷᠤᠭᠤᠯᠬᠤ ᠵᠡᠷᠭᠡ ᠰᠢᠨ᠎ᠡ ᠪᠠᠷ ᠨᠡᠮᠡᠭᠳᠡᠭᠰᠡᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠴᠢᠩᠳᠠᠯᠠᠵᠤ᠂ ᠵᠠᠷᠤᠳᠠᠯ ᠤᠨ ᠬᠡᠷᠡᠭᠯᠡᠯᠲᠡ ᠶᠢ ᠵᠠᠷᠯᠠᠨ | ᠨᠡᠶᠢᠲᠡᠯᠡᠬᠦ ᠳᠦᠷᠢᠮ ᠢ ᠪᠠᠶᠢᠭᠤᠯᠤᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠲᠣᠭᠲᠠᠭᠠᠯ ᠠᠴᠠ | ᠵᠥᠷᠢᠴᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ ᠰᠢᠬᠠᠨ | ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠶᠢᠭᠤᠯᠤᠮᠵᠢ ᠪᠣᠯᠤᠨ ᠬᠤᠪᠢ | ᠬᠥᠮᠦᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ︵ᠭᠤᠷᠪᠠ︶ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠤᠬᠠᠭᠤᠯᠭ᠎ᠠ ᠶᠢᠨ ᠠᠷᠭ᠎ᠠ | ᠮᠠᠶ᠋ᠢᠭ ᠤᠨ ᠲᠠᠯ᠎ᠠ ᠳᠤ ᠰᠢᠨ᠎ᠡ ᠶᠢ ᠡᠭᠦᠳᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ | ᠰᠣᠶᠣᠯ ᠤᠨ ᠪᠦᠲᠦᠭᠡᠭᠳᠡᠬᠦᠨ ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢ︾ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠢᠭᠡᠴᠢ ᠳᠤ | ᠣᠷᠤᠭᠤᠯᠬᠤ ᠪᠠ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢ ᠤᠯᠠᠨ ᠲᠦᠮᠡᠨ ᠤ ᠳᠡᠷᠭᠡᠳᠡ | ᠬᠦᠷᠭᠡᠵᠦ᠂ ᠤᠯᠠᠨ ᠲᠦᠮᠡᠨ ᠤ ᠴᠠᠭ ᠲᠤᠬᠠᠢ ᠳᠤ ᠨᠢ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠳᠤ ᠲᠦᠬᠦᠮ | ᠦᠵᠡᠭᠦᠯᠬᠦ ᠬᠡᠷᠡᠭᠲᠡᠢ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢ︾ ᠶᠢ ︽ᠨᠠᠶᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠲᠦᠯᠦᠪᠵᠢᠭᠦᠯᠭᠡ ᠶᠢᠨ ᠠᠵᠢᠯ ᠤᠨ ᠭᠤᠣᠯᠳᠠᠯᠭ᠎ᠠ ᠪᠣᠯᠬᠤ ᠠᠭᠤᠯᠭ᠎ᠠ ᠳᠤ ᠣᠷᠣᠭᠤᠯᠵᠤ᠂ ᠳᠣᠲᠣᠭᠠᠳᠤ ᠶᠢ | ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠢᠯᠠᠵᠤ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠲᠣᠭᠲᠠᠴᠠ ᠶᠢ | ᠪᠠᠶᠢᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠯᠢᠭᠡᠷ ᠶᠠᠪᠤᠳᠠᠯ ᠢ ᠰᠠᠶᠢᠲᠤᠷ ᠶᠠᠷᠢᠵᠤ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠪᠣᠳᠠᠲᠠᠶᠢᠵᠢᠭᠤᠯᠤᠨ ᠦᠷ᠎ᠡ ᠪᠦᠳᠣᠮᠵᠢ ᠭᠠᠷᠭᠠᠬᠤ ᠳᠤ ᠨᠢ ᠰᠠᠶᠢᠨ | ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ | ᠲᠣᠰ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2010﹈ 9 ᠳ᠋ᠤᠭᠡᠷ ᠲᠣᠭᠠᠲᠤ︶ ᠢ ᠬᠠᠮᠳᠤ ᠳᠤ ᠨᠢ ᠬᠦᠴᠦᠨ ᠥᠬᠡᠶ ᠪᠣᠯᠭᠠᠨ᠎ᠠ᠃ | |