2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠥᠬᠦᠶ ᠤᠴᠢᠷ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/31
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠰ ᠲᠠᠪᠬᠤᠷᠭ᠎ᠠ ᠪᠠ ᠲᠥᠷᠥᠯ ᠠᠩᠬᠢᠯᠬᠠᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠨᠨᠳᠠᠯᠴᠠᠭ᠎ᠠ ᠶᠢ ᠲᠦᠷᠭᠡᠳᠬᠡᠨ ᠪᠦᠷᠢᠨᠰᠢᠬᠦᠯᠵᠦ᠂ ᠪᠥᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠦᠴᠢᠷᠳᠡᠯᠲᠡᠶ ᠣᠯᠠᠨ ᠲᠦᠮᠡᠨ ᠤ ᠭᠦᠷᠳᠡᠬᠡᠮᠵᠢᠲᠦ ᠰᠡᠳᠬᠢᠯᠭᠡ᠂ ᠵᠤᠯ ᠵᠢᠷᠭᠠᠯᠳᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠨᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠤᠰᠠᠳᠠ᠂ ᠡᠳᠦᠭᠡ 2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠡᠨ ᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃   ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ 2023 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ 2023 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠡᠯ᠎ᠡ ᠭᠠᠵᠠᠷ ᠣᠷᠣᠨ ᠨᠢ ᠴᠠᠭ ᠲᠣᠬᠠᠢ ᠳᠤ ᠨᠢ ᠨᠡᠶᠢᠭᠡᠮ ᠨᠡᠶᠢᠢᠳᠡ ᠳᠤ ᠨᠡᠶᠢᠢᠳᠡᠯᠡᠬᠦ ᠬᠡᠷᠡᠭᠳᠡᠢ᠃ ᠲᠣᠰ ᠤᠨ ᠤ ᠲᠤᠳᠤᠷ᠎ᠠ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠴᠢᠬᠤᠯᠡ ᠲᠠᠢ ᠪᠤᠯ ᠡᠷᠬᠡᠪᠰᠢ ᠬᠤᠯᠪᠣᠭᠳᠠᠯ ᠪᠥᠬᠦᠶ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠬᠦᠯᠦᠨ᠎ᠡ᠃ ᠡᠯ᠎ᠡ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠠᠷ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠲᠡᠬᠡᠬᠦ ᠪᠠᠷ ᠭᠤᠶᠤᠴᠢᠯᠬᠠᠰᠠᠨ᠂ ᠣᠨᠴᠠ ᠬᠦᠴᠢᠷᠳᠡᠯᠲᠡᠶ ᠭᠦᠮᠦᠰ ᠢᠶᠠᠷ ᠭᠤᠶᠤᠴᠢᠯᠬᠠᠰᠠᠨ ᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠦᠭᠡᠯᠡᠨ ᠪᠣᠳᠣᠬᠤ ᠪᠠ ᠤᠤᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠭᠦᠮᠦᠰ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠪᠠᠳᠤᠯᠠᠪᠠᠰᠤ ᠵᠤᠬᠢᠬᠤ ᠶᠢ ᠨᠢ ᠴᠢᠳᠠᠬᠤ ᠶᠢᠨ ᠲᠤᠳᠤᠷ᠎ᠠ ᠪᠠᠲᠤᠯᠠᠬᠤ ᠶᠢ ᠦᠨᠡᠨ ᠬᠦ ᠪᠠᠳᠤᠯᠠᠬᠤ ᠬᠡᠷᠡᠭᠲᠡᠶ᠃   ᠬᠤᠶᠡᠷ᠂ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠤ ᠬᠤᠳᠡ ᠬᠦᠳᠡᠭᠡ ᠶᠢ ᠨᠢᠬᠡᠳᠦᠯᠳᠡᠢ ᠲᠦᠯᠦᠪᠯᠡᠬᠦ ᠪᠠᠨ ᠲᠦᠷᠬᠡᠳᠬᠡᠬᠦ ᠬᠡᠷᠡᠭᠳᠡᠢ  ᠡᠯ᠎ᠡ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢᠨ ᠬᠤᠯᠪᠣᠭᠳᠠᠯ ᠪᠥᠬᠦᠶ ᠱᠠᠭᠠᠷᠳᠠᠯᠭᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ ᠭᠦᠷᠳᠡᠬᠡᠬᠦ ᠪᠠᠷ ᠴᠢᠷᠮᠠᠶᠢᠬᠤ ᠬᠡᠷᠡᠭᠲᠡᠶ᠃ 2023 ᠣᠨ ᠳᠤ᠂ ᠠᠯᠠᠱᠠ ᠠᠶᠢᠮᠠᠭ ᠢ ᠪᠥᠬᠦ ᠣᠷᠣᠨ ᠤ ᠠᠶᠢᠮᠠᠭ ᠬᠤᠲᠠ ᠶᠢᠨ ᠱᠠᠳᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠂ ᠬᠥᠯᠥᠨ ᠪᠤᠶᠢᠷ ᠬᠤᠲᠠ ᠶᠢᠨ ᠣᠷᠴᠣᠨ ᠬᠤᠰᠢᠭᠤ ᠪᠠ ᠣᠷᠳᠣᠰ ᠬᠤᠲᠠ ᠶᠢᠨ ᠳ᠋ᠦᠩᠱᠧᠩ ᠲᠣᠭᠤᠷᠢᠭ᠂ ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠪᠠ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃   ᠭᠤᠷᠪᠠ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠳᠡᠢ  ᠡᠯ᠎ᠡ ᠭᠠᠵᠠᠷ ᠣᠷᠣᠨ ᠨᠢ ︽ᠨᠡᠶᠢᠭᠡᠮ ᠤᠨ ᠲᠡᠩᠬᠡᠷᠡᠬᠦᠯᠦᠨ ᠲᠤᠰᠠᠯᠠᠬᠤ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠰᠠᠨᠠᠯ ᠤᠨ ᠲᠣᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠮᠡᠳᠡᠭᠳᠡᠯ︾ ︵ᠠᠷᠠᠳ ᠲᠠᠷᠬᠠᠭᠠᠭᠰᠠᠨ ﹇2019﹈ 139 ᠳ᠋ᠤᠭᠡᠷ ᠲᠣᠭᠠᠲᠤ︶᠂ ︽ᠬᠦ᠋ᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠤ ᠰᠠᠨᠠᠯ︾ ︵ᠠᠷᠠᠳ ᠲᠠᠷᠬᠠᠭᠠᠭᠰᠠᠨ ﹇2022﹈ 95 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠦᠭᠦᠪᠦᠷᠢ ᠶᠢᠨ ᠪᠡᠯᠡ ᠮᠦᠩᠭᠦᠨ ᠤ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠨᠡᠶᠢᠭᠡᠮ ﹇2022﹈ 1109 ᠳ᠋ᠤᠭᠡᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠦᠭᠦᠪᠦᠷᠢ ᠶᠢᠨ ᠪᠡᠯᠡ ᠮᠦᠩᠭᠦᠨ ᠤ ᠲᠥᠰᠥᠪ ᠤᠨ ᠬᠡᠷᠡᠭᠵᠢᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠵᠢᠴᠢ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠦᠬᠦᠪᠦᠷᠢ ᠶᠢᠨ ᠪᠡᠯᠡ ᠮᠦᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠪᠠᠨ ᠣᠷᠤᠭᠤᠯᠵᠤ᠂ ᠪᠡᠯᠡ ᠮᠦᠩᠭᠦ ᠪᠠᠷ ᠳᠠᠭᠠᠭᠠᠨ ᠪᠠᠲᠤᠯᠠᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠢᠳᠡᠪᠬᠢᠲᠡᠶ ᠪᠠᠷ ᠴᠢᠯᠥᠭᠡᠲᠡᠶ ᠭᠦᠢᠯᠬᠡᠬᠡᠵᠦ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠᠯᠠ ᠮᠥᠩᠭᠦ ᠶᠢ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ᠂ 2023 ᠣᠨ ᠤ 6 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ ᠮᠥᠩᠭᠦ ᠪᠠᠨ ᠨᠦᠭᠦᠨ ᠤᠯᠭᠤᠵᠦ ᠳᠠᠭᠤᠰᠬᠠᠬᠤ ᠶᠢ ᠦᠨᠡᠨ ᠬᠦ ᠪᠠᠲᠤᠯᠠᠵᠤ᠂ 7 ᠳ᠋ᠤᠭᠠᠷ ᠰᠠᠷ᠎ᠠ ᠠᠴᠠ ᠬᠤᠶᠢᠢᠰᠢ ᠰᠢᠨ᠎ᠡ ᠪᠠᠷᠢᠮᠵᠢᠶ᠎ᠠ ᠪᠠᠷ ᠣᠯᠭᠤᠬᠤ ᠬᠡᠷᠡᠭᠲᠡᠶ᠃ ᠳᠠᠭᠠᠯᠳᠤᠭᠤᠯᠤᠯ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠲᠤᠳᠤᠷᠬᠠᠶᠢᠢᠯᠠᠯ ᠤᠨ ᠬᠦᠰᠦᠨᠦᠭᠲᠦ                    2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠᠨ ᠤ ᠲᠤᠳᠤᠷᠬᠠᠶᠢᠢᠯᠠᠯ ᠤᠨ ᠬᠦᠰᠦᠨᠦᠭᠲᠦ                  3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ ᠪᠠᠷᠢᠮᠵᠢᠶᠠᠨ ᠤ ᠲᠤᠳᠤᠷᠬᠠᠶᠢᠢᠯᠠᠯ ᠤᠨ ᠬᠦᠰᠦᠨᠦᠭᠲᠦ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号