| 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ | ᠠᠷᠠᠳ ᠤᠨᠵᠠᠰᠠᠭ ᠤᠨ ᠣᠷᠳᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠵᠤ ᠪᠠᠲᠤᠯᠠᠭᠠᠳ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠲᠦᠷᠢᠮ︾ | ᠳᠤ ᠳᠣᠤᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ | ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠶᠢᠨ | ᠬᠡᠷᠡᠭᠵᠢᠭᠦᠯᠬᠦ ᠨᠠᠷᠢᠨ ᠲᠦᠷᠢᠮ︾ | ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠢ ︽2022 ᠣᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠮᠦᠨᠡᠬᠢ ᠵᠤᠷᠪᠤᠰ ᠲᠤ | ᠲᠣᠭᠲᠠᠭᠠᠭᠰᠠᠨ ᠭᠡᠷ ᠬᠥᠷᠤᠩᠭᠡ ᠶᠢᠨ ᠤᠤᠯ ᠦᠷᠳᠡᠭ ᠢᠶᠠᠷ ᠨᠢ ᠪᠣᠯᠭᠠᠵᠦ ᠨᠢᠭᠡ ᠯᠡ ᠲᠡᠭᠡᠷ᠎ᠡ ᠬᠠᠰᠤᠬᠤ ᠬᠠᠷᠢᠴᠠᠯ ᠢ | 10% ᠪᠠᠶᠢᠢᠯᠭᠠᠨᠨᠰᠠᠨ ᠠᠴᠠ 30% ᠪᠣᠯᠭᠠᠨ ᠲᠦᠷ ᠲᠣᠬᠢᠷᠠᠭᠤᠯᠤᠨ᠎ᠠ︾ ᠭᠡᠵᠦ ᠵᠠᠰᠠᠪᠤᠷᠢ ᠤᠷᠤᠭᠤᠯᠪᠠ᠃ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ﹀ ᠶᠢ ᠬᠡᠷᠡᠭᠵᠢᠭᠦᠯᠬᠦ | ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠶᠢᠨ | ᠬᠡᠷᠡᠭᠵᠢᠭᠦᠯᠬᠦ ᠨᠠᠷᠢᠨ ᠲᠦᠷᠢᠮ︾ ᠳᠤ ᠵᠤᠬᠢᠬᠤ ᠵᠠᠰᠠᠪᠤᠷᠢ ᠤᠷᠤᠭᠤᠯᠤᠨ ᠳᠠᠭᠢᠵᠤ ᠨᠡᠶᠢᠢᠳᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ | ᠣᠩᠭᠤᠴᠠᠨ ᠤ ᠭᠠᠶᠢᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ | ︵2013 ᠣᠨ ᠤ 2 ᠳ᠋ᠤᠭᠠᠷ ᠰᠠᠷ᠎ᠠ ᠶᠢᠨ 6 ᠤ ᠡᠳᠦᠷ ᠥᠪᠥᠷᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 192 ᠳ᠋ᠤᠭᠠᠷ ᠲᠣᠭᠠᠲᠤ ᠳᠤ ᠨᠡᠶᠢᠢᠲᠡᠯᠡᠪᠡ 2019 | ᠣᠨ ᠤ 3 ᠳ᠋ᠤᠭᠠᠷ ᠰᠠᠷ᠎ᠠ ᠶᠢᠨ 21 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ︾ ᠶᠢ | ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ | ᠭᠠᠶᠢᠢᠯᠢ ᠶᠢᠨ ᠬᠡᠷᠡᠭᠵᠢᠭᠦᠯᠬᠦ ᠨᠠᠷᠢᠨ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠠᠩᠬ᠎ᠠ | ᠤᠳᠠᠭ᠎ᠠ ᠵᠠᠰᠠᠪᠤᠷᠢᠯᠠᠪᠠ 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠤᠨ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ | ᠣᠩᠭᠤᠴᠠᠨ ᠤ ᠭᠠᠶᠢᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ | ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢᠯᠠᠪᠠ︶ | ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ | ᠭᠠᠶᠢᠢᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ | ᠭᠠᠶᠢᠢᠯᠢ ᠶᠢᠨ ᠬᠠᠤᠯᠢ ᠶᠢ ᠬᠡᠷᠡᠭᠵᠢᠭᠦᠯᠬᠦ ᠲᠥᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠣᠰ | ᠠᠷᠭ᠎ᠠ ᠳᠤ ᠳᠠᠭᠠᠯᠳᠤᠭᠤᠯᠵᠤ ᠪᠠᠶᠢᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠷᠭᠡᠣᠩᠭᠤᠴᠠᠨ ᠤ ᠭᠠᠶᠢᠢᠯᠢ ᠶᠢᠨ ᠲᠥᠷᠥᠯ ᠵᠦᠢᠯ ᠪᠠ ᠭᠠᠶᠢᠢᠯᠢ ᠶᠢᠨ ᠲᠣᠭᠠᠨ ᠤ ᠬᠦᠰᠦᠨᠦᠭᠲᠦ︾ ᠳᠤ | ᠲᠣᠭᠲᠠᠭᠠᠭᠰᠠᠨ ᠲᠡᠷᠭᠡ ᠬᠥᠰᠬᠡ᠂ ᠣᠩᠭᠤᠴᠠ ᠵᠠᠪᠢ ᠶᠢᠨ ᠥᠮᠴᠢᠯᠡᠭᠴᠢ ᠪᠤᠶᠤ ᠬᠠᠮᠢᠶᠠᠷᠤᠭᠴᠢ ᠳᠤ ᠬᠠᠷᠢᠶᠠᠯᠠᠭᠳᠠᠵᠤ | ᠪᠠᠶᠢᠢᠪᠠᠯ᠂ ᠲᠡᠷᠭᠡ ᠣᠩᠭᠤᠴᠠᠨ ᠤ ᠭᠠᠶᠢᠢᠯᠢ ᠲᠤᠰᠢᠶᠠᠭᠴᠢ ᠪᠣᠯᠣᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ᠪᠠ ᠲᠣᠰ ᠠᠷᠭ᠎ᠠ ᠶᠢᠨ | ᠶᠣᠰᠣᠭᠠᠷ ᠲᠡᠷᠭᠡ ᠣᠩᠭᠤᠴᠠᠨ ᠤ ᠭᠠᠶᠢᠢᠯᠢ ᠲᠤᠰᠢᠶᠠᠬᠤ ᠬᠡᠷᠡᠭᠲᠡᠶ᠃ | ᠲᠣᠰ ᠠᠷᠭ᠎ᠠ ᠳᠤ ᠬᠡᠯᠡᠵᠦ ᠪᠠᠶᠢᠭ᠎ᠠ ᠲᠡᠷᠭᠡ ᠬᠥᠰᠬᠡ᠂ ᠣᠩᠭᠤᠴᠠ ᠵᠠᠪᠢ ᠭᠡᠳᠡᠭ ᠨᠢ ᠲᠡᠷᠭᠡ ᠣᠩᠭᠤᠴᠠ ᠶᠢ | ᠲᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠬᠤ ᠴᠢᠬᠤᠯᠠᠳᠠᠢ ᠮᠠᠰᠢᠨᠲᠤ ᠲᠡᠷᠭᠡ | ᠪᠠ ᠣᠩᠭᠤᠴᠠ ᠵᠠᠪᠢ᠂ ᠵᠢᠴᠢ ᠲᠡᠷᠭᠡ ᠣᠩᠭᠤᠴᠠ ᠶᠢ ᠲᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ | ᠶᠣᠰᠣᠭᠠᠷ ᠳᠠᠩᠰᠠᠯᠠᠭᠤᠯᠬᠤ ᠴᠢᠬᠤᠯᠠ ᠥᠭᠡᠢ ᠨᠢᠭᠡᠴᠢ ᠶᠢᠨ ᠢᠶᠠᠨ ᠳᠣᠲᠣᠭᠠᠳᠤ ᠶᠢᠨ ᠲᠠᠯᠠᠪᠤᠷ ᠭᠠᠵᠠᠷ ᠲᠤ | ᠵᠠᠮᠨᠠᠭᠤᠯᠬᠤ ᠪᠤᠶᠤ ᠠᠵᠢᠯᠯᠠᠭᠤᠯᠬᠤ ᠮᠠᠰᠢᠨᠲᠤ ᠲᠡᠷᠭᠡ ᠪᠠ ᠣᠩᠭᠤᠴᠠ ᠵᠠᠪᠢ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠲᠡᠷᠭᠡ ᠣᠩᠭᠤᠴᠠᠨ ᠤ ᠭᠠᠶᠢᠢᠯᠢ ᠶᠢᠨ ᠲᠥᠷᠥᠯ ᠵᠦᠢᠯ᠂ ᠭᠠᠶᠢᠢᠯᠢ ᠶᠢᠨ ᠲᠤᠭ᠎ᠠ ᠶᠢ | ᠲᠣᠰ ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ | ᠣᠩᠭᠤᠴᠠᠨ ᠤ ᠭᠠᠶᠢᠢᠯᠢ ᠶᠢᠨ ᠲᠥᠷᠥᠯ ᠵᠦᠢᠯ ᠪᠠ ᠭᠠᠶᠢᠢᠯᠢ ᠶᠢᠨ ᠲᠣᠭᠠᠨ ᠤ ᠬᠦᠰᠦᠨᠦᠭᠲᠦ︾ ᠶᠣᠰᠣᠭᠠᠷ | ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠲᠡᠷᠭᠡ ᠣᠩᠭᠤᠴᠠ ᠶᠢ ᠲᠡᠷᠭᠡ ᠣᠩᠭᠤᠴᠠᠨ ᠤ | ᠭᠠᠶᠢᠢᠯᠢ ᠠᠴᠠ ᠬᠡᠯᠲᠦᠷᠢᠭᠦᠯᠦᠨ᠎ᠡ᠄ | ︵ᠨᠢᠭᠡ︶ ᠵᠢᠭᠠᠰᠤ ᠠᠩᠨᠠᠨ ᠰᠢᠭᠦᠬᠦ᠂ ᠲᠡᠵᠢᠭᠡᠨ ᠦᠷᠡᠵᠢᠭᠦᠯᠬᠦ ᠣᠩᠭᠤᠴᠠ︔ | ︵ᠬᠤᠶᠠᠷ︶ ᠴᠡᠷᠢᠭ ᠠᠩᠬᠢ᠂ ᠵᠡᠪᠰᠡᠭᠲᠦ ᠴᠬᠠᠳᠠᠭᠠᠨ ᠤ ᠴᠡᠷᠢᠭ ᠠᠩᠬᠢ ᠶᠢᠨ ᠲᠤᠰᠬᠠᠶ ᠬᠡᠷᠡᠭᠯᠡᠬᠦ ᠲᠡᠷᠭᠡ | ᠣᠩᠭᠤᠴᠠ︔ | ︵ᠭᠤᠷᠪᠠ︶ ᠴᠠᠭᠳᠠᠭᠠᠨ ᠤ ᠲᠡᠷᠭᠡ ᠣᠩᠭᠤᠴᠠ︔ | ︵ᠲᠦᠷᠪᠡ︶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠠᠶᠢᠯᠢ ᠠᠴᠠ ᠬᠡᠯᠲᠦᠷᠢᠭᠦᠯᠬᠦ ᠶᠣᠰᠣᠲᠠᠶ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ᠂ | ᠳᠤᠮᠳᠠᠳᠤ ᠤᠯᠤᠰ ᠲᠤ ᠰᠠᠭᠤᠭ᠎ᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠬᠦ ᠪᠠᠶᠢᠭᠤᠯᠤᠮᠵᠢ | ᠵᠢᠴᠢ ᠲᠡᠭᠦᠨ ᠤ ᠬᠤᠯᠪᠣᠭᠳᠠᠯ ᠪᠦᠬᠦᠢ ᠠᠵᠢᠯᠲᠠᠨ ᠤ ᠲᠡᠷᠭᠡ ᠣᠩᠭᠤᠴᠠ︔ | ︵ᠲᠠᠪᠤ︶ ᠤᠯᠠᠨ ᠨᠡᠶᠢᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ︔ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠥᠮᠴᠢᠯᠡᠵᠦ ᠪᠠᠶᠢᠭ᠎ᠠ ᠪᠥᠭᠡᠳ | ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠳᠤ ᠬᠡᠷᠡᠭᠯᠡᠵᠦ ᠪᠠᠶᠢᠭ᠎ᠠ ᠮᠣᠲ᠋ᠣᠷ᠂ ᠭᠤᠷᠪᠠᠨ ᠬᠦᠷᠳᠦᠲᠦ ᠮᠠᠰᠢᠨ | ᠲᠡᠷᠭᠡ ᠪᠠ ᠳᠣᠣᠷ᠎ᠠ ᠬᠤᠷᠳᠤᠴᠠᠲᠤ ᠪᠠᠷᠠᠭ᠎ᠠ ᠲᠡᠬᠡᠬᠡᠭᠦ ᠮᠠᠰᠢᠨ ᠲᠡᠷᠭᠡ᠃ | ᠲᠠᠪᠤᠳᠤᠭᠠᠷ ᠵᠦᠢᠯ ᠲᠣᠭᠲᠠᠭᠠᠯ ᠶᠣᠰᠣᠭᠠᠷ ᠣᠩᠭᠤᠴᠠ ᠵᠠᠪᠢ ᠶᠢᠨ ᠲᠣᠨ ᠤ ᠭᠠᠶᠢᠯᠢ ᠲᠤᠰᠢᠶᠠᠬᠤ | ᠮᠠᠰᠢᠨᠲᠤ ᠣᠩᠭᠤᠴᠠ ᠵᠠᠪᠢ ᠪᠠ ᠲᠡᠷᠭᠡ ᠣᠩᠭᠤᠴᠠ ᠶᠢ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ | ᠶᠣᠰᠣᠭᠠᠷ ᠳᠠᠩᠰᠠᠯᠠᠭᠤᠯᠬᠤ ᠴᠢᠬᠤᠯᠠ ᠥᠬᠡᠶ ᠨᠢᠰᠬᠡᠯ ᠤᠨ ᠪᠠᠭᠤᠳᠠᠯ᠂ ᠭᠠᠷᠠᠮ᠂ ᠲᠡᠮᠦᠷ ᠵᠠᠮ ᠤᠨ ᠥᠷᠲᠡᠭᠡ | ᠲᠠᠯᠠᠪᠤᠷ ᠤᠨ ᠳᠣᠲᠣᠭᠠᠳᠤ ᠳᠤ ᠶᠠᠪᠤᠬᠤ ᠪᠤᠶᠤ ᠠᠵᠢᠯᠯᠠᠬᠤ ᠲᠡᠷᠭᠡ ᠣᠩᠭᠤᠴᠠ ᠠᠴᠠ ︽ᠪᠥ᠋ᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ ︾ ᠶᠢ ᠬᠡᠷᠡᠭᠵᠢᠭᠦᠯᠦᠭᠰᠡᠨ ᠡᠳᠦᠷ ᠠᠴᠠ | ᠡᠬᠢᠯᠡᠨ 5 ᠵᠢᠯ ᠤᠨ ᠳᠣᠲᠣᠷ᠎ᠠ ᠲᠡᠷᠭᠡ ᠣᠩᠭᠤᠴᠠᠨ ᠤ ᠭᠠᠶᠢᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃ | ᠵᠢᠷᠭᠤᠳᠤᠭᠠᠷ ᠵᠦᠢᠯ ᠡᠨᠧᠷᠭᠢ ᠶᠢ ᠠᠷᠪᠢᠯᠠᠭᠰᠠᠨ᠂ ᠰᠢᠨ᠎ᠡ ᠡᠨᠧᠷᠭᠢ ᠶᠢ ᠬᠡᠷᠡᠭᠯᠡᠭᠰᠡᠨ ᠲᠡᠷᠭᠡ | ᠣᠩᠭᠤᠴᠠ ᠠᠴᠠ ᠲᠡᠷᠭᠡ ᠣᠩᠭᠤᠴᠠᠨ ᠤ ᠭᠠᠶᠢᠢᠯᠢ ᠶᠢ ᠭᠦᠩᠬᠡᠯᠡᠬᠦ ᠪᠤᠶᠤ ᠭᠠᠶᠢᠢᠯᠢ ᠠᠴᠠ ᠬᠡᠯᠲᠦᠷᠢᠭᠦᠯᠵᠦ ᠪᠣᠯᠣᠨ᠎ᠠ᠃ | ᠪᠣᠳᠠᠲᠠᠶ ᠬᠡᠪᠴᠢᠶ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠲᠤ | ᠨᠥᠯᠥᠭᠡᠯᠡᠭᠳᠡᠭᠡᠳ ᠭᠠᠶᠢᠯᠢ ᠲᠤᠰᠢᠶᠠᠬᠤ ᠳᠤ ᠬᠦᠴᠢᠷᠳᠡᠯᠲᠡᠢ ᠪᠣᠯᠤᠭᠰᠠᠨ ᠵᠢᠴᠢ ᠪᠤᠰᠤᠳ ᠣᠨᠴᠠᠭᠠᠢ | ᠰᠢᠯᠲᠠᠭᠠᠨ ᠠᠴᠠ ᠪᠣᠯᠣᠭᠠᠳ ᠦᠨᠡᠨ ᠬᠦ ᠭᠠᠶᠢᠯᠢ ᠠᠴᠠ ᠬᠡᠯᠲᠦᠷᠢᠭᠦᠯᠬᠦ ᠴᠢᠬᠤᠯᠠᠲᠠᠶ ᠲᠡᠷᠭᠡ ᠣᠩᠭᠤᠴᠠ ᠠᠴᠠ | ᠵᠣᠬᠢᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠲᠡᠷᠭᠡ ᠣᠩᠭᠤᠴᠠᠨ ᠤ ᠭᠠᠶᠢᠢᠯᠢ ᠶᠢ ᠭᠦᠩᠬᠡᠯᠡᠬᠦ ᠪᠤᠶᠤ | ᠭᠠᠶᠢᠢᠯᠢ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠶ ᠭᠦᠩᠬᠡᠯᠡᠵᠦ ᠬᠡᠯᠲᠦᠷᠢᠭᠦᠯᠬᠦ ᠬᠤᠭᠤᠴᠠᠭ᠎ᠠ ᠬᠢᠵᠠᠭᠠᠷ ᠪᠠ | ᠲᠤᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ᠂ | ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ | ᠳᠣᠯᠣᠳᠤᠭᠠᠷ ᠵᠦᠢᠯ ᠲᠡᠷᠭᠡ ᠣᠩᠭᠤᠴᠠᠨ ᠤ ᠭᠠᠶᠢᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ | ᠬᠠᠷᠢᠭᠤᠴᠠᠨ ᠲᠠᠲᠠᠪᠤᠷᠢᠯᠠᠨ᠎ᠠ᠃ | ᠨᠠᠶᠢᠮᠠᠳᠤᠭᠠᠷ ᠵᠦᠢᠯ ᠮᠠᠰᠢᠨᠲᠤ ᠲᠡᠷᠭᠡᠨ ᠤ ᠭᠤᠷᠪᠠᠳᠠᠭᠴᠢ ᠡᠲᠡᠭᠡᠳ ᠤᠨ ᠬᠠᠷᠢᠭᠤᠴᠠᠯᠭ᠎ᠠ ᠶᠢᠨ | ᠠᠯᠪᠠᠳᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠳᠠᠭᠠᠳᠬᠠᠯ ᠤᠨ ᠪᠠᠶᠢᠭᠤᠯᠤᠮᠵᠢ ᠨᠢ | ᠮᠠᠰᠢᠨᠲᠤ ᠲᠡᠷᠭᠡ ᠶᠢᠨ ᠲᠡᠷᠭᠡ ᠣᠩᠭᠤᠴᠠᠨ ᠤ ᠭᠠᠶᠢᠢᠯᠢ ᠶᠢ ᠰᠠᠭᠤᠯᠭᠠᠨ ᠲᠤᠰᠢᠶᠠᠬᠤ ᠡᠭᠦᠷᠭᠡᠲᠦ ᠬᠥᠮᠦᠨ ᠪᠠᠶᠢᠢᠵᠤ᠂ | ᠳᠠᠭᠠᠳᠬᠠᠯ ᠤᠨ ᠵᠠᠷᠤᠳᠠᠯ ᠬᠤᠷᠢᠶᠠᠬᠤ ᠳᠤ ᠪᠠᠨ ᠲᠡᠷᠭᠡ ᠣᠩᠭᠤᠴᠠᠨ ᠤ ᠭᠠᠶᠢᠢᠯᠢ ᠶᠢ ᠬᠠᠤᠯᠢ ᠶᠣᠰᠣᠭᠠᠷ ᠣᠷᠣᠯᠠᠨ | ᠬᠤᠷᠢᠶᠠᠬᠤ ᠶᠢᠨ ᠬᠠᠮᠲᠤ ᠭᠠᠶᠢᠯᠢ ᠶᠢᠨ ᠵᠣᠭᠤᠰ ᠢ ᠣᠷᠣᠯᠠᠨ ᠬᠤᠷᠢᠶᠠᠭᠰᠠᠨ ᠭᠡᠷᠡᠴᠢ ᠪᠠᠷᠢᠮᠲᠠ ᠭᠠᠷᠭᠠᠬᠤ ᠬᠡᠷᠡᠭᠲᠡᠶ᠃ | | ᠶᠢᠰᠦᠳᠦᠭᠡᠷ ᠵᠦᠢᠯ ᠲᠡᠷᠭᠡ ᠣᠩᠭᠤᠴᠠᠨ ᠤ ᠭᠠᠶᠢᠢᠯᠢ ᠶᠢ ᠣᠨ ᠢᠶᠠᠷ ᠮᠡᠳᠡᠭᠦᠯᠵᠦ᠂ ᠰᠠᠷ᠎ᠠ ᠪᠠᠷ ᠪᠤᠳᠤᠵᠤ᠂ | ᠨᠢᠭᠡ ᠯᠡ ᠲᠡᠭᠡᠷ᠎ᠡ ᠲᠤᠰᠢᠶᠠᠨ᠎ᠠ᠃ ᠡᠭᠦᠨ ᠳᠤ ᠠᠷᠭ᠎ᠠ ᠶᠢᠨ ᠤᠯᠠᠷᠢᠯ ᠤᠨ 1 ᠳ᠋ᠤᠭᠡᠷ ᠰᠠᠷ᠎ᠠ ᠶᠢᠨ 1 ᠤ ᠡᠳᠦᠷ ᠠᠴᠠ | 12 ᠳ᠋ᠤᠭᠠᠷ ᠰᠠᠷ᠎ᠠ ᠶᠢᠨ 31 ᠤ ᠡᠳᠦᠷ ᠭᠦᠷᠳᠡᠯᠡᠬᠢ ᠬᠤᠭᠤᠴᠠᠭᠠᠨ ᠳᠤ ᠭᠠᠶᠢᠢᠯᠢ ᠪᠠᠨ ᠲᠤᠰᠢᠶᠠᠬᠤ ᠬᠡᠷᠡᠭᠳᠡᠢ᠃ | ᠰᠠᠭᠤᠯᠭᠠᠨ ᠲᠤᠰᠢᠶᠠᠬᠤ ᠡᠭᠦᠷᠭᠡᠲᠦ ᠬᠥᠮᠦᠨ ᠢᠶᠠᠷ ᠲᠡᠷᠭᠡ ᠣᠩᠭᠤᠴᠠᠨ ᠤ ᠭᠠᠶᠢᠢᠯᠢ ᠶᠢ ᠣᠷᠣᠯᠠᠭᠤᠯᠤᠨ | ᠬᠤᠷᠢᠶᠠᠯᠭᠠᠵᠤ᠂ ᠣᠷᠣᠯᠠᠭᠤᠯᠤᠨ ᠲᠤᠰᠢᠶᠠᠯᠭᠠᠭᠰᠠᠨ ᠪᠣᠯ᠂ ᠭᠠᠶᠢᠯᠢ ᠲᠤᠰᠢᠶᠠᠭᠴᠢ ᠨᠢ ᠮᠠᠰᠢᠨᠲᠤ ᠲᠡᠷᠭᠡᠨ ᠤ ᠵᠠᠮ | ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠢ ᠭᠦᠢᠴᠡᠳᠬᠡᠬᠦ ᠶᠢᠨ | ᠵᠡᠷᠭᠡ ᠳ᠋ᠤᠲᠡᠷᠭᠡ ᠣᠩᠭᠤᠴᠠᠨ ᠤ ᠭᠠᠶᠢᠢᠯᠢ ᠶᠢ ᠲᠤᠰᠢᠶᠠᠬᠤ ᠬᠡᠷᠡᠭᠲᠡᠶ᠃ | ᠭᠠᠶᠢᠯᠢ ᠲᠤᠰᠢᠶᠠᠭᠴᠢ ᠨᠢ ᠰᠢᠨ᠎ᠡ ᠪᠠᠷ ᠲᠡᠷᠭᠡ ᠣᠩᠭᠤᠴᠠ ᠬᠤᠳᠠᠯᠳᠤᠨ ᠠᠪᠤᠭᠰᠠᠨ ᠪᠥᠭᠡᠳ ᠲᠡᠷᠭᠡ | ᠣᠩᠭᠤᠴᠠᠨ ᠤ ᠭᠠᠶᠢᠢᠯᠢ ᠲᠤᠰᠢᠶᠠᠬᠤ ᠪᠠᠷ ᠥᠪᠡᠰᠦᠪᠡᠨ ᠭᠤᠶᠤᠴᠢᠯᠠᠨ ᠮᠡᠳᠡᠭᠦᠯᠦᠭᠰᠡᠨ ᠪᠣᠯ᠂ ᠭᠠᠶᠢᠯᠢ ᠲᠤᠰᠢᠶᠠᠬᠤ | ᠡᠭᠦᠷᠭᠡ ᠡᠭᠦᠰᠦᠭᠰᠡᠨ ᠤ ᠳᠠᠷᠠᠭ᠎ᠠ ᠰᠠᠷ᠎ᠠ ᠶᠢᠨ 30 ᠤ ᠡᠳᠦᠷ ᠠᠴᠠ ᠡᠮᠦᠨ᠎ᠡ ᠲᠡᠷᠭᠡ ᠣᠩᠭᠤᠴᠠᠨ ᠤ ᠭᠠᠶᠢᠢᠯᠢ ᠶᠢ | ᠲᠤᠰᠢᠶᠠᠬᠤ ᠬᠡᠷᠡᠭᠲᠡᠶ᠃ | ᠠᠷᠪᠠᠳᠤᠭᠠᠷ ᠵᠦᠢᠯ ᠳᠠᠭᠠᠳᠬᠠᠯ ᠤᠨ ᠪᠠᠶᠢᠭᠤᠯᠤᠮᠵᠢ ᠲᠡᠷᠭᠡ ᠣᠩᠭᠤᠴᠠᠨ ᠤ ᠭᠠᠶᠢᠢᠯᠢ ᠶᠢ ᠣᠷᠣᠯᠠᠨ | ᠬᠤᠷᠢᠶᠠᠵᠤ ᠣᠷᠣᠯᠠᠨ ᠲᠤᠰᠢᠶᠠᠬᠤ ᠭᠠᠷᠳᠠᠮ ᠤᠨ ᠵᠠᠷᠤᠳᠠᠯ ᠤᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠥᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠲᠡᠷᠭᠡ ᠣᠩᠭᠤᠴᠠᠨ ᠤ ᠭᠠᠶᠢᠯᠢ ᠲᠠᠳᠠᠪᠤᠷᠢᠯᠠᠨ ᠬᠤᠷᠢᠶᠡᠬᠤ ᠬᠠᠮᠢᠶᠠᠷᠤᠯᠲᠠ ᠶᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ ᠶᠢ | ᠬᠡᠷᠡᠭᠵᠢᠭᠦᠯᠬᠦ ᠲᠥᠷᠢᠮ︾ ᠬᠢᠭᠡᠳ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠢᠲᠡ ᠶᠢᠨ ᠵᠠᠮ | ᠬᠠᠷᠢᠯᠴᠠᠭᠠᠨ ᠤ ᠲᠡᠷᠭᠡ ᠣᠩᠭᠤᠴᠠ ᠭᠡᠳᠡᠭ ᠨᠢ ᠡᠵᠡᠩᠨᠡᠯᠲᠡ ᠶᠢᠨ ᠬᠢᠷᠢ ᠬᠡᠮ ᠢ ᠬᠠᠤᠯᠢ ᠶᠣᠰᠣᠭᠠᠷ ᠣᠯᠤᠭᠰᠠᠨ᠂ | ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠢᠯᠧᠲ ᠤᠨ ᠦᠨ᠎ᠡ ᠶᠢᠨ ᠪᠠᠷᠢᠮᠵᠢᠶ᠎ᠠ ᠶᠢ | ᠬᠡᠷᠡᠭᠵᠢᠭᠦᠯᠦᠭᠰᠡᠨ᠂ ᠲᠣᠭᠲᠠᠭᠰᠠᠨ ᠴᠠᠭ᠂ ᠵᠠᠮ ᠱᠤᠭᠤᠮ ᠪᠠ ᠦᠷᠳᠡᠭᠡ ᠴᠡᠭ ᠤᠨ ᠶᠣᠰᠣᠭᠠᠷ ᠡᠵᠡᠩᠨᠡᠭᠰᠡᠨ᠂ ᠤᠯᠠᠨ | ᠨᠡᠶᠢᠢᠲᠡ ᠳᠤ ᠬᠡᠷᠡᠭᠯᠡᠭᠦᠯᠬᠦ ᠶᠢᠨ ᠬᠠᠮᠲᠤ ᠨᠡᠶᠢᠭᠡᠮ ᠤᠨ ᠨᠡᠶᠢᠢᠲᠡ ᠶᠢᠨ ᠠᠰᠠᠷᠠᠮᠵᠢ ᠶᠢᠨ ᠴᠢᠨᠠᠷᠲᠠᠶ ᠬᠡᠰᠡᠭ | ᠦᠢᠯᠡᠴᠢᠯᠡᠭᠡ ᠶᠢ ᠡᠭᠦᠷᠭᠡᠯᠡᠭᠰᠡᠨ ᠪᠤᠶᠤ ᠵᠠᠰᠠᠭ ᠤᠨ ᠣᠷᠳᠣᠨ ᠤ ᠵᠠᠷᠯᠢᠭᠳᠠᠯ ᠤᠨ ᠴᠢᠨᠠᠷᠲᠠᠶ ᠡᠭᠦᠷᠭᠡ ᠶᠢ | ᠭᠦᠢᠴᠡᠳᠬᠡᠭᠰᠡᠨ ᠲᠡᠷᠭᠡ ᠣᠩᠭᠤᠴᠠ ᠶᠢ ᠵᠢᠭᠠᠵᠤ ᠪᠤᠢ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2013 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠪᠡ᠃ 2007 ᠣᠨ ᠤ 8 ᠳ᠋ᠤᠭᠠᠷ ᠰᠠᠷ᠎ᠠ ᠶᠢᠨ 23 ᠤ ᠡᠳᠦᠷ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 149 ᠳ᠋ᠤᠭᠡᠷ ᠲᠣᠭᠠᠲᠤ︶ ᠶᠢ ᠵᠡᠷᠭᠡ ᠳᠤ ᠨᠢ ᠬᠦᠴᠦᠨ | ᠥᠭᠡᠢ ᠪᠣᠯᠭᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ | ᠬᠥᠷᠥᠩᠭᠡ ᠶᠢᠨ ᠭᠠᠶᠢᠢᠯᠢ ᠶᠢᠨ ᠬᠡᠷᠡᠭᠵᠢᠭᠦᠯᠬᠦ ᠨᠠᠷᠢᠨ ᠳᠦᠷᠢᠮ | ︵1996 ᠣᠨ ᠤ 8 ᠳ᠋ᠤᠭᠠᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 74 ᠳ᠋ᠤᠭᠡᠷ ᠲᠣᠭᠠᠲᠤ ᠳᠤ ᠨᠡᠶᠢᠲᠡᠯᠡᠪᠡ 2010 ᠣᠨ ᠤ | 11 ᠳ᠋ᠤᠭᠡᠷ ᠰᠠᠷ᠎ᠠ ᠶᠢᠨ 26 ᠤ ᠡᠳᠦᠷ ᠤᠨ ︽ᠬᠡᠰᠡᠭ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠨ ᠠᠩᠬ᠎ᠠ ᠤᠳᠠᠭ᠎ᠠ ᠵᠠᠰᠠᠪᠤᠷᠢᠯᠠᠪᠠ2018 ᠤᠨ ᠤ 1 ᠳ᠋ᠤᠭᠡᠷ ᠰᠠᠷ᠎ᠠ ᠶᠢᠨ 16 ᠤ ᠡᠳᠦᠷ ᠤᠨ ︽︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠢᠯᠢ ᠶᠢᠨ ᠬᠡᠷᠡᠭᠵᠢᠭᠦᠯᠬᠦ ᠨᠠᠷᠢᠨ | ᠲᠦᠷᠢᠮ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠭᠠᠵᠠᠷ | ᠰᠢᠷᠣᠶ ᠶᠢᠨ ᠬᠡᠷᠡᠭᠯᠡᠭᠡᠨ ᠤ ᠭᠠᠶᠢᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢᠯᠠᠪᠠ 2019 ᠣᠨ ᠤ 3 ᠳ᠋ᠤᠭᠠᠷ ᠰᠠᠷ᠎ᠠ ᠶᠢᠨ 21 ᠤ | ᠡᠳᠦᠷ ᠤᠨ ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠦᠭᠦᠳᠡ ᠨᠠᠶᠢᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ︾ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠢᠯᠢ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ︾ ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠤᠷᠢᠯᠠᠪᠠ 2022 ᠣᠨ ᠤ 12 ᠳ᠋ᠤᠭᠠᠷ | ᠰᠠᠷ᠎ᠠ ᠶᠢᠨ 28 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠢᠯᠢ ᠶᠢᠨ ᠬᠠᠤᠯᠢ︾ ᠶᠢ ᠬᠡᠷᠡᠭᠵᠢᠭᠦᠯᠬᠦ | ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠦᠷᠦᠩᠭᠡ ᠶᠢᠨ ᠭᠠᠶᠢᠢᠯᠢ ᠶᠢᠨ | ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠳᠥᠷᠪᠡᠳᠡᠬᠢ ᠤᠳᠠᠭ᠎ᠠ | ᠵᠠᠰᠠᠪᠤᠷᠢᠯᠠᠪᠠ︶ | ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠬᠥᠷᠥᠩᠭᠡ ᠶᠢᠨ | ᠭᠠᠶᠢᠯᠢ ᠶᠢᠨ ᠲᠦᠷ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠢᠳᠠᠯ ᠲᠠᠢ ᠪᠠᠨ ᠤᠶᠠᠯᠳᠤᠭᠤᠯᠵᠤ᠂ ᠲᠣᠰ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠬᠤ | ᠬᠡᠪᠴᠢᠶ᠎ᠡ ᠨᠢ᠄ | ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠪᠠᠶᠢᠭᠤᠯᠤᠭᠰᠠᠨ ᠬᠤᠳᠠ︔ | ︵ᠬᠤᠶᠠᠷ︶ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ | ᠪᠠᠯᠭᠠᠰᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ | ᠪᠠᠶᠢᠭᠤᠯᠤᠭᠰᠠᠨ ᠪᠠᠶᠢᠢᠭᠤᠯᠤᠮᠵᠢᠲᠤ ᠪᠠᠯᠭᠠᠰᠤ︔ | ︵ᠲᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ | ᠪᠠᠶᠢᠭᠤᠯᠤᠭᠰᠠᠨ ᠦᠢᠯᠡᠳᠪᠦᠷᠢ ᠠᠭᠤᠷᠬᠠᠶ ᠶᠢᠨ ᠣᠷᠣᠨ᠃ | ᠭᠤᠷᠪᠠᠳᠤᠭᠠᠷ ᠵᠦᠢᠯ ᠭᠡᠷ ᠬᠦᠷᠦᠩᠭᠡ ᠶᠢᠨ ᠭᠠᠶᠢᠯᠢ ᠳᠤ ᠦᠨ᠎ᠡ ᠪᠠᠷ ᠨᠢ ᠲᠠᠲᠠᠪᠤᠷᠢᠯᠠᠬᠤ ᠪᠠ | ᠲᠦᠷᠢᠶᠡᠰᠦᠨ ᠤ ᠬᠡᠮᠵᠢᠶ᠎ᠡ ᠪᠠᠷ ᠲᠠᠲᠠᠪᠤᠷᠢᠯᠠᠬᠤ ᠬᠤᠶᠠᠷ ᠵᠦᠢᠯ ᠤᠨ ᠠᠷᠭ᠎ᠠ ᠶᠢ ᠬᠡᠷᠡᠭᠯᠡᠨ᠎ᠡ᠃ | ᠦᠨ᠎ᠡ ᠪᠠᠷ ᠨᠢ ᠲᠠᠲᠠᠪᠤᠷᠢᠯᠠᠬᠤ ᠳᠤ ᠭᠦᠷᠪᠡᠯ᠂ ᠵᠢᠯ ᠪᠦᠷᠢ ᠬᠡᠷ ᠬᠥᠷᠥᠩᠭᠡ ᠶᠢᠨ ᠤᠤᠯ ᠥᠷᠲᠡᠭ ᠢᠶᠠᠷ ᠨᠢ | ᠪᠤᠯᠭᠠᠵᠦ ᠨᠢᠭᠡ ᠯᠡ ᠲᠡᠭᠡᠷ᠎ᠡ 10% ᠶᠢ ᠬᠠᠰᠤᠭᠠᠳ ᠦᠯᠡᠳᠡᠭᠰᠡᠨ ᠥᠷᠲᠡᠭ ᠤᠨ 1.2% ᠢᠶᠠᠷ ᠬᠡᠷ | ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃ | 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠬᠡᠷ ᠬᠥᠷᠥᠩᠭᠡ ᠶᠢᠨ ᠤᠤᠯ ᠥᠷᠲᠡᠭ ᠢᠶᠠᠷ ᠨᠢ | ᠪᠤᠯᠭᠠᠵᠦ ᠨᠢᠭᠡ ᠯᠡ ᠲᠡᠭᠡᠷ᠎ᠡ ᠬᠠᠰᠤᠬᠤ ᠬᠠᠷᠢᠴᠠᠯ ᠢ 10% ᠪᠠᠶᠢᠢᠯᠭᠠᠨᠨᠰᠠᠨ ᠠᠴᠠ 30% ᠪᠣᠯᠭᠠᠨ ᠲᠦᠷ | ᠲᠣᠬᠢᠷᠠᠭᠤᠯᠪᠠ᠃ | ᠲᠦᠷᠢᠶᠡᠰᠦᠨ ᠤ ᠬᠡᠮᠵᠢᠶ᠎ᠡ ᠪᠠᠷ ᠲᠠᠲᠠᠪᠤᠷᠢᠯᠠᠬᠤ ᠳᠤ ᠭᠦᠷᠪᠡᠯ᠂ ᠵᠢᠯ ᠪᠦᠷᠢ ᠬᠡᠷ ᠬᠥᠷᠥᠩᠭᠡ ᠶᠢᠨ ᠲᠦᠷᠢᠶᠡᠰᠦᠨ | ᠮᠦᠩᠭᠦᠨ ᠤ ᠣᠷᠣᠯᠭ᠎ᠠ ᠶᠢᠨ 12% ᠢᠶᠠᠷ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃ | ᠡᠯᠡᠭᠳᠡᠯ ᠪᠣᠳᠣᠬᠤ ᠬᠡᠯᠪᠡᠷᠢ ᠪᠠᠷ ᠬᠡᠷ ᠬᠥᠷᠥᠩᠭᠡ ᠶᠢ ᠬᠡᠷᠡᠭᠯᠡᠭᠰᠡᠨ ᠪᠠᠶᠢᠢᠪᠠᠯ᠂ ᠦᠨ᠎ᠡ ᠪᠠᠷ ᠨᠢ ᠲᠠᠲᠠᠪᠤᠷᠢᠯᠠᠬᠤ | ᠠᠷᠭ᠎ᠠ ᠪᠠᠷ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃ | ᠳᠥᠷᠪᠡᠳᠦᠭᠡᠷ ᠵᠦᠢᠯ ︽ᠲᠦᠷᠢᠮ︾ ᠤᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠠᠶᠢᠯᠢ ᠠᠴᠠ | ᠭᠡᠯᠳᠦᠷᠢᠭᠦᠯᠬᠦ ᠬᠡᠷ ᠬᠥᠷᠥᠩᠭᠡ ᠠᠴᠠ ᠭᠠᠳᠠᠨ᠎ᠠ᠂ ᠭᠠᠶᠢᠯᠢ ᠲᠤᠰᠢᠶᠠᠭᠴᠢ ᠭᠠᠶᠢᠯᠢ ᠲᠤᠰᠢᠶᠠᠬᠤ ᠳᠤ ᠪᠠᠨ ᠦᠨᠡᠨ ᠬᠦ | ᠬᠦᠴᠢᠷᠳᠡᠯᠲᠡᠢ ᠪᠠᠶᠢᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ | ᠲᠤᠨᠨᠳᠠᠭᠠᠭᠠᠳ ᠬᠡᠷ ᠬᠥᠷᠥᠩᠭᠡ ᠶᠢᠨ ᠭᠠᠶᠢᠯᠢ ᠶᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠥᠩᠭᠡᠯᠡᠬᠦ ᠪᠤᠶᠤ | ᠭᠠᠶᠢᠢᠯᠢ ᠠᠴᠠ ᠬᠡᠯᠲᠦᠷᠢᠭᠦᠯᠦᠨ᠎ᠡ᠃ | ᠲᠠᠪᠤᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠶᠢ ᠵᠢᠯ ᠢᠶᠠᠷ ᠲᠠᠲᠠᠪᠤᠷᠢᠯᠠᠵᠤ᠂ ᠬᠠᠭᠠᠰ ᠵᠢᠯ ᠳᠤ ᠨᠢᠭᠡ | ᠤᠳᠠᠭ᠎ᠠ ᠲᠤᠰᠢᠶᠠᠨ᠎ᠠ᠃ ᠪᠣᠳᠠᠲᠠᠶ ᠲᠤᠰᠢᠶᠠᠬᠤ ᠴᠠᠭ ᠨᠢ ᠵᠢᠯ ᠪᠦᠷᠢ ᠶᠢᠨ 5 ᠳ᠋ᠤᠭᠠᠷ ᠰᠠᠷ᠎ᠠ ᠪᠠ 11 ᠳ᠋ᠤᠭᠡᠷ ᠰᠠᠷ᠎ᠠ | ᠪᠣᠯᠣᠨ᠎ᠠ᠃ ᠭᠠᠶᠢᠯᠢ ᠲᠤᠰᠢᠶᠠᠭᠴᠢ ᠶᠢ ᠬᠠᠰᠣᠨᠨᠰᠠᠨ ᠪᠠᠶᠢᠢᠪᠠᠯ ᠬᠠᠰᠤᠨᠨᠰᠠᠨ ᠤ ᠪᠠᠨ ᠲᠣᠰ ᠰᠠᠷ᠎ᠠ ᠳᠤ ᠬᠡᠷ | ᠬᠥᠷᠥᠩᠭᠡ ᠶᠢᠨ ᠭᠠᠶᠢᠯᠢ ᠪᠠᠨ ᠲᠤᠰᠢᠶᠠᠵᠤ ᠳᠠᠭᠤᠰᠬᠠᠬᠤ ᠬᠡᠷᠡᠭᠲᠡᠶ᠃ | ᠵᠢᠷᠭᠤᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠶᠢ ᠬᠡᠷ ᠬᠥᠷᠥᠩᠭᠡ ᠶᠢᠨ ᠪᠠᠶᠢᠭ᠎ᠠ ᠭᠠᠵᠠᠷ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠠᠲᠠᠪᠤᠷᠢᠯᠠᠨ᠎ᠠ᠃ | ᠳᠣᠯᠣᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ︽ᠪᠥ᠋ᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠨᠠᠷᠢᠨ ᠲᠦᠷᠢᠮ︾ ᠪᠠ ᠲᠣᠰ ᠬᠡᠷᠡᠭᠵᠢᠭᠦᠯᠬᠦ ᠨᠠᠷᠢᠨ ᠲᠦᠷᠢᠮ ᠤᠨ ᠶᠣᠰᠣᠭᠠᠷ | ᠬᠡᠷᠡᠭᠵᠢᠭᠦᠯᠦᠨ᠎ᠡ᠃ | ᠨᠠᠶᠢᠮᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ 1996 ᠣᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠪᠡ᠃ 1987 ᠣᠨ ᠤ 3 ᠳ᠋ᠤᠭᠠᠷ ᠰᠠᠷ᠎ᠠ ᠶᠢᠨ 16 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠷ ᠬᠥᠷᠥᠩᠭᠡ ᠶᠢᠨ ᠭᠠᠶᠢᠯᠢ ᠶᠢᠨ ᠲᠦᠷ ᠬᠡᠷᠡᠭᠵᠢᠭᠦᠯᠬᠦ ᠲᠦᠷᠢᠮ﹀ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠨᠠᠷᠢᠨ ᠲᠦᠷᠢᠮ | ︾ ︵ᠥᠪᠥᠷ ᠵᠠᠰᠠᠭ ᠲᠠᠷᠬᠠᠭᠠᠭᠰᠠᠨ ﹇1987﹈ 33 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠥᠬᠡᠶ | ᠪᠣᠯᠭᠠᠪᠠ᠃ | | | | ᠲᠡᠷᠢᠭᠦᠨ ᠨᠢᠭᠤᠷ - ᠵᠠᠰᠠᠭ ᠤᠨ ᠣᠷᠳᠣᠨ ᠤ ᠠᠯᠪᠠᠨ ᠮᠡᠳᠡᠭᠡ - ᠠᠯᠪᠠᠨ ᠪᠢᠴᠢᠭ - 2023 ᠣᠨ - 8 ᠳ᠋ᠤᠭᠠᠷ | ᠬᠤᠭᠤᠴᠠᠭ᠎ᠠ ︵ᠶᠡᠷᠦᠩᠬᠡᠢ 389 ᠳ᠋ᠦ᠋ᠭᠡᠷ ᠬᠤᠭᠤᠴᠠᠭ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠦᠢᠯᠡ ᠠᠵᠢᠯᠯᠠᠭ᠎ᠠ ᠶᠢ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ᠂ | ᠬᠡᠪ ᠢᠶᠠᠷ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ | ᠵᠠᠮ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ | ᠵᠠᠰᠠᠬᠤ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠭᠡᠳᠡᠭ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠪᠠᠷᠠᠭᠠᠨ ᠤ | ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠶᠡᠷᠦᠩᠬᠡᠶ ᠮᠠᠰ ᠨᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ | ᠵᠠᠮ ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ | ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ | ᠪᠤᠢ᠃ | ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠬᠦ᠂ ᠦᠡᠭᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡ ᠪᠠᠷ ᠵᠠᠰᠠᠬᠤ᠂ ᠤᠷᠳᠤ | ᠬᠤᠭᠤᠴᠠᠭ᠎ᠠ ᠪᠠᠷ ᠦᠷ᠎ᠡ ᠪᠦᠲᠦᠮᠵᠢᠲᠡᠶ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠢ ᠣᠳᠣᠷᠢᠣᠡᠬᠤ ᠪᠠᠨ ᠴᠢᠩᠭᠠᠳᠬᠠᠵᠤ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠢᠭᠤᠯᠵᠤ ᠪᠠᠶᠢᠢᠭᠠᠳ ᠠᠶᠤᠯ ᠥᠬᠡᠶ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠤᠨ | ᠬᠠᠮᠲᠤᠷᠠᠭᠰᠠᠨ ᠬᠤᠷᠠᠯ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠢ ᠣᠨ ᠤ ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠪᠠᠨ | ᠣᠷᠣᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ | ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ | | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ | ᠬᠠᠮᠠᠭᠠᠯᠠᠬᠤ ᠪᠠᠶᠢᠢᠭᠤᠯᠭᠠ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠵᠠᠰᠠᠭ | ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠢᠶᠠᠨ ᠬᠠᠷᠢᠭᠤᠴᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠬᠠᠮᠢᠶ᠎ᠠ ᠪᠥᠬᠦᠢ ᠠᠵᠢᠯ ᠢ ᠰᠠᠶᠢᠲᠤᠷ | ᠬᠢᠬᠦ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠥᠷᠨᠢᠭᠦᠯᠬᠦ ᠶᠢ ᠨᠢ ᠳᠡᠮᠵᠢᠬᠦ ᠪᠠ | ᠲᠡᠭᠦᠨ ᠳᠤ ᠬᠠᠮᠵᠢᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠶᠢ ᠵᠠᠰᠠᠬᠤ ᠠᠵᠢᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠠᠶᠢᠭᠤᠯᠤᠯᠲᠠ ᠪᠠᠨ ᠴᠢᠩᠭᠠᠳᠬᠠᠵᠤ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠵᠡᠷᠭᠡ ᠶᠢ ᠮᠡᠳᠡᠭᠡ ᠵᠠᠩᠭᠢ ᠬᠠᠮᠲᠤ ᠳᠤ ᠪᠠᠨ ᠬᠦᠷᠲᠡᠬᠦ ᠲᠠᠪᠴᠠᠩ ᠳᠤ ᠪᠠᠨ ᠣᠷᠣᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ | ᠬᠡᠷᠡᠭᠲᠡᠢ᠃ | ᠳᠣᠯᠣᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠨᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠬᠡᠷᠡᠭᠲᠡᠶ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ | ᠠᠴᠢᠶᠠᠯᠠᠬᠤ ᠬᠢᠵᠠᠭᠠᠷ ᠬᠡᠮᠵᠢᠭᠳᠡᠯ ᠪᠠ ᠵᠠᠰᠠᠮᠠᠯ ᠵᠠᠮ ᠤᠨ ᠵᠠᠮ ᠬᠠᠷᠢᠯᠴᠠᠭᠠᠨ ᠤ ᠳᠡᠮᠳᠡᠭ ᠤᠨ ᠲᠣᠳᠣᠷᠬᠠᠶᠢᠯᠠᠭᠰᠠᠨ | ᠳᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ | ᠪᠠᠷᠢᠮᠵᠢᠶ᠎ᠠ ᠪᠠᠷ ᠵᠢᠷᠤᠮᠵᠢᠭᠤᠨ ᠠᠴᠢᠶᠠᠯᠠᠬᠤ᠂ ᠲᠡᠭᠡᠭᠡᠪᠦᠷᠢᠯᠡᠬᠦ ᠪᠠ ᠡᠵᠡᠩᠨᠡᠬᠦ ᠬᠡᠷᠡᠭᠲᠡᠶ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠵᠠᠮ ᠭᠤᠳᠣᠰ ᠤᠨ ᠪᠠᠷᠠᠭ᠎ᠠ ᠲᠡᠭᠡᠭᠡᠪᠦᠷᠢ ᠶᠢᠨ | ᠦᠷᠳᠡᠭᠡ ︵ᠲᠠᠯᠠᠪᠤᠷ︶᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠢᠯᠡᠳᠪᠦᠷᠢ ᠠᠭᠤᠷᠬᠠᠶ ᠶᠢᠨ | ᠠᠵᠤ ᠠᠬᠤᠶᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ᠂ ᠬᠦᠳᠡᠷ᠂ ᠪᠤᠯᠤᠳ | ᠮᠠᠲ᠋ᠧᠷᠢᠶᠠᠯ᠂ ᠱᠦᠢᠨᠢ᠂ ᠪᠧᠲ᠋ᠤᠨ᠂ ᠬᠠᠶᠢᠷ ᠴᠢᠯᠠᠭᠤ᠂ ᠰᠢᠪᠠᠷ ᠰᠢᠷᠣᠢ᠂ ᠲᠠᠸᠠᠷ ᠤᠨ ᠲᠡᠷᠭᠡ᠂ ᠬᠦᠨᠳᠦ ᠶᠡᠭᠡ | ᠲᠣᠨᠤᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ᠃ | ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠶᠢᠨ ᠢᠲᠡᠭᠡᠮᠵᠢ ᠶᠢᠨ ᠲᠥᠷᠢᠮ ᠢ ᠪᠠᠶᠢᠢᠭᠤᠯᠵᠣ᠂ | ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ | ᠲᠣᠭᠲᠠᠯᠴᠠᠭ᠎ᠠ ᠳᠤ ᠪᠠᠨ ᠣᠷᠣᠭᠤᠯᠵᠤ᠂ ᠬᠠᠮᠢᠶ᠎ᠠ ᠪᠥᠬᠦᠶ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠩᠳᠠᠢ᠃ | ᠶᠢᠰᠦᠳᠦᠭᠡᠷ ᠵᠦᠢᠯ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠨᠢ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ | ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠥᠷᠨᠢᠭᠦᠯᠵᠦ | ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ | ᠦᠢᠯᠡ ᠠᠵᠢᠯᠯᠠᠭ᠎ᠠ ᠳᠠᠬᠢ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ | ᠠᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠴᠥᠮ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ | ᠪᠠᠶᠢᠢᠭᠤᠯᠭᠠ ᠨᠢ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢᠶᠠᠨ | ᠨᠡᠶᠢᠭᠡᠮ ᠳᠤ ᠢᠯᠡ ᠨᠡᠶᠢᠲᠡᠯᠡᠵᠦ᠂ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠳᠣ᠂ | ᠵᠠᠭᠠᠯᠳᠤᠭᠴᠢ ᠢᠯᠡᠴᠢᠯᠡᠨ ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ | ᠃ | ᠬᠤᠶᠠᠳᠤᠭᠠᠷ ᠪᠦᠯᠦᠭ ᠡᠬᠢ ᠡᠭᠦᠰᠦᠯ ᠠᠴᠠ ᠨᠢ ᠵᠠᠰᠠᠬᠤ | ᠠᠷᠪᠠᠨ ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ | ᠥᠭᠡᠷᠡᠴᠢᠯᠡᠨ ᠤᠭᠰᠠᠷᠠᠬᠤ ᠳᠤ ᠲᠡᠷᠭᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ | ᠮᠠᠰ ᠤᠨ ᠬᠢᠵᠠᠭᠠᠷ ᠬᠡᠮᠵᠢᠭᠳᠡᠯ ᠵᠡᠷᠭᠡ ᠶᠢᠨ ᠲᠣᠬᠠᠢ ᠤᠯᠤᠰ ᠤᠨ ᠮᠠᠰᠢᠨᠲᠤ ᠲᠡᠷᠭᠡ ᠶᠢᠨ ᠠᠮᠤᠷ ᠲᠦᠪᠰᠢᠨ ᠤ | ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠯᠤᠰ ᠤᠨ ᠬᠤᠯᠪᠣᠭᠳᠠᠯ ᠪᠥᠬᠦᠢ ᠪᠠᠷᠢᠮᠵᠢᠶ᠎ᠠ ᠳᠤ | ᠥᠯᠥ ᠨᠡᠶᠢᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ ᠬᠡᠷᠡᠭᠯᠡᠬᠦ᠂ | ᠪᠣᠷᠣᠯᠠᠭᠤᠯᠬᠤ ᠶᠢ ᠴᠠᠭᠠᠵᠠᠯᠠᠨ᠎ᠠ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠭᠠᠳᠠᠷ ᠬᠡᠯᠪᠡᠷᠢ ᠪᠠ ᠨᠢᠭᠡᠨᠲᠡ | ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠳᠠ ᠶᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠦᠭᠡᠢ᠃ | ᠵᠠᠳᠠᠷᠠᠵᠤ ᠪᠤᠯᠤᠰᠢ ᠦᠭᠡᠢ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ | ᠴᠢᠬᠤᠯᠠᠲᠠᠶ ᠪᠣᠯ᠂ ᠵᠣᠬᠢᠬᠤ ᠬᠢᠷᠢ ᠬᠡᠮ ᠲᠠᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢᠶᠠᠷ | ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠫᠡᠷᠡᠮᠧᠲᠷ ᠢᠶᠠᠷ ᠥᠭᠡᠷᠡᠴᠢᠯᠡᠨ ᠤᠭᠰᠠᠷᠠᠭᠤᠯᠬᠤ ᠶᠢᠨ ᠬᠠᠮᠳᠣ | ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠠᠷ | ᠭᠤᠶᠤᠴᠢᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠨ | ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠢᠴᠠᠭᠠᠨ ᠰᠢᠯᠭᠠᠬᠤ ᠲᠤᠬᠠᠶᠢᠢᠯᠠᠭᠰᠠᠨ ᠠᠵᠢᠯ ᠢᠶᠠᠨ | ᠭᠦᠢᠴᠡᠳᠬᠡᠬᠦ ᠳᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠶᠢᠯᠡᠭᠦᠯᠵᠦ ᠤᠭᠰᠠᠷᠠᠭᠰᠠᠨ᠂ ᠥᠭᠡᠷᠡᠴᠢᠯᠡᠨ | ᠤᠭᠰᠠᠷᠠᠭᠰᠠᠨ ᠪᠠᠶᠢᠳᠠᠯ ᠢ ᠪᠠᠶᠢᠢᠴᠠᠭᠠᠨ ᠰᠢᠯᠭᠠᠬᠤ ᠬᠡᠷᠡᠭᠲᠡᠶ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠢᠴᠡᠬᠦ ᠦᠭᠡᠢ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠳᠠᠩᠰᠠᠯᠠᠯᠲᠠ ᠬᠢᠬᠦ᠂ ᠦᠨᠡᠮᠯᠡᠯ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ | ᠣᠯᠭᠤᠵᠤ ᠪᠣᠯᠬᠤ ᠦᠭᠡᠢ᠃ | ᠵᠠᠮ ᠬᠠᠷᠢᠯᠴᠠᠭᠠᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠠᠳᠤᠢ ᠪᠠ | ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠳᠤ ᠡᠵᠡᠩᠨᠡᠯᠲᠡ ᠶᠢᠨ ᠦᠨᠡᠮᠯᠡᠯ ᠭᠦᠢᠴᠡᠣᠡᠭᠡᠨ ᠥᠭᠴᠦ ᠪᠣᠯᠬᠤ ᠥᠭᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ᠂ ᠬᠠᠤᠯᠢ ᠪᠤᠰᠤ ᠪᠠᠷ ᠦᠭᠡᠷᠡᠴᠢᠯᠡᠵᠣ ᠤᠭᠰᠠᠷᠠᠬᠤ ᠠᠵᠢᠯ ᠡᠷᠬᠢᠯᠡᠵᠤ ᠪᠠᠶᠢᠭ᠎ᠠ ᠪᠤᠶᠤ | ᠡᠶᠢᠢᠮᠦᠷᠬᠦᠦ ᠲᠡᠷᠭᠡ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ ᠪᠠᠶᠢᠢᠴᠠᠭᠠᠨ ᠮᠡᠳᠡᠭᠰᠡᠨ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ | ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠤᠯ᠂ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠨᠢᠭᠡᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ | ᠵᠠᠷᠯᠢᠭᠳᠠᠵᠤ ᠥᠪᠡᠷᠰᠡᠳ ᠢᠶᠠᠷ ᠨᠢ ᠵᠠᠳᠠᠯᠤᠨ ᠰᠠᠯᠭᠠᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠤᠳ ᠢ | ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ | ᠨᠢᠭᠡᠴᠢ ᠶᠢ ᠪᠠᠨ ᠬᠠᠷᠭᠤᠭᠤᠯᠤᠨ ᠪᠠᠶᠢᠢᠴᠠᠭᠠᠵᠤ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ | ᠨᠡᠷᠡᠰ ᠢ ᠨᠠᠶᠢᠷᠠᠭᠤᠯᠤᠨ ᠲᠣᠭᠳᠠᠭᠠᠵᠣ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ ᠦᠨᠳᠦᠰᠦᠯᠡᠨ᠂ | ᠭᠤᠤᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠲᠣᠭᠲᠠᠭᠠᠵᠤ᠂ ᠨᠡᠶᠢᠭᠡᠮ ᠳᠤ | ᠨᠡᠶᠢᠲᠡᠯᠡᠬᠦ ᠶᠢᠨ ᠬᠠᠮᠳᠣ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠄ | ︵ᠨᠢᠭᠡ︶ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ | ︵ᠬᠤᠶᠠᠷ︶ ᠪᠠᠷᠠᠭ᠎ᠠ ᠲᠡᠭᠡᠭᠡᠪᠦᠷᠢ ᠶᠢ ᠬᠡᠮᠵᠢᠵᠦ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠶᠢᠨ ᠤᠯᠤᠰ ᠤᠨ | ᠪᠠᠷᠢᠮᠵᠢᠶ᠎ᠠ ᠳᠤ ᠨᠡᠶᠢᠢᠴᠡᠭᠰᠡᠨ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠳᠦᠬᠦᠷᠵᠢᠭᠦᠯᠦᠨ ᠲᠣᠬᠢᠷᠠᠭᠤᠯᠬᠤ ᠶᠢᠨ | ᠬᠠᠮᠳᠣ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠬᠦ ᠬᠡᠷᠡᠭᠲᠡᠶ︔ | ︵ᠭᠤᠷᠪᠠ︶ ᠪᠠᠷᠠᠭ᠎ᠠ ᠠᠴᠢᠶᠠᠯᠠᠬᠤ᠂ ᠬᠦᠨᠳᠦ ᠶᠢ ᠬᠡᠮᠵᠢᠬᠦ᠂ ᠪᠠᠷᠢᠮᠲᠠ ᠭᠠᠷᠭᠠᠬᠤ ᠵᠡᠷᠭᠡ ᠬᠤᠯᠪᠣᠭᠳᠠᠯ | ᠪᠦᠬᠦᠢ ᠠᠵᠢᠯ ᠡᠷᠬᠢᠯᠡᠭᠰᠡᠳ ᠲᠤ ᠪᠣᠯᠪᠠᠰᠣᠷᠠᠭᠤᠯᠣᠯ ᠬᠢᠭᠦ ᠬᠡᠷᠡᠭᠲᠡᠢ︔ | ︵ᠲᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠬᠢᠭᠡᠳ ᠵᠢᠯᠣᠭᠤᠴᠢ ᠶᠢᠨ ᠲᠡᠷᠭᠡ ᠵᠠᠮᠨᠠᠭᠤᠯᠬᠤ | ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ | ᠦᠨᠡᠮᠯᠡᠯ ᠢ ᠨᠢ ᠳᠠᠩᠰᠠᠯᠠᠨ ᠲᠡᠮᠲᠡᠭᠯᠡᠬᠦ ᠬᠡᠷᠡᠭᠲᠡᠶ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠲᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠢᠭᠤᠯᠵᠣ | ᠪᠦᠷᠢᠨᠰᠢᠭᠦᠯᠬᠦ ᠶᠢᠨ ᠬᠠᠮᠳᠣ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠮᠡᠳᠡᠭᠡ ᠵᠠᠩᠭᠢ ᠪᠠᠨ ᠮᠡᠳᠡᠭᠦᠯᠭᠦ ᠬᠡᠷᠡᠭᠲᠡᠶ︔ | ︵ᠵᠢᠷᠭᠤᠭ᠎ᠠ︶ ᠬᠠᠤᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ᠂ ᠲᠣᠭᠤᠷᠢᠨ | ᠪᠠᠶᠢᠴᠠᠭᠠᠬᠤ ᠪᠠ ᠬᠤᠸᠠᠷᠠᠩᠨᠠᠬᠤ ᠬᠥᠮᠦᠰ ᠲᠤ ᠴᠢᠬᠤᠯᠠ ᠪᠥᠬᠦᠶ ᠲᠥᠬᠦᠮ ᠨᠥᠬᠦᠴᠡᠯ ᠬᠠᠩᠭᠠᠵᠤ᠂ ᠬᠤᠯᠪᠣᠭᠳᠠᠯ | ᠪᠥᠬᠦᠶ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠳᠣᠣᠷᠠᠬᠢ | ᠦᠢᠯᠡ ᠠᠵᠢᠯᠯᠠᠭ᠎ᠠ ᠪᠠᠶᠢᠵᠤ ᠪᠣᠯᠬᠤ ᠥᠭᠡᠢ᠄ | ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠥᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠭᠡᠭᠦᠯᠦᠭᠡᠳᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ | ᠲᠡᠭᠡᠭᠡᠪᠦᠷᠢ ᠲᠣᠬᠢᠷᠠᠭᠤᠯᠤᠭᠰᠠᠨ︔ | ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠣᠭᠠᠳᠣᠢ ᠵᠢᠯᠣᠭᠤᠴᠢ ᠶᠢᠨ | ᠵᠢᠯᠣᠭᠤᠳᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ | ᠲᠣᠬᠢᠷᠠᠭᠤᠯᠤᠭᠰᠠᠨ︔ | ︵ᠭᠤᠷᠪᠠ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠲᠡᠭᠯᠡᠭᠦᠯᠦᠭᠰᠡᠨ | ᠬᠤᠯᠪᠣᠭᠳᠠᠯ ᠪᠥᠬᠦᠢ ᠮᠡᠷᠭᠡᠵᠢᠯ ᠤᠨ ᠲᠤᠭ᠎ᠠ ᠪᠠᠷᠢᠮᠳᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔ | ︵ᠳᠥᠷᠪᠡ︶ ᠪᠠᠷᠢᠮᠵᠢᠶ᠎ᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔ | ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠪᠠᠷ ᠬᠤᠳᠠᠯ ᠬᠠᠭᠤᠷᠮᠠᠭ ᠭᠡᠷᠡᠴᠢ | ᠬᠠᠩᠭᠠᠭᠰᠠᠨ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠸᠠᠷᠠᠩᠨᠠᠬᠤ | ᠪᠤᠶᠤ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠭᠤᠣᠯᠳᠠᠯᠭ᠎ᠠ ᠪᠣᠯᠬᠤ ᠪᠠᠷᠠᠭᠠᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠶ᠃ | ᠠᠷᠪᠠᠨ ᠨᠠᠶᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠶᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠠᠵᠢᠯ ᠲᠦᠷᠦᠯ ᠤᠨ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠣᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠳᠤ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠣᠯᠵᠤ ᠮᠡᠳᠡᠪᠡᠯ᠂ ᠪᠠᠷᠠᠭ᠎ᠠ ᠲᠡᠭᠡᠭᠡᠪᠦᠷᠢ ᠶᠢᠨ ᠡᠬᠢ | ᠡᠭᠦᠰᠦᠯ ᠤᠨ ᠨᠢᠭᠡᠴᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠬᠡᠷᠡᠭᠲᠡᠶ︔ ᠲᠣᠰ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠥᠬᠡᠶ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ | ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠬᠠᠮᠵᠢᠵᠣ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠢ ᠰᠠᠶᠢᠲᠤᠷ ᠬᠢᠵᠦ᠂ ᠳᠡᠭᠦᠨ ᠤ | ᠰᠢᠯᠵᠢᠭᠦᠯᠦᠨ ᠬᠦᠷᠭᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠬᠤᠷᠢᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ | ᠵᠢᠷᠤᠮᠯᠠᠬᠤ ᠬᠡᠷᠡᠭᠲᠡᠶ᠄ | ︵ᠨᠢᠭᠡ︶ ᠬᠠᠷᠢᠶ᠎ᠠ ᠪᠥᠬᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠠᠮᠤᠷ | ᠲᠦᠪᠰᠢᠨ ᠤ ᠮᠡᠳᠡᠯᠭᠡ ᠶᠢᠨ ᠪᠣᠯᠪᠠᠰᠣᠷᠠᠭᠤᠯᠣᠯ ᠬᠢᠵᠣ᠂ ᠰᠢᠯᠭᠠᠨ ᠪᠠᠶᠢᠢᠴᠠᠭᠠᠯᠲᠠ ᠳᠤ ᠬᠢᠷᠢ ᠲᠡᠩᠴᠡᠭᠰᠡᠨ ᠲᠡᠷᠭᠡ | ᠬᠠᠩᠭᠠᠵᠤ ᠲᠡᠭᠡᠭᠡᠪᠦᠷᠢ ᠡᠵᠡᠩᠨᠡᠯᠲᠡ ᠶᠢᠨ ᠠᠵᠢᠯᠯᠠᠭ᠎ᠠ ᠦᠷᠨᠢᠭᠦᠯᠣᠨ᠎ᠡ︔ | ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠲᠣᠭᠲᠠᠭᠠᠭᠰᠠᠨ ᠲᠡᠷᠭᠡ | ᠬᠥᠰᠬᠡ ᠶᠢᠨ ᠳᠠᠭᠠᠭᠠᠵᠤ ᠳᠡᠶᠢᠢᠯᠬᠦ ᠬᠢᠵᠠᠭᠠᠷ ᠬᠡᠮᠵᠢᠭᠳᠡᠯ ᠢᠶᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠣᠨᠡ︔ | | ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠣᠢ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠥᠭᠡᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠵᠢᠯᠣᠭᠤᠴᠢ ᠶᠢ ᠵᠢᠭᠠᠨ ᠲᠣᠬᠢᠵᠤ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠪᠠᠷᠠᠭ᠎ᠠ | ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠥᠭᠡᠢ︔ | ︵ᠲᠦᠷᠪᠡ︶ ᠪᠠᠷᠠᠭ᠎ᠠ ᠠᠴᠢᠶᠠᠯᠠᠭᠰᠠᠨ ᠡᠬᠢ ᠡᠭᠦᠰᠦᠯ ᠤᠨ ᠨᠢᠭᠡᠴᠢ ᠠᠶᠤᠯ ᠦᠭᠡᠢ ᠦᠢᠯᠡᠳᠪᠦᠷᠢᠯᠡᠯ ᠤᠨ | ᠡᠭᠦᠷᠭᠡ ᠪᠠᠨ ᠭᠦᠢᠴᠡᠳᠬᠡᠬᠦ ᠦᠭᠡᠢ ᠪᠤᠶᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠭᠦᠷᠭᠡ ᠤᠳ᠃ | ᠭᠤᠷᠪᠠᠳᠤᠭᠠᠷ ᠪᠦᠯᠦᠭ ᠵᠠᠮ ᠳᠡᠭᠡᠷᠡᠬᠢ ᠶᠢ ᠵᠠᠰᠠᠬᠤ | ᠬᠤᠷᠢᠨ ᠨᠢᠭᠡᠳᠦᠭᠡᠷ ᠵᠦᠢᠯ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠠᠮ ᠳᠤ ᠭᠠᠷᠬᠤ ᠶᠢ ᠴᠠᠭᠠᠵᠠᠯᠠᠨ᠎ᠠ᠃ | ᠵᠠᠳᠠᠷᠠᠵᠤ ᠪᠤᠯᠤᠰᠢ ᠦᠭᠡᠢ ᠪᠣᠳᠠᠰ ᠢ ᠲᠡᠭᠡᠭᠡᠪᠦᠷᠢᠯᠡᠭᠰᠡᠨ ᠪᠥᠭᠡᠳ ᠤᠯᠤᠰ ᠤᠨ ᠵᠠᠰᠠᠮᠠᠯ ᠵᠡᠮ ᠤᠨ ᠲᠡᠷᠭᠡ | ᠬᠥᠰᠬᠡ ᠶᠢᠨ ᠨᠡᠪᠲᠡᠷᠡᠬᠦ ᠬᠢᠵᠠᠭᠠᠷ ᠬᠡᠮᠵᠢᠭᠳᠡᠯ ᠠᠴᠠ ᠬᠡᠲᠦᠷᠡᠭᠦᠯᠲᠡᠯᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ | ᠬᠥᠰᠬᠡ ᠨᠢ ᠵᠠᠰᠠᠮᠠᠯ ᠵᠡᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠢ ᠬᠠᠤᠯᠢ ᠶᠣᠰᠣᠭᠠᠷ | ᠭᠦᠢᠴᠡᠳᠬᠡᠵᠦ᠂ ᠵᠢᠭᠠᠨ ᠲᠣᠭᠲᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠬᠤ ᠶᠢᠨ ᠬᠠᠮᠳᠣ᠂ | ᠢᠯᠡᠷᠬᠡᠶ ᠲᠡᠮᠳᠡᠭ ᠡᠯᠭᠦᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠢᠭᠤᠯᠭᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠬᠤ ᠳᠤ ᠪᠠᠨ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠦᠷᠲᠡᠭᠡ ᠠᠴᠠ ᠪᠠᠶᠢᠢᠴᠠᠭᠠᠨ ᠰᠢᠨᠵᠢᠬᠦ᠂ | ᠰᠢᠯᠵᠢᠯᠲᠡ ᠲᠠᠢ ᠪᠠᠷ ᠪᠠᠶᠢᠢᠴᠠᠭᠠᠨ ᠰᠢᠨᠵᠢᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ | ᠪᠠᠶᠢᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠢᠴᠠᠭᠠᠨ ᠰᠢᠨᠵᠢᠬᠦ ᠵᠡᠷᠭᠡ ᠠᠷᠭ᠎ᠠ ᠶᠢ | ᠠᠪᠴᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠵᠢᠭᠦᠯᠬᠦ᠂ | ᠵᠦᠢ ᠵᠣᠬᠢᠰᠲᠠᠶ ᠪᠠᠶᠢᠢᠷᠢᠰᠢᠭᠤᠯᠬᠤ᠂ ᠶᠡᠷᠦᠩᠬᠡᠶ ᠬᠡᠮᠵᠢᠶ᠎ᠡ ᠶᠢ ᠨᠢ ᠬᠢᠵᠠᠭᠠᠷᠯᠠᠬᠤ᠂ ᠴᠠᠭ ᠲᠣᠬᠠᠢ ᠳᠤ ᠨᠢ | ᠲᠣᠬᠢᠷᠠᠭᠤᠯᠤᠯᠳᠠ ᠬᠢᠬᠦ ᠵᠠᠷᠴᠢᠮ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠶᠢᠷᠢᠯᠠᠭᠤᠯᠬᠤ ᠲᠥᠰᠦᠯ | ᠳᠤᠷᠠᠳᠬᠤ ᠶᠢᠨ ᠬᠠᠮᠳᠣ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠠᠴᠠ | ᠰᠠᠨᠠᠯ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃ | ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠥᠷᠳᠡᠭᠡ ᠴᠡᠭ ᠤᠨ | ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠥᠷᠳᠡᠭᠡ ᠴᠡᠭ᠂ ᠲᠡᠷᠭᠡ ᠬᠥᠰᠬᠡ ᠶᠢ ᠪᠠᠶᠢᠢᠴᠠᠭᠠᠨ | ᠰᠢᠨᠵᠢᠬᠦ᠂ ᠲᠡᠷᠭᠡ ᠬᠥᠰᠬᠡ ᠶᠢᠨ ᠬᠦᠨᠳᠦ ᠶᠢ ᠵᠢᠩᠯᠡᠬᠦ ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ | ᠵᠠᠰᠠᠮᠠᠯ ᠵᠠᠮ ᠤᠨ ᠲᠠᠭᠠᠯᠳᠠ ᠪᠡᠯᠡᠳᠬᠡᠮᠵᠢ ᠪᠠᠷ ᠬᠠᠮᠲᠤ ᠳᠤ ᠨᠢ ᠪᠠᠷᠢᠯᠭ᠎ᠠ ᠶᠢᠨ ᠲᠥᠰᠦᠪ ᠲᠤ ᠣᠷᠤᠭᠤᠯᠵᠤ᠂ ᠵᠠᠰᠠᠮᠠᠯ | ᠵᠠᠮ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ | ᠪᠥᠳᠥᠭᠡᠨ ᠪᠠᠶᠢᠭᠤᠯᠵᠤ᠂ ᠵᠡᠷᠭᠡ ᠳᠤ ᠨᠢ ᠰᠢᠯᠭᠠᠨ ᠠᠪᠴᠤ ᠠᠵᠢᠯᠯᠠᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠢᠭᠤᠯᠭᠠ ᠨᠢ ᠲᠦᠷᠭᠡᠨ ᠤ ᠵᠠᠮ ᠤᠨ ᠣᠷᠤᠴᠠ ᠭᠠᠷᠴᠠ᠂ ᠲᠡᠷᠭᠡᠨ ᠤ ᠵᠣᠭᠰᠣᠭᠠᠯ᠂ | ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ ᠤᠯᠠᠨ ᠡᠭᠦᠰᠳᠡᠭ ᠵᠠᠮ ᠤᠨ ᠬᠡᠰᠡᠭ᠂ ᠵᠠᠩᠭᠢᠯᠠᠭ᠎ᠠ | ᠴᠡᠭ ᠲᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠷᠳᠡᠭᠡ ᠠᠴᠠ ᠵᠠᠶᠢᠯᠠᠵᠤ ᠲᠣᠭᠤᠷᠢᠵᠣ ᠶᠠᠪᠤᠬᠤ᠂ | ᠤᠶᠢᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠢᠴᠠᠭᠠᠨ ᠰᠢᠨᠵᠢᠵᠦ ᠪᠣᠯᠤᠨ᠎ᠠ᠃ | ᠰᠢᠯᠵᠢᠯᠲᠡ ᠲᠠᠢ ᠪᠠᠷ ᠪᠠᠶᠢᠢᠴᠠᠭᠠᠨ ᠰᠢᠨᠵᠢᠭᠰᠡᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠣᠯ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ | ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠥᠷᠲᠡᠭᠡ ᠴᠡᠭ ᠪᠤᠶᠤ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠦᠭᠡᠳ ᠨᠡᠶᠢᠲᠡᠯᠡᠭᠰᠡᠨ | ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡᠨ ᠤ ᠵᠣᠭᠰᠣᠭᠠᠯ᠂ ᠪᠠᠷᠠᠭ᠎ᠠ ᠪᠠᠭᠤᠯᠭᠠᠬᠤ ᠲᠠᠯᠠᠪᠠᠶ ᠵᠡᠷᠭᠡ ᠲᠡᠷᠭᠡ | ᠵᠣᠭᠰᠣᠭᠠᠬᠤ ᠵᠢᠴᠢ ᠪᠠᠷᠠᠭ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠲᠤ ᠳᠠᠭᠠᠭᠤᠯᠤᠨ ᠬᠦᠷᠭᠡᠵᠦ | ᠰᠢᠢᠳᠪᠦᠷᠢᠯᠡᠨ᠎ᠡ᠃ | ᠲᠦᠷᠭᠡᠨ ᠤ ᠵᠠᠮ ᠤᠨ ᠡᠵᠡᠩᠨᠡᠯᠲᠡ ᠶᠢᠨ ᠨᠢᠭᠡᠴᠢ ᠨᠢ ᠬᠠᠷᠢᠶᠠᠨ ᠳᠠᠬᠢ ᠲᠦᠷᠭᠡᠨ ᠤ ᠵᠠᠮ ᠤᠨ ᠣᠷᠤᠴᠠ | ᠭᠠᠷᠴᠠ ᠳᠠᠬᠢ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠠᠴᠠ ᠴᠤᠭᠯᠠᠭᠤᠯᠤᠭᠰᠠᠨ ᠬᠠᠤᠯᠢ ᠠᠴᠠ ᠵᠥᠷᠢᠴᠡᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠲᠡᠷᠭᠡ ᠬᠥᠰᠬᠡ ᠶᠢᠨ ᠬᠠᠮᠢᠶ᠎ᠠ ᠪᠥᠬᠦᠶ ᠮᠡᠳᠡᠭᠡ | ᠵᠠᠩᠭᠢ ᠶᠢᠨ ᠲᠤᠭ᠎ᠠ ᠪᠠᠷᠢᠮᠳᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ | ᠳᠡᠮᠵᠢᠭᠤᠯᠣᠨ ᠬᠦᠷᠭᠡᠭᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠶᠢ ᠪᠠᠶᠢᠢᠴᠠᠭᠠᠨ ᠰᠢᠨᠵᠢᠬᠦ ᠦᠷᠲᠡᠭᠡ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠬᠠᠮᠲᠤᠷᠠᠨ ᠬᠠᠤᠯᠢ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠥᠷᠲᠡᠭᠡ ᠳᠤ ᠥᠷᠲᠡᠭᠡᠨ ᠳᠤ ᠣᠷᠣᠬᠤ ᠠᠴᠠ ᠡᠮᠦᠨ᠎ᠡ | ᠤᠷᠤᠰᠬᠠᠯ ᠢ ᠵᠠᠯᠠᠬᠤ᠂ ᠠᠮᠤᠷ ᠲᠦᠪᠰᠢᠨ ᠤ ᠲᠥᠬᠦᠭᠡᠷᠦᠮᠵᠢ ᠲᠣᠬᠢᠷᠠᠭᠤᠯᠵᠤ᠂ ᠴᠢᠬᠤᠯᠠ ᠪᠦᠬᠦᠢ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠪᠠ ᠪᠠᠶᠢᠢᠴᠠᠭᠠᠨ ᠰᠢᠨᠵᠢᠬᠦ᠂ ᠠᠴᠢᠶᠠᠯᠠᠵᠤ ᠪᠠᠭᠤᠯᠭᠠᠬᠤ᠂ ᠴᠢᠮᠡᠭᠡ | ᠨᠡᠪᠲᠡᠷᠡᠯᠭᠡ ᠶᠢᠨ ᠲᠥᠬᠦᠭᠡᠷᠦᠮᠵᠢ ᠲᠠᠭᠠᠷᠠᠭᠤᠯᠵᠣ᠂ ᠥᠷᠲᠡᠭᠡᠨ ᠳᠠᠬᠢ ᠢᠯᠡᠷᠬᠡᠢ ᠪᠠᠶᠢᠢᠷᠢᠨ ᠳᠤ ᠵᠥᠪᠰᠢᠶᠡᠷᠡᠭᠰᠡᠨ | ᠪᠠᠶᠢᠢᠭᠤᠯᠭᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠴᠤᠪᠤᠷᠠᠯ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ | ᠰᠢᠨᠵᠢᠬᠦ ᠦᠷᠲᠡᠭᠡ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ᠂ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠢᠴᠠᠭᠠᠨ ᠰᠢᠨᠵᠢᠬᠦ ᠨᠡᠪᠳᠡᠷᠡᠯ ᠵᠠᠮ᠂ ᠲᠡᠷᠭᠡ ᠬᠥᠰᠬᠡ ᠶᠢ | ᠵᠠᠮᠴᠢᠯᠠᠨ ᠳᠠᠭᠠᠭᠤᠯᠬᠤ ᠵᠠᠮ ᠢᠶᠠᠨ ᠵᠦᠢ ᠵᠣᠬᠢᠰᠲᠠᠶ ᠪᠠᠶᠢᠷᠢᠯᠠᠭᠤᠯᠬᠤ ᠪᠠ ᠵᠣᠬᠢᠬᠤ ᠬᠡᠪᠴᠢᠶᠡᠨ ᠤ ᠲᠡᠷᠭᠡᠨ ᠤ | ᠵᠣᠭᠰᠣᠭᠠᠯ᠂ ᠪᠠᠷᠠᠭ᠎ᠠ ᠪᠠᠭᠤᠯᠭᠠᠬᠤ ᠭᠠᠵᠠᠷ ᠢ ᠲᠣᠬᠢᠷᠠᠭᠤᠯᠤᠨ ᠪᠠᠶᠢᠭᠤᠯᠬᠤ ᠬᠡᠷᠡᠭᠲᠡᠶ᠂ ᠲᠡᠷᠭᠡ ᠬᠥᠰᠬᠡ ᠶᠢ | ᠪᠠᠶᠢᠢᠴᠠᠭᠠᠨ ᠰᠢᠨᠵᠢᠬᠦ ᠠᠴᠠ ᠪᠣᠯᠵᠣ ᠪᠤᠰᠤᠳ ᠲᠡᠷᠭᠡ ᠬᠥᠰᠬᠡ ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ | ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ | ᠬᠠᠮᠠᠭᠠᠯᠠᠬᠤ ᠪᠠᠶᠢᠢᠭᠤᠯᠭᠠ ᠶᠢᠨ ᠲᠤᠬᠠᠢ ᠶᠢᠨ ᠲᠠᠯᠠᠪᠠᠢ ᠳᠤ ᠪᠠᠶᠢᠢᠴᠠᠭᠠᠨ ᠰᠢᠨᠵᠢᠵᠦ ᠮᠠᠭᠠᠳᠯᠠᠨ ᠲᠣᠭᠲᠠᠭᠠᠭᠰᠠᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠄ | ︵ᠨᠢᠭᠡ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠶᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ | ᠲᠠᠯᠠᠪᠤᠷ ᠲᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯ᠂ ᠲᠤᠬᠠᠢ ᠶᠢᠨ ᠬᠥᠮᠦᠨ ᠢ | ᠵᠠᠷᠯᠢᠭᠳᠠᠵᠤ ᠪᠠᠶᠢᠭᠠᠳ ᠥᠪᠡᠷ ᠢᠶᠠᠨ ᠪᠠᠷᠠᠭ᠎ᠠ ᠪᠠᠨ ᠪᠠᠭᠤᠯᠭᠠᠬᠤ᠂ ᠰᠠᠯᠭᠠᠨ ᠠᠴᠢᠶᠠᠯᠠᠬᠤ ᠵᠡᠷᠭᠡ ᠵᠠᠯᠠᠷᠠᠭᠤᠯᠬᠤ | ᠠᠷᠭ᠎ᠠ ᠬᠡᠮᠵᠢᠶ᠎ᠡ ᠪᠠᠷ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠶ᠃ ᠪᠠᠷᠠᠭ᠎ᠠ ᠪᠠᠨ | ᠪᠠᠭᠤᠯᠭᠠᠭᠰᠠᠨ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ | ᠪᠠᠶᠢᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ | ᠪᠣᠯᠤᠨ᠎ᠠ︔ | ︵ᠬᠤᠶᠠᠷ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠶᠢᠨ | ᠲᠠᠯᠠᠪᠠᠢ ᠳᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠥᠭᠡᠢ ᠪᠣᠯ ᠲᠤᠬᠠᠢ ᠶᠢᠨ ᠬᠥᠮᠦᠨ ᠢ | ᠵᠠᠷᠯᠢᠭᠳᠠᠵᠤ ᠪᠠᠶᠢᠭᠠᠳ ᠤᠶᠢᠢᠷ᠎ᠠ ᠬᠠᠪᠢ ᠶᠢᠨ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠲᠠᠯᠠᠪᠤᠷ ᠲᠤ | ᠬᠦᠷᠴᠣ ᠪᠠᠷᠠᠭ᠎ᠠ ᠪᠠᠨ ᠪᠠᠭᠤᠯᠭᠠᠵᠤ᠂ ᠰᠠᠯᠭᠠᠨ ᠲᠡᠭᠡᠭᠡᠪᠦᠷᠢᠯᠡᠭᠦᠯᠵᠦ᠂ ᠬᠠᠤᠯᠢ ᠠᠴᠠ ᠵᠥᠷᠢᠴᠡᠭᠰᠡᠨ ᠪᠠᠶᠢᠳᠠᠯ ᠢ | ᠠᠷᠢᠯᠭᠠᠬᠤ ᠬᠡᠷᠡᠭᠲᠡᠶ᠃ ᠪᠠᠷᠠᠭ᠎ᠠ ᠪᠠᠨ ᠪᠠᠭᠤᠯᠭᠠᠭᠰᠠᠨ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ | ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠤᠨ᠎ᠠ︔ | ︵ᠭᠤᠷᠪᠠ︶ ᠵᠠᠳᠠᠷᠠᠵᠤ ᠪᠤᠯᠤᠰᠢ ᠦᠭᠡᠢ ᠲᠣᠮᠣ ᠪᠣᠳᠠᠰ ᠢ ᠲᠡᠭᠡᠭᠡᠪᠦᠷᠢᠯᠡᠬᠦ ᠳᠤ ᠪᠠᠨ ᠬᠡᠮᠵᠢᠶ᠎ᠡ ᠠᠴᠠ | ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠭᠰᠡᠨ ᠦᠭᠡᠢ ᠪᠣᠯ᠂ ᠲᠤᠬᠠᠢ ᠶᠢᠨ ᠬᠥᠮᠦᠨ ᠢ | ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠵᠤ᠂ ᠪᠠᠶᠢᠴᠠᠭᠠᠨ ᠰᠢᠢᠣᠡᠪᠣᠷᠢᠯᠡᠭᠦ ᠶᠢ | ᠬᠦᠯᠢᠶᠡᠭᠦ ᠶᠢᠨ ᠬᠠᠮᠳᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ | ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢ ᠲᠤᠬᠠᠢ ᠶᠢᠨ ᠬᠥᠮᠦᠨ ᠳᠤ | ᠮᠡᠳᠡᠭᠳᠡᠬᠦ ᠬᠡᠷᠡᠭᠲᠡᠶ︔ | ︵ᠳᠥᠷᠪᠡ︶ ᠨᠣᠴᠣᠮᠠᠲᠠᠭᠠᠶ᠂ ᠳᠡᠯᠪᠡᠷᠡᠮᠡᠲᠡᠭᠡᠶ᠂ ᠳᠣᠭᠰᠢᠨ ᠬᠤᠣᠷ᠂ ᠰᠠᠴᠤᠷᠠᠭ ᠢᠳᠡᠪᠬᠢ ᠴᠢᠨᠠᠷ ᠲᠠᠢ | ᠵᠡᠷᠭᠡ ᠠᠶᠤᠯᠲᠠᠶ ᠪᠣᠳᠠᠰ ᠢ ᠲᠡᠭᠡᠭᠡᠪᠦᠷᠢᠯᠡᠭᠰᠡᠨ ᠪᠤᠶᠤ ᠬᠤᠯᠢᠯᠳᠤᠭᠤᠯᠤᠨ ᠰᠠᠪᠠᠯᠠᠭᠰᠠᠨ ᠪᠣᠯ᠂ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | ᠳᠠᠭᠠᠭᠠᠨ ᠲᠡᠭᠡᠭᠡᠪᠦᠷᠢᠯᠡᠭᠴᠢ ᠠᠴᠠ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ | ᠰᠢᠢᠳᠪᠦᠷᠢᠯᠡᠬᠦ ᠬᠡᠷᠡᠭᠲᠡᠶ︔ ᠬᠤᠭᠤᠴᠠᠭ᠎ᠠ ᠬᠡᠳᠣᠷᠡᠭᠡᠣᠨ ᠰᠢᠢᠳᠪᠦᠷᠢᠯᠡᠭᠰᠡᠨ ᠥᠭᠡᠢ ᠪᠣᠯ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠤᠷᠢᠨ ᠨᠠᠶᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠪᠠᠶᠢᠢᠴᠠᠭᠠᠨ ᠰᠢᠨᠵᠢᠬᠦ ᠵᠢᠭᠠᠯᠲᠠ ᠳᠡᠮᠳᠡᠭ ᠪᠤᠶᠤ ᠬᠠᠤᠯᠢ | ᠬᠡᠷᠡᠭᠵᠢᠭᠦᠯᠬᠦ ᠠᠵᠢᠯᠳᠠᠨ ᠤ ᠵᠢᠯᠤᠭᠤᠳᠤᠯᠭ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠶᠢᠨ ᠪᠠᠶᠢᠢᠴᠠᠭᠠᠨ ᠰᠢᠨᠵᠢᠭᠦ ᠶᠢ ᠬᠦᠯᠢᠶᠡᠵᠣ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ᠂ | ᠠᠯᠪᠠᠳᠠᠯᠭ᠎ᠠ ᠪᠠᠷ ᠪᠣᠭᠤᠮᠲᠠ ᠬᠤᠷᠢᠭ᠎ᠠ ᠳᠠᠭᠠᠷᠢᠬᠤ ᠪᠤᠶᠤ ᠪᠤᠰᠤᠳ ᠠᠷᠭ᠎ᠠ ᠪᠠᠷ ᠪᠠᠶᠢᠢᠴᠠᠭᠠᠨ ᠰᠢᠨᠵᠢᠭᠦ ᠶᠢᠨ ᠡᠮᠬᠢ | ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ᠂ ᠤᠶᠢᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ ᠪᠠᠷ | ᠪᠠᠶᠢᠢᠴᠠᠭᠠᠨ ᠰᠢᠨᠵᠢᠭᠦ ᠠᠴᠠ ᠵᠠᠶᠢᠯᠠᠵᠤ ᠲᠣᠳᠠᠭᠠᠵᠣ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠦᠢᠳᠬᠡᠯ | ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢ ᠶᠢᠨ ᠭᠤᠣᠯ | ᠨᠡᠪᠲᠡᠷᠡᠯ ᠵᠠᠮ᠂ ᠴᠢᠬᠤᠯᠠ ᠬᠥᠭᠦᠷᠭᠡ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠶᠢᠨ | ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠪᠠ ᠵᠠᠩᠭᠢᠯᠠᠭ᠎ᠠ ᠶᠢᠨ ᠴᠡᠭ ᠲᠤ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ ᠶᠢᠨ ᠬᠠᠮᠳᠣ᠂ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠪᠠᠶᠢᠢᠴᠠᠭᠠᠨ ᠰᠢᠨᠵᠢᠭᠰᠡᠨ ᠮᠡᠳᠡᠭᠡ ᠵᠠᠩᠭᠢ ᠪᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ | ᠲᠤᠬᠠᠢ ᠳᠤ ᠨᠢ ᠳᠠᠮᠵᠢᠭᠤᠯᠤᠨ ᠬᠦᠷᠭᠡᠵᠦ᠂ ᠣᠯᠵᠤ ᠮᠡᠳᠡᠭᠰᠡᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠠᠴᠠ | ᠰᠢᠢᠳᠪᠦᠷᠢᠯᠡᠨ᠎ᠡ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ᠂ ᠬᠥᠳᠡᠯᠦᠩᠭᠦᠶ ᠪᠠᠷ ᠪᠠᠶᠢᠢᠴᠠᠭᠠᠨ ᠰᠢᠨᠵᠢᠬᠦ ᠮᠡᠷᠭᠡᠵᠢᠯ ᠤᠨ | ᠬᠢᠨᠠᠨ ᠡᠵᠡᠮᠳᠡᠬᠦ ᠲᠥᠬᠦᠭᠡᠷᠦᠮᠵᠢ᠂ ᠲᠦᠷᠭᠡᠨ ᠤ ᠵᠠᠮ ᠤᠨ ᠣᠷᠤᠴᠠ ᠭᠠᠷᠴᠠ ᠳᠠᠬᠢ ᠮᠡᠷᠭᠡᠵᠢᠯ ᠤᠨ ᠪᠠᠶᠢᠢᠴᠠᠭᠠᠨ | ᠰᠢᠨᠵᠢᠵᠦ ᠬᠢᠨᠠᠨ ᠡᠵᠡᠮᠳᠡᠬᠦ ᠲᠥᠬᠦᠭᠡᠷᠦᠮᠵᠢ ᠪᠠᠷ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ | ᠲᠣᠭᠲᠠᠪᠤᠷᠢᠵᠢᠭᠤᠯᠤᠭᠰᠠᠨ ᠪᠣᠯ᠂ ᠬᠠᠤᠯᠢ ᠲᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ᠂ | ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ | ᠪᠠᠲᠤᠯᠠᠵᠤ᠂ ᠲᠣᠬᠢᠷᠠᠭᠤᠯᠤᠯᠲᠠ ᠶᠢ ᠨᠢ ᠵᠦᠢ ᠵᠣᠬᠢᠰᠲᠠᠶ᠂ ᠢᠯᠡᠳᠬᠡᠮᠵᠢ ᠲᠡᠮᠳᠡᠭ ᠢ ᠨᠢ ᠢᠯᠡᠷᠬᠡᠶ ᠪᠠᠶᠢᠢᠯᠭᠠᠵᠣ᠂ | ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠢᠯᠡ ᠨᠡᠶᠢᠲᠡᠯᠡᠬᠡᠳ᠂ ᠴᠣᠭᠯᠠᠭᠤᠯᠣᠭᠰᠠᠨ ᠡᠯᠧᠺᠲᠷᠣᠨ ᠲᠤᠭ᠎ᠠ | ᠪᠠᠷᠢᠮᠳᠡ ᠶᠢ ᠰᠠᠶ᠋ᠢ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠤᠨ᠎ᠠ᠃ | | ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠶᠢ ᠵᠥᠷᠢᠴᠡᠭᠰᠡᠨ | ᠪᠣᠳᠠᠲᠤ ᠬᠡᠷᠡᠭ ᠨᠢ ᠦᠨᠡᠨ ᠪᠣᠳᠠᠲᠠᠶ᠂ ᠲᠣᠳᠣᠷᠬᠠᠶ᠂ ᠪᠦᠷᠢᠨ ᠪᠦᠲᠦᠨ᠂ ᠣᠨᠣᠪᠴᠢᠲᠠᠶ ᠪᠠᠶᠢᠬᠤ ᠬᠡᠷᠡᠭᠲᠡᠶ᠃ ᠵᠠᠮ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠰᠢᠩᠭᠡᠭᠡᠨ ᠲᠡᠮᠳᠡᠭᠯᠡᠭᠰᠡᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ︔ | ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠣᠯ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ᠃ | ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ᠂ | ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ | ᠮᠠᠰᠢᠨᠲᠤ ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠳᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ | ᠪᠢᠴᠢᠭᠯᠡᠭᠰᠡᠨ ᠮᠡᠳᠡᠭᠳᠡᠯ᠂ ᠤᠲᠠᠰᠤ᠂ ᠭᠠᠷ ᠤᠲᠠᠰᠤᠨ ᠤ ᠣᠬᠤᠷ ᠮᠡᠳᠡᠭᠡ᠂ ᠰᠢᠯᠵᠢᠮᠡᠯ ᠢᠨᠲ᠋ᠧᠷ ᠰᠦᠯᠵᠢᠶᠡᠨ ᠤ | ᠬᠡᠷᠡᠭᠯᠡᠭᠡᠨ ᠤ ᠫᠷᠤᠭ᠍ᠷᠠᠮ ᠵᠡᠷᠭᠡ ᠠᠷᠭ᠎ᠠ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ᠃ | ᠳᠡᠭᠡᠷ᠎ᠡ ᠳᠤᠷᠠᠳᠤᠭᠰᠠᠨ ᠠᠷᠭ᠎ᠠ ᠪᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠥᠬᠡᠶ ᠪᠣᠯ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠬᠦ ᠠᠷᠭ᠎ᠠ ᠪᠠᠷ ᠳᠠᠮᠵᠢᠭᠤᠯᠤᠨ ᠮᠡᠳᠡᠭᠳᠡᠵᠦ | ᠪᠣᠯᠤᠨ᠎ᠠ᠃ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠢᠯᠣᠭᠤᠴᠢ ᠨᠢ ᠮᠡᠳᠡᠭᠳᠡᠯ ᠢ ᠣᠯᠤᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ ᠭᠤᠴᠢᠨ | ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠵᠠᠰᠠᠮᠠᠯ ᠵᠡᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠢᠭ᠎ᠠ ᠶᠢ ᠪᠠᠶᠢᠢᠴᠠᠭᠠᠨ ᠰᠢᠨᠵᠢᠬᠦ ᠥᠷᠳᠡᠭᠡ ᠪᠠ ᠲᠦᠷᠭᠡᠨ ᠤ ᠵᠡᠮ ᠤᠨ ᠣᠷᠤᠴᠠ ᠭᠠᠷᠴᠠ ᠳᠠᠬᠢ ᠭᠠᠵᠠᠷ ᠵᠢᠩᠯᠡᠭᠦᠷ | ᠂ ᠳᠥᠭᠦᠮ ᠠᠪᠰᠠᠷᠬᠠᠨ ᠪᠠᠶᠢᠢᠴᠠᠭᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠶᠢ ᠵᠣᠭᠰᠣᠭᠠᠬᠤ ᠦᠭᠡᠢ ᠪᠠᠷ | ᠪᠠᠶᠢᠢᠴᠠᠭᠠᠨ ᠰᠢᠨᠵᠢᠬᠦ ᠬᠡᠮᠵᠢᠭᠦᠷ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠳᠣ᠂ ᠬᠠᠤᠯᠢ ᠪᠠᠷ ᠲᠣᠭᠲᠠᠭᠠᠭᠰᠠᠨ | ᠬᠢᠷᠢ ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠬᠢᠨᠠᠨ ᠲᠣᠭᠲᠠᠭᠠᠯᠭᠠᠬᠤ ᠬᠡᠷᠡᠭᠲᠡᠶ᠃ ᠲᠣᠭᠲᠠᠭᠠᠯ ᠶᠣᠰᠣᠭᠠᠷ | ᠬᠢᠨᠠᠨ ᠲᠣᠭᠲᠠᠭᠠᠭᠰᠠᠨ ᠦᠭᠡᠢ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭᠠᠭᠰᠠᠨ ᠦᠭᠡᠢ ᠪᠤᠶᠤ ᠬᠢᠨᠠᠨ | ᠲᠣᠭᠳᠠᠭᠠᠬᠤ ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃ | ᠭᠤᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠡᠳ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ ᠪᠣᠯᠬᠤ ᠥᠭᠡᠢ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠪᠣᠯᠬᠤ ᠥᠭᠡᠢ᠂ | ᠬᠠᠮᠢᠶ᠎ᠠ ᠪᠥᠬᠦᠢ ᠲᠤᠭ᠎ᠠ ᠪᠠᠷᠢᠮᠳᠡ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠵᠦ ᠪᠣᠯᠬᠤ ᠥᠭᠡᠢ᠃ | ᠭᠤᠴᠢᠨ ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ ᠮᠡᠷᠭᠡᠵᠢᠯ ᠤᠨ ᠬᠢᠨᠠᠨ | ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ᠂ ᠵᠠᠮ ᠬᠠᠷᠢᠯᠴᠠᠭᠠᠨ ᠤ ᠲᠡᠮᠳᠡᠭ ᠱᠤᠭᠤᠮ ᠤᠨ ᠶᠣᠰᠣᠭᠠᠷ | ᠶᠠᠪᠤᠭᠤᠯᠬᠤ ᠬᠡᠷᠡᠭᠲᠡᠶ᠂ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠵᠣᠷᠢᠭᠤᠳᠡ ᠬᠡᠲᠦ ᠳᠣᠤᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ ᠵᠣᠭᠰᠣᠭᠠᠬᠤ᠂ ᠣᠯᠠᠨ | ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠣᠭᠯᠠᠯ ᠠᠴᠠ ᠵᠠᠶᠢᠳᠠᠬᠤ | ᠵᠡᠷᠭᠡ ᠠᠷᠭ᠎ᠠ ᠪᠠᠷ ᠪᠠᠶᠢᠢᠴᠠᠭᠠᠨ ᠰᠢᠨᠵᠢᠭᠦ ᠠᠴᠠ ᠵᠠᠶᠢᠯᠠᠵᠣ ᠲᠤᠳᠠᠭᠠᠭᠰᠠᠨ︔ | ︵ᠬᠤᠶᠠᠷ︶ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠡᠵᠦ ᠰᠦᠢᠳᠬᠡᠬᠦ | ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠬᠡᠷᠡᠭᠯᠡᠬᠦ ᠵᠡᠷᠭᠡ ᠠᠷᠭ᠎ᠠ ᠪᠠᠷ | ᠪᠠᠶᠢᠢᠴᠠᠭᠠᠨ ᠰᠢᠨᠵᠢᠭᠦ ᠠᠴᠠ ᠵᠠᠶᠢᠯᠠᠵᠣ ᠲᠤᠳᠠᠭᠠᠭᠰᠠᠨ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠪᠠᠨ | ᠦᠨᠳᠦᠰᠦᠯᠡᠨ᠂ ᠰᠢᠶᠠᠩ ᠤᠨ ᠵᠠᠮ᠂ ᠲᠣᠰᠬᠤᠨ ᠤ ᠵᠠᠮ ᠤᠨ ᠣᠷᠤᠴᠠ ᠭᠠᠷᠴᠠ ᠳᠤ ᠥᠨᠳᠥᠷ ᠢ ᠬᠢᠵᠠᠭᠠᠷᠯᠠᠬᠤ᠂ | ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠪᠡᠯᠡᠳᠬᠡᠮᠵᠢ ᠶᠢ ᠬᠠᠤᠯᠢ ᠶᠣᠰᠣᠭᠠᠷ ᠲᠣᠬᠢᠷᠠᠭᠤᠯᠵᠤ ᠪᠣᠯᠣᠨ᠎ᠠ᠂ ᠭᠡᠪᠡᠴᠦ | ᠭᠠᠯ ᠰᠡᠷᠭᠡᠶᠢᠢᠯᠡᠨ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠪᠠᠴᠢᠮ ᠠᠪᠤᠷᠠᠯᠳᠠ ᠵᠡᠷᠭᠡ ᠪᠠᠴᠢᠮ ᠪᠠᠶᠢᠢᠳᠠᠯ ᠢ | ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠢ᠂ ᠨᠡᠪᠲᠡᠷᠡᠨ ᠥᠩᠭᠡᠷᠡᠬᠦ ᠲᠡᠷᠭᠡ ᠬᠥᠰᠬᠡ ᠠᠴᠠ | ᠰᠦᠢᠳᠬᠡᠯ ᠬᠤᠷᠢᠶᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠵᠠᠰᠠᠮᠠᠯ | ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠥᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢ | ᠵᠢᠷᠤᠮᠯᠠᠨ᠎ᠠ᠃ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠣ ᠪᠠᠶᠢᠢᠭᠠᠣᠨ ᠵᠠᠯᠠᠷᠠᠭᠤᠯᠬᠤ ᠶᠢᠨ | ᠬᠠᠮᠳᠣ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄ | ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠬᠦᠨᠳᠦ ᠶᠢ ᠬᠡᠮᠵᠢᠬᠦ ᠪᠠ | ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ︔ | ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠬᠡᠮᠵᠢᠭᠰᠡᠨ | ᠲᠤᠭ᠎ᠠ ᠪᠠᠷᠢᠮᠳᠡ ᠪᠠ ᠬᠢᠨᠠᠨ ᠡᠵᠡᠮᠳᠡᠭᠰᠡᠨ ᠲᠤᠭ᠎ᠠ ᠪᠠᠷᠢᠮᠳᠡ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ | ᠰᠦᠯᠵᠢᠶᠡᠵᠢᠭᠦᠯᠦᠭᠰᠡᠨ ᠥᠭᠡᠢ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠲᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠬᠦᠯᠦᠭᠰᠡᠨ ᠥᠬᠡᠶ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠠᠮᠢᠶ᠎ᠠ ᠪᠥᠬᠦᠶ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠥᠬᠡᠶ᠃ | ᠭᠤᠴᠢᠨ ᠳᠣᠯᠣᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠣ ᠪᠠᠶᠢᠢᠭᠠᠣᠨ ᠵᠠᠯᠠᠷᠠᠭᠤᠯᠬᠤ ᠶᠢᠨ | ᠬᠠᠮᠳᠣ᠂ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄ | | ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠᠶᠢᠢᠬᠤ ᠥᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠬᠡᠭᠦᠯᠦᠭᠰᠡᠨ ᠥᠭᠡᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ | ᠲᠡᠭᠡᠭᠡᠪᠦᠷᠢ ᠲᠣᠬᠢᠷᠠᠭᠤᠯᠤᠭᠰᠠᠨ︔ | ︵ᠬᠤᠶᠠᠷ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠲᠡᠭᠯᠡᠭᠦᠯᠦᠭᠰᠡᠨ | ᠬᠤᠯᠪᠣᠭᠳᠠᠯ ᠪᠥᠬᠦᠢ ᠮᠡᠷᠭᠡᠵᠢᠯ ᠤᠨ ᠲᠤᠭ᠎ᠠ ᠪᠠᠷᠢᠮᠳᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ︔ | ︵ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ ᠦᠭᠡᠢ︔ | ︵ᠲᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ᠃ | ᠭᠤᠴᠢᠨ ᠨᠠᠶᠢᠮᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ | ᠣᠯᠤᠭᠠᠳᠤᠶ ᠵᠢᠯᠣᠭᠤᠴᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠢᠯᠣᠭᠤᠳᠣᠭᠤᠯᠣᠨ ᠪᠠᠷᠠᠭ᠎ᠠ ᠠᠴᠢᠶᠠᠯᠠᠵᠤ᠂ | ᠲᠡᠭᠡᠭᠡᠪᠦᠷᠢ ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠣ | ᠪᠠᠶᠢᠢᠭᠠᠣᠨ ᠵᠠᠯᠠᠷᠠᠭᠤᠯᠬᠤ ᠶᠢᠨ ᠬᠠᠮᠳᠣ᠂ ᠲᠡᠷᠭᠡ ᠤᠳᠠᠭ᠎ᠠ ᠪᠦᠷᠢ ᠶᠢ 1000 ᠲᠥᠭᠦᠷᠢᠭ ᠤᠨ ᠵᠣᠭᠤᠰ ᠢᠶᠠᠷ | ᠲᠣᠷᠭᠠᠨ᠎ᠠ᠃ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠢᠯᠡ | ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠨ᠎ᠡ᠄ | ︵ᠨᠢᠭᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ | ᠵᠣᠭᠰᠣᠭᠠᠬᠤ᠂ ᠤᠯᠠᠨ ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠤᠭ | ᠲᠥᠬᠦᠭᠡᠷᠦᠮᠵᠢ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠢᠴᠠᠭᠠᠨ ᠰᠢᠨᠵᠢᠭᠦ ᠠᠴᠠ ᠵᠠᠶᠢᠯᠠᠵᠤ ᠳᠤᠲᠠᠭᠠᠭᠰᠠᠨ︔ | ︵ᠬᠤᠶᠠᠷ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠦᠯᠵᠦ | ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠡᠷᠡᠭᠯᠡᠬᠦ ᠵᠡᠷᠭᠡ | ᠠᠷᠭ᠎ᠠ ᠪᠠᠷ ᠪᠠᠶᠢᠢᠴᠠᠭᠠᠨ ᠰᠢᠨᠵᠢᠭᠦ ᠠᠴᠠ ᠵᠠᠶᠢᠯᠠᠵᠤ ᠲᠤᠲᠠᠭᠠᠭᠰᠠᠨ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ | ᠪᠠᠶᠢᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠣᠭᠠᠬᠤ ᠦᠭᠡᠢ ᠪᠠᠷ ᠪᠠᠶᠢᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ᠂ ᠬᠠᠮᠢᠶ᠎ᠠ ᠪᠥᠬᠦᠢ | ᠲᠤᠭ᠎ᠠ ᠪᠠᠷᠢᠮᠳᠡ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠦᠭᠰᠡᠨ᠃ | ᠳᠥᠴᠢᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠨᠡᠶᠢᠯᠡᠭᠦᠯᠵᠦ ᠤᠭᠰᠠᠷᠠᠭᠰᠠᠨ | ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠵᠢᠯᠣᠭᠤᠳᠤᠭᠰᠠᠨ ᠵᠢᠯᠣᠭᠤᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠶ︔ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ | ᠤᠭᠰᠠᠷᠠᠬᠤ ᠠᠵᠢᠯ ᠡᠷᠬᠢᠯᠡᠵᠦ ᠪᠠᠶᠢᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠶ︔ ᠡᠵᠡᠩᠨᠡᠯᠲᠡ ᠶᠢᠨ ᠦᠨᠡᠮᠯᠡᠯ ᠥᠭᠡᠢ ᠪᠠᠷ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ | ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ | ᠰᠢᠢᠳᠬᠡᠨ ᠲᠣᠷᠭᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠢᠭᠤᠯᠭᠠ ᠪᠤᠶᠤ ᠪᠤᠰᠤᠳ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠨ ᠠᠵᠢᠯᠳᠠᠨ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠬᠠᠤᠯᠢ ᠶᠣᠰᠣᠭᠠᠷ ᠰᠢᠢᠳᠬᠡᠯ | ᠦᠭᠭᠦᠨ᠎ᠡ︔ ᠶᠠᠯ᠎ᠠ ᠳᠤ ᠬᠥᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠮᠠᠰᠢᠨᠲᠤ ᠲᠡᠷᠭᠡ ᠶᠢᠨ ᠲᠤᠬᠠᠢ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ | ᠦᠯᠦ ᠨᠡᠶᠢᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠭᠤᠯᠤᠨ ᠪᠦᠷᠢᠳᠬᠡᠭᠦᠯᠬᠦ ᠪᠠ | ᠨᠣᠮᠧᠷ ᠤᠨ ᠫᠠᠶᠢᠰᠠ᠂ ᠵᠠᠮᠨᠠᠭᠤᠯᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠳᠡᠮᠳᠡᠭ᠂ ᠵᠠᠮ | ᠲᠡᠭᠡᠭᠡᠪᠦᠷᠢ ᠶᠢᠨ ᠦᠨᠡᠮᠯᠡᠯ ᠣᠯᠭᠤᠭᠰᠠᠨ︔ | ︵ᠬᠤᠶᠠᠷ︶ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ ᠢ ᠲᠣᠭᠲᠠᠭᠠᠯ ᠠᠴᠠ | ᠵᠥᠷᠢᠴᠡᠨ ᠭᠦᠢᠴᠡᠳᠬᠡᠵᠦ ᠥᠭᠭᠦᠭᠰᠡᠨ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠤᠭᠰᠠᠨ︔ | ︵ᠲᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ | ᠠᠪᠤᠭᠰᠠᠨ ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠬᠡᠷᠡᠭᠯᠡᠭᠰᠡᠨ︔ | ︵ᠲᠠᠪᠤ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ᠂ ᠢᠯᠡᠴᠢᠯᠡᠨ | ᠮᠡᠳᠡᠭᠦᠯᠦᠯᠲᠡ ᠶᠢ ᠣᠯᠣᠭᠠᠣᠨ ᠴᠠᠭ ᠲᠤᠬᠠᠢ ᠳᠤ ᠨᠢ ᠬᠠᠷᠭᠤᠭᠤᠯᠵᠣ ᠪᠠᠶᠢᠢᠴᠠᠭᠠᠬᠤ ᠶᠢ ᠵᠣᠬᠢᠶᠠᠨ ᠪᠠᠶᠢᠢᠭᠤᠯᠣᠭᠰᠠᠨ | ᠥᠭᠡᠢ︔ | ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠡᠨ ᠲᠤᠰᠢᠶᠠᠯ ᠳᠤ ᠪᠠᠨ ᠠᠯᠮᠠᠶᠢᠢᠷᠠᠨ | ᠣᠰᠣᠯᠳᠠᠭᠰᠠᠨ᠂ ᠬᠤᠪᠢ ᠶᠢᠨ ᠨᠠᠶᠢᠷ ᠵᠢᠠᠷᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ | ᠳᠥᠴᠢᠨ ᠬᠤᠶᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ | ᠮᠣᠩᠭᠤᠯ ᠤᠨ ︵ᠦᠷᠬᠦᠯᠵᠢᠯᠡᠯ ᠨᠢ 21 ᠳ᠋ᠤᠭᠡᠷ ᠨᠢᠭᠤᠷ ᠲᠤ ᠪᠤᠢ︶ ︵14 ᠳ᠋ᠤᠭᠡᠷ ᠨᠢᠭᠤᠷ ᠤᠨ | ᠦᠷᠬᠦᠯᠵᠢᠯᠡᠯ︶ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠢᠭ᠎ᠠ ᠶᠢ ᠵᠠᠰᠠᠬᠤ ᠠᠷᠭ᠎ᠠ︾︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | | ᠲᠡᠷᠢᠭᠦᠨ ᠨᠢᠭᠤᠷ - ᠵᠠᠰᠠᠭ ᠤᠨ ᠣᠷᠳᠣᠨ ᠤ ᠠᠯᠪᠠᠨ ᠮᠡᠳᠡᠭᠡ - ᠠᠯᠪᠠᠨ ᠪᠢᠴᠢᠭ - 2023 ᠣᠨ - 7 ᠳ᠋ᠤᠭᠠᠷ | ᠬᠤᠭᠤᠴᠠᠭ᠎ᠠ ︵ᠶᠡᠷᠦᠩᠬᠡᠢ 388 ᠳ᠋ᠤᠭᠠᠷ ᠬᠤᠭᠤᠴᠠᠭ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠵᠠᠰᠠᠵᠤ ᠴᠡᠭᠴᠡᠯᠡᠬᠦ ᠲᠣᠭᠲᠠᠯᠴᠠᠭ᠎ᠠ ᠪᠠ ᠵᠠᠰᠠᠵᠤ ᠴᠡᠭᠴᠡᠯᠡᠬᠦ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠤᠬᠢᠷᠠᠭᠤᠯᠣᠨ ᠬᠡᠷᠡᠭᠯᠡᠨ᠎ᠡ᠃ | | ᠭᠤᠷᠪᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ ᠨᠦᠭᠦᠳ ᠳᠤᠤᠷᠠᠬᠢ ᠠᠷᠭ᠎ᠠ | ᠠᠪᠴᠠᠯ ᠢᠶᠠᠷ ᠳᠡᠮᠵᠢᠭᠤᠯᠵᠣ ᠣᠯᠤᠭᠰᠠᠨ ᠪᠤᠶᠤ ᠪᠣᠶ ᠪᠣᠯᠤᠭᠰᠠᠨ ᠡᠳ᠋ ᠬᠥᠷᠥᠩᠭᠡ ᠶᠢ ᠵᠢᠭᠠᠵᠤ ᠪᠣᠶ᠄ | ︵ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠵᠠᠷᠤᠴᠠᠭᠤᠯᠤᠭᠠᠳ ᠪᠣᠶ ᠪᠣᠯᠤᠭᠰᠠᠨ ᠡᠳ᠋ ᠬᠦᠷᠦᠩᠭᠡ︔ | ︵ᠬᠤᠶᠠᠷ︶ ᠰᠢᠯᠵᠢᠭᠦᠯᠵᠦ ᠦᠭᠭᠦ ᠶᠢ ᠬᠦᠯᠢᠶᠡᠨ ᠠᠪᠤᠭᠰᠠᠨ ᠪᠤᠶᠤ ᠬᠤᠪᠢᠶᠠᠷᠢᠯᠠᠨ ᠰᠢᠯᠵᠢᠭᠦᠯᠭᠦ᠂ | ᠰᠣᠯᠢᠬᠤ ᠳᠤ ᠪᠤᠶ ᠪᠣᠯᠤᠭᠰᠠᠨ ᠡᠳ᠋ ᠬᠥᠷᠥᠩᠭᠡ︔ | ︵ᠭᠤᠷᠪᠠ︶ ᠬᠠᠨᠳᠢᠪᠯᠠᠯ ᠢ ᠬᠦᠯᠢᠶᠡᠨ ᠠᠪᠤᠭᠰᠠᠨ ᠪᠦᠭᠡᠳ ᠤᠯᠤᠰ ᠦᠮᠴᠢᠯᠡᠵᠦ ᠪᠠᠶᠢᠢᠬᠤ ᠪᠠᠷ ᠨᠤᠲᠠᠯᠠᠨ | ᠲᠣᠭᠲᠠᠭᠠᠭᠳᠠᠭᠰᠠᠨ ᠡᠳ᠋ ᠬᠥᠷᠥᠩᠭᠡ︔ | ︵ᠲᠦᠷᠪᠡ︶ ᠪᠤᠰᠤᠳ ᠤᠯᠤᠰ ᠤᠨ ᠦᠮᠴᠢᠯᠡᠯᠳᠦ ᠡᠳ᠋ ᠬᠦᠷᠦᠩᠭᠡ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠢᠯᠡᠷᠡᠬᠦ ᠬᠡᠯᠪᠡᠷᠢ ᠨᠢ᠄ ᠭᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ | ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠡᠳ᠋ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ | ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ | ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠪᠣᠯᠤᠨ᠎ᠠ᠃ | ᠲᠠᠪᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠨᠢ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ | ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠴᠤ ᠡᠵᠡᠮᠰᠢᠭᠦ ᠬᠠᠮᠢᠶᠠᠷᠤᠯᠲᠠ ᠶᠢᠨ | ᠪᠠᠶᠢᠭᠤᠯᠤᠯ ᠢ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠵᠢᠷᠤᠮᠵᠢᠯ ᠲᠠᠢ᠂ ᠠᠷᠪᠢᠲᠠᠶ ᠪᠥᠭᠡᠳ ᠥᠨᠳᠥᠷ ᠦᠷ᠎ᠡ | ᠪᠦᠲᠦᠮᠵᠢᠲᠡᠶ᠂ ᠢᠯᠡ ᠲᠣᠳᠣ ᠪᠠᠶᠢᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ ᠪᠠᠶᠢᠬᠤ ᠵᠠᠷᠴᠢᠮ ᠢ ᠵᠢᠷᠤᠮᠯᠠᠨ᠂ | ᠪᠣᠳᠠᠲᠤ ᠡᠳ᠋ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠶ ᠪᠠᠶᠢᠯᠭᠠᠬᠤ᠂ | ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠦᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ | ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ | ᠪᠠᠶᠢᠴᠠᠭᠠᠵᠤ ᠵᠥᠪᠰᠢᠶᠡᠷᠡᠬᠦ ᠬᠡᠷᠡᠭᠲᠡᠶ᠃ | ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠠᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ | ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠦᠢᠴᠡᠳᠬᠡᠵᠦ᠂ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠ ᠠᠯᠪᠠᠨ ᠳᠤ | ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠢᠭᠤᠯᠵᠤ ᠬᠡᠷᠡᠭᠵᠢᠭᠦᠯᠦᠨ᠂ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠵᠢᠭᠠᠨ ᠵᠢᠯᠣᠭᠤᠳᠣᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ | ᠠᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ | ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠴᠤ᠂ ᠬᠢᠨᠠᠯᠲᠠ ᠲᠠᠯᠪᠢᠬᠤ ᠬᠡᠷᠡᠭᠲᠡᠶ᠃ ᠲᠤᠰ ᠰᠠᠯᠠᠭ᠎ᠠ | ᠮᠥᠴᠢᠷ ᠤᠨ ᠢᠶᠠᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠬᠡ ᠬᠠᠷᠢᠭᠤᠴᠠᠯᠭ᠎ᠠ ᠡᠷᠬᠡ ᠶᠢᠨ ᠬᠢᠵᠠᠭᠠᠷ | ᠶᠣᠰᠣᠭᠠᠷ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ | ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠦᠨ᠎ᠡ᠃ | ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠶ ᠬᠠᠮᠢᠶᠠᠷᠤᠯᠲᠠ ᠶᠢ ᠬᠠᠷᠢᠭᠤᠴᠠᠨ᠂ | ᠳᠣᠲᠣᠭᠠᠳᠤ ᠡᠵᠡᠮᠰᠢᠯ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠦ᠂ ᠲᠣᠰ ᠨᠢᠭᠡᠴᠢ ᠶᠢᠨ ᠢᠶᠠᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠲᠣᠬᠢᠷᠠᠭᠤᠯᠤᠯᠲᠠ ᠶᠢᠨ ᠲᠥᠰᠦᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ | ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠢᠭᠤᠯᠤᠨ᠂ | ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠭᠡᠳ ᠲᠥᠰᠦᠪ ᠤᠨ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠰᠢᠯᠵᠢᠭᠦᠯᠦᠨ ᠲᠣᠬᠢᠷᠠᠭᠤᠯᠬᠤ᠂ ᠬᠤᠳᠠᠯᠳᠤᠨ ᠠᠪᠬᠤ᠂ ᠪᠦᠲᠦᠭᠡᠨ | ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠬᠠᠨᠳᠢᠪᠯᠬᠠᠰᠠᠨ ᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠪᠠᠭᠲᠠᠨ᠎ᠠ᠃ | | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠢᠭᠤᠯᠵᠣ | ᠪᠦᠷᠢᠨᠰᠢᠬᠦᠯᠬᠦ ᠠᠵᠢᠯ ᠢ ᠵᠣᠬᠢᠶᠠᠨ ᠪᠠᠶᠢᠢᠭᠤᠯᠵᠤ᠂ ᠲᠣᠬᠢᠷᠠᠭᠤᠯᠤᠯᠲᠠ ᠶᠢᠨ ᠲᠤᠭ᠎ᠠ ᠬᠡᠮᠵᠢᠶ᠎ᠡ᠂ ᠥᠷᠲᠡᠭ᠂ ᠵᠡᠷᠭᠡ | ᠳᠡᠰ᠂ ᠬᠡᠷᠡᠭᠯᠡᠬᠦ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠳ᠋ ᠬᠥᠷᠥᠩᠭᠡ ᠲᠤᠬᠢᠷᠠᠭᠤᠯᠬᠤ ᠪᠠᠷᠢᠮᠵᠢᠶ᠎ᠠ ᠶᠢ ᠠᠵᠢᠯᠴᠢ ᠠᠷᠪᠢᠴᠢ | ᠠᠷᠪᠢᠯᠠᠨ ᠭᠠᠮᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠬᠦ ᠪᠠ ᠪᠣᠬᠢᠷᠲᠤᠯ ᠥᠬᠡᠶ ᠪᠠᠶᠢᠢᠯᠭᠠᠬᠤ | ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠱᠠᠭᠠᠷᠳᠠᠯᠭ᠎ᠠ᠂ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤ ᠨᠢ | ᠲᠤᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠶ᠃ | ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠦᠷᠦᠩᠭᠡ ᠶᠢᠨ ᠲᠤᠬᠢᠷᠠᠭᠤᠯᠬᠤ ᠪᠠᠷᠢᠮᠵᠢᠶ᠎ᠠ ᠶᠢ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠬᠦ ᠬᠡᠷᠡᠭᠲᠡᠢ᠃ ᠲᠤᠰᠬᠠᠶ ᠬᠡᠷᠡᠭᠯᠡᠬᠦ | ᠡᠳ᠋ ᠬᠥᠷᠥᠩᠭᠡ ᠶᠢᠨ ᠳᠣᠭᠢᠷᠠᠭᠤᠯᠬᠤ ᠪᠠᠷᠢᠮᠵᠢᠶ᠎ᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ | ᠲᠥᠷᠥᠯ ᠤᠨ ᠣᠨᠴᠠᠯᠢᠭ ᠢᠶᠠᠨ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ | ᠨᠡᠶᠢᠢᠳᠡᠯᠡᠬᠦ ᠬᠡᠷᠡᠭᠳᠡᠢ᠃ | ᠠᠷᠪᠠᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠳᠠᠭᠠᠯᠠᠵᠦ | ᠪᠠᠶᠢᠢᠭ᠎ᠠ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠪᠠᠷ ᠲᠠᠮᠵᠢᠭᠤᠯᠵᠦ᠂ ᠬᠠᠳᠠᠭᠠᠯᠠᠵᠦ ᠪᠠᠶᠢᠢᠭ᠎ᠠ ᠡᠳ᠋ | ᠬᠥᠷᠥᠩᠭᠡ ᠶᠢ ᠭᠦᠢᠴᠡᠳ ᠠᠰᠢᠭᠯᠠᠬᠤ ᠪᠠ ᠳᠣᠭᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ ᠬᠡᠷᠡᠭᠲᠡᠶ᠃ | ᠣᠳᠣ ᠶᠢᠨ ᠪᠠᠶᠢᠭ᠎ᠠ ᠬᠠᠳᠠᠭᠠᠯᠠᠵᠦ ᠪᠠᠶᠢᠢᠭ᠎ᠠ ᠡᠳ᠋ ᠬᠥᠷᠥᠩᠭᠡ ᠶᠢᠨ ᠴᠢᠳᠠᠮᠵᠢ ᠶᠢᠨ ᠳᠠᠯᠳᠠ ᠬᠦᠴᠦᠨ ᠢ ᠠᠭᠤᠳᠠᠯᠵᠦ᠂ | ᠬᠠᠭᠤᠴᠢᠷᠠᠵᠦ ᠡᠪᠳᠡᠷᠡᠭᠰᠡᠨ ᠢ ᠨᠢ ᠰᠡᠯᠪᠢᠵᠦ ᠠᠰᠢᠭᠯᠠᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ | ᠬᠡᠷᠡᠭᠴᠡᠭᠡ ᠶᠢ ᠬᠠᠩᠭᠠᠵᠤ ᠲᠠᠶᠢᠢᠯᠪᠡᠯ᠂ ᠲᠤᠬᠢᠷᠠᠭᠤᠯᠤᠯᠲᠠ ᠪᠠᠨ ᠴᠦᠬᠡᠳᠬᠡᠵᠦ᠂ ᠬᠡᠷᠡᠭᠯᠡᠵᠦ ᠪᠠᠶᠢᠭ᠎ᠠ ᠡᠳ᠋ | ᠬᠥᠷᠥᠩᠭᠡ ᠪᠠ ᠰᠤᠯᠠ ᠲᠠᠯᠪᠢᠨᠨᠳᠠᠵᠦ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠬᠡᠨ ᠤ ᠦᠨ᠎ᠡ ᠥᠷᠲᠡᠭ᠂ ᠬᠡᠷᠡᠭᠯᠡᠬᠡᠨ ᠤ | ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ | ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ | ᠦᠨᠳᠦᠰᠦᠯᠡᠨ᠂ ᠡᠳ᠋ ᠬᠥᠷᠥᠩᠭᠡ ᠶᠢᠨ ᠬᠠᠳᠠᠭᠠᠯᠠᠯᠲᠠ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ ᠠᠵᠢᠯ ᠤᠨ | ᠠᠮᠵᠢᠯᠲᠠ ᠪᠦᠲᠦᠮᠵᠢ ᠶᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ | ᠲᠡᠷᠢᠭᠦᠨ ᠳᠤ ᠨᠢ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠲᠣᠬᠢᠷᠠᠭᠤᠯᠬᠤ | ᠬᠡᠷᠡᠭᠲᠡᠶ᠃ ᠰᠢᠯᠵᠢᠭᠦᠯᠦᠨ ᠲᠤᠬᠢᠷᠠᠭᠤᠯᠵᠤ ᠳᠡᠶᠢᠯᠬᠦ ᠦᠭᠡᠢ ᠪᠣᠯ ᠬᠤᠳᠠᠯᠳᠤᠨ ᠠᠪᠬᠤ᠂ ᠪᠦᠳᠦᠭᠡᠨ ᠪᠠᠶᠢᠭᠤᠯᠬᠤ᠂ | ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠮᠠᠶ᠋ᠢᠭ ᠠᠪᠴᠤ ᠪᠣᠯᠤᠨ᠎ᠠ᠃ | ᠠᠷᠪᠠᠨ ᠳᠣᠯᠣᠳᠤᠭᠠᠷ ᠵᠦᠢᠯ ᠴᠢᠬᠤᠯᠠ ᠬᠤᠷᠠᠯ ᠬᠤᠷᠠᠯᠳᠤᠭᠤᠯᠬᠤ᠂ ᠲᠤᠮᠤ ᠬᠡᠯᠪᠡᠷᠢ ᠶᠢᠨ ᠠᠵᠢᠯᠯᠠᠭᠠᠨ | ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠵᠡᠷᠭᠡ ᠳᠤ ᠡᠳ᠋ ᠬᠦᠷᠦᠩᠭᠡ ᠲᠤᠬᠢᠷᠠᠭᠤᠯᠬᠤ | ᠴᠢᠬᠤᠯᠠᠲᠠᠢ ᠪᠠᠶᠢᠪᠠᠯ᠂ ᠰᠢᠯᠵᠢᠭᠦᠯᠦᠨ ᠲᠤᠬᠢᠷᠠᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ ᠰᠢᠢᠳᠪᠦᠷᠢᠯᠡᠨ᠎ᠡ᠃ | ᠦᠨᠡᠨ ᠬᠦ ᠬᠤᠳᠠᠯᠳᠤᠨ ᠠᠪᠬᠤ ᠴᠢᠬᠤᠯᠠᠳᠠᠢ ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ | ᠬᠡᠷᠡᠭᠲᠡᠶ᠃ | ᠠᠷᠪᠠᠨ ᠨᠠᠶᠢᠮᠠᠳᠣᠭᠠᠷ ᠵᠦᠢᠯ ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ | ᠪᠠᠶᠢᠭᠤᠯᠬᠤ ᠶᠢ ᠨᠢ ᠵᠣᠷᠢᠬᠵᠢᠭᠤᠯᠤᠨ᠂ ᠬᠤᠯᠪᠣᠭᠳᠠᠯ ᠪᠥᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠥᠷᠢᠨᠰᠢᠬᠦᠯᠵᠤ᠂ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠨᠨᠳᠠᠵᠦ ᠪᠠᠶᠢᠭ᠎ᠠ ᠡᠳ᠋ ᠬᠥᠷᠥᠩᠭᠡ ᠪᠠ ᠲᠤᠮᠤ | ᠬᠡᠯᠪᠡᠷᠢ ᠶᠢᠨ ᠬᠤᠷᠠᠯ ︵ᠠᠵᠢᠯᠯᠠᠭ᠎ᠠ︶᠂ ᠲᠥᠷ ᠴᠠᠭ ᠤᠨ ᠪᠠᠶᠢᠭᠤᠯᠤᠮᠵᠢ ᠳᠤ ᠲᠣᠬᠢᠷᠠᠭᠤᠯᠣᠭᠰᠠᠨ ᠡᠳ᠋ ᠬᠥᠷᠥᠩᠭᠡ | ᠵᠡᠷᠭᠡ ᠶᠢ ᠨᠡᠶᠢᠲᠡ ᠶᠢᠨ ᠡᠳ᠋ ᠪᠠᠷᠠᠭᠠᠨ ᠤ ᠰᠠᠩ ᠬᠦᠮᠦᠷᠭᠡ ᠳᠤ ᠨᠢᠭᠡᠳᠦᠯᠲᠡᠢ ᠣᠷᠣᠭᠤᠯᠤᠨ ᠲᠥᠪᠯᠡᠷᠡᠭᠦᠯᠦᠨ | ᠬᠠᠮᠢᠶᠠᠷᠴᠤ᠂ ᠲᠤᠬᠢᠷᠠᠭᠤᠯᠤᠨ ᠬᠤᠪᠢᠶᠠᠷᠢᠯᠠᠵᠤ ᠬᠡᠷᠡᠭᠯᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳᠤ ᠪᠠᠨ | ᠨᠡᠶᠢᠲᠡ ᠶᠢᠨ ᠡᠳ᠋ ᠪᠠᠷᠠᠭᠠᠨ ᠤ ᠬᠥᠮᠥᠷᠭᠡ ᠠᠴᠠ ᠰᠢᠯᠵᠢᠭᠦᠯᠦᠨ ᠲᠣᠬᠢᠷᠠᠭᠤᠯᠵᠤ ᠰᠢᠢᠳᠪᠦᠷᠢᠯᠡᠬᠦ ᠶᠢ ᠡᠩ | ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ | ᠪᠦᠳᠦᠮᠵᠢ ᠪᠠᠷ ᠳᠣᠣᠷ᠎ᠠ᠂ ᠰᠤᠯᠠ ᠲᠠᠯᠪᠢᠨᠨᠳᠠᠵᠦ ᠪᠠᠶᠢᠭ᠎ᠠ ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ | ᠮᠥᠴᠢᠷ᠂ ᠲᠤᠰ ᠨᠢᠭᠡᠴᠢ ᠶᠢᠨ ᠳᠣᠲᠣᠭᠠᠳᠤ ᠳᠤ ᠪᠠᠨ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠬᠡᠷᠡᠭᠲᠡᠶ᠃ | ᠬᠡᠷᠡᠭᠯᠡᠭᠡᠨ ᠤ ᠦᠨ᠎ᠡ ᠥᠷᠲᠡᠭ ᠦᠨᠳᠦᠷ᠂ ᠠᠰᠢᠬᠯᠠᠬᠤ ᠬᠡᠪᠴᠢᠶ᠎ᠡ ᠥᠷᠭᠡᠨ ᠪᠠᠶᠢᠢᠬᠤ ᠲᠤᠤᠷ᠎ᠠ ᠦᠷ᠎ᠡ | ᠪᠦᠳᠦᠮᠵᠢ ᠲᠠᠢ᠂ ᠰᠤᠯᠠ ᠲᠠᠯᠪᠢᠨᠨᠳᠠᠵᠦ ᠪᠠᠶᠢᠭ᠎ᠠ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ | ᠣᠷᠣᠨ ᠠᠯᠤᠰᠯᠠᠨ᠂ ᠲᠠᠰ ᠵᠡᠷᠭᠡ ᠠᠯᠤᠰᠯᠠᠨ ᠰᠢᠯᠵᠢᠭᠦᠯᠦᠨ ᠲᠣᠬᠢᠷᠠᠭᠤᠯᠬᠤ ᠶᠢ ᠨᠢ ᠢᠳᠡᠪᠬᠢᠲᠡᠶ ᠠᠬᠢᠭᠤᠯᠬᠤ | ᠬᠡᠷᠡᠭᠲᠡᠢ︔ᠮᠡᠷᠭᠡᠵᠢᠯ ᠤᠨ ᠰᠢᠯᠲᠠᠭᠠᠨ ᠠᠴᠠ ᠪᠣᠯᠵᠣ ᠰᠢᠨᠡᠳᠬᠡᠬᠦ ᠴᠢᠬᠤᠯᠠᠲᠠᠶ ᠪᠣᠯᠪᠠᠴᠤ ᠮᠦᠨ ᠬᠦ ᠬᠡᠷᠡᠭᠯᠡᠭᠡᠨ ᠤ | ᠦᠨ᠎ᠡ ᠥᠷᠲᠡᠭ ᠲᠠᠢ ᠡᠳ᠋ ᠬᠥᠷᠥᠩᠭᠡ ᠶᠢ ᠬᠡᠷᠡᠭᠴᠡᠭᠡ ᠶᠢ ᠨᠢ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ | ᠱᠠᠭᠠᠷᠳᠠᠯᠭ᠎ᠠ ᠪᠠᠷ ᠬᠠᠷᠢᠴᠠᠩᠭᠤᠶ ᠳᠤᠤᠷ᠎ᠠ ᠪᠣᠯᠬᠤ ᠰᠠᠯᠠᠭ᠎ᠠ ᠮᠥᠴᠢᠷ᠂ ᠨᠢᠭᠡᠴᠢ ᠳᠤ ᠰᠢᠯᠵᠢᠭᠦᠯᠦᠨ ᠲᠣᠬᠢᠷᠠᠭᠤᠯᠬᠤ | ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠶ | ᠪᠠᠶᠢᠭᠤᠯᠤᠮᠵᠢ ᠳᠤ ᠨᠠᠶᠢᠳᠠᠵᠤ ᠪᠠᠶᠢᠢᠭᠠᠳ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠦᠷ᠎ᠡ | ᠪᠦᠳᠦᠮᠵᠢ ᠪᠠᠷ ᠳᠤᠤᠷ᠎ᠠ᠂ ᠰᠤᠯᠠ ᠲᠠᠯᠪᠢᠨᠨᠳᠠᠵᠦ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ | ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠪᠠ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ | ᠬᠥᠷᠥᠩᠭᠡ ᠶᠢ ᠨᠢᠭᠡᠳᠦᠯᠲᠡᠶ ᠲᠥᠯᠥᠪᠯᠡᠬᠦ ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠭᠦ ᠬᠡᠷᠩᠳᠠᠢ᠃ | | ᠬᠤᠷᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ | ᠬᠤᠳᠠᠯᠳᠤᠨ ᠠᠪᠬᠤ᠂ ᠪᠥᠲᠥᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠡᠳ᠋ ᠬᠥᠷᠥᠩᠭᠡ ᠳᠣᠭᠢᠷᠠᠭᠤᠯᠬᠤ | ᠬᠡᠷᠡᠭᠴᠡᠭᠡ ᠱᠠᠭᠠᠷᠳᠠᠯᠭ᠎ᠠ ᠪᠠᠨ ᠳᠤᠷᠠᠳᠤᠨ᠂ ᠡᠳ᠋ ᠬᠥᠷᠥᠩᠭᠡ ᠳᠣᠭᠢᠷᠠᠭᠤᠯᠬᠤ ᠬᠠᠮᠢᠶ᠎ᠠ ᠪᠥᠬᠦᠶ ᠵᠠᠷᠤᠯᠭ᠎ᠠ ᠶᠢᠨ | ᠲᠥᠰᠦᠪ ᠢᠶᠠᠨ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠴᠣᠬᠤᠯᠠᠪᠤᠷᠢᠯᠠᠭᠰᠠᠨ ᠲᠥᠰᠦᠪ ᠤᠨ ᠶᠣᠰᠣᠭᠠᠷ ᠡᠳ᠋ ᠬᠥᠷᠥᠩᠭᠡ ᠪᠠᠨ ᠳᠣᠭᠢᠷᠠᠭᠤᠯᠬᠤ | ᠬᠡᠷᠡᠭᠲᠡᠶ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠦᠷ᠎ᠡ ᠪᠦᠲᠦᠮᠵᠢ ᠪᠠᠨ ᠰᠢᠨ᠎ᠡ ᠪᠠᠷ ᠨᠡᠮᠡᠭᠳᠡᠭᠰᠡᠨ ᠡᠳ᠋ | ᠬᠥᠷᠥᠩᠭᠡ ᠳᠣᠭᠢᠷᠠᠭᠤᠯᠬᠤ ᠲᠥᠰᠦᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠦᠪ ᠤᠨ | ᠬᠢᠵᠠᠭᠠᠷᠯᠠᠯ ᠢᠶᠠᠷ ᠳᠠᠮᠵᠢᠭᠤᠯᠤᠨ ᠡᠳ᠋ ᠬᠥᠷᠥᠩᠭᠡ ᠶᠢ ᠴᠢᠯᠥᠭᠡᠲᠡᠶ ᠪᠣᠯᠭᠠᠨ ᠠᠰᠢᠭᠯᠠᠬᠤ ᠶᠢ ᠠᠬᠢᠭᠤᠯᠬᠤ ᠬᠡᠷᠡᠭᠲᠡᠶ᠃ | ᠡᠳ᠋ ᠬᠥᠷᠥᠩᠭᠡ ᠶᠢ ᠰᠤᠯᠠ ᠲᠠᠯᠪᠢᠵᠣ ᠬᠦᠨᠳᠦ ᠨᠣᠴᠢᠲᠠᠶ ᠪᠦᠷᠢᠯᠭᠡᠵᠦ ᠪᠠᠶᠢᠭ᠎ᠠ ᠰᠠᠯᠠᠭ᠎ᠠ ᠮᠥᠴᠢᠷ᠂ | ᠨᠢᠭᠡᠴᠢ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠶᠢᠳᠠᠯ ᠢ ᠨᠢ ᠦᠵᠡᠵᠦ ᠰᠢᠨ᠎ᠡ ᠪᠠᠷ ᠨᠡᠮᠡᠭᠳᠡᠭᠦᠯᠭᠦ ᠡᠳ᠋ | ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠦᠪ ᠢ ᠨᠢ ᠴᠣᠬᠤᠯᠠᠪᠣᠷᠢᠯᠠᠬᠤ ᠪᠠᠨ ᠵᠣᠭᠰᠣᠭᠠᠵᠤ ᠪᠣᠯᠤᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠬᠦᠯᠵᠦ᠂ | ᠵᠢᠭᠡᠯᠡᠬᠦᠯᠦᠭᠰᠡᠨ ᠠᠳᠠᠯᠢ ᠲᠦᠷᠦᠯ ᠤᠨ ᠡᠳ᠋ ᠬᠦᠷᠦᠩᠭᠡ ᠶᠢ ᠬᠤᠳᠠᠯᠳᠤᠨ ᠠᠪᠴᠤ ᠪᠣᠯᠬᠤ ᠦᠭᠡᠢ᠃ ᠤᠯᠤᠰ ᠠᠴᠠ | ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠭᠦ ᠲᠣᠭᠲᠠᠭᠠᠯ ᠢ ᠵᠢᠷᠤᠮᠯᠠᠨ᠎ᠠ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠠᠯᠠ ᠣᠷᠣᠭᠤᠯᠣᠯᠳᠡ ᠪᠠᠷ ᠪᠥᠲᠥᠭᠡᠨ | ᠪᠠᠶᠢᠭᠤᠯᠬᠤ ᠳᠤ ᠪᠠᠨ᠂ ᠪᠠᠯᠠ ᠮᠦᠩᠭᠦᠨ ᠤ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠦᠪ ᠤᠨ | ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠠᠴᠠ ᠰᠡᠷᠭᠡᠶᠢᠯᠡᠬᠦ ᠶᠢᠨ | ᠬᠠᠮᠲᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠬᠤ | ᠨᠢᠭᠡᠴᠢ ᠪᠠᠨ ᠲᠣᠳᠣᠷᠬᠠᠶᠢᠯᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠢᠳᠪᠦᠷᠢᠯᠡᠭᠰᠡᠨ ᠵᠡᠷᠭᠡ ᠣᠷᠣᠯᠭ᠎ᠠ ᠶᠢ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠢᠬᠤ ᠠᠴᠠ ᠭᠠᠳᠠᠨ᠎ᠡ᠂ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠬᠡᠷᠩᠯᠡᠵᠦ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠪᠣᠳᠠᠲᠠᠶ ᠬᠠᠮᠢᠶᠠᠷᠤᠯᠲᠠ ᠶᠢᠨ ᠠᠷᠭ᠎ᠠ ᠲᠣᠭᠳᠠᠭᠠᠬᠤ ᠬᠡᠷᠩᠳᠠᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ | ᠡᠳ᠋ ᠬᠦᠷᠦᠩᠭᠡ ᠪᠠᠨ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠣᠯᠤᠭᠰᠠᠨ ᠵᠣᠭᠤᠰ ᠢᠶᠠᠨ ᠪᠦᠬᠦᠨ ᠢ | ᠤᠯᠤᠰ ᠤᠨ ᠰᠠᠩ ᠳᠤ ᠲᠤᠰᠢᠶᠠᠬᠤ ᠬᠡᠷᠡᠭᠲᠡᠢ᠃ | ᠡᠳ᠋ ᠬᠦᠷᠦᠩᠭᠡ ᠶᠢ ᠴᠢᠯᠦᠬᠡᠳᠡᠢ ᠪᠣᠯᠭᠠᠬᠤ ᠨᠡᠷ᠎ᠡ ᠪᠠᠷ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠰᠢᠢᠳᠪᠦᠷᠢᠯᠡᠬᠦ ᠪᠤᠶᠤ ᠬᠤᠳᠠᠯ | ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠨ ᠡᠳ᠋ ᠤᠨ ᠵᠠᠰᠠᠭ ᠤᠨ ᠣᠷᠣᠯᠭ᠎ᠠ ᠶᠢ | ᠬᠡᠶᠢᠢᠰᠪᠣᠷᠢ ᠨᠡᠮᠡᠭᠳᠡᠭᠦᠯᠬᠦ ᠶᠢ ᠴᠠᠭᠠᠵᠠᠯᠠᠬᠤ ᠬᠡᠷᠡᠭᠲᠡᠢ᠃ | ᠭᠤᠷᠪᠠᠳᠤᠭᠠᠷ ᠪᠦᠯᠦᠭ ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ | ᠬᠤᠷᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ | ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠶ ᠨᠢᠭᠲᠠᠯᠠᠨ | ᠪᠤᠳᠤᠬᠤ ᠲᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠶ᠂ ᠪᠣᠶ ᠪᠥᠬᠦᠶ ᠬᠥᠷᠥᠩᠭᠡ ᠶᠢᠨ | ᠴᠢᠨᠠᠷᠲᠠᠶ ᠵᠠᠷᠤᠯᠭ᠎ᠠ ᠶᠢ ᠡᠳ᠋ ᠬᠥᠷᠥᠩᠭᠡ ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠠᠴᠠ | ᠭᠠᠳᠠᠭᠤᠷᠬᠢ ᠡᠳ᠋ ᠬᠥᠷᠥᠩᠭᠡ ᠪᠣᠯᠭᠠᠵᠤ ᠪᠣᠯᠬᠤ ᠥᠬᠡᠶ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ | ᠬᠠᠮᠢᠶ᠎ᠠ ᠪᠥᠬᠦᠶ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠷᠭᠤᠭᠤᠯᠤᠨ | ᠲᠠᠩᠰᠠᠨ ᠠᠴᠠ ᠭᠠᠷᠭᠠᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠪᠦᠲᠦᠭᠡᠨ ᠪᠠᠶᠢᠭᠤᠯᠬᠤ | ᠠᠷᠭ᠎ᠠ ᠮᠠᠶ᠋ᠢᠭ ᠢᠶᠠᠷ ᠡᠳ᠋ ᠬᠥᠷᠥᠩᠭᠡ ᠲᠣᠬᠢᠷᠠᠭᠤᠯᠣᠭᠰᠠᠨ ᠪᠣᠯ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠳ᠋ ᠬᠥᠷᠥᠩᠭᠡ | ᠲᠤᠰᠢᠶᠠᠬᠤ ᠭᠠᠷᠳᠠᠮ ᠢ ᠴᠠᠭ ᠲᠤᠬᠠᠶ ᠳᠤ ᠨᠢ ᠭᠦᠢᠴᠡᠳᠬᠡᠬᠦ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ | ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠭᠦᠢᠴᠡᠳᠬᠡᠵᠦ᠂ ᠬᠤᠭᠤᠴᠠᠭ᠎ᠠ ᠶᠢ | ᠬᠠᠮᠤᠭ ᠤᠨ ᠤᠷᠲᠤ ᠳᠤ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠶ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠪᠠᠷᠢᠯᠭ᠎ᠠ ᠪᠠᠨ ᠲᠣᠰᠢᠶᠠᠭᠰᠠᠨ | ᠪᠣᠯᠪᠠᠴᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠭᠦᠢᠴᠡᠳᠭᠡᠭᠡᠲᠦᠢ | ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠂ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠲᠦᠷᠢᠮ | ᠶᠣᠰᠣᠭᠠᠷ ᠡᠳ᠋ ᠬᠦᠷᠦᠩᠭᠡ ᠶᠢᠨ ᠦᠷᠳᠡᠭ ᠢ ᠨᠣᠲᠠᠯᠠᠨ ᠲᠣᠭᠲᠠᠭᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ | ᠬᠠᠷᠢᠶᠠᠯᠠᠯ ᠤᠨ ᠳᠠᠩᠰᠠᠯᠠᠯ ᠬᠢᠬᠦ ᠴᠢᠬᠤᠯᠠᠲᠠᠢ ᠡᠳ᠋ ᠬᠦᠷᠦᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ | ᠳᠠᠩᠰᠠᠯᠠᠬᠤ ᠪᠠᠨ ᠭᠦᠢᠴᠡᠳᠭᠡᠬᠦ ᠬᠡᠷᠡᠭᠲᠡᠢ᠃ ᠲᠠᠩᠰᠠ ᠬᠠᠷ᠎ᠠ ᠳᠤ ᠲᠡᠮᠳᠡᠭᠯᠡᠭᠰᠡᠨ ᠪᠣᠯᠪᠠᠴᠤ ᠦᠮᠴᠢᠯᠡᠬᠦ ᠡᠷᠬᠡ ᠶᠢᠨ | ᠦᠨᠡᠮᠯᠡᠯ ᠤᠨ ᠭᠠᠷ ᠭᠦᠢᠴᠡᠳᠬᠡᠯ ᠨᠢ ᠪᠦᠷᠢᠨ ᠪᠤᠰᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠭᠦᠷᠦᠩᠭᠡ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠭᠦᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠭᠦᠷᠦᠩᠭᠡ ᠶᠢᠨ ᠡᠷᠬᠡ ᠶᠢᠨ ᠬᠠᠷᠢᠶᠠᠯᠠᠯ ᠢ ᠨᠤᠲᠠᠯᠠᠬᠤ ᠪᠠᠷ | ᠭᠤᠶᠣᠴᠢᠯᠠᠵᠣ᠂ ᠡᠷᠬᠡ ᠶᠢᠨ ᠬᠠᠷᠢᠶᠠᠯᠠᠯ ᠢ ᠳᠠᠩᠰᠠᠯᠠᠬᠤ ᠠᠵᠢᠯ ᠢᠶᠠᠨ ᠴᠠᠭ ᠲᠤᠬᠠᠢ ᠳᠤ ᠨᠢ ᠬᠢᠭᠦ ᠬᠡᠷᠩᠲᠠᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠣ᠂ ᠡᠯ᠎ᠡ ᠰᠠᠯᠠᠭ᠎ᠠ ᠮᠥᠴᠢᠷ | ᠵᠢᠴᠢ ᠲᠡᠭᠦᠨ ᠤ ᠬᠠᠷᠢᠶ᠎ᠠ ᠨᠢᠭᠡᠴᠢ ᠨᠢ ᠪᠤᠰᠤᠳ ᠨᠢᠭᠡᠴᠢ ᠪᠠ ᠬᠤᠪᠢ ᠬᠥᠮᠦᠨ ᠯᠦᠭᠡ ᠬᠤᠭᠤᠷᠤᠨᠳᠤ ᠪᠠᠨ ᠡᠳ᠋ | ᠬᠦᠷᠦᠩᠭᠡ ᠶᠢᠨ ᠵᠢᠭᠤᠷᠠᠯᠳᠤᠭᠠᠨ ᠡᠭᠦᠰᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠪᠥᠬᠦᠶ ᠨᠢᠭᠡᠴᠢ ᠨᠢ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠤᠬᠢᠬᠤ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠨᠠᠶᠢᠮᠠᠳᠣᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠦᠷᠦᠩᠭᠡ ᠪᠠᠨ ᠲᠣᠭᠠᠯᠠᠨ ᠪᠦᠷᠢᠳᠬᠡᠵᠦ᠂ | ᠲᠡᠩᠰᠠ ᠬᠠᠷᠭᠤᠭᠤᠯᠬᠤ ᠬᠡᠷᠡᠭᠲᠡᠢ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ ᠠᠯᠳᠠᠪᠤᠷᠢ ᠭᠠᠷᠤᠭᠰᠠᠨ | ᠪᠠᠶᠢᠢᠪᠠᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠨᠢ ᠪᠣᠳᠠᠲᠠᠶ ᠲᠠᠢ ᠨᠡᠶᠢᠴᠡᠬᠦ ᠪᠠ ᠳᠠᠩᠰᠠ | ᠳᠠᠩᠰᠠ ᠶᠢ ᠬᠠᠷᠢᠯᠴᠠᠨ ᠨᠠᠶᠢᠢᠴᠡᠭᠦᠯᠭᠦ ᠬᠡᠷᠡᠭᠲᠡᠶ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠶᠢᠨ | ᠲᠣᠭᠠᠯᠠᠨ ᠪᠦᠷᠢᠳᠬᠡᠬᠦ ᠠᠵᠢᠯ ᠲᠠᠢ ᠪᠠᠨ ᠤᠶᠠᠯᠳᠤᠭᠤᠯᠤᠨ ᠲᠤᠰᠬᠠᠶ ᠵᠦᠢᠯ ᠢᠶᠠᠷ ᠢᠯᠭᠠᠷᠠᠭᠤᠯᠤᠨ ᠳᠢᠭᠯᠡᠵᠦ᠂ ᠡᠳ᠋ | ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ᠂ ᠦᠷ᠎ᠡ ᠪᠦᠳᠦᠮᠵᠢ ᠪᠠᠷ ᠳᠤᠤᠷ᠎ᠠ ᠣᠷᠴᠢᠬᠤ᠂ ᠰᠤᠯᠠ ᠲᠠᠯᠪᠢᠭᠳᠠᠵᠤ | ᠪᠠᠶᠢᠭ᠎ᠠ ᠬᠡᠷ ᠪᠠᠶᠢᠰᠢᠩ᠂ ᠭᠠᠵᠠᠷ ᠰᠢᠷᠣᠶ᠂ ᠲᠡᠷᠭᠡ ᠬᠥᠰᠬᠡ᠂ ᠠᠯᠪᠠᠨ ᠲᠥᠬᠦᠭᠡᠷᠦᠮᠵᠢ ᠬᠡᠷᠡᠭᠰᠡᠯ᠂ ᠲᠣᠮᠣ | ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠲᠣᠨᠤᠭ ᠵᠡᠷᠭᠡ ᠡᠳ᠋ ᠬᠥᠷᠥᠩᠭᠡ ᠶᠢ ᠴᠢᠯᠦᠬᠡᠳᠡᠢ ᠪᠣᠯᠭᠠᠬᠤ | ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠳᠤ ᠳᠤ ᠪᠠᠨ ᠭᠥᠷᠳᠡᠬᠦ᠂ ᠰᠢᠯᠵᠢᠭᠦᠯᠦᠨ | ᠳᠣᠭᠢᠷᠠᠭᠤᠯᠬᠤ᠂ ᠲᠦᠷᠢᠶᠡᠰᠣᠯᠡᠭᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠳ᠋ | ᠬᠥᠷᠥᠩᠭᠡ ᠶᠢ ᠴᠢᠯᠦᠬᠡᠳᠡᠢ ᠪᠣᠯᠭᠠᠬᠤ ᠶᠢ ᠠᠬᠢᠭᠤᠯᠵᠤ᠂ ᠡᠳ᠋ ᠬᠥᠷᠥᠩᠭᠡ ᠶᠢ ᠠᠰᠢᠭᠯᠠᠬᠤ ᠪᠦᠳᠣᠮᠵᠢ ᠴᠢᠳᠠᠮᠵᠢ ᠪᠠᠨ | ᠪᠠᠳᠠᠷᠠᠭᠤᠯᠤᠨ᠎ᠠ᠃ | ᠬᠤᠷᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ | ᠬᠦᠷᠦᠩᠭᠡ ᠶᠢ ᠴᠢᠯᠦᠬᠡᠳᠡᠢ ᠪᠣᠯᠭᠠᠬᠤ ᠡᠯ᠎ᠡ ᠵᠦᠢᠯ ᠤᠨ ᠠᠷᠭ᠎ᠠ ᠮᠠᠶ᠋ᠢᠭ ᠢ ᠠᠰᠢᠭᠯᠠᠨ᠂ ᠲᠤᠰ ᠨᠢᠭᠡᠴᠢ ᠶᠢᠨ ᠢᠶᠠᠨ | ᠬᠡᠪᠴᠢᠶᠡᠨ ᠳᠤ ᠴᠢᠯᠦᠬᠡᠳᠡᠢ ᠪᠤᠯᠭᠠᠵᠦ ᠳᠡᠶᠢᠯᠬᠦ ᠡᠳ᠋ ᠬᠦᠷᠦᠩᠭᠡ ᠶᠢ ᠴᠢᠯᠦᠬᠡᠳᠡᠢ ᠪᠣᠯᠭᠠᠨ ᠠᠰᠢᠭᠯᠠᠬᠤ ᠪᠠᠨ | ᠲᠦᠷᠭᠡᠣᠡᠭᠡᠭᠦ ᠬᠡᠷᠩᠲᠠᠢ︔ ᠲᠤᠰ ᠨᠢᠭᠡᠴᠢ ᠳᠤ ᠪᠠᠨ ᠴᠢᠯᠦᠬᠡᠳᠡᠢ ᠪᠣᠯᠭᠠᠵᠣ ᠲᠡᠶᠢᠢᠯᠬᠦ ᠦᠭᠡᠢ ᠡᠳ᠋ ᠬᠦᠷᠦᠩᠭᠡ ᠶᠢ ᠪᠣᠯ᠂ | ᠴᠢᠯᠦᠬᠡᠳᠡᠢ ᠪᠣᠯᠭᠠᠬᠤ ᠪᠠᠷ ᠪᠠᠶᠢᠭ᠎ᠠ ᠡᠳ᠋ ᠬᠦᠷᠦᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ | ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠬᠡᠳᠡᠢ ᠪᠣᠯᠭᠠᠬᠤ | ᠲᠣᠭᠲᠠᠴᠠ ᠪᠠᠨ ᠪᠠᠶᠢᠭᠤᠯᠤᠨ ᠪᠦᠷᠢᠨᠰᠢᠬᠦᠯᠵᠦ᠂ ᠬᠠᠷᠢᠶ᠎ᠠ ᠨᠢᠭᠡᠴᠢ ᠪᠠᠨ ᠵᠢᠯᠣᠭᠤᠳᠴᠤ ᠪᠠᠶᠢᠭᠠᠳ ᠡᠳ᠋ | ᠬᠥᠷᠥᠩᠭᠡ ᠶᠢ ᠰᠢᠯᠵᠢᠭᠦᠯᠦᠨ ᠳᠣᠭᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠶᠢ | ᠴᠢᠯᠦᠬᠡᠳᠡᠢ ᠪᠣᠯᠭᠠᠵᠣ᠂ ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠶᠢᠨ ᠬᠤᠭᠤᠷᠣᠨᠳᠣ | ᠴᠢᠯᠦᠬᠡᠳᠡᠢ ᠪᠣᠯᠭᠠᠨ ᠠᠰᠢᠬᠯᠠᠬᠤ ᠶᠢ ᠨᠢ ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠪᠦᠲᠦᠮᠵᠢᠲᠡᠢ ᠴᠢᠯᠦᠬᠡᠳᠡᠢ | ᠪᠣᠯᠭᠠᠵᠣ ᠳᠡᠶᠢᠯᠬᠦ ᠦᠭᠡᠢ ᠡᠳ᠋ ᠬᠥᠷᠥᠩᠭᠡ ᠳᠤ ᠪᠣᠯ᠂ ᠡᠳ᠋ ᠬᠥᠷᠥᠩᠭᠡ ᠶᠢᠨ ᠮᠡᠳᠡᠭᠡ ᠵᠠᠩᠭᠢ ᠪᠠᠨ ᠴᠠᠭ ᠲᠤᠬᠠᠶ ᠳᠤ | ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠵᠣᠬᠢᠶᠠᠨ ᠪᠠᠶᠢᠢᠭᠤᠯᠵᠤ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠᠨ | ᠴᠢᠩᠭᠠᠳᠬᠠᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠬᠡᠳᠡᠢ ᠪᠣᠯᠭᠠᠬᠤ ᠪᠠᠷ ᠪᠠᠶᠢᠢᠭ᠎ᠠ ᠡᠳ᠋ | ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠪᠠᠨ | ᠪᠠᠶᠢᠭᠤᠯᠤᠨ ᠪᠦᠷᠢᠨᠰᠢᠭᠦᠯᠵᠦ᠂ ᠴᠢᠯᠦᠬᠡᠳᠡᠢ ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠨᠨᠳᠠᠵᠦ | ᠪᠠᠶᠢᠭᠰᠠᠨ ᠠᠴᠠ ᠨᠢ ᠬᠡᠷᠡᠭᠯᠡᠭᠳᠡᠬᠦ ᠲᠠᠶᠢᠢᠰᠢ ᠬᠤᠪᠢᠷᠠᠭᠤᠯᠬᠤ ᠶᠢ ᠠᠬᠢᠭᠤᠯᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠡᠳ᠋ ᠬᠥᠷᠥᠩᠭᠡ ᠶᠢ ᠴᠢᠯᠦᠬᠡᠳᠡᠢ ᠪᠣᠯᠭᠠᠬᠤ ᠨᠡᠪᠲᠡᠷᠡᠯ ᠵᠠᠮ ᠢ ᠰᠢᠯᠤᠭᠤᠳᠬᠠᠬᠤ ᠬᠡᠷᠡᠭᠲᠡᠢ᠃ | ᠭᠤᠴᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ | ᠬᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ | ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ | ᠬᠡᠷᠡᠭᠯᠡᠬᠦ ᠴᠤᠪᠤᠷᠠᠯ ᠢ ᠵᠢᠷᠤᠮᠵᠢᠭᠤᠯᠵᠤ᠂ ᠥᠮᠴᠢᠯᠡᠬᠦ ᠡᠷᠬᠡ ᠶᠢᠨ ᠬᠠᠮᠠᠭᠠᠯᠠᠯᠲᠠ ᠪᠠᠨ ᠴᠢᠩᠭᠠᠳᠬᠠᠨ᠂ ᠬᠠᠮᠢᠶ᠎ᠠ ᠪᠥᠬᠦᠶ | ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ | ᠬᠥᠷᠥᠩᠭᠡ ᠶᠢ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠠ | ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ | ᠲᠦᠪᠰᠢᠨ ᠪᠥᠭᠡᠳ ᠪᠦᠷᠢᠨ ᠪᠦᠲᠦᠨ᠂ ᠥᠨᠳᠥᠷ ᠦᠷ᠎ᠡ ᠪᠦᠲᠦᠮᠵᠢᠲᠡᠶ ᠠᠰᠢᠭᠯᠠᠭᠳᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ᠡᠳ᠋ ᠬᠦᠷᠦᠩᠭᠡ ᠶᠢᠨ ᠬᠡᠷᠡᠭᠯᠡᠭᠴᠢ ᠬᠠᠮᠢᠶᠠᠷᠤᠭᠴᠢ ᠲᠦᠷᠢᠮ ᠲᠣᠭᠳᠠᠭᠠᠯ ᠢᠶᠠᠷ ᠡᠳ᠋ ᠬᠦᠷᠦᠩᠭᠡ ᠶᠢ ᠵᠦᠢ | ᠵᠣᠬᠢᠰᠲᠠᠢ ᠬᠡᠷᠡᠭᠯᠡᠨ ᠬᠠᠮᠢᠶᠠᠷᠴᠤ᠂ ᠡᠳ᠋ ᠬᠦᠷᠦᠩᠭᠡ ᠶᠢᠨ ᠪᠦᠳᠣᠮᠵᠢ ᠴᠢᠳᠠᠮᠵᠢ ᠶᠢ ᠭᠦᠢᠴᠡᠳ ᠪᠠᠳᠠᠷᠠᠭᠤᠯᠬᠤ | ᠬᠡᠷᠡᠭᠲᠡᠢ᠃ ᠡᠳ᠋ ᠬᠦᠷᠦᠩᠭᠡ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠯᠵᠢᠭᠦᠯᠦᠨ ᠲᠤᠬᠢᠷᠠᠭᠤᠯᠬᠤ᠂ | ᠰᠢᠨᠡᠳᠬᠡᠬᠦ᠂ ᠬᠡᠷᠡᠭᠯᠡᠭᠡᠨ ᠠᠴᠠ ᠭᠠᠷᠭᠠᠬᠤ ᠴᠢᠬᠤᠯᠠᠲᠠᠢ ᠪᠠᠶᠢᠪᠠᠯ᠂ ᠡᠳ᠋ ᠬᠦᠷᠦᠩᠭᠡ ᠶᠢᠨ ᠬᠡᠷᠡᠭᠯᠡᠭᠴᠢ ᠬᠠᠮᠢᠶᠠᠷᠤᠭᠴᠢ | ᠴᠠᠭ ᠲᠤᠬᠠᠢ ᠳᠤ ᠨᠢ ᠲᠣᠷᠠᠣᠡᠬᠤ ᠬᠡᠷᠡᠭᠲᠡᠢ᠃ | ᠡᠳ᠋ ᠬᠦᠷᠦᠩᠭᠡ ᠬᠡᠷᠡᠭᠯᠡᠭᠴᠢ ᠬᠠᠮᠢᠶᠠᠷᠤᠭᠴᠢ ᠬᠤᠪᠢᠷᠠᠯᠲᠠ ᠭᠠᠷᠬᠤ ᠶᠢ ᠬᠦᠷᠪᠡᠯ᠂ ᠡᠳ᠋ ᠬᠦᠷᠦᠩᠭᠡ ᠶᠢ | ᠲᠤᠰᠢᠶᠠᠬᠤ ᠪᠠ ᠬᠦᠯᠢᠶᠡᠨ ᠠᠪᠬᠤ ᠭᠠᠷ ᠭᠦᠢᠴᠡᠳᠬᠡᠯ ᠢ ᠴᠠᠭ ᠲᠤᠬᠠᠢ ᠳᠤ ᠨᠢ ᠬᠢᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠲᠣᠰ ᠨᠢᠭᠡᠴᠢ ᠶᠢᠨ ᠢᠶᠠᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠶ᠃ | | ᠵᠠᠰᠠᠭ ᠵᠠᠬᠢᠷᠭᠠᠨ ᠤ ᠨᠢᠭᠡᠴᠢ ᠶᠠᠮᠠᠷᠪᠠ ᠬᠡᠯᠪᠡᠷᠢ ᠮᠠᠶ᠋ᠢᠭ ᠢᠶᠠᠷ ᠤᠯᠤᠰ ᠤᠨ ᠥᠮᠴᠢᠯᠡᠯᠲᠦ ᠡᠳ᠋ ᠬᠦᠷᠦᠩᠭᠡ ᠶᠢ | ᠭᠠᠳᠠᠭᠰᠢ ᠪᠡᠯᠡ ᠣᠷᠣᠭᠤᠯᠣᠯᠳᠡ ᠬᠢᠭᠦ ᠪᠤᠶᠤ ᠠᠰᠢᠭ ᠬᠤᠨᠵᠢᠪᠣᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ | ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ | ᠬᠦ ᠲᠣᠭᠲᠠᠭᠠᠯ ᠢ ᠵᠢᠷᠤᠮᠯᠠᠨ᠎ᠠ᠃ | ᠭᠤᠴᠢᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠦᠷᠦᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ ᠪᠠ ᠤᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠳᠤ ᠬᠡᠷᠡᠭᠯᠡᠬᠦ ᠬᠡᠷᠡᠭᠲᠡᠢ᠃ | ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠰᠢ ᠪᠡᠯᠡ | ᠤᠷᠤᠭᠤᠯᠤᠯᠲᠠ ᠬᠢᠬᠦ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠢᠴᠡᠭᠦᠯᠵᠦ᠂ ᠠᠵᠢᠯ ᠦᠢᠯᠡᠰ ᠤᠨ | ᠬᠥᠭᠵᠢᠯᠲᠡ ᠪᠣᠯᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠳᠤ ᠠᠰᠢᠭᠲᠠᠶ ᠪᠠᠶᠢᠢᠯᠭᠠᠬᠤ ᠶᠢᠨ ᠬᠠᠮᠲᠤ᠂ ᠪᠣᠯᠤᠮᠵᠢᠲᠤ ᠰᠤᠳᠤᠯᠤᠯ ᠬᠢᠬᠦ ᠪᠠ ᠬᠠᠮᠲᠤ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠳᠡᠮᠵᠢᠭᠤᠯᠵᠣ᠂ ᠲᠣᠭᠲᠠᠭᠰᠠᠨ ᠡᠷᠬᠡ ᠶᠢᠨ ᠬᠢᠵᠠᠭᠠᠷ ᠪᠣᠯᠤᠨ ᠳᠡᠰ | ᠳᠠᠷᠠᠭᠠᠯᠠᠯ ᠢᠶᠠᠷ ᠶᠠᠪᠤᠭᠳᠠᠭᠤᠯᠬᠤ ᠬᠡᠷᠡᠭᠲᠡᠶ᠃ | ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠠᠯᠠ ᠣᠷᠤᠭᠤᠯᠤᠯᠲᠠ ᠬᠢᠭᠦ ᠳᠤ ᠪᠦᠷᠢᠯᠳᠦᠭᠰᠡᠨ ᠰᠲ᠋ᠣᠺ ᠤᠨ | ᠡᠷᠬᠡ ᠵᠢᠴᠢ ᠬᠠᠮᠢᠶ᠎ᠠ ᠪᠥᠬᠦᠶ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠲᠣᠭᠲᠠᠭᠠᠯ ᠶᠣᠰᠣᠭᠠᠷ ᠭᠠᠳᠠᠭᠰᠢ ᠪᠠᠯᠠ ᠣᠷᠤᠭᠤᠯᠤᠯᠲᠠ ᠬᠢᠭᠦ ᠳᠤ ᠪᠦᠷᠢᠯᠳᠦᠭᠰᠡᠨ ᠰᠲ᠋ᠣᠺ ᠤᠨ ᠡᠷᠬᠡ ᠪᠠᠨ | ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠶ ᠬᠢᠨᠠᠨ | ᠬᠠᠮᠢᠶᠠᠷᠬᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ | ᠬᠥᠷᠥᠩᠭᠡ ᠶᠢᠨ ᠪᠥᠬᠦ ᠠᠮᠢ ᠶᠢᠨ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ | ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠵᠢᠭᠤᠯᠤᠨᠨᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠶᠢ ᠲᠦᠷᠢᠶᠡᠰᠦᠯᠡᠭᠦᠯᠬᠦ | ᠂ ᠰᠢᠢᠳᠪᠦᠷᠢᠯᠡᠬᠦ ᠵᠦᠢᠯᠡᠰ ᠢᠶᠠᠨ ᠲᠦᠷᠭᠡᠳᠬᠡᠨ ᠭᠦᠢᠴᠡᠳᠬᠡᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ | ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠳᠤ ᠲᠦᠪᠡᠭᠲᠡᠢ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ | ᠲᠥᠬᠦᠭᠡᠷᠦᠮᠵᠢ ᠵᠡᠷᠭᠡ ᠡᠳ᠋ ᠬᠦᠷᠦᠩᠭᠡ ᠶᠢ ᠲᠣᠭᠲᠠᠭᠰᠠᠨ ᠡᠷᠬᠡ ᠶᠢᠨ ᠬᠢᠵᠠᠭᠠᠷ ᠢᠶᠠᠷ ᠬᠢᠨᠠᠨ ᠵᠥᠪᠰᠢᠶᠡᠷᠡᠭᠰᠡᠨ ᠤ | ᠲᠠᠷᠠᠭ᠎ᠠ᠂ ᠭᠠᠳᠠᠭᠰᠢ ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠤᠨ᠎ᠠ᠃ ᠤᠯᠤᠰ ᠠᠴᠠ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠥ ᠡᠳ᠋ ᠬᠦᠷᠦᠩᠭᠡ ᠶᠢ | ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ ᠢᠯᠡᠪᠠᠶᠢᠢᠯᠭᠠᠬᠤ᠂ ᠲᠥᠪ ᠭᠤᠣᠯᠴᠢ᠂ ᠡᠷᠬᠡ ᠲᠡᠭᠰᠢ ᠪᠠ | ᠥᠷᠢᠰᠥᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ | ᠬᠠᠨᠳᠢᠪᠯᠬᠠᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠬᠦᠯᠢᠶᠡᠨ ᠠᠪᠬᠤ ᠳᠤ ᠪᠠᠨ ᠬᠠᠨᠳᠢᠪᠯᠠᠬᠤ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠶ᠃ | ᠬᠠᠨᠳᠢᠪᠯᠬᠠᠴᠢ ᠶᠢᠨ ᠬᠦᠰᠡᠯ ᠪᠣᠳᠣᠯ ᠨᠢ ᠲᠣᠳᠣᠷᠬᠠᠢ ᠥᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ | ᠥᠭᠡᠢ ᠪᠠᠶᠢᠪᠠᠯ᠂ ᠨᠢᠭᠡᠳᠦᠯᠲᠡᠢ ᠲᠥᠯᠥᠪᠯᠡᠨ ᠲᠤᠬᠢᠷᠡᠭᠤᠯᠵᠦ ᠬᠡᠷᠡᠭᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠪᠠᠷ ᠬᠥᠲᠥᠯᠦᠨ ᠵᠢᠯᠣᠭᠤᠳᠬᠤ ᠪᠠ ᠵᠣᠷᠢᠬᠵᠢᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤ ᠪᠠᠷ | ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢᠶᠠᠨ ᠦᠨᠳᠦᠰᠦᠯᠡᠨ᠂ ᠨᠥᠬᠦᠴᠡᠯ ᠳᠤ ᠬᠦᠷᠬᠦ ᠡᠳ᠋ ᠬᠥᠷᠥᠩᠭᠡ ᠶᠢ ᠰᠢᠭᠰᠢᠨ | ᠰᠣᠩᠭᠤᠵᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠦᠷᠨᠢᠭᠦᠯᠭᠦ ᠬᠡᠷᠩᠳᠠᠢ᠂ ᠡᠭᠦᠨ ᠳᠤ | ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ | ᠬᠥᠷᠥᠩᠭᠡ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠪᠠᠭᠲᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ | ᠬᠦ ᠪᠠᠲᠤᠯᠠᠭᠰᠠᠨ ᠤᠷᠢᠲᠠᠯ ᠳᠤᠤᠷ᠎ᠠ᠂ ᠲᠣᠰ ᠨᠢᠭᠡᠴᠢ ᠶᠢᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠠᠩᠭᠠᠭᠴᠢ ᠳᠤ | ᠵᠦᠶ ᠵᠣᠬᠢᠰᠲᠠᠶ ᠨᠦᠭᠦᠪᠣᠷᠢ ᠥᠭᠴᠦ ᠪᠣᠯᠤᠨ᠎ᠠ᠃ | ᠭᠤᠴᠢᠨ ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠦᠪ ᠤᠨ | ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠵᠤ᠂ | ᠲᠥᠰᠦᠪ ᠤᠨ ᠪᠠᠯᠠ ᠮᠥᠩᠭᠦ ᠠᠴᠠ ᠪᠦᠷᠢᠯᠳᠣᠭ᠍ᠰᠡᠨ ᠡᠳ᠋ ᠬᠥᠷᠥᠩᠭᠡ ᠶᠢᠨ ᠪᠥᠬᠦ ᠬᠡᠯᠬᠢᠶᠠᠨ ᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠢᠭᠤᠯᠵᠣ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ | ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ ᠬᠥᠷᠥᠩᠭᠡ ᠶᠢ | ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠵᠡᠷᠭᠡ ᠠᠯᠤᠰᠯᠠᠨ ᠬᠠᠮᠲᠤ ᠳᠤ ᠪᠠᠨ ᠭᠥᠷᠳᠡᠵᠦ | ᠰᠢᠯᠵᠢᠭᠦᠯᠦᠨ ᠳᠣᠭᠢᠷᠠᠭᠤᠯᠬᠤ ᠶᠢᠨ ᠪᠡᠶᠡᠯᠡᠭᠳᠡᠭᠦ ᠶᠢ ᠠᠬᠢᠭᠤᠯᠬᠤ ᠬᠡᠷᠡᠭᠲᠡᠶ᠃ | ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ | ᠬᠠᠮᠢᠶᠠᠷᠤᠯᠲᠠ ᠶᠢ ᠬᠥᠳᠡᠯᠦᠩᠭᠦᠶ ᠪᠠᠷ ᠬᠢᠨᠠᠨ ᠰᠢᠨᠵᠢᠭᠦ ᠠᠵᠢᠯ ᠢ ᠦᠷᠨᠢᠭᠦᠯᠵᠣ᠂ ᠡᠳ᠋ ᠬᠥᠷᠥᠩᠭᠡ ᠶᠢᠨ | ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠠᠭ | ᠲᠤᠬᠠᠶ ᠳᠤ ᠨᠢ ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠬᠤ ᠶᠢ ᠵᠣᠷᠢᠬᠵᠢᠭᠤᠯᠤᠨ᠎ᠠ᠃ | ᠳᠥᠷᠪᠡᠳᠦᠭᠡᠷ ᠪᠦᠯᠦᠭ ᠡᠳ᠋ ᠬᠥᠷᠥᠩᠭᠡ ᠶᠢ ᠰᠢᠢᠳᠪᠦᠷᠢᠯᠡᠬᠦ | ᠭᠤᠴᠢ ᠶᠢᠰᠦᠳᠦᠭᠡᠷ ᠵᠦᠢᠯ ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ | ᠦᠭᠡᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ | ᠥᠪᠡᠰᠦᠪᠡᠨ ᠰᠢᠢᠳᠪᠦᠷᠢᠯᠡᠵᠦ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠭᠦᠢᠴᠡᠳᠭᠡᠵᠦ ᠪᠠᠶᠢᠢᠭ᠎ᠠ ᠡᠭᠦᠷᠭᠡ ᠴᠢᠳᠠᠪᠤᠷᠢ᠂ | ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢᠶᠠᠨ ᠦᠨᠳᠦᠰᠦᠯᠡᠨ | ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ | ᠭᠦᠢᠴᠡᠳᠬᠡᠬᠦ ᠪᠠᠷ ᠳᠡᠮᠵᠢᠨ᠂ ᠰᠢᠢᠳᠪᠦᠷᠢᠯᠡᠬᠦ ᠵᠦᠢᠯᠡᠰ ᠤᠨ ᠴᠣᠬᠤᠯᠠᠪᠣᠷᠢᠯᠡᠯ ᠵᠡᠷᠭᠡ ᠪᠢᠴᠢᠭ ᠮᠠᠲ᠋ᠧᠷᠢᠶᠠᠯ ᠢ | ᠦᠨᠳᠣᠰᠣᠯᠡᠵᠣ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ | ᠳᠥᠴᠢᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠰᠢᠢᠳᠪᠦᠷᠢᠯᠡᠬᠦ ᠳᠤ ᠪᠠᠨ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ | ︵ᠨᠢᠭᠡ︶ ᠢᠯᠡ ᠪᠠᠶᠢᠢᠯᠭᠠᠬᠤ᠂ ᠡᠷᠬᠡ ᠲᠡᠭᠰᠢ᠂ ᠲᠥᠪ ᠭᠤᠣᠯᠴᠢ︔ | ︵ᠬᠤᠶᠠᠷ︶ ᠡᠳ᠋ ᠬᠦᠷᠦᠩᠭᠡ ᠶᠢ ᠰᠢᠢᠳᠪᠦᠷᠢᠯᠡᠬᠦ ᠪᠠᠨ ᠡᠳ᠋ ᠬᠦᠷᠦᠩᠭᠡ ᠶᠢ ᠲᠤᠬᠢᠷᠡᠭᠤᠯᠬᠤ᠂ ᠬᠡᠷᠡᠭᠯᠡᠬᠦ ᠲᠠᠢ | ᠬᠠᠷᠢᠯᠴᠠᠨ ᠤᠶᠠᠯᠳᠤᠭᠤᠯᠬᠤ︔ | ︵ᠭᠤᠷᠪᠠ︶ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ | ᠰᠦᠢᠳᠬᠡᠬᠦ ᠶᠢ ᠡᠰᠡᠷᠭᠦᠴᠡᠨ᠎ᠡ᠃ | ᠳᠥᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ ᠮᠠᠶ᠋ᠢᠭ ᠲᠤ ᠦᠨ᠎ᠡ ᠲᠥᠯᠥᠪᠦᠷᠢ ᠥᠬᠡᠶ ᠪᠠᠷ ᠬᠤᠪᠢᠶᠠᠷᠢᠯᠠᠨ ᠰᠢᠯᠵᠢᠭᠦᠯᠬᠦ | ᠂ ᠭᠠᠳᠠᠭᠰᠢ ᠬᠠᠨᠳᠢᠪᠯᠠᠬᠤ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠯᠡᠬᠡᠨ ᠠᠴᠠ ᠭᠠᠷᠭᠠᠬᠤ᠂ ᠬᠤᠬᠢᠷᠠᠭᠰᠠᠨ ᠢᠶᠠᠷ | ᠮᠡᠳᠡᠭᠦᠯᠬᠦ ᠪᠠᠭᠲᠠᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ | ᠵᠢᠭᠰᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢ | ᠬᠡᠷᠡᠭᠯᠡᠬᠡᠨ ᠠᠴᠠ ᠭᠠᠷᠭᠠᠬᠤ ᠪᠠ ᠬᠤᠬᠢᠷᠠᠭᠰᠠᠨ ᠢᠶᠠᠷ ᠮᠡᠳᠡᠭᠦᠯᠬᠦ ᠬᠡᠷᠡᠭᠲᠡᠢ᠄ | ︵ᠨᠢᠭᠡ︶ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠭᠰᠢᠭᠳᠡᠭᠦᠯᠬᠦ ᠴᠢᠬᠤᠯᠠᠲᠠᠶ ᠪᠤᠶᠤ ᠰᠡᠯᠪᠢᠨ | ᠵᠠᠰᠠᠬᠤ ᠶᠢᠨ ᠠᠷᠭ᠎ᠠ ᠦᠭᠡᠶ᠂ ᠰᠡᠯᠪᠢᠨ ᠵᠠᠰᠠᠬᠤ ᠦᠨ᠎ᠡ ᠥᠷᠲᠡᠭ ᠦᠭᠡᠶ ᠡᠳ᠋ ᠬᠥᠷᠥᠩᠭᠡ︔ | ︵ᠬᠤᠶᠠᠷ︶ ᠪᠦᠷᠢᠳᠭᠡᠯ ᠤᠨ ᠠᠯᠳᠠᠪᠤᠷᠢ᠂ ᠦᠵᠣᠬᠦᠷ ᠦᠭᠡᠢ ᠳᠠᠩᠰᠠ ᠵᠢᠴᠢ ᠬᠡᠪ ᠤᠨ ᠪᠤᠰᠤ | ᠬᠤᠬᠢᠷᠠᠭᠰᠠᠨ ᠳᠤ ᠬᠤᠯᠪᠣᠭᠳᠠᠭᠰᠠᠨ ᠡᠳ᠋ ᠬᠥᠷᠥᠩᠭᠡ︔ | ︵ᠭᠤᠷᠪᠠ︶ ᠨᠢᠭᠡᠨᠲᠡ ᠬᠡᠷᠡᠭᠯᠡᠬᠦ ᠣᠨ ᠤ ᠬᠢᠵᠠᠭᠠᠷ ᠠᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ | ᠬᠡᠷᠡᠭᠴᠡᠭᠡ ᠶᠢ ᠬᠠᠩᠭᠠᠵᠣ ᠲᠠᠶᠢᠢᠯᠭᠦ ᠦᠭᠡᠢ ᠪᠣᠯᠤᠭᠰᠠᠨ ᠡᠳ᠋ ᠬᠦᠷᠦᠩᠭᠡ︔ | ︵ᠳᠥᠷᠪᠡ︶ ᠪᠠᠶᠢᠭᠠᠯᠢ ᠶᠢᠨ ᠭᠠᠮᠰᠢᠭ ᠵᠡᠷᠭᠡ ᠲᠠᠪᠠᠰᠢ ᠥᠬᠡᠶ ᠬᠦᠴᠦᠨ ᠠᠴᠠ ᠪᠣᠯᠵᠣ ᠡᠪᠳᠡᠭᠳᠡᠭᠰᠡᠨ᠂ | ᠰᠦᠢᠳᠭᠡᠭᠳᠡᠭᠰᠡᠨ ᠡᠳ᠋ ᠬᠥᠷᠥᠩᠭᠡ᠃ | ᠳᠥᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ | ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠭᠦᠴᠦᠨ ᠦᠬᠡᠢ ᠪᠤᠯᠭᠠᠬᠤ᠂ ᠬᠠᠷᠢᠶᠠᠯᠠᠭᠳᠠᠬᠤ ᠬᠠᠷᠢᠴᠠᠭ᠎ᠠ | ᠬᠤᠪᠢᠷᠠᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠨᠢ ᠲᠣᠬᠢᠷᠠᠭᠤᠯᠬᠤ ᠵᠡᠷᠭᠡ ᠪᠠᠶᠢᠳᠠᠯ ᠳᠤ᠂ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ᠂ ᠲᠣᠰᠢᠶᠠᠬᠤ | ᠪᠠ ᠬᠦᠯᠢᠶᠠᠨ ᠠᠪᠬᠤ ᠭᠠᠷ ᠭᠦᠢᠴᠡᠳᠬᠡᠯ ᠬᠢᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ ᠲᠡᠭᠦᠨ ᠤ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ | ᠠᠬᠢᠭᠤᠯᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ | ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠭᠦ ᠬᠡᠷᠩᠳᠠᠢ | ᠃ | ᠳᠥᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ | ᠰᠢᠢᠳᠪᠦᠷᠢᠯᠡᠬᠦ ᠤᠯᠤᠰ ᠤᠨ ᠦᠮᠴᠢᠯᠡᠯᠲᠦ ᠡᠳ᠋ ᠭᠦᠷᠦᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠶᠡᠭᠡ | ᠪᠠᠶᠢᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠦᠪᠰᠢᠶᠡᠷᠡᠭᠦᠯᠭᠦ ᠬᠡᠷᠩᠳᠠᠢ︔ ᠰᠢᠢᠳᠪᠦᠷᠢᠯᠡᠬᠦ | ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠪᠠᠭ᠎ᠠ ᠪᠠᠶᠢᠢᠪᠠᠯ᠂ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠢᠪᠡᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃ | ᠳᠥᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ | ᠬᠤᠯᠪᠣᠭᠳᠠᠭᠰᠠᠨ ᠤᠯᠤᠰ ᠤᠨ ᠦᠮᠴᠢᠯᠡᠯᠲᠦ ᠡᠳ᠋ ᠭᠦᠷᠦᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠦᠨᠡᠨ ᠬᠦ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠪᠠᠯ | ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠭᠦ ᠬᠡᠷᠩᠳᠠᠢ᠃ | ᠲᠠᠪᠤᠳᠤᠭᠠᠷ ᠪᠦᠯᠦᠭ ᠡᠳ᠋ ᠬᠥᠷᠥᠩᠭᠡ ᠶᠢ ᠦᠨᠡᠯᠡᠨ ᠵᠢᠱᠢᠬᠦ ᠬᠢᠭᠡᠣᠨ ᠡᠳ᠋ ᠬᠥᠷᠥᠩᠭᠡ ᠶᠢ ᠲᠣᠳᠣᠯᠠᠨ | ᠪᠠᠶᠢᠴᠠᠭᠠᠬᠤ | ᠳᠥᠴᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠤᠤᠷᠠᠬᠢ | ᠪᠠᠶᠢᠳᠠᠯ ᠠᠴᠠ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ | ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠶ᠄ | ︵ᠨᠢᠭᠡ︶ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠰᠢᠯᠵᠢᠭᠦᠯᠵᠦ ᠦᠭᠭᠦ᠂ ᠦᠨ᠎ᠡ ᠬᠠᠶᠠᠵᠤ | ᠬᠤᠳᠠᠯᠳᠣᠬᠤ᠂ ᠰᠣᠯᠢᠬᠤ᠂ ᠭᠠᠳᠠᠭᠰᠢ ᠪᠡᠯᠡ ᠣᠷᠣᠭᠤᠯᠣᠯᠳᠡ ᠬᠢᠭᠦ ᠵᠡᠷᠭᠡ᠃ ᠤᠯᠤᠰ ᠠᠴᠠ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ︔ | ︵ᠬᠤᠶᠠᠷ︶ ᠠᠵᠢᠯ ᠦᠢᠯᠡᠰ ᠤᠨ ᠨᠢᠭᠡᠴᠢ ᠪᠦᠬᠦᠯᠢ ᠴᠣᠭᠴᠠ ᠪᠠᠷ ᠪᠤᠶᠤ ᠬᠡᠰᠡᠭ ᠲᠡᠯ᠎ᠠ ᠨᠢ ᠪᠠᠶᠢᠢᠭᠤᠯᠣᠯ ᠢ | ᠦᠭᠡᠷᠡᠴᠢᠯᠡᠨ ᠠᠵᠤ ᠠᠬᠤᠶᠢᠯᠠᠯ ᠪᠣᠯᠭᠠᠬᠤ ᠳᠤ ᠬᠤᠯᠪᠣᠭᠳᠠᠭᠰᠠᠨ᠂ ᠡᠰᠡᠬᠦᠯ᠎ᠡ ᠵᠣᠭᠤᠰᠣᠨ ᠤ ᠪᠤᠰᠤ ᠴᠢᠨᠠᠷᠲᠠᠢ ᠡᠳ᠋ | ᠬᠦᠷᠦᠩᠭᠡ ᠪᠠᠷ ᠭᠠᠳᠠᠭᠰᠢ ᠪᠡᠯᠡ ᠣᠷᠣᠭᠤᠯᠣᠯᠳᠡ ᠬᠢᠭᠦ︔ | ︵ᠭᠤᠷᠪᠠ︶ ᠠᠵᠢᠯ ᠦᠢᠯᠡᠰ ᠤᠨ ᠨᠢᠭᠡᠴᠢ ᠶᠢ ᠨᠠᠶᠢᠢᠯᠡᠭᠦᠯᠭᠦ᠂ ᠰᠠᠯᠭᠠᠬᠤ᠂ ᠨᠠᠷᠢᠪᠴᠢᠯᠠᠨ ᠲᠣᠭᠠᠴᠠᠭᠠᠯᠠᠬᠤ︔ | ︵ᠳᠥᠷᠪᠡ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠪᠤᠶᠤ ᠬᠡᠰᠡᠭ ᠡᠳ᠋ ᠬᠥᠷᠥᠩᠭᠡ ᠶᠢ ᠤᠯᠤᠰ ᠤᠨ | ᠦᠮᠴᠢᠯᠡᠯᠳᠣ ᠪᠤᠰᠤ ᠨᠢᠭᠡᠴᠢ ᠳᠤ ᠲᠦᠷᠢᠶᠡᠰᠣᠯᠡᠭᠦᠯᠣᠨ ᠥᠭᠭᠦᠭᠰᠡᠨ︔ | ︵ᠲᠠᠪᠤ︶ ᠵᠠᠷᠭᠤ ᠳᠤ ᠬᠤᠯᠪᠣᠭᠳᠠᠭᠰᠠᠨ ᠡᠳ᠋ ᠬᠦᠷᠦᠩᠭᠡ ᠶᠢᠨ ᠦᠨ᠎ᠡ ᠦᠷᠳᠡᠭ ᠢ ᠲᠣᠭᠳᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠡᠳ᠋ ᠬᠦᠷᠦᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ᠃ | ᠡᠳ᠋ ᠬᠥᠷᠥᠩᠭᠡ ᠶᠢᠨ ᠦᠨᠡᠯᠡᠨ ᠵᠢᠱᠢᠯᠲᠡ ᠳᠤ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ | ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃ | ᠳᠥᠴᠢᠨ ᠨᠠᠶᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ | ᠳᠠᠭᠠᠭᠠᠬᠤ᠂ ᠪᠤᠰᠤᠳᠴᠢ ᠪᠠᠷ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠭᠦᠷᠦᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ | ᠬᠡᠷᠡᠭᠲᠡᠢ᠃ | ᠳᠥᠴᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ | ᠪᠤᠳᠤᠵᠦ ᠨᠤᠲᠠᠯᠠᠯᠲᠠ ᠬᠢᠵᠦ ᠲᠠᠩᠰᠠᠨ ᠳᠤ ᠪᠠᠨ ᠣᠷᠤᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ ᠦᠨᠳᠦᠰᠦᠯᠡᠨ ᠲᠤᠰᠬᠠᠶ | ᠮᠡᠷᠭᠡᠵᠢᠯᠲᠡᠨ ᠵᠣᠬᠢᠶᠠᠨ ᠪᠠᠶᠢᠭᠤᠯᠵᠤ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ | ᠵᠢᠱᠢᠯᠲᠡ ᠬᠢᠯᠬᠡᠬᠦ ᠶᠢᠨ ᠬᠠᠮᠲᠤ᠂ ᠡᠳ᠋ ᠬᠥᠷᠥᠩᠭᠡ ᠶᠢᠨ ᠪᠠᠶᠢᠳᠠᠯ ᠢ ᠲᠣᠰᠬᠠᠬᠤ ᠦᠨᠳᠦᠰᠦᠯᠡᠯ ᠪᠣᠯᠭᠠᠬᠤ ᠬᠡᠷᠩᠳᠠᠢ᠃ | | ᠲᠠᠪᠢᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠠᠷᠭᠤᠭᠤᠯᠤᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ | ᠳᠦᠷᠢᠮ ᠢ ᠬᠡᠷᠡᠭᠵᠢᠭᠦᠯᠦᠨ᠎ᠡ᠃ | ᠬᠠᠷᠭᠤᠭᠤᠯᠤᠨ ᠵᠥᠪᠰᠢᠶᠡᠷᠡᠬᠦ ᠳᠦᠷᠢᠮ ᠪᠣᠯᠤᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ ᠲᠥᠷᠥᠯ | ᠵᠦᠢᠯ ᠤᠨ ᠬᠡᠪᠴᠢᠶ᠎ᠡ ᠵᠡᠷᠭᠡ ᠶᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠬᠦ ᠬᠡᠷᠡᠭᠲᠡᠶ᠃ | ᠲᠠᠪᠢᠨ ᠨᠢᠭᠡᠳᠦᠭᠡᠷ ᠵᠦᠢᠯ ᠳᠤᠤᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ | ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠲᠣᠳᠣᠯᠠᠨ ᠪᠠᠶᠢᠢᠴᠠᠭᠠᠬᠤ ᠬᠡᠷᠡᠭᠲᠡᠶ᠄ | ︵ᠨᠢᠭᠡ︶ ᠳᠡᠭᠡᠳᠦ ᠱᠠᠲᠤᠨ ᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠲᠤᠳᠣᠯᠠᠨ ᠪᠠᠶᠢᠴᠠᠭᠠᠬᠤ ᠪᠠᠷ ᠵᠣᠬᠢᠶᠠᠨ | ᠪᠠᠶᠢᠭᠤᠯᠤᠭᠰᠠᠨ︔ | ︵ᠬᠤᠶᠠᠷ︶ ᠴᠢᠬᠤᠯᠠ ᠶᠡᠭᠡ ᠡᠳ᠋ ᠬᠦᠷᠦᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ | ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠢᠭᠤᠯᠣᠯ ᠢ ᠦᠭᠡᠷᠡᠴᠢᠯᠡᠭᠦ᠂ ᠭᠦᠴᠦᠨ ᠦᠭᠡᠢ ᠪᠤᠯᠭᠠᠬᠤ᠂ | ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔ | ︵ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠲᠠᠪᠠᠰᠢ ᠥᠬᠡᠶ ᠬᠦᠴᠦᠨ ᠠᠴᠠ ᠪᠤᠯᠵᠤ ᠡᠳ᠋ ᠬᠦᠷᠦᠩᠭᠡ | ᠬᠦᠨᠳᠦ ᠨᠣᠴᠢᠲᠠᠢ ᠡᠪᠳᠡᠭᠳᠡᠭᠰᠡᠨ ᠪᠠ ᠰᠦᠢᠳᠭᠡᠭᠳᠡᠭᠰᠡᠨ︔ | ︵ᠲᠦᠷᠪᠡ︶ ᠨᠢᠭᠲᠠᠯᠠᠨ ᠪᠤᠳᠤᠯᠲᠠ ᠶᠢᠨ ᠮᠡᠳᠡᠭᠡ ᠵᠠᠩᠭᠢ ᠶᠢᠨ ᠦᠨᠡᠨ ᠪᠤᠳᠠᠳᠤ ᠴᠢᠨᠠᠷ ᠢᠶᠠᠨ ᠬᠦᠨᠳᠦ | ᠠᠯᠳᠠᠭᠰᠠᠨ︔ | ︵ᠲᠠᠪᠤ︶ ᠤᠯᠤᠰ ᠤᠨ ᠨᠢᠭᠲᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠳᠡ | ᠭᠠᠷᠴᠣ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠬᠤᠪᠢᠷᠠᠯᠲᠠ ᠭᠠᠷᠬᠤ ᠳᠤ | ᠬᠤᠯᠪᠣᠭᠳᠠᠭᠰᠠᠨ︔ | ︵ᠵᠢᠷᠭᠤᠭ᠎ᠠ︶ ᠡᠳ᠋ ᠬᠦᠷᠦᠩᠭᠡ ᠪᠠᠨ ᠲᠣᠳᠣᠯᠠᠨ ᠪᠠᠶᠢᠢᠴᠠᠭᠠᠬᠤ ᠴᠢᠬᠤᠯᠠᠳᠠᠢ ᠪᠤᠰᠤᠳ ᠪᠠᠶᠢᠳᠠᠯ᠃ | ᠲᠠᠪᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ | ᠬᠥᠷᠥᠩᠭᠡ ᠶᠢ ᠲᠣᠳᠣᠯᠠᠨ ᠪᠠᠶᠢᠴᠠᠭᠠᠬᠤ ᠶᠠᠪᠤᠴᠠ ᠳᠤ ᠲᠠᠩᠰᠠ ᠨᠢ ᠪᠣᠳᠠᠲᠠᠶ ᠲᠠᠢ ᠨᠡᠶᠢᠴᠡᠬᠦ ᠥᠬᠡᠶ᠂ ᠲᠠᠩᠰᠠ | ᠬᠤᠭᠤᠷᠣᠨᠳᠤ ᠪᠠᠨ ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠯᠠᠭᠰᠠᠨ ᠤ | ᠳᠠᠷᠠᠭ᠎ᠠ ᠲᠤᠳᠤᠷᠬᠠᠶᠢᠢᠯᠠᠯᠲᠠ ᠬᠢᠬᠦ ᠶᠢᠨ ᠬᠠᠮᠲᠤ᠂ ᠲᠣᠳᠣᠯᠠᠨ ᠪᠠᠶᠢᠴᠠᠭᠠᠭᠰᠠᠨ ᠦᠷ᠎ᠡ ᠳ᠋ᠦᠩ ᠲᠠᠢ ᠪᠠᠨ ᠬᠠᠮᠲᠤ | ᠬᠢᠨᠠᠨ ᠵᠦᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ | ᠬᠠᠷᠢᠶ᠎ᠠ ᠨᠢᠭᠡᠴᠢ ᠨᠢ ᠬᠢᠨᠠᠨ ᠵᠦᠪᠰᠢᠶᠡᠷᠡᠭᠦᠯᠣᠭ᠍ᠰᠡᠨ ᠦᠷ᠎ᠡ ᠳ᠋ᠦᠩ ᠢᠶᠠᠨ ᠦᠨᠳᠦᠰᠦᠯᠡᠨ ᠡᠳ᠋ ᠬᠥᠷᠥᠩᠭᠡ ᠶᠢᠨ ᠡᠬᠡ | ᠲᠠᠩᠰᠠ ᠶᠢᠨ ᠮᠡᠳᠡᠭᠡ ᠵᠠᠩᠭᠢ ᠪᠠᠨ ᠴᠠᠭ ᠲᠤᠬᠠᠶ ᠳᠤ ᠨᠢ ᠲᠣᠬᠢᠷᠠᠭᠤᠯᠬᠤ ᠶᠢᠨ ᠬᠠᠮᠲᠤ᠂ ᠨᠢᠭᠲᠠᠯᠠᠨ ᠪᠣᠳᠣᠵᠣ | ᠰᠢᠢᠳᠪᠦᠷᠢᠯᠡᠬᠦ ᠬᠡᠷᠡᠭᠲᠡᠶ᠃ | ᠡᠳ᠋ ᠬᠥᠷᠥᠩᠭᠡ ᠶᠢᠨ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠣ ᠡᠳ᠋ ᠬᠥᠷᠥᠩᠭᠡ | ᠡᠪᠳᠡᠭᠳᠡᠵᠦ ᠰᠦᠢᠳᠭᠡᠭᠳᠡᠭᠰᠡᠨ ᠪᠣᠯ᠂ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠵᠢᠷᠭᠤᠳᠤᠭᠠᠷ ᠪᠦᠯᠦᠭ ᠡᠳ᠋ ᠬᠥᠷᠥᠩᠭᠡ ᠶᠢᠨ ᠮᠡᠳᠡᠭᠦᠯᠦᠯᠲᠡ ᠬᠢᠭᠡᠳ ᠬᠢᠨᠠᠯᠲᠠ ᠬᠠᠮᠢᠶᠠᠷᠤᠯᠲᠠ | ᠲᠠᠪᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠳᠤ ᠭᠤᠤᠯᠳᠠᠭᠤ ᠳᠤᠤᠷᠠᠬᠢ | ᠠᠭᠤᠯᠭ᠎ᠠ ᠪᠠᠭᠲᠠᠨ᠎ᠠ᠄ | ︵ᠨᠢᠭᠡ︶ ᠡᠳ᠋ ᠬᠥᠷᠥᠩᠭᠡ ᠶᠢᠨ ᠦᠷᠢ ᠰᠢᠷᠢ ᠶᠢᠨ ᠶᠡᠷᠦᠩᠬᠡᠶ ᠬᠡᠮᠵᠢᠶ᠎ᠡ ᠪᠠᠶᠢᠳᠠᠯ︔ | ︵ᠬᠤᠶᠠᠷ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ | ᠪᠠᠶᠢᠢᠳᠠᠯ︔ | ︵ᠭᠤᠷᠪᠠ︶ ᠡᠳ᠋ ᠬᠥᠷᠥᠩᠭᠡ ᠶᠢ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ | ᠠᠰᠢᠭ ᠤᠨ ᠪᠠᠶᠢᠳᠠᠯ︔ | ︵ᠳᠥᠷᠪᠡ︶ ᠡᠳ᠋ ᠬᠥᠷᠥᠩᠭᠡ ᠶᠢ ᠴᠢᠯᠦᠬᠡᠳᠡᠢ ᠪᠣᠯᠭᠠᠭᠰᠠᠨ ᠪᠠᠶᠢᠳᠠᠯ︔ | ︵ᠲᠠᠪᠤ︶ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠡᠭᠦᠷᠭᠡ ᠴᠢᠳᠠᠪᠤᠷᠢ ᠪᠠᠨ ᠭᠦᠢᠴᠡᠳᠭᠡᠬᠦ᠂ ᠠᠵᠢᠯ | ᠦᠢᠯᠡᠰ ᠤᠨ ᠬᠥᠭᠵᠢᠯᠲᠡ ᠶᠢ ᠪᠠᠲᠤᠯᠠᠬᠤ ᠪᠠ ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠭᠰᠠᠨ ᠪᠠᠶᠢᠳᠠᠯ︔ | ︵ᠵᠢᠷᠭᠤᠭ᠎ᠠ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠤᠭᠰᠠᠨ ᠪᠠᠶᠢᠳᠠᠯ︔ | ︵ᠲᠤᠯᠤᠭ᠎ᠠ︶ ᠮᠡᠳᠡᠭᠦᠯᠬᠦ ᠴᠢᠬᠤᠯᠠᠲᠠᠢ ᠪᠤᠰᠤᠳ ᠪᠠᠶᠢᠳᠠᠯ᠃ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ | ᠪᠣᠯᠭᠠᠬᠤ ᠬᠡᠷᠡᠭᠲᠡᠶ᠃ | ᠲᠠᠪᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠵᠢᠯ ᠪᠦᠷᠢ ᠲᠣᠰ | ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠱᠠᠲᠤ ᠳᠠᠷᠠᠭᠠᠯᠠᠨ ᠬᠠᠮᠢᠶ᠎ᠠ ᠪᠥᠬᠦᠶ | ᠰᠠᠯᠠᠭ᠎ᠠ ᠮᠥᠴᠢᠷ ᠲᠤ ᠮᠡᠳᠡᠭᠦᠯᠣᠨ ᠬᠦᠷᠭᠡᠬᠦ ᠬᠡᠷᠡᠭᠲᠡᠶ᠃ | ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ | ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ | ᠲᠠᠪᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠤᠤᠷᠠᠳᠤ ᠱᠠᠲᠤᠨ ᠤ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ | ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠶ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠡᠨ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠳᠠᠯᠪᠢᠬᠤ ᠶᠢ ᠬᠦᠯᠢᠶᠡᠵᠦ᠂ ᠲᠣᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠠᠴᠠ ᠬᠢᠨᠠᠨ | ᠵᠦᠪᠯᠡᠭᠡᠣᠨ ᠳᠤᠷᠠᠳᠤᠨ ᠭᠠᠷᠭᠠᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ ᠪᠠᠶᠢᠢᠭᠤᠯᠵᠣ | ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠳᠤ ᠪᠦᠭᠦᠶᠢᠢᠯᠡ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | | ᠲᠠᠪᠢᠨ ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠳᠤᠤᠷᠠᠳᠤ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠳᠡ ᠲᠠᠯᠪᠢᠵᠣ ᠪᠠᠶᠢᠢᠴᠠᠭᠠᠬᠤ | ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠳᠤ ᠬᠢᠨᠠᠯᠲᠠ ᠲᠠᠯᠪᠢᠵᠣ ᠪᠠᠶᠢᠢᠴᠠᠭᠠᠨ᠂ ᠬᠢᠨᠠᠯᠳᠡ ᠲᠠᠯᠪᠢᠵᠣ ᠪᠠᠶᠢᠢᠴᠠᠭᠠᠨᠨᠰᠠᠨ ᠦᠷ᠎ᠡ ᠳ᠋ᠦᠩ ᠢᠶᠠᠨ ᠬᠠᠤᠯᠢ | ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ | ᠰᠠᠯᠠᠭ᠎ᠠ ᠮᠥᠴᠢᠷ ᠨᠢ ᠬᠠᠤᠯᠢ ᠶᠤᠰᠤᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠭᠦᠷᠦᠩᠭᠡ ᠶᠢᠨ | ᠬᠠᠮᠢᠶᠠᠷᠤᠯᠲᠠ ᠶᠢᠨ ᠲᠦᠷᠢᠮ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ | ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠣᠬᠤ ᠡᠷᠬᠡ ᠲᠠᠢ᠃ ᠢᠯᠡᠴᠢᠯᠡᠨ ᠵᠠᠭᠠᠯᠳᠣᠬᠤ ᠶᠢ | ᠬᠦᠯᠢᠶᠡᠨ ᠠᠪᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠳᠣ᠂ | ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ | ᠪᠠ ᠴᠣᠬᠢᠯᠲᠠ ᠥᠭᠴᠦ ᠦᠰᠢᠶ᠎ᠡ ᠪᠣᠳᠣᠵᠣ ᠪᠣᠯᠬᠤ ᠦᠭᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ᠂ ︽ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ | ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠵᠢᠷᠣᠮᠯᠠᠬᠤ ᠬᠡᠷᠡᠭᠲᠡᠶ᠃ | | ᠵᠢᠷᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠳᠠᠣᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠠᠵᠢᠯ ᠤᠨ ᠲᠣᠮᠳᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ | ᠲᠤᠰᠢᠶᠠᠯ ᠳᠤ ᠪᠠᠨ ᠠᠯᠮᠠᠶᠢᠢᠷᠠᠨ ᠣᠰᠣᠯᠳᠤᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ | ᠪᠤᠶᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ | ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠨᠠᠶᠢᠮᠠᠳᠣᠭᠠᠷ ᠪᠦᠯᠦᠭ ᠳᠠᠭᠠᠯᠳᠤᠭᠤᠯᠤᠯ ᠳᠦᠷᠢᠮ | ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠢᠭᠤᠳ ᠵᠠᠬᠢᠷᠣᠨ ᠡᠵᠡᠮᠰᠢᠵᠦ | ᠪᠠᠶᠢᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃ | ᠵᠢᠷᠠᠨ ᠭᠤᠷᠪᠠᠳᠤᠭᠠᠷ ᠵᠦᠢᠯ ᠵᠣᠭᠤᠰ ᠤᠨ ᠬᠡᠯᠪᠡᠷᠢ ᠪᠦᠭᠦᠢ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ᠂ ᠲᠥᠰᠦᠪ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠤᠳᠤᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ | ᠠᠵᠢᠯ ᠦᠢᠯᠡᠰ ᠤᠨ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠭᠠᠳᠠᠭᠰᠢ ᠪᠠᠯᠠ ᠣᠷᠣᠭᠤᠯᠤᠭᠰᠠᠨ ᠪᠦᠷᠢᠨ | ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠣᠨ ᠬᠡᠷᠡᠭᠯᠡᠵᠦ ᠪᠤᠯᠬᠤ ᠥᠬᠡᠶ᠃ | ᠵᠢᠷᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ | ᠨᠥᠭᠡᠴᠡ ᠡᠳ᠋ ᠪᠠᠷᠠᠭ᠎ᠠ᠂ ᠤᠯᠤᠰ ᠤᠨ ᠦᠮᠴᠢᠯᠡᠯᠳᠦ ᠲᠡᠦᠬᠡ ᠶᠢᠨ ᠳᠤᠷᠠᠰᠬᠠᠯᠲᠤ ᠵᠦᠢᠯ ᠰᠣᠶᠣᠯ ᠤᠨ ᠡᠳ᠋ | ᠬᠦᠷᠦᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠵᠢᠷᠠᠨ ᠲᠠᠪᠤᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳ᠋ᠣᠭᠡᠷ | ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | |