| ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠲᠤᠬᠠᠶ ᠰᠢᠷᠢᠰ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠢᠳᠠᠪᠤᠷᠢᠵᠢᠭᠤᠯᠤᠨ᠂ ᠲᠠᠷᠢᠶᠠᠯᠠᠬᠤ | ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ | ᠱᠠᠭᠠᠷᠳᠠᠯᠭ᠎ᠠ ᠶᠢ ᠴᠢᠩᠭ᠎ᠠ ᠰᠠᠬᠢᠵᠤ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ᠂ ᠴᠢᠨᠠᠷ᠂ ᠠᠮᠢ ᠠᠬᠤᠶ ︽ | ᠭᠤᠷᠪᠡ ᠶᠢ ᠨᠢᠭᠡ ᠴᠣᠭᠴᠠᠵᠢᠭᠤᠯᠣᠭᠰᠠᠨ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠠᠴᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠢᠬᠤ | ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠭᠠᠰᠬᠠᠬᠤ ᠥᠬᠡᠶ | ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ | ᠬᠤᠷᠢᠬᠯᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠢᠯᠡᠵᠦ᠂ ᠬᠠᠮᠠᠭᠠᠯᠠᠯᠲᠠ | ᠨᠠᠩ ᠬᠦᠴᠦᠲᠡᠶ᠂ ᠬᠡᠷᠡᠭᠵᠢᠭᠦᠯᠦᠯᠲᠡ ᠨᠠᠩ ᠤᠷᠤᠭᠰᠢᠲᠠᠶ᠂ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ | ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠡᠳᠦᠭᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠤᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠢᠳᠠᠪᠤᠷᠢᠵᠢᠭᠤᠯᠤᠨᠠ᠃ ᠡᠯ᠎ᠡ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ | ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠨᠡᠶᠢᠲᠡ ᠣᠷᠣᠯᠴᠠᠭᠰᠠᠨ᠂ ᠳᠡᠭᠡᠳᠦ | ᠳᠣᠤᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠲᠤ ᠶᠢᠨ | ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠴᠢᠩᠭ᠎ᠠ ᠡᠵᠡᠮᠳᠡᠬᠦ | ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠤᠷᠰᠢᠭ ᠨᠦᠯᠦᠭᠡ ᠭᠠᠷᠭᠠᠪᠠᠯ ᠴᠢᠩᠭ᠎ᠠ ᠰᠢᠢᠳᠬᠡᠬᠦ ᠶᠢ ᠪᠡᠶᠡᠯᠡᠭᠦᠯᠵᠦ᠂ | ᠲᠣᠰ ᠭᠠᠵᠠᠷ ᠣᠷᠣᠨ ᠤ ᠪᠠᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠷᠢᠶᠠᠯᠠᠬᠤ ᠮᠠᠯᠵᠢᠬᠤ | ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠨ ᠮᠠᠯᠴᠢᠨ ᠪᠠ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠲᠠᠷᠢᠶᠠᠯᠠᠬᠤ ᠭᠠᠵᠠᠷ ᠢ | ᠬᠠᠮᠠᠭᠠᠯᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠡᠶᠢᠯᠡᠮᠡᠯ | ᠬᠦᠴᠦᠨ ᠢ ᠪᠣᠶ ᠪᠣᠯᠭᠠᠬᠤ ᠬᠡᠷᠩᠲᠠᠢ᠃ ︽ᠲᠠᠷᠢᠶᠠᠨ ᠭᠠᠵᠠᠷ ᠤᠨ ᠳᠠᠷᠤᠭ᠎ᠠ ᠶᠢᠨ ᠲᠦᠷᠢᠮ︾ ᠢ ᠰᠦᠪᠡᠭᠴᠢᠯᠡᠨ | ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠭᠤᠷᠪᠠᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠤᠯᠤᠭᠰᠠᠨ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ | ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢᠯᠠᠩᠭᠤᠶ᠎ᠠ ᠰᠤᠮᠤ ᠰᠢᠶᠠᠩ | ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ ᠪᠠᠶᠢᠢᠭ᠎ᠠ | ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠣᠯᠢ ᠬᠡᠷᠩᠵᠢᠭᠦᠯᠵᠣ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠤᠨ | ᠬᠠᠤᠯᠢ ᠬᠡᠷᠡᠭᠵᠢᠭᠦᠯᠦᠯᠲᠡ ᠶᠢ ᠦᠨᠡᠨ ᠬᠦ ᠴᠢᠩᠭᠠᠳᠬᠠᠵᠤ᠂ ᠲᠠᠷᠢᠶᠠᠯᠠᠬᠤ ᠭᠠᠵᠠᠷ ᠢ ᠰᠦᠢᠳᠭᠡᠵᠦ ᠪᠠᠶᠢᠢᠭ᠎ᠠ ᠬᠠᠤᠯᠢ | ᠲᠣᠭᠲᠠᠭᠠᠯ ᠠᠴᠠ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ | ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ | ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ᠬᠢᠨᠠᠯᠲᠠ ᠲᠠᠯᠪᠢᠵᠣ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠪᠠᠶᠢᠢᠭᠠᠣᠨ | ᠴᠡᠭᠴᠡᠯᠡᠨ ᠰᠠᠶᠢᠢᠵᠢᠷᠠᠭᠤᠯᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ | ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠡᠭᠦᠷᠭᠡ ᠶᠢᠨ ᠢᠶᠠᠨ ᠶᠣᠰᠣᠭᠠᠷ᠂ | ᠬᠠᠮᠵᠢᠯᠴᠠᠵᠣ ᠬᠤᠷᠰᠢᠯᠴᠠᠬᠤ ᠪᠠᠨ ᠴᠢᠩᠭᠠᠳᠬᠠᠨ᠂ ᠨᠠᠶᠢᠢᠳᠠᠪᠣᠷᠢᠵᠢᠭᠤᠯᠣᠯᠳᠡ ᠶᠢ ᠦᠨᠡᠨ ᠬᠦ ᠰᠠᠶᠢᠲᠤᠷ ᠠᠳᠬᠤᠬᠤ | ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠷᠢᠭᠤᠴᠠᠯᠭᠠᠳᠣ ᠬᠠᠷᠠᠯᠲᠠ ᠪᠠᠨ | ᠨᠠᠷᠢᠯᠢᠬᠵᠢᠭᠤᠯᠤᠨ ᠵᠠᠳᠠᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠢᠯᠠᠩᠭᠤᠶ᠎ᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠲᠠᠷᠢᠶᠠᠯᠠᠬᠤ | ᠭᠠᠵᠠᠷ ᠤᠨ ᠴᠢᠨᠠᠷ ᠢ ᠬᠠᠮᠠᠭᠠᠯᠠᠬᠤ ᠪᠠ ᠰᠠᠶᠢᠢᠵᠢᠷᠠᠭᠤᠯᠬᠤ ᠠᠵᠢᠯᠯᠠᠭᠠᠨ ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ ᠢ | ᠰᠡᠯᠭᠦᠵᠦ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠳᠠᠬᠢ ᠬᠠᠮᠢᠶᠠᠷᠤᠯᠲᠠ ᠪᠠᠨ ᠴᠢᠩᠭᠠᠳᠬᠠᠨ᠂ | ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠦᠵᠡᠭᠳᠡᠯ ᠢ ᠴᠢᠩᠭ᠎ᠠ ᠰᠡᠷᠭᠡᠶᠢᠢᠯᠡᠨ᠂ | ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠪᠠᠨ ᠰᠢᠯᠵᠢᠭᠦᠯᠦᠨ ᠡᠷᠬᠢᠯᠳᠦᠭᠦᠯᠬᠦ ᠶᠢ ᠡᠮᠬᠢ ᠵᠢᠷᠤᠮ ᠲᠠᠢ ᠪᠠᠷ | ᠬᠦᠲᠦᠯᠦᠨ ᠵᠢᠯᠤᠭᠤᠳᠴᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠬᠤ ᠶᠢ | ᠬᠥᠲᠥᠯᠦᠨ ᠵᠢᠯᠣᠭᠤᠳᠴᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢᠨ | ᠬᠠᠮᠲᠤ᠂ ᠬᠥᠳᠡᠭᠡ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠶ ᠶᠢ ᠡᠵᠡᠯᠡᠨ ᠬᠡᠷᠩᠯᠡᠵᠣ ᠣᠷᠣᠨ | ᠰᠠᠭᠤᠴᠠ ᠪᠠᠶᠢᠢᠭᠤᠯᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠲᠠᠷᠢᠶᠠᠯᠠᠬᠤ | ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ ᠢᠳᠡᠪᠬᠢᠲᠡᠶ | ᠵᠣᠬᠢᠶᠠᠨ ᠪᠠᠶᠢᠭᠤᠯᠤᠨ ᠥᠷᠨᠢᠭᠦᠯᠵᠦ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠬᠯᠠᠬᠤ | ᠪᠠ ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠢ ᠪᠠᠲᠤᠯᠠᠬᠤ ᠠᠷᠭ᠎ᠠ ᠵᠠᠮ ᠢᠶᠠᠷ ᠳᠠᠮᠵᠢᠭᠤᠯᠤᠨ᠂ ᠲᠥᠪ | ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠤᠰᠬᠠᠶ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ | ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠳᠡᠮᠵᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠬᠠᠮᠲᠤ ᠪᠠᠷ ᠪᠠᠯᠠ ᠮᠦᠩᠭᠦᠨ ᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ | ᠠᠵᠢᠯ ᠢᠶᠠᠨ ᠰᠠᠶᠢᠲᠤᠷ ᠬᠢᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠪᠠᠨ | ᠭᠦᠢᠴᠡᠳᠬᠡᠭᠰᠡᠨ ᠪᠠᠶᠢᠳᠠᠯ ᠢ ᠰᠢᠯᠭᠠᠨ ᠬᠢᠨᠠᠬᠤ ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠬᠢᠨᠠᠨ ᠪᠤᠳᠤᠬᠤ ᠰᠠᠯᠠᠭ᠎ᠠ | ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠢᠨᠠᠨ | ᠪᠤᠳᠤᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ | ᠲᠡᠭᠡᠭᠡᠪᠦᠷᠢ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠤᠰᠤᠨ ᠠᠰᠢᠬᠯᠠᠯᠲᠠ᠂ ᠤᠢ ᠰᠢᠭᠤᠶ | ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ | ᠬᠢᠨᠠᠨ ᠵᠥᠪᠰᠢᠶᠡᠷᠡᠬᠦ ᠪᠠ ᠪᠦᠳᠦᠭᠡᠨ ᠪᠠᠶᠢᠭᠤᠯᠬᠤ ᠠᠵᠢᠯ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ | ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ᠂ ᠠᠮᠢ ᠠᠬᠤᠶ ᠶᠢᠨ ᠪᠦᠳᠦᠭᠡᠨ | ᠪᠠᠶᠢᠭᠤᠯᠤᠯᠲᠠ᠂ ᠬᠥᠭᠵᠢᠯᠲᠡ ᠶᠢ ᠪᠠᠲᠤᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠬᠦᠴᠦᠲᠡᠶ ᠬᠠᠮᠠᠭᠠᠯᠠᠬᠤ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠦᠨᠡᠨ | ᠬᠦ ᠪᠡᠶᠡᠯᠡᠭᠦᠯᠬᠦ ᠬᠡᠷᠡᠭᠲᠡᠶ᠃ | ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ ᠬᠢᠨᠠᠬᠤ | ᠲᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢᠨ ᠰᠢᠯᠭᠠᠨ ᠬᠢᠨᠠᠬᠤ ᠲᠦᠷᠢᠮ ᠢᠶᠠᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠴᠤᠯ ᠲᠠᠷᠢᠶᠠᠯᠠᠬᠤ ᠭᠠᠵᠠᠷ ᠤᠨ ᠪᠠᠶᠢᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢᠨ ᠰᠢᠯᠭᠠᠨ ᠬᠢᠨᠠᠯᠳᠡ ᠪᠠᠶᠢᠢᠭᠰᠠᠨ ᠠᠴᠠ ᠪᠠᠨ ᠲᠠᠷᠢᠶᠠᠯᠠᠬᠤ ᠭᠠᠵᠠᠷ ᠤᠨ | ᠲᠤᠭ᠎ᠠ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠡ ᠶᠢ ᠨᠢᠭᠡ ᠴᠣᠭᠴᠠᠵᠢᠭᠤᠯᠣᠭᠰᠠᠨ︾ ᠰᠢᠯᠭᠠᠨ ᠬᠢᠨᠠᠯᠳᠡ | ᠲᠡᠶᠢᠢᠰᠢ ᠬᠤᠪᠢᠷᠠᠭᠤᠯᠬᠤ ᠬᠡᠷᠡᠭᠲᠡᠶ᠃ ᠲᠠᠷᠢᠶᠠᠯᠠᠬᠤ ᠭᠠᠵᠠᠷ ᠤᠨ ᠪᠠᠶᠢᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ ᠤᠨ | ᠴᠢᠨᠠᠷ ᠪᠠ ᠠᠮᠢ ᠠᠬᠤᠶ ᠶᠢᠨ ᠬᠦᠴᠦᠨ ᠵᠦᠢᠯ ᠢ ᠰᠢᠯᠭᠠᠨ ᠬᠢᠨᠠᠬᠤ ᠳᠠᠬᠢ ᠡᠵᠡᠯᠡᠬᠦ ᠬᠤᠪᠢᠳᠠᠯ ᠢ ᠨᠡᠮᠡᠭᠳᠡᠭᠦᠯᠦᠨ᠎ᠡ᠃ | ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠬᠦᠨᠳᠦ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ | ᠲᠣᠪᠤᠶᠢᠮ᠎ᠠ ᠠᠶᠢᠮᠠᠭ ᠬᠤᠲᠠ ᠶᠢ ᠰᠠᠶᠢᠰᠢᠶᠠᠨ᠎ᠠ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ | ᠦᠭᠡᠢ᠂ ᠴᠢᠩᠭ᠎ᠠ ᠬᠢᠨᠠᠨ ᠬᠠᠮᠢᠶᠠᠷᠤᠭᠰᠠᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ | ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠵᠦ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ | ᠬᠠᠮᠢᠶ᠎ᠠ ᠪᠥᠬᠦᠶ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ ᠪᠠᠶᠢᠳᠠᠯ᠂ ᠰᠢᠨ᠎ᠡ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠥᠬᠦ ᠶᠠᠪᠤᠴᠠ ᠳᠤ ᠨᠢ ᠬᠢᠨᠠᠨ ᠬᠠᠮᠢᠶᠠᠷᠬᠤ᠂ ᠴᠠᠭ | ᠲᠤᠬᠠᠶ ᠳᠤ ᠨᠢ ᠢᠯᠡᠷᠡᠭᠦᠯᠭᠦ᠂ ᠲᠦᠷᠭᠡᠨ ᠰᠢᠢᠣᠡᠪᠣᠷᠢᠯᠡᠭᠦ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠨᠢ ᠭᠠᠵᠠᠷ ᠰᠢᠷᠣᠶ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ | ᠠᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠨᠢᠭᠡ ᠤᠳᠠᠭ᠎ᠠ ᠪᠦᠬᠦᠨ ᠢ | ᠬᠠᠮᠤᠷᠤᠭᠤᠯᠤᠭᠰᠠᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠢᠴᠠᠭᠠᠬᠤ ᠶᠢᠨ ᠬᠠᠮᠲᠤ | ᠂ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠲᠣᠭᠤᠷᠢᠨ ᠪᠠᠶᠢᠢᠴᠠᠭᠠᠬᠤ ᠳᠤ ᠢᠯᠡᠷᠡᠭᠦᠯᠦᠭᠰᠡᠨ | ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠬᠤ ᠬᠡᠷᠡᠭᠲᠡᠶ︔ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠬᠦᠯᠢᠶᠡᠨ ᠠᠪᠤᠭᠰᠠᠨ 5 ᠡᠳᠦᠷ ᠤᠨ ᠳᠣᠲᠣᠷ᠎ᠠ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠨ᠎ᠠ︔ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤ ᠨᠢ | ᠬᠠᠷᠭᠤᠭᠤᠯᠤᠨ ᠪᠠᠶᠢᠢᠴᠠᠭᠠᠯᠭᠠᠵᠤ᠂ ᠬᠠᠤᠯᠢ ᠠᠴᠠ ᠵᠥᠷᠢᠴᠡᠭᠰᠡᠨ ᠢ ᠨᠢ ᠨᠤᠲᠠᠯᠠᠭᠰᠠᠨ ᠪᠣᠯ᠂ ᠬᠤᠰᠢᠭᠤ ᠰᠢᠶᠠᠨ ︵ | ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠴᠠᠭ | ᠲᠤᠬᠠᠶ ᠳᠤ ᠨᠢ ᠰᠢᠢᠳᠪᠦᠷᠢᠯᠡᠬᠦ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠬᠢᠵᠠᠭᠠᠷ ᠤᠨ ᠶᠣᠰᠣᠭᠠᠷ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠳᠤ ᠱᠠᠲᠤ ᠳᠠᠷᠠᠭᠠᠯᠠᠨ ᠮᠡᠳᠡᠭᠦᠯᠭᠦ ᠬᠡᠷᠩᠲᠠᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠪᠣᠯᠤᠨ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠴᠠᠭ | ᠲᠤᠬᠠᠶ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠥᠬᠡᠶ ᠪᠠᠶᠢᠢᠬᠤ ᠶᠢ ᠣᠯᠵᠤ ᠮᠡᠳᠡᠪᠡᠯ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠳᠡᠭᠡᠳᠦ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ | ᠮᠡᠳᠡᠭᠦᠯᠬᠦ ᠬᠡᠷᠡᠭᠲᠡᠶ᠃ | ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ | ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ | ᠴᠣᠭᠴᠠ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ | ᠦᠨᠡᠨ ᠬᠦ ᠴᠢᠩᠭᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠡᠷᠭᠡᠶᠢᠢᠯᠡᠬᠦ ᠠᠵᠢᠯ ᠢ ᠤᠷᠢᠳ ᠢᠶᠠᠷ ᠬᠢᠬᠦ᠂ ᠭᠤᠤᠯᠳᠠᠯᠭ᠎ᠠ ᠪᠠᠨ | ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷᠡᠯᠡᠨ ᠵᠢᠭᠠᠵᠤ | ᠰᠢᠮᠳᠠᠭᠤᠯᠤᠨ ᠭᠦᠢᠴᠡᠣᠡᠭᠡᠯᠭᠡᠭᠦ ᠬᠡᠷᠩᠲᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠵᠢᠯ ᠪᠦᠷᠢ ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠢᠶᠠᠷ | ᠥᠨᠳᠥᠷ᠂ ᠲᠠᠷᠢᠶᠠᠯᠠᠬᠤ ᠪᠠᠨ ᠪᠤᠯᠢᠵᠤ ᠠᠲᠠᠷᠰᠢᠭᠤᠯᠤᠭᠰᠠᠨ ᠢᠶᠠᠷ ᠬᠦᠨᠳᠦ ᠨᠣᠴᠢᠲᠠᠶ ᠡᠳᠦᠢ ᠲᠡᠳᠦᠢ ᠠᠶᠢᠮᠠᠭ ᠬᠤᠲᠠ | ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠤᠩᠭᠤᠵᠤ ᠰᠢᠮᠳᠠᠭᠤᠯᠤᠨ ᠪᠠᠶᠢᠴᠠᠭᠠᠭᠰᠠᠨ ᠰᠠᠨᠠᠯ ᠤᠨ ᠪᠢᠴᠢᠭ | ᠪᠠᠭᠤᠯᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠣ᠂ ᠦᠢᠯᠡ ᠪᠠᠶᠢᠳᠠᠯ ᠨᠢ ᠬᠦᠨᠳᠦ | ᠨᠣᠴᠢᠲᠠᠶ ᠪᠣᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠠᠮᠢᠶ᠎ᠠ ᠪᠥᠬᠦᠶ | ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ | ᠳᠤᠷᠠᠳᠤᠨ ᠳᠡᠪᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠭᠡᠵᠦ ᠬᠠᠤᠯᠢ ᠠᠴᠠ | ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ | ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ ᠪᠣᠯᠭᠠᠬᠤ ᠬᠡᠷᠡᠭᠲᠡᠶ᠃ | ᠬᠤᠶᠠᠷ᠂ ᠲᠠᠷᠢᠶᠠᠯᠠᠬᠤ ᠭᠠᠵᠠᠷ ᠤᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ | ᠲᠠᠯ᠎ᠠ ᠪᠠᠷ ᠴᠢᠩᠭᠠᠳᠬᠠᠨ᠎ᠠ | ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠦᠯᠣᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠪᠥᠬᠦ ᠲᠠᠯ᠎ᠠ ᠪᠠᠷ | ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠭᠤᠷᠪᠠᠨ ᠲᠦᠷᠦᠯ ᠤᠨ | ᠣᠷᠣᠨ ᠵᠠᠶ ᠶᠢ ᠵᠦᠢ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠭᠠᠵᠠᠷ ᠰᠢᠷᠣᠶ ᠶᠢᠨ ᠬᠡᠷᠡᠭᠴᠡᠭᠡ ᠶᠢ ᠵᠠᠬᠢᠷᠤᠨ | ᠬᠠᠮᠢᠶᠠᠷᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠭᠦ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠭᠠᠵᠠᠷ ᠰᠢᠷᠣᠶ ᠶᠢ ᠠᠷᠪᠢᠲᠠᠶ | ᠡᠷᠴᠢᠮᠯᠢᠭ ᠠᠰᠢᠬᠯᠠᠬᠤ ᠬᠢᠷᠢ ᠲᠦᠪᠰᠢᠨ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠴᠢᠳᠠᠪᠤᠷᠢ ᠯᠤᠭ᠎ᠠ | ᠬᠤᠯᠪᠣᠭᠳᠠᠭᠤᠯᠬᠤ ᠪᠣᠳᠣᠯᠭ᠎ᠠ ᠶᠢ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ | ᠬᠡᠪᠴᠢᠶ᠎ᠡ ᠨᠢ ᠨᠡᠯᠢᠶᠡᠳ ᠶᠡᠭᠡ᠂ ᠠᠰᠢᠬᠯᠠᠯᠲᠠ ᠪᠦᠳᠦᠭᠦᠯᠢᠭ᠂ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ | ᠬᠦᠷᠦᠯᠴᠡᠬᠦ ᠥᠬᠡᠶ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠯᠡᠭᠡ ᠶᠢ ᠵᠦᠢ ᠵᠣᠬᠢᠰᠲᠠᠶ ᠳᠣᠭᠢᠷᠠᠭᠤᠯᠤᠨ ᠬᠠᠰᠤᠵᠤ᠂ ᠡᠯ᠎ᠡ ᠲᠥᠷᠥᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠥᠲᠥᠯᠥᠨ ᠵᠢᠯᠣᠭᠤᠳᠴᠤ ᠪᠠᠶᠢᠢᠭᠠᠳ ᠲᠠᠷᠢᠶᠠᠯᠠᠬᠤ ᠭᠠᠵᠠᠷ ᠢ ᠠᠯᠢ | ᠴᠢᠳᠠᠬᠤ ᠪᠠᠷ ᠡᠵᠡᠯᠡᠭᠦᠯᠬᠦ ᠥᠬᠡᠶ ᠪᠤᠶᠤ ᠳᠤᠲᠠᠭᠤ ᠡᠵᠡᠯᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠲᠠᠯ᠎ᠠ ᠶᠢᠨ ᠨᠤᠲᠠᠯᠠᠯᠲᠠ ᠶᠢ ᠴᠢᠩᠭᠠᠳᠬᠠᠵᠤ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠬᠦ ᠲᠠᠷᠢᠶᠠᠯᠠᠬᠤ ᠭᠠᠵᠠᠷ ᠤᠨ ᠬᠡᠪᠴᠢᠶ᠎ᠡ ᠶᠢ ᠴᠢᠩᠭ᠎ᠠ | ᠬᠠᠷᠭᠤᠭᠤᠯᠤᠨ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠵᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠬᠯᠠᠨ᠎ᠠ᠃ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢᠨ ᠣᠨᠣᠪᠴᠢᠲᠤ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠲᠠᠷᠢᠶᠠᠯᠠᠬᠤ ᠭᠠᠵᠠᠷ ᠢᠯᠠᠩᠭᠤᠶ᠎ᠠ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ | ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠᠨ ᠪᠥᠬᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠬᠯᠠᠬᠤ ᠲᠤᠬᠠᠶ | ᠲᠥᠪ ᠤᠨ ᠬᠠᠮᠢᠶ᠎ᠠ ᠪᠥᠬᠦᠶ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ | ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠬᠡᠷᠡᠭᠲᠡᠶ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ | ᠪᠣᠯᠭᠠᠨ ᠬᠤᠪᠢᠷᠠᠭᠤᠯᠬᠤ ᠶᠢ ᠵᠠᠬᠢᠷᠤᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠬᠤ | ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠬᠯᠠᠨ ᠵᠣᠭᠰᠣᠭᠠᠵᠤ᠂ ᠲᠠᠷᠢᠶᠠᠯᠠᠬᠤ ᠭᠠᠵᠠᠷ ᠢ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠬᠯᠠᠨ᠎ᠠ᠃ ᠲᠠᠷᠢᠶᠠᠯᠠᠬᠤ ᠭᠠᠵᠠᠷ ᠢ ᠠᠰᠢᠬᠯᠠᠬᠤ ᠲᠡᠷᠢᠭᠦᠨ ᠤ | ᠲᠡᠰ ᠳᠠᠷᠠᠭᠠᠯᠠᠯ ᠢ ᠲᠣᠳᠣᠷᠬᠠᠶᠢᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ | ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠯᠠᠬᠤ ᠭᠠᠵᠠᠷ ᠢ | ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠤᠰᠤ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ | ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ᠃ ᠡᠩ ᠤᠨ ᠲᠠᠷᠢᠶᠠᠯᠠᠬᠤ | ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ | ᠃ ᠲᠠᠷᠢᠶᠠᠯᠠᠬᠤ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠵᠢᠴᠢ | ᠲᠠᠷᠢᠶᠠᠯᠠᠩ ᠤᠨ ᠪᠡᠯᠡᠳᠭᠡᠮᠵᠢ ᠶᠢᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠳᠤ ᠣᠨ ᠤ ︽ | ᠡᠵᠡᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠤᠨ ᠣᠨ ᠤ ︽ᠡᠵᠡᠯᠡᠬᠦ ᠪᠠ ᠨᠦᠬᠦᠪᠦᠷᠢᠯᠡᠬᠦ ᠶᠢ | ᠲᠡᠩᠴᠡᠭᠦᠷᠢᠰᠢᠭᠦᠯᠬᠦ︾ ᠶᠡᠷᠦᠩᠬᠡᠶ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤ | ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢᠨ ᠳᠡᠮᠵᠢᠯᠭᠡ ᠦᠵᠡᠭᠦᠯᠬᠦ | ᠬᠡᠷᠡᠭᠲᠡᠶ᠃ ︽ᠡᠵᠡᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠡᠩ ᠲᠡᠷᠢᠭᠦᠨ ᠳᠤ ᠬᠤᠰᠢᠭᠤ ᠰᠢᠶᠠᠨ ᠤ | ᠬᠡᠪᠴᠢᠶᠡᠨ ᠳᠤ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠤ ᠨᠠᠶᠢᠳᠠᠪᠤᠷᠢᠵᠢᠭᠤᠯᠬᠤ ᠶᠢᠨ ᠠᠷᠭ᠎ᠠ | ᠥᠬᠡᠶ ᠶᠢ ᠨᠢ ᠠᠶᠢᠮᠠᠭ ᠬᠤᠲᠠ ᠶᠢᠨ ᠬᠡᠪᠴᠢᠶᠡᠨ ᠳᠤ ᠨᠠᠶᠢᠢᠳᠠᠪᠣᠷᠢᠵᠢᠭᠤᠯᠬᠤ ᠬᠡᠷᠩᠲᠠᠢ︔ ᠠᠶᠢᠮᠠᠭ ᠬᠤᠲᠠ ᠶᠢᠨ | ᠬᠡᠪᠴᠢᠶᠡᠨ ᠳᠤ ᠮᠥᠨ ᠴᠦ ᠨᠠᠶᠢᠳᠠᠪᠤᠷᠢᠵᠢᠭᠤᠯᠬᠤ ᠶᠢᠨ ᠠᠷᠭ᠎ᠠ ᠥᠬᠡᠶ ᠪᠣᠯ᠂ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠤᠨ᠎ᠠ᠃ | ︵ᠨᠠᠶᠢᠮᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ | ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ | ᠨᠢᠭᠡ ᠠᠯᠬᠤᠮ ᠨᠡᠮᠡᠭᠳᠡᠭᠦᠯᠵᠦ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ | ᠬᠠᠮᠠᠭᠠᠯᠠᠬᠤ ᠶᠢ ᠴᠢᠩᠳᠠᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠵᠠᠭᠠᠭᠯᠠᠨ | ᠲᠣᠭᠲᠠᠭᠠᠭᠰᠠᠨ ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠣᠨ ᠳᠤᠷ᠎ᠠ ᠪᠠᠷ ᠡᠵᠡᠯᠡᠨ ᠬᠡᠷᠡᠭᠯᠡᠬᠦ ᠪᠤᠶᠤ | ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ | ᠬᠠᠮᠢᠶ᠎ᠠ ᠪᠥᠬᠦᠶ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠣᠯᠤᠨ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠩᠯᠡᠵᠣ ᠤᠭᠤᠷᠬᠠᠢ ᠪᠠᠷᠢᠬᠤ᠂ ᠬᠡᠷ ᠪᠠᠷᠢᠬᠤ᠂ ᠪᠤᠯᠠᠰᠢ ᠶᠢᠨ ᠭᠠᠵᠠᠷ | ᠪᠣᠯᠭᠠᠬᠤ᠂ ᠬᠠᠶᠢᠢᠷ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠣᠪᠣᠭᠠᠯᠠᠬᠤ ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠦᠢᠣᠡᠭᠡᠭᠦ ᠪᠤᠰᠤᠳ | ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠬᠠᠰᠢᠶ᠎ᠠ ᠵᠡᠷᠭᠡ | ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠳᠦᠭᠡᠠ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ ᠪᠣᠯᠬᠤ ᠦᠭᠡᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠬᠡᠷᠡᠭᠯᠡᠵᠦ ᠣᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠳᠠᠵᠤ ᠵᠢᠭᠠᠰᠤ ᠲᠡᠵᠢᠭᠡᠬᠦ ᠶᠢ ᠴᠢᠩᠭ᠎ᠠ | ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠴᠢᠬᠢ ᠮᠣᠳᠣ᠂ ᠬᠥᠷᠥᠰᠥ | ᠤᠷᠭᠤᠮᠠᠯ ᠵᠡᠷᠭᠡ ᠨᠣᠭᠤᠭᠠᠷᠠᠭᠤᠯᠵᠤ ᠴᠢᠮᠡᠭᠯᠡᠬᠦ ᠳᠤ ᠬᠡᠷᠡᠭᠯᠡᠬᠦ ᠵᠢᠴᠢ ᠲᠠᠷᠢᠶᠠᠯᠠᠬᠤ ᠳᠠᠪᠬᠤᠷᠭ᠎ᠠ ᠶᠢ ᠡᠪᠳᠡᠬᠦ ᠪᠤᠰᠤᠳ | ᠤᠷᠭᠤᠮᠠᠯ ᠲᠠᠷᠢᠵᠤ ᠵᠠᠶᠢᠯᠠᠬᠤ ᠶᠢ ᠴᠢᠩᠭ᠎ᠠ ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭᠠᠬᠤ᠂ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ ᠶᠢ ᠴᠢᠩᠭ᠎ᠠ | ᠴᠠᠭᠠᠵᠠᠯᠠᠵᠤ᠂ ᠥᠨᠢᠳᠡ ᠶᠢᠨ ᠦᠨᠳᠦᠰᠦᠨ ᠲᠡᠷᠢᠶᠠᠨ ᠭᠠᠵᠠᠷ ᠢ ᠡᠵᠡᠯᠡᠨ ᠬᠡᠷᠡᠭᠯᠡᠵᠦ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠪᠡᠯᠡᠳᠭᠡᠮᠵᠢ᠂ ᠤᠰᠤᠨ ᠭᠠᠷᠤᠯᠲᠠ ᠲᠡᠵᠢᠭᠡᠨ ᠦᠷᠡᠵᠢᠭᠦᠯᠬᠦ ᠪᠡᠯᠡᠳᠬᠡᠮᠵᠢ ᠪᠠᠶᠢᠭᠤᠯᠬᠤ ᠪᠠ ᠲᠠᠷᠢᠶᠠᠯᠠᠬᠤ | ᠳᠠᠪᠬᠤᠷᠭ᠎ᠠ ᠶᠢ ᠡᠪᠳᠡᠬᠦ ᠲᠠᠷᠢᠮᠠᠯ ᠤᠨ ᠦᠢᠯᠡᠰ ᠤᠨ ᠪᠡᠯᠡᠳᠭᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠡᠷᠢᠶᠠᠨ ᠭᠠᠵᠠᠷ ᠤᠨ ᠡᠯ᠎ᠡ ᠲᠦᠷᠦᠯ ᠤᠨ ᠪᠦᠳᠦᠭᠡᠨ ᠪᠠᠶᠢᠭᠤᠯᠤᠯᠲᠠ ᠶᠢᠨ | ᠪᠠᠶᠢᠷᠢᠰᠢᠯ ᠳᠠᠬᠢ ᠬᠢᠵᠠᠭᠠᠷᠯᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠨᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠲᠠᠢ ᠭᠦᠢᠴᠡᠳ ᠵᠣᠯᠭᠠᠭᠤᠯᠵᠤ᠂ ᠵᠠᠷᠴᠢᠮ ᠳᠡᠭᠡᠷ᠎ᠡ ᠪᠠᠨ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷ ᠢ ᠳᠠᠪᠠᠵᠤ ᠪᠣᠯᠬᠤ ᠥᠬᠡᠶ᠃ ᠡᠨᠧᠷᠭᠢ᠂ ᠵᠠᠮ | ᠬᠠᠷᠢᠯᠴᠠᠭ᠎ᠠ᠂ ᠤᠰᠤᠨ ᠠᠰᠢᠬᠯᠠᠯᠲᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠰᠤᠩᠭᠤᠬᠤ ᠭᠠᠵᠠᠷ ᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ | ᠵᠠᠶᠢᠯᠠᠭᠤᠯᠬᠤ ᠳᠤ ᠦᠨᠡᠬᠡᠷ ᠬᠦᠴᠢᠷᠲᠡᠶ ᠪᠠᠶᠢᠪᠠᠯ᠂ ᠡᠷᠬᠡᠪᠰᠢ ᠪᠣᠯᠤᠮᠵᠢᠲᠤ ᠴᠢᠨᠠᠷ ᠤᠨ ᠰᠤᠳᠤᠯᠤᠯ ᠤᠨ ᠱᠠᠲᠤᠨ ᠳᠤ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ | ᠪᠠ ᠨᠥᠬᠦᠪᠥᠷᠢᠯᠡᠨ ᠬᠤᠪᠢᠶᠠᠷᠢᠯᠠᠬᠤ ᠲᠥᠰᠦᠯ ᠤᠨ ᠪᠣᠯᠤᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ᠂ ᠬᠠᠤᠯᠢ | ᠶᠣᠰᠣᠭᠠᠷ ᠵᠥᠪᠰᠢᠶᠡᠷᠡᠭᠦᠯᠬᠦ ᠶᠢᠨ ᠬᠠᠮᠲᠤ ᠬᠡᠷᠡᠭᠯᠡᠭᠰᠡᠨ ᠭᠠᠵᠠᠷ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠤᠷᠳᠤ ᠬᠤᠭᠤᠴᠠᠭ᠎ᠠ ᠪᠠᠷ ᠲᠣᠭᠲᠠᠪᠤᠷᠢᠲᠠᠶ ᠠᠰᠢᠬᠯᠠᠵᠤ ᠪᠣᠯᠬᠤ | ᠲᠠᠷᠢᠶᠠᠯᠠᠬᠤ ᠭᠠᠵᠠᠷ ᠲᠤ ᠨᠥᠬᠦᠪᠥᠷᠢᠯᠡᠨ ᠬᠤᠪᠢᠶᠠᠷᠢᠯᠠᠬᠤ ᠬᠡᠷᠡᠭᠲᠡᠶ᠃ ᠬᠤᠰᠢᠭᠤ ᠰᠢᠶᠠᠨ ︵ᠬᠤᠲᠠ᠂ ᠲᠣᠭᠤᠷᠢᠭ︶ | ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ | ᠳᠤᠷ᠎ᠠ ᠪᠠᠷ ᠲᠣᠬᠢᠷᠠᠭᠤᠯᠬᠤ ᠪᠠᠷ ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠵᠠᠶᠢᠯᠠᠬᠤ ᠶᠢ ᠴᠢᠩᠭ᠎ᠠ ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ᠂ ᠠᠲᠠᠷᠰᠢᠭᠤᠯᠬᠤ ᠶᠢ ᠴᠠᠭᠠᠵᠠᠯᠠᠨ᠎ᠠ᠃ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠠᠴᠠ ᠵᠠᠶᠢᠯᠠᠭᠤᠯᠬᠤ ᠬᠡᠷᠡᠭᠲᠡᠶ᠃ | ︵ᠶᠢᠰᠦ︶ ᠲᠠᠷᠢᠶᠠᠴᠢᠣᠨ ᠮᠠᠯᠴᠢᠳ ᠤᠨ ᠲᠠᠷᠢᠶᠠᠯᠠᠬᠤ ᠭᠠᠵᠠᠷ ᠢ ᠡᠵᠡᠯᠡᠨ ᠬᠡᠷᠩᠯᠡᠵᠣ ᠬᠡᠷ ᠪᠠᠷᠢᠬᠤ ᠳᠠᠬᠢ | ᠬᠠᠮᠢᠶᠠᠷᠤᠯᠲᠠ ᠶᠢ ᠴᠢᠩᠳᠠᠯᠠᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠢᠳᠡᠪᠬᠢᠲᠡᠶ ᠡᠮᠬᠢ ᠵᠢᠷᠤᠮ ᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠴᠡᠭ ᠲᠤ | ᠬᠡᠷᠡᠭᠯᠡᠬᠦ ᠭᠠᠵᠠᠷ ᠤᠨ ᠪᠠᠶᠢᠢᠷᠢᠰᠢᠭᠤᠯᠣᠯᠳᠡ ᠪᠣᠯᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ | ᠲᠣᠭᠲᠠᠭᠠᠬᠤ ᠬᠡᠷᠡᠭᠲᠡᠶ᠃ ᠲᠠᠷᠢᠶᠠᠴᠢᠣᠨ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠬᠡᠷ | ᠪᠠᠷᠢᠬᠤ ᠪᠤᠶᠤ ᠪᠠᠭᠤᠷᠢ ᠳᠡᠭᠡᠷ᠎ᠡ ᠨᠢ ᠳᠠᠬᠢᠨ ᠪᠠᠷᠢᠭᠤᠯᠵᠤ᠂ ᠠᠶᠢᠯ ᠲᠣᠰᠬᠤᠨ ᠤ ᠳᠣᠲᠣᠭᠠᠳᠤ ᠳᠠᠬᠢ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠬᠯᠠᠭᠠᠳᠤᠶ ᠭᠠᠵᠠᠷ ᠢ ᠭᠦᠢᠴᠡᠳ ᠠᠰᠢᠬᠯᠠᠨ᠂ ᠲᠠᠷᠢᠶᠠᠯᠠᠬᠤ | ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠥᠬᠡᠶ ᠪᠤᠶᠤ ᠪᠠᠭ᠎ᠠ ᠡᠵᠡᠯᠡᠭᠦᠯᠦᠨ᠎ᠡ᠃ ᠲᠠᠷᠢᠶᠠᠴᠢᠣᠨ ᠮᠠᠯᠴᠢᠳ ᠬᠡᠷ | ᠪᠠᠷᠢᠬᠤ ᠳᠤ ᠪᠠᠨ ᠵᠦᠪᠰᠢᠶᠡᠷᠡᠯ ᠢᠶᠠᠷ ᠳᠡᠮᠵᠢᠭᠠᠣᠨ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ ᠬᠡᠷᠡᠭᠯᠡᠬᠦ | ᠴᠢᠬᠤᠯᠠ ᠲᠠᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ | ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠣᠡᠭᠡᠭᠦ ᠬᠡᠷᠩᠲᠠᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠬᠡᠷ ᠪᠠᠷᠢᠬᠤ ᠶᠢ | ᠴᠢᠩᠭ᠎ᠠ ᠴᠠᠭᠠᠵᠠᠯᠠᠵᠤ᠂ ︽ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠬᠤ︾ | ᠲᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠣᠷᠣᠨ ᠰᠠᠭᠤᠴᠠ ᠶᠢᠨ ᠰᠠᠭᠤᠷᠢ | ᠭᠠᠵᠠᠷ ᠤᠨ ᠲᠠᠯᠠᠪᠠᠶ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠤ ᠲᠠᠷᠢᠶᠠᠴᠢᠣᠨ ᠮᠠᠯᠴᠢᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠢᠨᠠᠨ | ᠵᠥᠪᠰᠢᠶᠡᠷᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠴᠢᠳ ᠮᠠᠯᠴᠢᠣᠨ ᠤᠨ ᠬᠡᠷ ᠪᠠᠷᠢᠬᠤ ᠳᠤ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠳᠣᠤᠷᠠᠳᠤ ᠱᠠᠲᠤ ᠶᠢᠨ ᠬᠢᠨ | ᠬᠤᠯᠪᠣᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠠᠪᠰᠤᠷᠤᠯᠴᠠᠭᠰᠠᠨ᠂ ᠴᠤᠭᠭᠠᠷ ᠠᠳᠬᠤᠵᠤ ᠬᠠᠮᠲᠤ ᠳᠤ ᠨᠢ | ᠬᠠᠮᠢᠶᠠᠷᠤᠭᠰᠠᠨ ᠲᠠᠷᠢᠶᠠᠴᠢᠣᠨ ᠮᠠᠯᠴᠢᠳ ᠤᠨ ᠬᠡᠷ ᠪᠠᠷᠢᠬᠤ ᠶᠢ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠣᠯᠭᠠᠨ᠎ᠠ᠃ | | ︵ᠠᠷᠪᠠ︶ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠪᠠᠨ ︽ᠲᠠᠷᠢᠶᠠᠯᠠᠩ ᠤᠨ ᠪᠤᠰᠤ ᠪᠣᠯᠭᠠᠬᠤ︾ | ᠶᠢ ᠴᠢᠩᠭ᠎ᠠ ᠰᠡᠷᠭᠡᠶᠢᠯᠡᠨ᠎ᠡ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ | ᠡᠷᠭᠢᠯᠳᠦᠭᠦᠯᠬᠦ ᠳᠤ ᠪᠠᠨ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ | ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠳᠤ | ᠨᠡᠶᠢᠴᠡᠭᠰᠡᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠶ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ | ᠬᠡᠷᠡᠭᠯᠡᠬᠦ ᠶᠢ ᠪᠠᠷᠢᠮᠲᠠᠯᠠᠵᠤ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠬᠢᠯᠳᠦᠭᠦᠯᠬᠦ ᠨᠡᠷ᠎ᠡ ᠪᠠᠷ ᠲᠠᠷᠢᠶᠠᠯᠠᠩ ᠤᠨ | ᠪᠤᠰᠤ ᠪᠦᠳᠦᠭᠡᠨ ᠪᠠᠶᠢᠭᠤᠯᠤᠯᠲᠠ ᠬᠢᠵᠦ ᠪᠣᠯᠬᠤ ᠦᠭᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠳᠤ | ᠲᠤᠬᠢᠷᠠᠭᠤᠯᠤᠯᠳᠠ ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠥᠭᠡᠢ᠂ | ᠲᠠᠷᠢᠶᠠᠯᠠᠬᠤ ᠳᠠᠪᠬᠤᠷᠭ᠎ᠠ ᠶᠢ ᠡᠪᠳᠡᠵᠦ ᠪᠣᠯᠬᠤ ᠥᠭᠡᠢ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠭᠠᠵᠠᠷ ᠰᠢᠷᠣᠶ ᠡᠵᠡᠩᠨᠡᠬᠦ ᠡᠷᠬᠡᠲᠦ ᠬᠥᠮᠥᠨ ᠲᠠᠷᠢᠶᠠᠯᠠᠬᠤ ᠭᠠᠵᠠᠷ ᠢ | ᠬᠠᠮᠠᠭᠠᠯᠠᠬᠤ ᠪᠠ ᠵᠦᠢ ᠵᠣᠬᠢᠰᠲᠠᠶ ᠠᠰᠢᠬᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠶ᠂ | ᠠᠲᠠᠷᠰᠢᠭᠤᠯᠬᠤ᠂ ᠰᠤᠯᠠ ᠲᠠᠯᠪᠢᠬᠤ᠂ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠯᠠᠬᠤ | ᠭᠠᠵᠠᠷ ᠢ ᠰᠦᠢᠳᠭᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠮᠢᠶᠠᠷᠤᠯᠲᠠ ᠶᠢ | ᠴᠢᠩᠭᠠᠳᠬᠠᠨ᠎ᠠ | ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠤᠰᠤ ᠪᠦᠳᠦᠭᠡᠠ ᠪᠠᠶᠢᠭᠤᠯᠤᠯᠲᠠ ᠳᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠲᠠᠢ | ᠨᠢᠭᠡᠴᠢ ᠨᠢ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠪᠠᠨ ᠡᠷᠬᠡᠪᠰᠢ ᠬᠠᠤᠯᠢ ᠶᠣᠰᠣᠭᠠᠷ ᠭᠦᠢᠴᠡᠳᠬᠡᠬᠦ | ᠬᠡᠷᠡᠭᠲᠡᠶ᠂ ᠲᠤᠭ᠎ᠠ ᠬᠡᠮᠵᠢᠶ᠎ᠡ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ ᠢ ᠥᠪᠡᠷ ᠢᠶᠠᠨ ᠨᠥᠬᠦᠪᠦᠷᠢᠯᠡᠵᠦ | ᠳᠡᠶᠢᠢᠯᠬᠦ ᠦᠭᠡᠢ ᠪᠠᠶᠢᠪᠠᠯ᠂ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠲᠣᠭᠲᠠᠭᠠᠯ ᠶᠣᠰᠣᠭᠠᠷ | ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ | ᠭᠠᠵᠠᠷ ᠢ ᠡᠵᠡᠯᠡᠨ ᠬᠡᠷᠡᠭᠯᠡᠬᠦ ᠳᠤ ︽ᠤᠷᠢᠳ ᠢᠶᠠᠷ ᠨᠥᠬᠦᠪᠥᠷᠢᠯᠡᠵᠦ ᠳᠠᠷᠠᠭ᠎ᠠ ᠨᠢ ᠡᠵᠡᠯᠡᠬᠦ᠂ ᠨᠢᠭᠡ ᠬᠡᠰᠡᠭ ᠢ ᠡᠵᠡᠯᠡᠪᠡᠯ | ᠲᠡᠷᠡ ᠬᠡᠰᠡᠭ ᠢ ᠨᠢ ᠨᠥᠬᠦᠪᠥᠷᠢᠯᠡᠬᠦ᠂ ᠰᠠᠶᠢᠢᠨ ᠭᠠᠵᠠᠷ ᠢ ᠡᠵᠡᠯᠡᠪᠡᠯ ᠰᠠᠶᠢᠢᠨ ᠭᠠᠵᠠᠷ ᠢᠶᠠᠷ ᠨᠥᠬᠦᠪᠥᠷᠢᠯᠡᠬᠦ᠂ ᠤᠰᠤᠨ | ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠥᠷᠢᠯᠡᠬᠦ︾ ᠡᠨᠡ ᠬᠦ ᠡᠵᠡᠯᠡᠭᠰᠡᠨ ᠭᠠᠵᠠᠷ ᠢ ᠨᠢ ᠨᠥᠬᠦᠪᠦᠷᠢᠯᠡᠨ | ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠦᠢᠯᠡᠳᠪᠦᠷᠢ ᠠᠭᠤᠷᠬᠠᠶ ᠶᠢᠨ | ᠬᠠᠶᠠᠭᠳᠠᠭᠰᠠᠨ ᠭᠠᠵᠠᠷ ᠪᠠ ᠬᠤᠳᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠢᠪᠠᠯ᠂ ᠰᠡᠷᠭᠦᠭᠡᠨ ᠬᠠᠭᠠᠯᠪᠤᠷᠢᠯᠠᠬᠤ ᠶᠢ | ᠬᠠᠷᠢᠭᠤᠴᠠᠬᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ | ᠠᠮᠠᠯᠠᠭᠰᠠᠨ ᠴᠠᠭ ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ | ᠪᠡᠶᠡᠯᠡᠭᠦᠯᠵᠦ᠂ ᠬᠤᠭᠤᠴᠠᠭ᠎ᠠ ᠬᠡᠳᠣᠷᠡᠪᠡᠯ ᠲᠤᠰ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠬᠤ | ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠬᠠᠰᠤᠵᠤ᠂ ᠬᠤᠰᠢᠭᠤ ᠰᠢᠶᠠᠨ ︵ᠬᠤᠳᠠ᠂ ᠲᠣᠭᠤᠷᠢᠭ | ︶ ᠤ ᠭᠦᠢᠴᠡᠳᠬᠡᠯ ᠲᠤᠭ᠎ᠠ ᠶᠢᠨ ᠦᠯᠡᠳᠡᠪᠦᠷᠢ ᠨᠢ ᠬᠦᠷᠦᠯᠴᠡᠬᠦ ᠥᠭᠡᠢ ᠪᠣᠯ ᠲᠡᠭᠦᠨ ᠤ ᠪᠠᠶᠢᠭ᠎ᠠ ᠠᠶᠢᠮᠠᠭ | ᠬᠤᠳᠠ ᠠᠴᠠ ᠨᠥᠬᠦᠪᠥᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠨᠦᠭᠦᠪᠣᠷᠢᠯᠡᠭᠦ ᠲᠠᠷᠢᠶᠠᠯᠠᠬᠤ ᠭᠠᠵᠠᠷ ᠤᠨ | ᠨᠥᠭᠡᠴᠡ ᠶᠢᠨ ᠪᠠᠶᠢᠳᠠᠯ ᠢ ᠭᠦᠢᠴᠡᠳ ᠪᠣᠳᠣᠯᠬᠢᠯᠠᠵᠤ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ | ᠲᠡᠩᠴᠡᠭᠦᠷᠢᠰᠢᠭᠦᠯᠬᠦ ᠳᠤ ᠪᠠᠨ ᠬᠤᠰᠢᠭᠤ ᠰᠢᠶᠠᠨ ᠤ ᠬᠡᠪᠴᠢᠶᠡᠨ ᠳᠤ ᠥᠪᠡᠷ ᠢᠶᠠᠨ ᠲᠡᠩᠴᠡᠭᠦᠷᠢᠰᠢᠭᠦᠯᠬᠦ ᠪᠠᠷ | ᠭᠤᠣᠯᠯᠠᠭᠤᠯᠵᠤ᠂ ᠠᠶᠢᠮᠠᠭ ᠬᠤᠲᠠ ᠶᠢᠨ ᠬᠡᠪᠴᠢᠶᠡᠨ ᠳᠤ ᠳᠣᠭᠢᠷᠠᠭᠤᠯᠬᠤ ᠪᠠᠷ ᠳᠡᠳ᠋ᠯᠡᠭᠦᠯᠵᠦ᠂ ᠥᠪᠡᠷᠲᠡᠭᠡᠨ ᠵᠠᠰᠠᠬᠤ | ᠣᠷᠣᠨ ᠵᠣᠬᠢᠬᠤ ᠬᠡᠮᠵᠢᠶ᠎ᠠ ᠪᠠᠷ ᠨᠢᠭᠡᠳᠦᠯᠲᠡᠶ ᠲᠥᠯᠥᠪᠯᠡᠬᠦ ᠪᠠᠷ ᠨᠦᠭᠦᠪᠣᠷᠢ ᠪᠣᠯᠭᠠᠬᠤ ᠬᠡᠷᠡᠭᠲᠡᠶ᠃ | ︵ᠠᠷᠪᠠᠨ ᠬᠤᠶᠠᠷ︶ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢ ᠣᠷᠢᠣᠨ ᠢᠶᠠᠷ ᠪᠣᠳᠣᠯᠬᠢᠯᠠᠬᠤ ᠶᠢ | ᠪᠠᠷᠢᠮᠲᠠᠯᠠᠭᠰᠠᠨ ᠤᠷᠢᠲᠠᠯ ᠳᠣᠤᠷ᠎ᠠ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠵᠢᠯ ᠢ ᠡᠮᠬᠢ ᠵᠢᠷᠤᠮ ᠲᠠᠢ ᠪᠠᠷ | ᠥᠷᠨᠢᠭᠦᠯᠬᠦ ᠬᠡᠷᠡᠭᠲᠡᠶ᠃ ᠦᠷᠭᠦᠯᠵᠢᠯᠡᠭᠰᠡᠨ ᠠᠰᠢᠬᠯᠠᠭᠠᠳᠤᠶ ᠭᠠᠵᠠᠷ ᠢ ᠨᠡᠭᠡᠭᠡᠨ ᠠᠰᠢᠬᠯᠠᠬᠤ ᠶᠢ ᠴᠢᠩᠭ᠎ᠠ ᠡᠵᠡᠮᠳᠡᠵᠣ᠂ | ᠬᠦᠨᠳᠦ ᠨᠣᠴᠢᠲᠠᠶ ᠡᠯᠡᠰᠦᠵᠢᠭᠰᠡᠨ ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠵᠤ᠂ 15 ᠭᠷᠠᠳᠦ᠋ᠰ ᠠᠴᠠ ᠳᠡᠭᠡᠭᠰᠢᠬᠢ | ᠡᠭᠴᠡ ᠬᠥᠲᠥᠯ ᠳᠤ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠶ | ᠰᠢᠭᠤᠶ ᠶᠢ ᠡᠪᠳᠡᠨ᠂ ᠡᠪᠡᠰᠦ ᠪᠡᠯᠴᠢᠭᠡᠷ ᠢ ᠰᠦᠢᠳᠭᠡᠵᠦ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ᠂ | ᠨᠠᠭᠤᠷ ᠢ ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠤᠯ ᠤᠨ ᠲᠠᠩ ᠢ ᠡᠵᠡᠯᠡᠬᠦ ᠶᠢ ᠴᠠᠭᠠᠵᠠᠯᠠᠵᠤ᠂ | ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠳᠠᠷᠣᠵᠣ ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠶᠢ | ᠴᠠᠭᠠᠵᠠᠯᠠᠵᠤ᠂ ᠠᠮᠢ ᠠᠬᠤᠶ ᠶᠢᠨ ᠤᠯᠠᠭᠠᠨ ᠱᠤᠭᠤᠮ ᠤᠨ ᠬᠡᠪᠴᠢᠶᠡᠨ ᠳᠤ ᠲᠠᠷᠢᠶᠠᠯᠠᠬᠤ ᠭᠠᠵᠠᠷ ᠢ ᠬᠠᠭᠠᠯᠪᠤᠷᠢᠯᠠᠭᠠᠳ | ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠴᠠᠭᠠᠵᠠᠯᠠᠨ᠎ᠠ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠵᠢᠴᠢ ᠪᠤᠰᠤᠳ ᠬᠠᠮᠢᠶ᠎ᠠ ᠪᠥᠬᠦᠶ ᠲᠥᠯᠥᠪᠵᠢᠭᠦᠯᠭᠡ ᠶᠢ ᠦᠨᠳᠦᠰᠦᠯᠡᠨ᠂ | ᠲᠤᠬᠠᠶ ᠶᠢᠨ ᠭᠠᠵᠠᠷ ᠤᠨ ᠪᠠᠶᠢᠳᠠᠯ ᠳᠤ ᠳᠣᠭᠢᠷᠠᠭᠤᠯᠤᠨ᠂ ᠵᠦᠶ ᠵᠣᠬᠢᠰᠲᠠᠶ ᠪᠠᠶᠢᠷᠢᠰᠢᠭᠤᠯᠵᠤ᠂ ᠲᠠᠷᠢᠶᠠᠯᠠᠬᠤ ᠭᠠᠵᠠᠷ ᠢ | ᠨᠥᠬᠦᠪᠥᠷᠢᠯᠡᠬᠦ ᠠᠷᠭ᠎ᠠ ᠶᠢ ᠠᠯᠬᠤᠮ ᠠᠯᠬᠤᠮ ᠢᠶᠠᠷ ᠬᠤᠪᠢᠷᠠᠭᠤᠯᠵᠤ᠂ ᠲᠠᠷᠢᠶᠠᠯᠠᠬᠤ ᠳᠤ ᠲᠣᠬᠢᠷᠠᠮᠵᠢᠲᠠᠶ ᠭᠠᠵᠠᠷ | ᠰᠢᠷᠣᠶ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ | ᠬᠡᠷᠡᠭᠲᠡᠶ᠃ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠲᠥᠷᠥᠯ ᠵᠦᠢᠯ ᠢ ᠲᠣᠭᠲᠠᠭᠠᠬᠤ ᠠᠴᠠ ᠡᠮᠦᠨ᠎ᠡ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠣᠷᠴᠢᠨ ᠲᠣᠭᠤᠷᠢᠨ᠂ | ᠤᠰᠤᠨ ᠠᠰᠢᠬᠯᠠᠯᠲᠠ᠂ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ | ᠪᠣᠯᠤᠮᠵᠢᠲᠤ ᠴᠢᠨᠠᠷ ᠵᠡᠷᠭᠡ ᠪᠠᠶᠢᠳᠠᠯ ᠳᠤ ᠭᠦᠢᠴᠡᠳ ᠨᠤᠲᠠᠯᠠᠯᠲᠠ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ | ᠭᠠᠵᠠᠷ ᠤᠨ ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ | ᠲᠠᠷᠢᠶᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠲᠠᠷᠢᠶᠠᠯᠠᠬᠤ | ᠭᠠᠵᠠᠷ ᠢ ᠨᠥᠬᠦᠪᠥᠷᠢᠯᠡᠬᠦ ᠲᠥᠷᠥᠯ ᠵᠦᠢᠯ ᠢ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠳᠤᠷ᠎ᠠ ᠪᠠᠷ | ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠭᠤᠷᠪᠠ︶ ᠨᠦᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠠᠪᠬᠤ | ᠠᠵᠢᠯ ᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠶᠢ | ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ᠂ | ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠵᠢᠯ ᠢ ᠬᠢᠨᠠᠨ | ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠠᠵᠢᠯ ᠢ ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠮᠠᠭᠠᠳᠯᠠᠨ | ᠲᠣᠭᠲᠠᠭᠠᠬᠤ ᠪᠠ ᠴᠢᠨᠠᠷ ᠢ ᠨᠢ ᠦᠨᠡᠯᠡᠨ ᠲᠣᠭᠲᠠᠭᠠᠬᠤ ᠪᠠᠨ ᠴᠢᠩᠳᠠᠯᠠᠵᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ | ᠭᠠᠵᠠᠷ ᠲᠤ ᠤᠷᠢᠳ ᠢᠶᠠᠷ ᠭᠠᠵᠠᠷ ᠰᠢᠷᠣᠶ ᠶᠢᠨ ᠲᠥᠷᠥᠯ ᠢ ᠨᠢ ᠬᠤᠪᠢᠷᠠᠭᠤᠯᠵᠤ ᠳᠠᠬᠢᠭᠠᠳ ᠰᠢᠯᠭᠠᠨ ᠠᠪᠴᠣ | ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ᠂ ᠨᠦᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠠ ᠪᠠ | ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠠᠷᠪᠠᠨ ᠳᠥᠷᠪᠡ︶ ᠨᠦᠬᠦᠪᠦᠷᠢᠯᠡᠭᠰᠡᠨ ᠲᠠᠷᠢᠶᠠᠯᠠᠬᠤ ᠭᠠᠵᠠᠷ ᠲᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠦᠬᠦᠪᠦᠷᠢᠯᠡᠭᠰᠡᠨ | ᠲᠠᠷᠢᠶᠠᠯᠠᠬᠤ ᠭᠠᠵᠠᠷ ᠲᠠᠬᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ | ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ᠂ ᠨᠦᠬᠦᠪᠦᠷᠢᠯᠡᠭᠰᠡᠨ ᠲᠠᠷᠢᠶᠠᠯᠠᠬᠤ | ᠭᠠᠵᠠᠷ ᠲᠤ ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ | ᠬᠠᠭᠠᠯᠪᠤᠷᠢᠯᠠᠬᠤ ᠪᠠᠨ ᠪᠤᠯᠢᠬᠤ ᠪᠠ ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠰᠡᠷᠭᠡᠶᠢᠯᠡᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠵᠢᠯ ᠪᠦᠷᠢ ᠬᠥᠮᠥᠷᠭᠡ ᠳᠤ | ᠣᠷᠣᠭᠤᠯᠤᠭᠰᠠᠨ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠲᠥᠷᠥᠯ ᠵᠦᠢᠯ ᠳᠤ 1 ᠤᠳᠠᠭ᠎ᠠ ᠪᠥᠬᠦ ᠲᠠᠯ᠎ᠠ ᠶᠢᠨ ᠵᠢᠷᠤᠭ | ᠳᠦᠷᠰᠦ ᠶᠢᠨ ᠬᠠᠷᠭᠤᠭᠤᠯᠤᠨ ᠪᠠᠶᠢᠴᠠᠭᠠᠯᠲᠠ ᠬᠢᠵᠦ᠂ ᠵᠢᠷᠤᠭ ᠳᠦᠷᠰᠦ ᠳᠤ ᠰᠡᠵᠢᠭᠯᠡᠯᠲᠡᠶ ᠠᠰᠠᠭᠤᠳᠠᠯ ᠲᠠᠢ ᠲᠥᠷᠥᠯ | ᠵᠦᠢᠯ ᠢ 15% ᠠᠴᠠ ᠳᠤᠲᠠᠭᠤ ᠥᠬᠡᠶ ᠪᠠᠷ ᠰᠣᠩᠭᠤᠨ ᠠᠪᠴᠤ ᠪᠣᠲᠠᠲᠠᠢ ᠭᠠᠵᠠᠷ ᠲᠤ ᠨᠢ ᠬᠠᠷᠭᠤᠭᠤᠯᠤᠨ | ᠪᠠᠶᠢᠴᠠᠭᠠᠯᠲᠠ ᠬᠢᠨ᠎ᠠ᠃ ᠠᠲᠠᠷᠰᠢᠭᠤᠯᠵᠤ ᠬᠠᠭᠠᠯᠪᠤᠷᠢᠯᠠᠬᠤ ᠪᠠᠨ ᠪᠤᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ | ᠣᠷᠣᠨ ᠤ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠭᠦᠢᠴᠡᠳᠬᠡᠯ ᠲᠤᠭ᠎ᠠ ᠶᠢᠨ ᠶᠡᠷᠦᠩᠬᠡᠶ ᠲᠠᠯᠠᠪᠠᠶ ᠶᠢᠨ 10% ᠠᠴᠠ | ᠳᠡᠭᠡᠭᠰᠢ ᠳᠤ ᠬᠦᠷᠦᠭᠰᠡᠨ ᠪᠣᠯ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠵᠣᠬᠢᠬᠤ ᠭᠦᠢᠴᠡᠳᠬᠡᠯ ᠲᠤᠭ᠎ᠠ ᠶᠢ | ᠴᠡᠪᠳᠡᠭᠰᠢᠭᠦᠯᠵᠦ᠂ ᠲᠣᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠪᠠᠷ ᠨᠡᠮᠡᠭᠳᠡᠭᠦ | ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ | ᠬᠥᠮᠥᠷᠭᠡ ᠳᠤ ᠣᠷᠣᠭᠤᠯᠬᠤ ᠭᠤᠶᠤᠴᠢᠯᠠᠯ ᠢ ᠲᠦᠷ ᠵᠣᠭᠰᠣᠭᠠᠨ᠎ᠠ᠃ ᠬᠠᠮᠢᠶ᠎ᠠ ᠪᠥᠬᠦᠶ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ ᠰᠠᠶᠢᠢᠵᠢᠷᠠᠭᠤᠯᠬᠤ ᠶᠢ ᠢᠳᠡᠪᠬᠢᠲᠡᠶ ᠵᠣᠬᠢᠶᠠᠨ | ᠪᠠᠶᠢᠢᠭᠤᠯᠵᠣ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠲᠥᠷᠥᠯ ᠵᠦᠢᠯ ᠢ ᠰᠢᠯᠭᠠᠨ ᠬᠤᠷᠢᠶᠠᠬᠤ ᠰᠠᠯᠠᠭ᠎ᠠ | ᠮᠥᠴᠢᠷ ᠠᠴᠠ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠭᠠᠳ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ | ᠳᠠᠷᠠᠭ᠎ᠠ᠂ ᠵᠣᠬᠢᠬᠤ ᠭᠦᠢᠴᠡᠳᠬᠡᠯ ᠲᠤᠭ᠎ᠠ ᠶᠢ ᠨᠢ ᠴᠡᠪᠳᠡᠭᠰᠢᠯ ᠠᠴᠠ ᠲᠠᠶᠢᠢᠯᠬᠤ ᠶᠢᠨ ᠬᠠᠮᠲᠤ ᠬᠥᠮᠥᠷᠭᠡ ᠳᠤ | ᠣᠷᠣᠭᠤᠯᠬᠤ ᠭᠤᠶᠤᠴᠢᠯᠠᠯ ᠢ ᠰᠡᠷᠭᠦᠭᠡᠵᠦ ᠭᠥᠯᠢᠶᠡᠨ ᠠᠪᠴᠤ ᠰᠢᠢᠣᠡᠪᠣᠷᠢᠯᠡᠨ᠎ᠡ᠃ | ᠳᠥᠷᠪᠡ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ︵ᠠᠷᠪᠠᠨ ᠲᠠᠪᠤ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠭᠡᠨ ᠳᠡᠩᠰᠡᠯᠡᠵᠦ ᠬᠢᠨᠠᠨ | ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠢ ᠪᠦᠷᠢᠳᠭᠡᠨ ᠳᠠᠩᠰᠠᠯᠠᠬᠤ ᠶᠠᠪᠤᠴᠠ ᠳᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ᠂ ᠭᠠᠵᠠᠷ ᠰᠢᠷᠣᠶ ᠶᠢ ᠠᠷᠪᠢᠲᠠᠶ | ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ | ᠲᠥᠯᠥᠪᠵᠢᠭᠦᠯᠭᠡ᠂ ᠲᠠᠷᠢᠶᠠᠯᠠᠩ ᠠᠵᠤ ᠦᠢᠯᠡᠰ ᠤᠨ ᠪᠠᠶᠢᠷᠢᠰᠢᠭᠤᠯᠤᠯᠲᠠ᠂ ᠲᠠᠷᠢᠶᠠᠯᠠᠩ ᠦᠢᠯᠡᠳᠪᠦᠷᠢᠯᠡᠯ ᠤᠨ | ᠲᠥᠯᠥᠪᠯᠡᠭᠡ ᠪᠠ ᠤᠯᠤᠰ ᠤᠨ ᠨᠤᠲᠤᠭ ᠲᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠲᠣᠭᠲᠠᠭᠠᠯ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠭᠠᠵᠠᠷ ᠰᠢᠷᠣᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠠᠭᠠᠷ ᠭᠠᠵᠠᠷ ᠰᠣᠩᠭᠤᠭᠰᠠᠨ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠠᠷᠢᠶᠠᠴᠢᠣᠨ ᠮᠠᠯᠴᠢᠳ ᠤᠨ | ᠬᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠢ ᠰᠠᠯᠭᠠᠨ ᠬᠠᠮᠢᠶᠠᠷᠬᠤ ᠬᠡᠷᠡᠭᠲᠡᠶ᠃ ᠲᠠᠷᠢᠶᠠᠴᠢᠳ ᠮᠠᠯᠴᠢᠳ ᠤᠨ ᠬᠡᠷ ᠤᠨ ᠢᠶᠠᠨ ᠠᠷᠤ | ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ | ᠵᠦᠢᠯ ᠳᠤ ᠪᠦᠷᠢᠳᠭᠡᠨ ᠳᠠᠩᠰᠠᠯᠠᠭᠤᠯᠬᠤ ᠨᠥᠬᠦᠴᠡᠯ ᠪᠠ ᠲᠠᠰ ᠳᠠᠷᠠᠭᠠᠯᠠᠯ ᠢ ᠳᠥᠭᠦᠮᠴᠢᠯᠡᠵᠦ᠂ ᠡᠬᠡ ᠲᠠᠩᠰᠠ ᠶᠢᠨ | ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ︔ ᠪᠦᠷᠢᠳᠭᠡᠨ ᠳᠠᠩᠰᠠᠯᠠᠭᠤᠯᠬᠤ ᠶᠠᠪᠤᠴᠠ ᠳᠤ ᠲᠠᠷᠢᠶᠠᠴᠢᠳ | ᠮᠠᠯᠴᠢᠳ ᠠᠴᠠ ᠶᠠᠮᠠᠷᠪᠠ ᠰᠦᠢᠳᠭᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠲᠤᠰᠠᠭᠠᠷ ᠭᠠᠵᠠᠷ ᠰᠣᠩᠭᠤᠭᠰᠠᠨ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠲᠤ ᠲᠣᠳᠣᠷᠠᠭᠤᠯᠣᠨ | ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ᠂ | ᠪᠠᠶᠢᠭᠤᠯᠵᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ | ᠬᠤᠭᠤᠴᠠᠭᠠᠨ ᠳᠤ ᠪᠦᠬᠦᠨ ᠢ ᠵᠢᠷᠤᠭ ᠲᠤ ᠲᠣᠳᠣᠷᠠᠭᠤᠯᠣᠨ ᠬᠥᠮᠥᠷᠭᠡ ᠳᠤ ᠣᠷᠣᠭᠤᠯᠵᠦ᠂ ᠰᠢᠨ᠎ᠡ ᠪᠠᠷ | ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ | 1 ᠰᠠᠷ᠎ᠠ ᠶᠢᠨ ᠳᠣᠲᠣᠷ᠎ᠠ ᠵᠢᠷᠤᠭ ᠲᠤ ᠲᠣᠳᠣᠷᠠᠭᠤᠯᠣᠨ ᠬᠥᠮᠥᠷᠭᠡ ᠳᠤ ᠣᠷᠣᠭᠤᠯᠬᠤ ᠶᠢᠨ ᠬᠠᠮᠲᠤ᠂ ᠣᠨ ᠤ | ᠤᠯᠤᠰ ᠤᠨ ᠭᠠᠵᠠᠷ ᠰᠢᠷᠣᠶ ᠶᠢᠨ ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠶ ᠶᠢᠨ ᠲᠥᠷᠥᠯ ᠢ ᠨᠢ | ᠬᠤᠪᠢᠷᠠᠭᠤᠯᠬᠤ ᠬᠡᠷᠡᠭᠲᠡᠶ᠃ | ︵ᠠᠷᠪᠠᠨ ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ | ᠬᠢᠨᠠᠯᠳᠡ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ | ᠪᠣᠯᠣᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠮᠡᠳᠡᠭᠡ | ᠵᠠᠩᠭᠢᠴᠢᠯᠠᠯᠲᠠ ᠶᠢᠨ ᠠᠷᠭ᠎ᠠ ᠠᠪᠴᠠᠯ ᠢᠶᠠᠷ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ | ᠰᠢᠯᠭᠠᠨ ᠬᠢᠨᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠵᠢᠷᠤᠭ ᠲᠦᠷᠰᠣ ᠪᠠᠷ ᠬᠠᠤᠯᠢ ᠬᠡᠷᠡᠭᠵᠢᠭᠦᠯᠬᠦ᠂ | ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠢ ᠴᠠᠭ ᠲᠤᠬᠠᠶ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ | ᠶᠠᠪᠤᠴᠠ ᠳᠤ ᠪᠠᠨ ᠰᠢᠨ᠎ᠡ ᠪᠠᠷ ᠨᠡᠮᠡᠭᠳᠡᠭᠰᠡᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠬᠢᠨᠠᠯᠳᠡ | ᠪᠠᠶᠢᠢᠴᠠᠭᠠᠯᠲᠠ ᠪᠠᠨ ᠴᠢᠩᠭᠠᠳᠬᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠵᠢᠯ ᠪᠦᠷᠢ ᠶᠢᠨ ᠲᠤᠳᠣᠷᠠᠬᠢ | ᠭᠠᠳᠠᠨᠠᠬᠢ ᠠᠵᠢᠯ ᠲᠦᠷᠦᠯ ᠢ ᠪᠠᠶᠢᠢᠴᠠᠭᠠᠬᠤ ᠬᠠᠷᠢᠴᠠᠯ ᠢ 15% ᠠᠴᠠ ᠲᠣᠣᠷ᠎ᠡ ᠪᠠᠶᠢᠢᠯᠭᠠᠬᠤ ᠥᠬᠡᠶ᠃ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽ᠲᠠᠷᠢᠶᠠᠯᠠᠬᠤ | ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2021﹈ 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ | ᠪᠣᠯᠭᠠᠨ᠎ᠠ᠃ | | |