| | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠶ ᠶᠢᠨ ᠬᠡᠭᠡᠷ᠎ᠡ ᠶᠢᠨ | ᠠᠮᠢᠲᠠᠨ ᠳᠤ ᠬᠥᠨᠥᠭᠡᠭᠳᠡᠭᠰᠡᠨ ᠳᠤ ᠨᠦᠭᠦᠪᠣᠷᠢᠯᠡᠭᠦ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠳᠤ | ᠬᠥᠨᠥᠭᠡᠭᠳᠡᠭᠰᠡᠨ ᠳᠤ ᠨᠦᠭᠦᠪᠣᠷᠢᠯᠡᠭᠦ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠵᠦᠢᠯ ᠨᠢᠭᠡᠴᠢ ᠪᠠ ᠬᠤᠪᠢ ᠬᠥᠮᠦᠨ ᠤ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠠᠴᠠ | ᠪᠣᠯᠵᠣ ᠬᠦᠮᠦᠨ ᠡ᠊ᠨᠳᠡᠵᠦ ᠭᠡᠮᠲᠦᠭᠰᠡᠨ ᠪᠠ ᠡᠳ᠋ ᠬᠦᠷᠦᠩᠭᠡ ᠬᠤᠬᠢᠷᠠᠯ ᠭᠠᠷᠣᠭᠰᠠᠨ ᠳᠤ ᠵᠠᠰᠠᠭ ᠤᠨ ᠣᠷᠳᠣᠨ ᠤ | ᠨᠦᠭᠦᠪᠣᠷᠢ ᠶᠢ ᠬᠠᠤᠯᠢ ᠶᠣᠰᠣᠭᠠᠷ ᠬᠦᠷᠲᠡᠬᠦ ᠡᠷᠬᠡ ᠶᠢ ᠨᠢ ᠪᠠᠲᠤᠯᠠᠬᠤ ᠶᠢᠨ ᠲᠤᠰᠠᠳᠠ᠂ ︽ᠪᠥ᠋ᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠳᠡ ᠶᠢᠨ ᠬᠡᠷᠩᠵᠢᠭᠦᠯᠭᠦ | ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ | ᠭᠡᠳᠡᠭ ᠨᠢ ᠬᠠᠤᠯᠢ ᠶᠣᠰᠣᠭᠠᠷ ᠬᠠᠮᠠᠭᠠᠯᠬᠠᠳᠠᠵᠦ ᠪᠠᠶᠢᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠵᠢᠴᠢ ᠴᠢᠬᠤᠯᠠ ᠠᠮᠢ ᠠᠬᠤᠶ᠂ | ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠵᠢᠭᠠᠵᠤ | ᠪᠤᠶ᠃ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠳᠣᠷ᠎ᠠ᠂ ᠲᠤᠰ ᠠᠷᠭ᠎ᠠ ᠳᠤ | ᠲᠣᠭᠲᠠᠭᠠᠭᠰᠠᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠦᠮᠦᠨ ᠡ᠊ᠨᠳᠡᠵᠦ | ᠭᠡᠮᠲᠦᠭᠰᠡᠨ ᠪᠠ ᠡᠳ᠋ ᠬᠦᠷᠦᠩᠭᠡ ᠬᠤᠬᠢᠷᠠᠯ ᠭᠠᠷᠣᠭᠰᠠᠨ ᠳᠤ ᠨᠦᠬᠦᠪᠣᠷᠢᠯᠡᠭᠦ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ | ᠃ | ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠦᠭᠦᠪᠣᠷᠢᠯᠡᠭᠦ ᠪᠠᠨ ᠨᠢᠭᠡᠨᠲᠡ | ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠣᠷᠣᠭᠤᠯᠤᠭᠰᠠᠨ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠡᠬᠡ | ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠤᠣᠷ ᠬᠥᠨᠥᠭᠡᠯ ᠪᠠ ᠬᠦᠨᠦᠭᠡᠭᠳᠡᠭᠰᠡᠨ ᠪᠠᠶᠢᠳᠠᠯ ᠨᠢ ᠳᠠᠭᠠᠳᠬᠠᠯ ᠤᠨ | ᠭᠡᠷ᠎ᠡ ᠶᠢᠨ ᠲᠥᠯᠥᠬᠦ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠠᠶᠢᠢᠪᠡᠯ ᠲᠤᠰ ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠣᠶ ᠰᠢᠭᠤᠶ ᠪᠠ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠬᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠠᠴᠠ ᠪᠤᠯᠵᠦ ᠬᠦᠮᠦᠨ ᠡ᠊ᠨᠳᠡᠵᠦ ᠭᠡᠮᠲᠦᠭᠰᠡᠨ ᠪᠠ ᠡᠳ᠋ ᠬᠦᠷᠦᠩᠭᠡ ᠬᠤᠬᠢᠷᠠᠯ ᠭᠠᠷᠤᠭᠰᠠᠨ ᠳᠤ | ᠨᠦᠭᠦᠪᠣᠷᠢᠯᠡᠭᠦ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠡᠬᠡ | ᠬᠠᠭᠤᠷᠠᠶ ᠶᠢᠨ ᠬᠡᠭᠡᠷ᠎ᠡ ᠶᠢᠨ ᠠᠮᠢᠲᠠᠨ ᠠᠴᠠ ᠪᠤᠯᠵᠦ ᠬᠦᠮᠦᠨ ᠡ᠊ᠨᠳᠡᠵᠦ ᠭᠡᠮᠲᠦᠭᠰᠡᠨ ᠪᠠ ᠡᠳ᠋ ᠬᠦᠷᠦᠩᠭᠡ ᠶᠢᠨ | ᠬᠤᠬᠢᠷᠠᠯ ᠭᠠᠷᠤᠭᠰᠠᠨ ᠪᠠᠶᠢᠢᠳᠠᠯ ᠢ ᠬᠢᠨᠠᠨ ᠬᠠᠷᠭᠤᠭᠤᠯᠬᠤ᠂ ᠦᠨᠡᠯᠡᠭᠦ᠂ ᠨᠦᠬᠦᠪᠣᠷᠢᠯᠡᠭᠦ ᠠᠵᠢᠯ ᠢ ᠬᠠᠷᠢᠭᠤᠴᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠨᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠬᠤᠬᠢᠷᠠᠯ ᠤᠴᠠᠷᠠᠭᠤᠯᠤᠭᠰᠠᠨ ᠪᠠᠶᠢᠳᠠᠯ ᠳᠤ ᠪᠠᠶᠢᠢᠴᠠᠭᠠᠯᠲᠠ | ᠬᠢᠬᠦ ᠠᠵᠢᠯ ᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ︶ ᠨᠢ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ | ᠮᠠᠯᠵᠢᠬᠤ ᠤᠷᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠥᠬᠦᠶ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ | ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠠᠴᠠ ᠪᠣᠯᠣᠭᠰᠠᠨ ᠬᠦᠨᠣᠭᠡᠯ ᠳᠤ ᠪᠠᠶᠢᠢᠴᠠᠭᠠᠯᠳᠡ ᠬᠢᠭᠦ᠂ ᠨᠣᠳᠠᠯᠠᠨ | ᠲᠣᠭᠳᠠᠭᠠᠬᠤ ᠵᠡᠷᠭᠡ ᠨᠦᠭᠦᠪᠣᠷᠢᠯᠡᠭᠦ ᠯᠦᠭᠡ ᠬᠠᠮᠢᠶ᠎ᠠ ᠪᠥᠬᠦᠶ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠶ᠃ | ᠳᠥᠷᠪᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠬᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠨ ᠡᠵᠡᠮᠳᠡᠬᠦ᠂ ᠤᠬᠠᠭᠤᠯᠭ᠎ᠠ ᠬᠢᠵᠦ ᠪᠣᠯᠪᠠᠰᠤᠷᠠᠯ | ᠭᠦᠷᠳᠡᠬᠡᠬᠦ ᠪᠠ ᠬᠤᠬᠢᠷᠠᠯ ᠢ ᠨᠦᠭᠦᠪᠣᠷᠢᠯᠡᠭᠦ ᠵᠡᠷᠭᠡ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ | ᠲᠥᠰᠥᠪ ᠲᠤ ᠣᠷᠣᠭᠤᠯᠬᠤ ᠬᠡᠷᠡᠭᠲᠡᠶ᠃ | ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠠᠴᠠ ᠪᠤᠯᠵᠦ ᠬᠦᠮᠦᠨ ᠡ᠊ᠨᠳᠡᠵᠦ ᠭᠡᠮᠲᠦᠭᠰᠡᠨ ᠪᠠ ᠡᠳ᠋ | ᠬᠦᠷᠦᠩᠭᠡ ᠶᠢᠨ ᠬᠤᠬᠢᠷᠠᠯ ᠭᠠᠷᠤᠭᠰᠠᠨ ᠳᠤ ᠨᠦᠭᠦᠪᠣᠷᠢᠯᠡᠭᠦ ᠶᠢ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠬᠠᠷᠢᠶᠠᠳᠣ ᠭᠠᠵᠠᠷ ᠢᠶᠠᠷ ᠬᠠᠮᠢᠶᠠᠷᠬᠤ ᠵᠠᠷᠴᠢᠮ ᠶᠣᠰᠣᠭᠠᠷ᠂ ᠨᠦᠭᠦᠪᠣᠷᠢᠯᠡᠭᠦ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠠᠵᠢᠯ ᠶᠠᠪᠤᠳᠠᠯ ᠤᠨ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ | ᠲᠣᠬᠢᠷᠠᠯᠴᠠᠭᠤᠯᠬᠤ ᠵᠠᠷᠴᠢᠮ ᠶᠣᠰᠣᠭᠠᠷ᠂ ᠨᠦᠭᠦᠪᠣᠷᠢᠯᠡᠭᠦ ᠪᠡᠯᠡ ᠮᠥᠩᠭᠦ ᠶᠢ ᠨᠠᠶᠢᠢᠳᠠᠪᠣᠷᠢᠵᠢᠭᠤᠯᠣᠨᠡ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠳᠤᠤᠷᠠᠬᠢ ᠠᠵᠢᠯ ᠢ ᠰᠠᠶᠢᠲᠤᠷ ᠬᠢᠬᠦ ᠬᠡᠷᠡᠭᠲᠡᠶ᠄ | ︵ᠨᠢᠭᠡ︶ ᠬᠠᠮᠢᠶ᠎ᠠ ᠪᠦᠬᠦᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠤᠨ | ᠲᠤᠭ᠎ᠠ ᠬᠡᠮᠵᠢᠶ᠎ᠡ ᠪᠣᠯᠤᠨ ᠲᠠᠷᠬᠠᠯᠲᠠ ᠶᠢᠨ ᠣᠷᠣᠨ ᠤ ᠪᠠᠶᠢᠴᠠᠭᠠᠯᠲᠠ ᠶᠢ ᠵᠣᠬᠢᠶᠠᠨ ᠪᠠᠶᠢᠢᠭᠤᠯᠵᠦ ᠥᠷᠨᠢᠭᠦᠯᠬᠦ ᠶᠢᠨ | ᠬᠠᠮᠲᠤ᠂ ᠰᠢᠨᠵᠢᠯᠡᠬᠦ ᠤᠬᠠᠭᠠᠨᠴᠢ ᠪᠦᠬᠡᠳ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ︔ | ︵ᠬᠤᠶᠠᠷ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠦᠷᠭᠦᠯᠵᠢ ᠢᠯᠡᠷᠡᠳᠡᠭ ᠣᠷᠣᠨ ᠪᠦᠰᠡ ᠳᠤ | ᠰᠡᠷᠡᠮᠵᠢᠯᠡᠭᠦᠯᠬᠦ ᠲᠡᠮᠳᠡᠭ ᠲᠠᠯᠪᠢᠵᠣ᠂ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠤ᠂ | ᠲᠧᠯᠸᠢᠰ᠂ ᠷᠠᠳᠢᠣ᠋᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠬᠯᠠᠨ᠂ ᠡᠬᠡ | ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠡᠷᠭᠡᠶᠢᠢᠯᠡᠨ | ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠠᠷᠠᠳ ᠣᠯᠠᠨ ᠤ ᠬᠠᠮᠠᠭᠠᠯᠠᠬᠤ ᠬᠢᠭᠡᠳ ᠥᠪᠡᠷ ᠢ ᠪᠠᠨ ᠬᠠᠮᠠᠭᠠᠯᠠᠬᠤ | ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ︔ | ︵ᠭᠤᠷᠪᠠ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠡᠪᠰᠢᠯ ᠵᠠᠩᠰᠢᠯ᠂ ᠰᠡᠷᠭᠡᠶᠢᠯᠡᠨ ᠬᠠᠮᠠᠭᠠᠯᠠᠬᠤ | ᠮᠡᠷᠭᠡᠵᠢᠯ ᠵᠡᠷᠭᠡ ᠠᠭᠤᠯᠭ᠎ᠠ ᠯᠤᠭ᠎ᠠ ᠬᠤᠯᠪᠣᠭᠳᠠᠯ ᠪᠦᠭᠦᠢ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ | ᠦᠷᠨᠢᠭᠦᠯᠬᠦ ᠬᠡᠷᠡᠭᠲᠡᠢ︔ | ︵ᠳᠥᠷᠪᠡ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠥᠮᠦᠨ ᠬᠠᠷ᠎ᠠ ᠡᠳ᠋ ᠬᠦᠷᠦᠩᠭᠡ ᠶᠢᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠤᠨᠨᠰᠠᠨ ᠪᠠᠴᠢᠮ ᠪᠠᠶᠢᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ︔ | ︵ᠲᠠᠪᠤ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠭᠡᠮᠲᠦᠭᠡᠵᠦ ᠬᠤᠬᠢᠷᠠᠭᠤᠯᠬᠤ ᠪᠣᠯᠣᠮᠵᠢᠲᠠᠢ | ᠪᠠᠶᠢᠢᠳᠠᠯ ᠢ ᠰᠡᠷᠭᠡᠶᠢᠢᠯᠡᠬᠦ ᠪᠠ ᠡᠵᠡᠮᠳᠡᠬᠦ ᠮᠡᠷᠭᠡᠵᠢᠯ᠂ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠶᠡᠷᠦᠩᠬᠡᠶᠢᠯᠡᠨ | ᠠᠰᠢᠨᠨᠯᠠᠵᠦ᠂ ᠲᠦᠯᠦᠪᠯᠡᠭᠡ ᠲᠠᠢ ᠪᠠᠷ ᠠᠩᠨᠠᠬᠤ᠂ ᠳᠦᠷᠰᠦ ᠶᠢᠨ ᠰᠦᠷᠦᠭ ᠢ ᠨᠢ ᠡᠵᠡᠮᠰᠢᠨ ᠲᠣᠬᠢᠷᠠᠭᠤᠯᠬᠤ ᠵᠡᠷᠭᠡ ᠶᠢ | ᠰᠢᠨᠵᠢᠯᠡᠬᠦ ᠤᠬᠠᠭᠠᠨᠴᠢ ᠪᠠᠷ ᠨᠤᠲᠠᠯᠠᠬᠤ ᠬᠡᠷᠡᠭᠲᠡᠶ︔ | ︵ᠵᠢᠷᠭᠤᠭ᠎ᠠ︶ ᠳᠠᠭᠠᠳᠬᠠᠯ ᠤᠨ ᠪᠠᠶᠢᠭᠤᠯᠤᠮᠵᠢ ᠶᠢᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠥᠮᠦᠨ | ᠬᠠᠷ᠎ᠠ ᠡᠳ᠋ ᠬᠦᠷᠦᠩᠭᠡ ᠶᠢ ᠬᠡᠮᠳᠦᠬᠡᠵᠦ ᠬᠤᠬᠢᠷᠠᠭᠤᠯᠤᠨᠨᠰᠠᠨ ᠳᠤ ᠲᠦᠯᠦᠪᠦᠷᠢ ᠥᠭᠬᠦ ᠲᠥᠷᠥ ᠶᠢᠨ ᠪᠣᠳᠣᠯᠭ᠎ᠠ ᠶᠢᠨ | ᠴᠢᠨᠠᠷᠲᠠᠶ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠨᠢ ᠢᠳᠡᠪᠬᠢᠲᠡᠶ ᠠᠬᠢᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠣ ᠬᠦᠮᠦᠨ | ᠡ᠊ᠨᠳᠡᠵᠦ ᠬᠡᠮᠳᠦᠭᠰᠡᠨ ᠪᠠ ᠡᠳ᠋ ᠬᠦᠷᠦᠩᠭᠡ ᠬᠤᠬᠢᠷᠠᠯ ᠭᠠᠷᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠵᠠᠰᠠᠭ ᠤᠨ ᠣᠷᠳᠣᠨ ᠠᠴᠠ ᠨᠦᠭᠦᠪᠣᠷᠢᠯᠡᠨᠡ᠄ | ︵ᠨᠢᠭᠡ︶ ᠠᠷᠠᠳ ᠢᠷᠭᠡᠨ ᠬᠡᠮᠳᠦᠭᠰᠡᠨ ᠪᠤᠶᠤ ᠡ᠊ᠨᠳᠡᠭᠰᠡᠨ︔ | ︵ᠬᠤᠶᠠᠷ︶ ᠬᠠᠰᠢᠶᠠᠯᠠᠨ ᠲᠡᠵᠢᠭᠡᠵᠦ ᠪᠠᠶᠢᠢᠭ᠎ᠠ ᠪᠤᠶᠤ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ | ᠣᠷᠣᠨ ᠪᠦᠰᠡ ᠳᠤ ᠪᠡᠯᠴᠢᠭᠡᠷᠯᠡᠭᠦᠯᠵᠦ ᠪᠠᠶᠢᠭ᠎ᠠ ᠮᠠᠯ ᠵᠢᠭᠦᠷᠲᠡᠨ ᠭᠡᠮᠲᠦᠭᠰᠡᠨ ᠪᠤᠶᠤ ᠦᠬᠦᠭᠰᠡᠨ︔ | ︵ᠭᠤᠷᠪᠠ︶ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡᠨ ᠳᠤ ᠲᠠᠷᠢᠭᠰᠠᠨ ᠲᠠᠷᠢᠮᠠᠯ ︵ | ᠡᠪᠡᠰᠦ ᠪᠡᠯᠴᠢᠭᠡᠷ︶᠂ ᠠᠵᠤ ᠠᠬᠤᠢ ᠶᠢᠨ ᠤᠢ ᠮᠣᠳᠣ ᠵᠡᠷᠭᠡ ᠶᠢ ᠰᠢᠭᠤᠳ ᠬᠤᠬᠢᠷᠠᠭᠤᠯᠤᠨᠨᠰᠠᠨ︔ | ︵ᠳᠥᠷᠪᠡ︶ ᠣᠯᠠᠨ ᠲᠦᠮᠡᠨ ᠤ ᠡᠳᠦᠷ ᠲᠤᠲᠤᠮ ᠤᠨ ᠰᠠᠭᠤᠵᠤ ᠬᠡᠷᠡᠭᠯᠡᠵᠦ ᠪᠠᠶᠢᠭ᠎ᠠ ᠭᠡᠷ ᠪᠠᠶᠢᠰᠢᠩ᠂ | ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ | ᠬᠤᠬᠢᠷᠠᠭᠤᠯᠤᠨᠨᠰᠠᠨ︔ | ︵ᠲᠠᠪᠤ︶ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠮᠠᠭᠠᠣᠡᠯᠠᠨ ᠲᠣᠭᠳᠠᠭᠠᠭᠰᠠᠨ | ᠪᠤᠰᠤᠳ ᠪᠠᠶᠢᠳᠠᠯ᠃ | ᠳᠣᠯᠣᠳᠤᠭᠠᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠦᠮᠦᠨ ᠢ ᠡ᠊ᠨᠳᠡᠬᠡᠵᠦ ᠬᠡᠮᠳᠦᠬᠡᠭᠰᠡᠨ | ᠪᠠ ᠡᠳ᠋ ᠬᠦᠷᠦᠩᠭᠡ ᠶᠢ ᠬᠤᠬᠢᠷᠠᠭᠤᠯᠤᠨᠨᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ | ᠣᠷᠳᠣᠨ ᠠᠴᠠ ᠨᠦᠭᠦᠪᠣᠷᠢᠯᠡᠭᠦ ᠦᠭᠡᠶ᠄ | ︵ᠨᠢᠭᠡ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠰᠠᠨᠠᠭᠠᠴᠢᠯᠠᠭ᠎ᠠ ᠲᠠᠢ ᠪᠠᠷ ᠴᠣᠬᠢᠨ ᠳᠠᠭᠠᠷᠢᠬᠤ ᠪᠤᠶᠤ | ᠵᠣᠷᠢᠭᠤᠳᠠ ᠭᠡᠮᠲᠦᠭᠡᠵᠦ᠂ ᠥᠳᠥᠭᠡᠵᠦ ᠪᠠᠶᠢᠭᠠᠳ ᠭᠡᠮᠳᠦᠭᠰᠡᠨ ᠪᠤᠶᠤ ᠡᠳ᠋ ᠬᠦᠷᠦᠩᠭᠡ ᠶᠢᠨ ᠬᠤᠬᠢᠷᠠᠯ ᠭᠠᠷᠣᠭᠰᠠᠨ︔ | ︵ᠬᠤᠶᠠᠷ︶ ᠬᠠᠤᠯᠢ ᠪᠤᠰᠤ ᠪᠠᠷ ᠠᠩ ᠠᠩᠨᠠᠭᠰᠠᠨ ᠪᠤᠶᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ | ᠳᠤᠷ᠎ᠠ ᠪᠠᠷ ᠢᠶᠠᠨ ᠣᠷᠣᠭᠠᠳ ᠭᠡᠮᠳᠦᠭᠰᠡᠨ ᠪᠤᠶᠤ ᠡᠳ᠋ ᠬᠦᠷᠦᠩᠭᠡ ᠶᠢᠨ ᠬᠤᠬᠢᠷᠠᠯ ᠭᠠᠷᠤᠭᠰᠠᠨ︔ | ︵ᠭᠤᠷᠪᠠ︶ ᠬᠤᠪᠢᠶᠠᠷᠢᠯᠠᠨ ᠲᠣᠭᠲᠠᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶᠡᠨ ᠠᠴᠠ | ᠭᠠᠳᠠᠨᠠᠬᠢ ᠲᠠᠷᠢᠮᠠᠯ᠂ ᠠᠵᠤ ᠠᠬᠤᠢ ᠶᠢᠨ ᠣᠢ ᠮᠣᠳᠣ ᠪᠤᠶᠤ ᠠᠷᠠᠴᠢᠯᠠᠨ ᠲᠡᠵᠢᠭᠡᠭᠰᠡᠨ ᠮᠠᠯ ᠵᠢᠭᠦᠷᠲᠡᠨ ᠢ | ᠬᠤᠬᠢᠷᠠᠭᠤᠯᠤᠨᠨᠰᠠᠨ︔ | ︵ᠳᠥᠷᠪᠡ︶ ᠬᠠᠤᠯᠢ ᠠᠴᠠ ᠵᠦᠷᠢᠴᠡᠵᠦ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠬᠦ᠂ | ᠦᠷᠡᠵᠢᠭᠦᠯᠭᠦ᠂ ᠡᠵᠡᠩᠨᠡᠭᠦ᠂ ᠠᠰᠢᠬᠯᠠᠬᠤ ᠵᠢᠴᠢ ᠵᠥᠭᠡᠭᠡᠪᠦᠷᠢᠯᠡᠭᠡᠳ ᠬᠦᠮᠦᠨ ᠡ᠊ᠨᠳᠡᠵᠦ ᠬᠡᠮᠳᠦᠭᠰᠡᠨ ᠪᠤᠶᠤ ᠡᠳ᠋ | ᠬᠦᠷᠦᠩᠭᠡ ᠶᠢᠨ ᠬᠤᠬᠢᠷᠠᠯ ᠭᠠᠷᠤᠭᠰᠠᠨ︔ | ︵ᠲᠠᠪᠤ︶ ᠭᠤᠷᠪᠠᠳᠠᠬᠢ ᠡᠲᠡᠭᠡᠳ ᠠᠴᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠵᠣᠷᠢᠭᠤᠳᠠ | ᠦᠷᠭᠦᠭᠡᠨ ᠲᠦᠷᠪᠡᠬᠡᠵᠦ᠂ ᠰᠤᠴᠢᠭᠠᠵᠦ ᠨᠠᠳᠬᠤᠭᠤᠯᠤᠨᠨᠰᠠᠨ ᠠᠴᠠ ᠪᠣᠯᠵᠤ ᠬᠦᠮᠦᠨ ᠭᠡᠮᠳᠦᠭᠰᠡᠨ ᠪᠠ ᠡᠳ᠋ | ᠬᠦᠷᠦᠩᠭᠡ ᠶᠢᠨ ᠬᠤᠬᠢᠷᠠᠯ ᠭᠠᠷᠤᠭᠰᠠᠨ ᠪᠠᠶᠢᠪᠠᠯ᠂ ᠭᠤᠷᠪᠠᠳᠠᠬᠢ ᠡᠲᠡᠭᠡᠳ ᠠᠴᠠ ᠬᠠᠤᠯᠢ ᠶᠣᠰᠣᠭᠠᠷ ᠢᠷᠭᠡᠨ ᠤ | ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ︔ | ︵ᠵᠢᠷᠭᠤᠭ᠎ᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠦᠭᠦᠪᠣᠷᠢᠯᠡᠭᠦ ᠥᠬᠡᠶ ᠪᠠᠷ ᠮᠠᠭᠠᠳᠯᠠᠨ | ᠲᠤᠨᠨᠳᠠᠭᠠᠨᠨᠰᠠᠨ ᠪᠤᠰᠤᠳ ᠪᠠᠶᠢᠳᠠᠯ᠃ | ᠨᠠᠶᠢᠮᠠᠳᠤᠭᠠᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠵᠦ | ᠪᠦᠢᠵᠢᠭᠤᠯᠬᠤ᠂ ᠡᠵᠡᠩᠨᠡᠨ ᠠᠰᠢᠬᠯᠠᠬᠤ ᠵᠢᠴᠢ ᠵᠦᠭᠡᠭᠡᠪᠣᠷᠢᠯᠡᠭᠦ ᠨᠢᠭᠡᠴᠢ ᠪᠤᠶᠤ ᠬᠤᠪᠢ ᠬᠥᠮᠦᠨ᠂ ᠬᠠᠮᠢᠶᠠᠷᠤᠯᠲᠠ | ᠮᠠᠭᠤ ᠠᠴᠠ ᠪᠣᠯᠵᠤ ᠬᠦᠮᠦᠨ ᠢ ᠡ᠊ᠨᠳᠡᠬᠡᠵᠦ ᠭᠡᠮᠲᠦᠬᠡᠭᠰᠡᠨ ᠪᠠ ᠡᠳ᠋ ᠬᠦᠷᠦᠩᠭᠡ ᠶᠢᠨ ᠬᠤᠬᠢᠷᠠᠯ ᠭᠠᠷᠭᠠᠭᠰᠠᠨ ᠪᠠᠶᠢᠪᠠᠯ | ᠂ ᠬᠥᠮᠦᠨ ᠤ ᠬᠦᠴᠦ ᠪᠠᠷ ᠦᠷᠡᠵᠢᠭᠦᠯᠵᠦ ᠪᠦᠢᠵᠢᠭᠤᠯᠬᠤ᠂ ᠡᠵᠡᠩᠨᠡᠨ ᠠᠰᠢᠬᠯᠠᠬᠤ ᠵᠢᠴᠢ ᠵᠦᠭᠡᠭᠡᠪᠣᠷᠢᠯᠡᠭᠦ ᠨᠢᠭᠡᠴᠢ | ᠪᠤᠶᠤ ᠬᠤᠪᠢ ᠬᠥᠮᠦᠨ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦ | ᠬᠡᠷᠩᠲᠠᠢ᠃ | ᠶᠢᠰᠦᠳᠦᠭᠡᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠠᠴᠠ ᠪᠣᠯᠵᠣ ᠭᠦᠮᠦᠨ ᠬᠠᠷ᠎ᠠ ᠡᠳ᠋ | ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠢ ᠨᠦᠭᠦᠪᠣᠷᠢᠯᠡᠭᠦ ᠵᠤᠭᠤᠰ ᠢ ᠳᠣᠣᠷᠠᠬᠢ ᠲᠣᠭᠲᠠᠭᠠᠯ ᠶᠣᠰᠣᠭᠠᠷ | ᠪᠣᠳᠣᠨ᠎ᠠ᠄ | ︵ᠨᠢᠭᠡ︶ ᠬᠥᠮᠦᠨ ᠬᠠᠷ᠎ᠠ ᠶᠢ ᠭᠡᠮᠲᠦᠭᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ | ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠤ ᠬᠠᠷᠠᠭ᠎ᠠ ᠠᠴᠠ ᠪᠤᠯᠵᠤ ᠬᠠᠰᠤᠭᠳᠠᠭᠰᠠᠨ ᠣᠷᠣᠯᠭ᠎ᠠ | ᠵᠡᠷᠭᠡ ᠳᠤ ᠨᠦᠭᠦᠪᠣᠷᠢᠯᠡᠨᠡ᠃ ᠠᠵᠢᠯ ᠰᠠᠭᠠᠲᠠᠭᠰᠠᠨ ᠤ ᠬᠠᠷᠠᠭ᠎ᠠ ᠠᠴᠠ ᠪᠤᠯᠵᠤ ᠬᠠᠰᠤᠭᠳᠠᠭᠰᠠᠨ ᠣᠷᠣᠯᠭ᠎ᠠ ᠶᠢ᠂ | ᠪᠠᠶᠢᠭ᠎ᠠ ᠭᠠᠵᠠᠷ ᠤᠨ ᠳᠡᠭᠡᠷ᠎ᠡ ᠣᠨ ᠤ ᠠᠵᠢᠯᠳᠠᠨ ᠠᠵᠢᠯᠴᠢᠨ ᠤ ᠡᠳᠦᠷ ᠤᠨ ᠳᠤᠮᠳᠠᠴᠢ ᠴᠠᠯᠢᠩ ᠢ ᠠᠵᠢᠯ | ᠰᠠᠭᠠᠲᠠᠭᠰᠠᠨ ᠴᠠᠭ ᠢᠶᠠᠷ ᠦᠷᠡᠵᠢᠭᠦᠯᠵᠣ ᠪᠣᠳᠣᠨ᠂ ᠠᠵᠢᠯ ᠰᠠᠭᠠᠲᠠᠭᠰᠠᠨ ᠴᠠᠭ ᠢ ᠬᠤᠬᠢᠷᠠᠯ ᠠᠮᠰᠠᠭᠴᠢ ᠶᠢᠨ | ᠡᠮᠨᠡᠭᠦᠯᠣᠭ᠍ᠰᠡᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠬᠦᠴᠦᠨ ᠪᠦᠬᠦᠢ ᠭᠡᠷᠡᠴᠢ ᠶᠢ ᠦᠨᠳᠦᠰᠦᠯᠡᠨ | ᠲᠣᠭᠲᠠᠭᠠᠨ᠎ᠠ᠃ ᠨᠦᠭᠦᠪᠣᠷᠢᠯᠡᠭᠦ ᠵᠣᠭᠤᠰᠣᠨ ᠤ ᠬᠠᠮᠤᠭ ᠤᠨ ᠶᠡᠭᠡ ᠲᠤᠭ᠎ᠠ ᠶᠢ ᠳᠡᠭᠡᠷ᠎ᠡ ᠣᠨ ᠤ ᠥᠪᠡᠷᠲᠡᠭᠡᠨ | ᠵᠠᠰᠠᠬᠤ ᠣᠷᠣᠨ ᠤ ᠪᠦᠭᠦ ᠰᠠᠭᠤᠭᠠᠯᠢ ᠠᠷᠠᠳ ᠤᠨ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠶ︔ | ︵ᠬᠤᠶᠠᠷ︶ ᠬᠦᠮᠣᠨ ᠤ ᠬᠥᠳᠡᠯᠮᠦᠷᠢᠯᠡᠬᠦ ᠴᠢᠳᠠᠪᠤᠷᠢ ᠶᠢ ᠨᠢ ᠬᠡᠰᠡᠭ ᠪᠤᠶᠤ ᠪᠦᠬᠦᠠ ᠢᠶᠠᠷ ᠠᠯᠳᠠᠭᠤᠯᠤᠭᠰᠠᠨ | ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ | ᠵᠡᠷᠭᠡ ᠶᠢ ᠨᠢᠭᠡ ᠯᠡ ᠤᠳᠠᠭ᠎ᠠ ᠪᠠᠷ ᠨᠦᠭᠦᠪᠣᠷᠢᠯᠡᠨᠡ᠃ ᠨᠢᠭᠡ ᠯᠡ ᠤᠳᠠᠭ᠎ᠠ ᠪᠠᠷ ᠨᠦᠭᠦᠪᠣᠷᠢᠯᠡᠭᠦ ᠵᠣᠭᠤᠰ ᠢ ᠨᠢ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠦᠨᠳᠣᠰᠣᠯᠡᠵᠣ ᠲᠣᠭᠲᠠᠭᠠᠨ᠎ᠠ᠃ ᠬᠥᠳᠡᠯᠮᠦᠷᠢᠯᠡᠬᠦ | ᠴᠢᠳᠠᠪᠤᠷᠢ ᠪᠠᠨ ᠬᠡᠰᠡᠭ ᠠᠯᠳᠠᠭᠰᠠᠨ ᠪᠠᠶᠢᠢᠪᠡᠯ᠂ ᠨᠢᠭᠡ ᠯᠡ ᠤᠳᠠᠭ᠎ᠠ ᠪᠠᠷ ᠨᠦᠭᠦᠪᠣᠷᠢᠯᠡᠭᠦ ᠵᠣᠭᠤᠰᠣᠨ ᠤ ᠬᠠᠮᠤᠭ ᠤᠨ | ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5 ᠠᠴᠠ 10 ᠳᠠᠬᠢᠨ ᠪᠣᠯᠤᠨ᠎ᠠ︔ ᠬᠥᠳᠡᠯᠮᠦᠷᠢᠯᠡᠬᠦ | ᠴᠢᠳᠠᠪᠤᠷᠢ ᠪᠠᠨ ᠪᠥᠬᠦᠨ ᠢᠶᠠᠷ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠦᠭᠦᠪᠣᠷᠢᠯᠡᠭᠦ ᠵᠣᠭᠤᠰᠣᠨ ᠤ | ᠬᠠᠮᠤᠭ ᠤᠨ ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10 ᠠᠴᠠ 15 ᠳᠠᠬᠢᠨ ᠪᠣᠯᠤᠨ᠎ᠠ︔ | ︵ᠭᠤᠷᠪᠠ︶ ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠤᠭᠳᠠᠭᠠᠯᠳᠠ ᠬᠢᠭᠦ ᠴᠢᠬᠤᠯᠠ ᠲᠠᠢ ᠪᠣᠯ᠂ ᠬᠤᠬᠢᠷᠠᠯ | ᠠᠮᠰᠠᠭᠴᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ | ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠬᠥᠳᠡᠯᠮᠦᠷᠢᠯᠡᠬᠦ ᠴᠢᠳᠠᠪᠤᠷᠢ ᠪᠠᠨ ᠰᠢᠯᠭᠠᠨ | ᠲᠣᠭᠲᠠᠭᠠᠯᠭᠠᠬᠤ ᠪᠠᠷ ᠭᠤᠶᠤᠴᠢᠯᠠᠵᠤ᠂ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠨᠢ ︽ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ | ᠯᠠᠪᠯᠠᠯᠲᠠ ᠪᠣᠯᠭᠠᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠲᠣᠭᠲᠠᠭᠠᠨ᠎ᠠ᠂ ᠰᠢᠯᠭᠠᠨ | ᠲᠣᠭᠲᠠᠭᠠᠬᠤ ᠵᠠᠷᠤᠳᠠᠯ ᠢ ᠬᠤᠬᠢᠷᠠᠯ ᠠᠮᠰᠠᠭᠴᠢ ᠣᠷᠢᠣᠡᠴᠢᠯᠠᠵᠣ ᠥᠭᠭᠦᠨ᠎ᠡ︔ | ︵ᠲᠦᠷᠪᠡ︶ ᠬᠥᠮᠦᠨ ᠬᠠᠷ᠎ᠠ ᠡ᠊ᠨᠳᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ | ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ᠂ ᠣᠷᠣᠰᠢᠭᠤᠯᠭ᠎ᠠ ᠶᠢᠨ ᠵᠠᠷᠤᠳᠠᠯ ᠵᠡᠷᠭᠡ ᠶᠢ ᠨᠢᠭᠡ ᠯᠡ | ᠤᠳᠠᠭ᠎ᠠ ᠪᠠᠷ ᠨᠦᠭᠦᠪᠣᠷᠢᠯᠡᠨᠡ᠃ ᠶᠡᠷᠦᠩᠬᠡᠶ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠬᠦ | ᠰᠠᠭᠤᠭᠠᠯᠢ ᠠᠷᠠᠳ ᠤᠨ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 15 ᠳᠠᠬᠢᠨ ᠪᠣᠯᠤᠨ᠎ᠠ︔ | | ︵ᠲᠠᠪᠤ︶ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠬᠤᠬᠢᠷᠠᠭᠰᠠᠨ ᠬᠡᠰᠡᠭ ᠢ ᠨᠢ ᠳᠡᠭᠡᠷ᠎ᠡ ᠣᠨ ᠤ ᠲᠤᠬᠠᠢ ᠶᠢᠨ ᠭᠠᠵᠠᠷ ᠤᠨ ᠲᠤᠰ ᠲᠦᠷᠦᠯ ᠤᠨ ᠲᠠᠷᠢᠮᠠᠯ᠂ ᠠᠵᠤ | ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠪᠠᠷ ᠪᠤᠳᠦᠵᠦ᠂ ᠪᠦᠬᠦ ᠬᠤᠬᠢᠷᠠᠭᠰᠠᠨ | ᠬᠡᠮᠵᠢᠶᠠᠨ ᠤ 60% ᠪᠠᠷ ᠨᠦᠭᠦᠪᠣᠷᠢᠯᠡᠨᠡ︔ | ︵ᠵᠢᠷᠭᠤᠭ᠎ᠠ︶ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠠᠶᠢᠢᠪᠡᠯ᠂ ᠲᠤᠰ | ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠶ ᠶᠢᠨ ᠦᠶ᠎ᠡ ᠶᠢᠨ ᠵᠠᠬ᠎ᠠ ᠳᠡᠯᠭᠡᠭᠦᠷ ᠤᠨ | ᠳᠤᠮᠳᠠᠴᠢ ᠦᠨ᠎ᠡ ᠬᠠᠩᠰᠢ ᠶᠢᠨ 30% ᠪᠠᠷ ᠨᠦᠭᠦᠪᠣᠷᠢᠯᠡᠨᠡ︔ ᠬᠡᠷ ᠤᠨ ᠵᠢᠭᠦᠷᠲᠡᠨ ᠬᠡᠷ ᠤᠨ ᠲᠡᠵᠢᠭᠡᠪᠦᠷᠢ ᠶᠢ | ᠦᠬᠦᠭᠦᠯᠦᠭᠰᠡᠨ ᠪᠠᠶᠢᠪᠠᠯ᠂ ᠲᠣᠰ ᠲᠥᠷᠥᠯ ᠤᠨ ᠬᠡᠷ ᠤᠨ ᠵᠢᠭᠦᠷᠲᠡᠨ ᠬᠡᠷ ᠤᠨ ᠲᠡᠵᠢᠭᠡᠪᠦᠷᠢ ᠶᠢᠨ ᠲᠤᠬᠠᠶ ᠶᠢᠨ | ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 60% ᠪᠠᠷ ᠨᠦᠭᠦᠪᠣᠷᠢᠯᠡᠨᠡ︔ | ︵ᠳᠣᠯᠤᠭ᠎ᠠ︶ ᠲᠣᠰ ᠠᠷᠭ᠎ᠠ ᠶᠢᠨ ᠵᠢᠷᠭᠤᠳᠤᠭᠠᠷ ᠵᠦᠢᠯ ᠤᠨ ︵ᠳᠥᠷᠪᠡ︶ ︵ᠲᠠᠪᠤ︶ ᠳ᠋ᠤᠭᠠᠷ ᠵᠤᠷᠪᠤᠰ ᠲᠤ | ᠨᠡᠶᠢᠴᠡᠵᠦ᠂ ᠪᠤᠰᠤᠳ ᠡᠳ᠋ ᠬᠦᠷᠦᠩᠭᠡ ᠶᠢᠨ ᠬᠤᠬᠢᠷᠠᠯ ᠣᠴᠠᠷᠠᠭᠤᠯᠣᠭᠰᠠᠨ ᠪᠠᠶᠢᠢᠪᠠᠯ᠂ ᠪᠣᠳᠠᠲᠠᠶ ᠢᠷᠡᠯᠲᠡ ᠶᠢᠨ | ᠪᠠᠷᠢᠮᠵᠢᠶ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠨᠦᠭᠦᠪᠣᠷᠢᠯᠡᠭᠦ ᠲᠤᠭ᠎ᠠ ᠨᠢ | ᠬᠤᠬᠢᠷᠠᠭᠰᠠᠨ ᠬᠡᠰᠡᠭ ᠤᠨ ᠵᠠᠬ᠎ᠠ ᠳᠡᠯᠭᠡᠭᠦᠷ ᠤᠨ ᠥᠷᠲᠡᠭ ᠤᠨ 50% ᠠᠴᠠ ᠶᠡᠭᠡ ᠪᠠᠶᠢᠢᠵᠣ ᠪᠣᠯᠬᠤ ᠥᠬᠡᠶ᠃ | ᠠᠷᠪᠠᠳᠤᠭᠠᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠬᠦᠮᠦᠨ ᠢ ᠡ᠊ᠨᠳᠡᠬᠡᠵᠦ ᠬᠡᠮᠳᠦᠬᠡᠭᠰᠡᠨ ᠪᠠ | ᠡᠳ᠋ ᠬᠦᠷᠦᠩᠭᠡ ᠶᠢ ᠬᠤᠬᠢᠷᠠᠭᠤᠯᠵᠤ᠂ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ | ᠨᠢᠭᠡ ᠳᠤ ᠨᠢ ᠨᠡᠶᠢᠴᠡᠪᠡᠯ᠂ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠴᠠᠭ | ᠲᠤᠬᠠᠶ ᠳᠤ ᠨᠢ ᠬᠡᠷᠡᠭ ᠤᠨ ᠡᠭᠦᠰᠣᠭ᠍ᠰᠡᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠬᠦ ᠶᠢᠨ ᠬᠠᠮᠲᠤ᠂ ᠲᠤᠬᠠᠶ ᠶᠢᠨ | ᠭᠠᠵᠡᠷ ᠢ ᠨᠢ ᠬᠠᠮᠠᠭᠠᠯᠠᠵᠤ᠂ ᠬᠠᠷᠭᠤᠭᠤᠯᠤᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ | ᠬᠦᠮᠦᠨ ᠬᠠᠷ᠎ᠠ ᠡ᠊ᠨᠳᠡᠵᠦ ᠬᠡᠮᠳᠦᠬᠡᠳ ᠨᠦᠭᠦᠪᠣᠷᠢᠯᠡᠭᠦᠯᠭᠦ ᠪᠠᠷ ᠭᠤᠶᠤᠴᠢᠯᠠᠬᠤ ᠳᠤ᠂ ᠲᠦᠷᠭᠡᠨ ᠠᠪᠤᠷᠠᠵᠤ | ᠡᠮᠨᠡᠭᠦᠯᠦᠭᠰᠡᠨ ᠤ ᠳᠠᠷᠠᠭ᠎ᠠ 60 ᠡᠳᠦᠷ ᠤᠨ ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠶ︔ ᠡᠳ᠋ ᠬᠦᠷᠦᠩᠭᠡ ᠶᠢᠨ | ᠬᠤᠬᠢᠷᠠᠯ ᠳᠤ ᠣᠴᠠᠷᠠᠵᠣ ᠨᠦᠭᠦᠪᠣᠷᠢᠯᠡᠭᠦᠯᠭᠦ ᠪᠠᠷ ᠭᠤᠶᠤᠴᠢᠯᠠᠬᠤ ᠳᠤ᠂ ᠡᠳ᠋ ᠬᠦᠷᠦᠩᠭᠡ ᠶᠢᠨ ᠬᠤᠬᠢᠷᠠᠯ ᠳᠤ | ᠣᠴᠠᠷᠠᠭᠰᠠᠨ ᠢ ᠮᠡᠳᠡᠭᠰᠡᠨ ᠪᠤᠶᠤ ᠮᠡᠳᠡᠵᠣ ᠪᠣᠯᠬᠤ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠳᠤᠷᠠᠳᠬᠤ ᠬᠡᠷᠡᠭᠲᠡᠶ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ | ᠲᠣᠭᠲᠠᠭᠠᠭᠰᠠᠨ ᠬᠤᠭᠤᠴᠠᠭ᠎ᠠ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ ᠠᠴᠠ ᠪᠤᠯᠵᠤ ᠬᠤᠬᠢᠷᠠᠯ ᠢ ᠬᠢᠨᠠᠨ | ᠬᠠᠷᠭᠤᠭᠤᠯᠵᠤ᠂ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ ᠪᠣᠯᠣᠭᠰᠠᠨ ᠪᠣᠯ ᠨᠦᠭᠦᠪᠣᠷᠢᠯᠡᠭᠦ ᠦᠬᠡᠢ᠃ | ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠳᠠ ᠬᠢᠭᠦ ᠴᠢᠬᠤᠯᠠ ᠲᠠᠢ ᠪᠣᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠠᠮᠢᠶ᠎ᠠ ᠪᠦᠬᠦᠢ ᠰᠢᠯᠭᠠᠨ | ᠲᠣᠭᠲᠠᠭᠠᠬᠤ ᠪᠠᠶᠢᠭᠤᠯᠤᠮᠵᠢ ᠠᠴᠠ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠭᠰᠠᠨ ᠰᠢᠢᠳᠪᠦᠷᠢ ᠭᠠᠷᠭᠠᠵᠤ᠂ | ᠰᠢᠯᠭᠠᠨ ᠲᠤᠬᠳᠠᠭᠠᠬᠤ ᠬᠤᠭᠤᠴᠠᠭ᠎ᠠ ᠶᠢ ᠳᠡᠭᠡᠷ᠎ᠡ ᠳᠤᠷᠠᠳᠤᠭᠰᠠᠨ ᠬᠤᠭᠤᠴᠠᠭ᠎ᠠ ᠳᠤ ᠪᠣᠳᠣᠵᠤ ᠣᠷᠣᠭᠤᠯᠬᠤ ᠦᠭᠡᠶ | ᠃ | ᠠᠷᠪᠠᠨ ᠨᠢᠭᠡᠳᠦᠭᠡᠷ ᠵᠦᠢᠯ ᠨᠦᠭᠦᠪᠣᠷᠢᠯᠡᠭᠦᠯᠭᠦ ᠪᠠᠷ ᠭᠤᠶᠤᠴᠢᠯᠠᠬᠤ ᠳᠤ ᠪᠠᠨ ᠪᠢᠴᠢᠭ ᠤᠨ ᠬᠡᠯᠪᠡᠷᠢ ᠪᠠᠷ | ᠭᠤᠶᠣᠴᠢᠯᠠᠵᠣ᠂ ᠨᠦᠬᠦᠪᠣᠷᠢᠯᠡᠭᠦᠯᠭᠦ ᠭᠤᠶᠤᠴᠢᠯᠠᠯ ᠤᠨ ᠪᠢᠴᠢᠭ ᠢᠶᠠᠨ ᠲᠤᠰᠢᠶᠠᠬᠤ ᠳᠤ ᠦᠨᠡᠨ ᠬᠦ ᠬᠦᠴᠢᠷᠳᠡᠯ ᠲᠠᠢ | ᠪᠠᠶᠢᠪᠠᠯ᠂ ᠠᠮᠠ ᠪᠠᠷ ᠢᠶᠠᠨ ᠭᠤᠶᠤᠴᠢᠯᠠᠵᠤ᠂ ᠬᠦᠯᠢᠶᠠᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ | ᠲᠡᠮᠳᠡᠭᠯᠡᠯ ᠳᠤ ᠪᠠᠨ ᠪᠢᠴᠢᠵᠦ ᠣᠷᠣᠭᠤᠯᠤᠨ᠎ᠠ᠃ ᠨᠦᠭᠦᠪᠣᠷᠢᠯᠡᠭᠦᠯᠭᠦ ᠭᠤᠶᠤᠴᠢᠯᠠᠯ ᠤᠨ ᠪᠢᠴᠢᠭ ᠲᠤ ᠳᠣᠣᠷ᠎ᠠ | ᠵᠢᠭᠰᠠᠭᠠᠭᠰᠠᠨ ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠄ | ︵ᠨᠢᠭᠡ︶ ᠬᠤᠬᠢᠷᠠᠯ ᠠᠮᠰᠠᠭᠴᠢ ᠶᠢᠨ ᠤᠪᠤᠭ ᠨᠡᠷ᠎ᠡ᠂ ᠬᠦᠢᠰᠦ ᠶᠢᠨ ᠢᠯᠭᠠᠯ᠂ ᠨᠠᠰᠤ ᠵᠢᠯ᠂ ᠰᠠᠭᠤᠭ᠎ᠠ | ᠭᠠᠵᠠᠷ᠂ ᠬᠠᠷᠢᠯᠴᠠᠬᠤ ᠠᠷᠭ᠎ᠠ ᠮᠠᠶ᠋ᠢᠭ ᠪᠠ ᠪᠡᠶ᠎ᠡ ᠶᠢᠨ ᠦᠨᠡᠮᠯᠡᠯ ᠤᠨ ᠨᠣᠮᠧᠷ ᠪᠠᠭᠲᠠᠨ᠎ᠠ᠃ ᠬᠤᠬᠢᠷᠠᠯ ᠠᠮᠰᠠᠭᠴᠢ ᠨᠢ | ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠣᠯᠬᠤ ᠳᠤ ᠬᠦᠷᠪᠡᠯ᠂ ᠬᠠᠤᠯᠢ ᠶᠢᠨ ᠡᠷᠬᠡᠲᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠬᠠᠶ᠋ᠢᠭ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠨᠣᠮᠧᠷ ᠪᠣᠯᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ | ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠢ ᠪᠠᠰᠠ ᠲᠣᠳᠣᠷᠬᠠᠶ ᠲᠡᠮᠳᠡᠭᠯᠡᠬᠦ ᠬᠡᠷᠡᠭᠲᠡᠶ︔ | ︵ᠬᠤᠶᠠᠷ︶ ᠪᠣᠳᠠᠲᠠᠢ ᠭᠡᠮᠲᠦᠭᠡᠵᠦ ᠬᠤᠬᠢᠷᠠᠭᠤᠯᠤᠭᠰᠠᠨ ᠪᠣᠳᠠᠲᠤ ᠬᠡᠷᠡᠭ᠂ ᠭᠡᠷᠡᠴᠢᠯᠡᠬᠦ ᠮᠠᠲ᠋ᠧᠷᠢᠶᠠᠯ ᠪᠠ | ᠨᠦᠬᠦᠪᠣᠷᠢᠯᠡᠭᠦᠯᠭᠦ ᠱᠠᠭᠠᠷᠳᠠᠯᠭ᠎ᠠ᠃ | ᠠᠷᠪᠠᠨ ᠬᠤᠶᠠᠳᠤᠭᠠᠷ ᠵᠦᠢᠯ ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠨᠦᠭᠦᠪᠣᠷᠢᠯᠡᠭᠦᠯᠭᠦ ᠭᠤᠶᠤᠴᠢᠯᠠᠯ ᠢ ᠣᠯᠣᠭᠰᠠᠨ ᠤ ᠳᠠᠷᠠᠭ᠎ᠠ᠂ | ᠪᠠᠶᠢᠴᠠᠭᠠᠬᠤ ᠠᠵᠢᠯᠲᠠᠨ ᠲᠣᠬᠢᠷᠠᠭᠤᠯᠤᠨ ᠲᠤᠬᠠᠶ ᠶᠢᠨ ᠭᠠᠵᠠᠷ ᠲᠤ ᠨᠢ ᠪᠠᠶᠢᠢᠴᠠᠭᠠᠬᠤ ᠪᠠ ᠬᠢᠨᠠᠨ ᠬᠠᠷᠭᠤᠭᠤᠯᠵᠤ᠂ | 10 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠬᠠᠷᠭᠤᠭᠤᠯᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ᠂ | ᠨᠦᠭᠦᠪᠣᠷᠢᠯᠡᠭᠦ ᠶᠢ ᠵᠥᠪᠰᠢᠶᠡᠷᠡᠬᠦ ᠪᠤᠶᠤ ᠨᠦᠭᠦᠪᠣᠷᠢᠯᠡᠭᠦ ᠶᠢ ᠥᠯᠥ ᠵᠥᠪᠰᠢᠶᠡᠷᠡᠬᠦ ᠪᠠᠷ ᠠᠩᠬ᠎ᠠ ᠠᠯᠬᠤᠮ ᠤᠨ | ᠰᠢᠢᠣᠡᠪᠣᠷᠢᠯᠡᠭᠦ ᠰᠠᠨᠠᠯ ᠢᠶᠠᠨ ᠳᠤᠷᠠᠳᠬᠤ ᠬᠡᠷᠡᠭᠲᠡᠶ᠃ ᠪᠠᠶᠢᠴᠠᠭᠠᠨ ᠬᠠᠷᠭᠤᠭᠤᠯᠬᠤ ᠠᠵᠢᠯ ᠨᠢ ᠡᠷᠬᠡᠪᠰᠢ ᠪᠤᠰᠤᠳᠴᠢ᠂ | ᠲᠥᠪ ᠭᠤᠣᠯᠴᠢ᠂ ᠵᠥᠪ ᠣᠨᠣᠪᠴᠢᠲᠠᠶ ᠪᠠᠶᠢᠬᠤ ᠬᠡᠷᠡᠭᠲᠡᠶ᠃ ᠲᠤᠬᠠᠶ ᠶᠢᠨ ᠭᠠᠵᠠᠷ ᠲᠤ ᠨᠢ ᠪᠠᠶᠢᠴᠠᠭᠠᠨ | ᠬᠠᠷᠭᠤᠭᠤᠯᠣᠭᠴᠢ 2 ᠬᠥᠮᠦᠨ ᠠᠴᠠ ᠳᠤᠲᠠᠭᠤ ᠪᠠᠶᠢᠢᠵᠣ ᠪᠣᠯᠬᠤ ᠥᠬᠡᠶ᠃ | ᠠᠷᠪᠠᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠣᠴᠢᠯᠠᠭᠰᠠᠨ ᠮᠠᠲ᠋ᠧᠷᠢᠶᠠᠯ ᠪᠠ ᠡᠬᠡ ᠬᠠᠭᠤᠷᠠᠶ ᠶᠢᠨ ᠬᠡᠭᠡᠷ᠎ᠡ ᠶᠢᠨ | ᠠᠮᠢᠲᠠᠨ ᠤ ᠭᠦᠮᠦᠨ ᠬᠠᠷ᠎ᠠ ᠡᠳ᠋ ᠬᠦᠷᠦᠩᠭᠡ ᠳᠤ ᠬᠤᠬᠢᠷᠠᠯ ᠣᠴᠠᠷᠠᠭᠤᠯᠣᠭᠰᠠᠨ ᠢ ᠨᠦᠭᠦᠪᠣᠷᠢᠯᠡᠭᠦ ᠪᠠᠶᠢᠴᠠᠭᠠᠨ | ᠳᠠᠩᠰᠠᠯᠠᠬᠤ ᠬᠦᠰᠦᠨᠦᠭᠲᠦ᠂ ᠪᠠᠶᠢᠴᠠᠭᠠᠯᠲᠠ ᠶᠢᠨ ᠲᠡᠮᠳᠡᠭᠯᠡᠯ᠂ ᠠᠩᠬ᠎ᠠ ᠠᠯᠬᠤᠮ ᠤᠨ ᠰᠢᠢᠣᠡᠪᠣᠷᠢᠯᠡᠭᠦ ᠰᠠᠨᠠᠯ ᠵᠡᠷᠭᠡ | ᠮᠠᠲ᠋ᠧᠷᠢᠶᠠᠯ ᠢᠶᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠶ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠨᠦᠭᠦᠪᠣᠷᠢᠯᠡᠭᠦ ᠪᠣᠶᠣ ᠦᠯᠦ ᠨᠦᠭᠦᠪᠣᠷᠢᠯᠡᠭᠦ ᠰᠢᠢᠣᠡᠪᠣᠷᠢ ᠭᠠᠷᠭᠠᠬᠤ ᠶᠢᠨ ᠬᠠᠮᠲᠤ᠂ 10 | ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠦᠭᠦᠪᠣᠷᠢᠯᠡᠭᠦ | ᠰᠢᠢᠣᠡᠪᠣᠷᠢ ᠶᠢ ᠦᠨᠳᠦᠰᠦᠯᠡᠨ᠂ ᠨᠦᠭᠦᠪᠣᠷᠢᠯᠡᠭᠦ ᠵᠤᠭᠤᠰ ᠢ ᠴᠠᠭ ᠲᠣᠬᠠᠢ ᠳᠤ ᠨᠢ ᠨᠢᠭᠡ ᠯᠡ ᠤᠳᠠᠭ᠎ᠠ ᠳᠤ᠂ ᠪᠦᠬᠦ | ᠲᠤᠭ᠎ᠠ ᠪᠠᠷ ᠨᠢ ᠭᠤᠶᠤᠴᠢᠯᠠᠭᠴᠢ ᠳᠤ ᠰᠠᠯᠭᠠᠨ ᠥᠭᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠭᠤᠤᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠶ ᠶᠢᠨ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠠᠴᠠ ᠪᠣᠯᠵᠣ ᠬᠡᠮᠳᠦᠵᠦ ᠬᠤᠬᠢᠷᠠᠨ᠂ ᠲᠡᠭᠦᠨ ᠤ ᠭᠡᠷ ᠪᠦᠯᠢ ᠶᠢᠨ ᠠᠵᠦ ᠠᠮᠢᠳᠤᠷᠠᠯ ᠨᠢ | ᠬᠦᠴᠢᠷᠳᠡᠯ ᠳᠤ ᠲᠣᠯᠭᠠᠷᠠᠭᠰᠠᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠠᠶᠢᠢᠴᠡᠭᠰᠡᠨ ᠪᠠᠶᠢᠢᠪᠡᠯ | ᠂ ᠬᠠᠤᠯᠢ ᠶᠣᠰᠣᠭᠠᠷ ᠲᠤᠬᠠᠶ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ | ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ | ᠠᠷᠪᠠᠨ ᠲᠠᠪᠤᠳᠤᠭᠠᠷ ᠵᠦᠢᠯ ᠭᠤᠶᠤᠴᠢᠯᠠᠭᠴᠢ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ | ᠨᠦᠭᠦᠪᠣᠷᠢᠯᠡᠭᠦ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠨᠦᠭᠦᠪᠣᠷᠢᠯᠡᠭᠦ ᠰᠢᠢᠣᠡᠪᠣᠷᠢ ᠭᠠᠷᠭᠠᠭᠰᠠᠨ ᠤᠢ | ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠣ ᠪᠠᠶᠢᠢᠭᠠᠣᠨ ᠨᠦᠭᠦᠪᠣᠷᠢᠯᠡᠭᠰᠡᠨ ᠵᠣᠭᠤᠰ ᠢ ᠪᠣᠴᠠᠯᠭᠠᠨ᠎ᠠ︔ ᠶᠠᠯ᠎ᠠ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠵᠢᠷᠭᠤᠳᠤᠭᠠᠷ ᠵᠦᠢᠯ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠭᠦᠮᠦᠨ ᠬᠠᠷ᠎ᠠ ᠡᠳ᠋ | ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠢ ᠨᠦᠭᠦᠪᠣᠷᠢᠯᠡᠭᠦ ᠶᠢᠨ ᠭᠤᠶᠤᠴᠢᠯᠠᠯ ᠤᠨ ᠬᠦᠰᠦᠨᠦᠭᠲᠦ᠂ ᠡᠬᠡ | ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠭᠦᠮᠦᠨ ᠬᠠᠷ᠎ᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠢ | ᠨᠦᠭᠦᠪᠣᠷᠢᠯᠡᠭᠦ ᠪᠠᠶᠢᠢᠴᠠᠭᠠᠨ ᠳᠠᠩᠰᠠᠯᠠᠬᠤ ᠬᠦᠰᠦᠨᠦᠭᠲᠦ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠭᠦᠮᠦᠨ | ᠬᠠᠷ᠎ᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠢ ᠨᠦᠭᠦᠪᠣᠷᠢᠯᠡᠭᠦ ᠮᠠᠭᠠᠳᠯᠠᠨ ᠲᠣᠭᠲᠠᠭᠠᠬᠤ | ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠲᠣᠭᠲᠠᠭᠠᠨ᠎ᠠ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠣ | ᠬᠡᠷᠡᠭᠵᠢᠭᠦᠯᠦᠨ᠎ᠡ᠃ | | | | |