| | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠡᠶᠢᠢᠳᠠᠪᠤᠷᠢᠵᠢᠭᠤᠯᠲᠤᠭᠠᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ | ᠨᠢᠬᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠠᠷ ᠤᠨ ᠠᠶᠤᠯ ᠢ ᠤᠷᠢᠳᠴᠢᠯᠠᠨ | ᠰᠡᠷᠭᠡᠶᠢᠢᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠠᠷ ᠤᠨ ᠠᠶᠤᠯ ᠤᠨ | ᠬᠤᠣᠷ ᠬᠥᠨᠥᠭᠡᠯ ᠢ ᠪᠠᠭᠠᠰᠬᠠᠵᠤ᠂ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ᠂ ︽ᠪᠦᠭᠦᠳᠡ ᠨᠡᠶᠢᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠢᠯᠡᠵᠦ ᠤᠨᠲᠠᠷᠠᠭᠠᠬᠤ ᠬᠠᠥᠯᠢ︾ | ᠂ ︽ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠳᠦᠷᠢᠮ︾᠂ ︽ᠭᠠᠯ ᠰᠡᠷᠭᠡᠶᠢᠢᠯᠡᠵᠦ | ᠤᠨᠲᠠᠷᠠᠭᠠᠯᠲᠠ ᠶᠢᠨ ᠬᠠᠥᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠢᠷᠡᠭᠦᠯᠬᠦ ᠲᠤᠬᠠᠢ ᠲᠥᠪ ᠬᠤᠷᠢᠶᠠᠨ ᠤ | ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︵ᠲᠢᠩᠬᠢᠮ ᠦᠰᠦᠭ | ﹇2019﹈ 34 ᠳ᠋ᠤᠭᠡᠷ ᠲᠤᠭᠠᠲᠦ︶᠂ ︽︿ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2017﹈ | 87 ᠳ᠋ᠤᠭᠠᠷ ᠲᠤᠭᠠᠲᠦ ︶ ᠵᠡᠷᠭᠡ ᠬᠠᠥᠯᠢ ᠴᠠᠭᠠᠵᠠ᠂ ᠬᠠᠥᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠲᠣᠬᠢᠷᠠᠨ ᠬᠡᠷᠡᠭᠯᠡᠭᠳᠡᠨ᠎ᠡ᠃ ᠬᠠᠥᠯᠢ ᠴᠠᠭᠠᠵᠠ᠂ ᠬᠠᠥᠯᠢ | ᠲᠣᠭᠲᠠᠭᠠᠯ ᠳᠤ ᠣᠢ ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠳᠤ ᠣᠨᠳᠣᠣ | ᠲᠣᠭᠲᠠᠭᠠᠯ ᠪᠠᠶᠢᠢᠪᠠᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠨᠢ ︽ | ᠤᠷᠢᠳᠴᠢᠯᠠᠨ ᠰᠡᠷᠭᠡᠶᠢᠢᠯᠡᠬᠦ ᠪᠠᠷ ᠭᠤᠣᠯ ᠪᠣᠯᠭᠠᠵᠤ᠂ ᠰᠡᠷᠭᠡᠶᠢᠢᠯᠡᠬᠦ ᠪᠠ ᠤᠨᠲᠠᠷᠠᠭᠠᠬᠤ ᠶᠢ ᠬᠠᠷᠢᠯᠴᠠᠨ | ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ᠂ ᠪᠦᠭᠦᠳᠡᠭᠡᠷ ᠢᠶᠠᠨ | ᠰᠡᠷᠭᠡᠶᠢᠢᠯᠡᠨ ᠵᠠᠰᠠᠬᠤ᠂ ᠥᠪᠡᠷ ᠢᠶᠠᠨ ᠰᠡᠷᠭᠡᠶᠢᠢᠯᠡᠵᠦ ᠥᠪᠡᠷ ᠢ ᠪᠠᠨ ᠠᠪᠤᠷᠠᠬᠤ ᠵᠠᠷᠴᠢᠮ ᠶᠣᠰᠣᠭᠠᠷ ᠭᠠᠯ | ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ᠂ ᠪᠠᠲᠤᠯᠠᠭ᠎ᠠ᠂ ᠰᠢᠯᠭᠠᠨ ᠬᠢᠨᠠᠬᠤ ᠲᠣᠭᠲᠠᠴᠠ ᠶᠢ ᠪᠠᠶᠢᠢᠭᠤᠯᠤᠨ ᠪᠦᠷᠢᠨᠰᠢᠭᠦᠯᠬᠦ ᠶᠢᠨ | ᠬᠠᠮᠲᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠢ ᠵᠠᠰᠠᠭ ᠤᠨ ᠣᠷᠳᠣᠨ ᠤ | ᠲᠤᠰᠢᠶᠠᠯ ᠤᠨ ᠬᠤᠭᠤᠴᠠᠭᠠᠨ ᠳᠠᠬᠢ ᠬᠠᠷᠠᠯᠲᠠ ᠶᠢᠨ ᠰᠢᠯᠭᠠᠨ ᠲᠣᠭᠲᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ | ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠳᠤ | ᠪᠠᠶᠢᠢᠴᠠᠭᠠᠯᠲᠠ ᠪᠠ ᠰᠢᠯᠭᠠᠨ ᠬᠢᠨᠠᠯᠲᠠ ᠬᠢᠨ᠎ᠡ᠃ | ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ | | ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠯ | ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠵᠣᠬᠢᠶᠠᠨ ᠪᠠᠶᠢᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠪᠣᠳᠠᠲᠠᠢ ᠪᠠᠶᠢᠢᠭᠤᠯᠤᠮᠵᠢ ᠪᠠ ᠬᠠᠷᠢᠭᠤᠴᠠᠯᠭᠠᠲᠠᠨ ᠢ | ᠲᠣᠳᠣᠷᠬᠠᠢ ᠲᠣᠭᠲᠠᠭᠠᠬᠤ ᠬᠡᠷᠡᠭᠲᠡᠢ᠃ | ᠰᠤᠮᠤ ᠰᠢᠶᠠᠩ ᠪᠠᠯᠭᠠᠰᠤ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠢᠭᠤᠯᠤᠮᠵᠢ ᠳᠤ ᠨᠡᠶᠢᠢᠳᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠰᠡᠷᠭᠡᠶᠢᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠰᠢᠢᠳᠭᠡᠨ ᠲᠣᠷᠭᠠᠬᠤ | ᠵᠦᠢᠯᠡᠰ ᠢ ᠲᠠᠭᠠᠭᠠᠨ ᠬᠠᠷᠢᠭᠤᠴᠠᠵᠤ ᠪᠣᠯᠣᠨ᠎ᠠ᠃ | ᠬᠤᠶᠠᠳᠤᠭᠠᠷ ᠪᠦᠯᠦᠭ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ | ᠳᠣᠯᠣᠳᠤᠭᠠᠷ ᠵᠦᠢᠯ ᠠᠶᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ | ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ | ᠬᠡᠷᠡᠭᠲᠡᠢ᠄ | ︵ᠨᠢᠭᠡ︶ ᠭᠠᠯ ᠰᠡᠷᠭᠡᠶᠢᠢᠯᠡᠵᠦ ᠤᠨᠲᠠᠷᠠᠭᠠᠬᠤ ᠬᠠᠥᠯᠢ ᠴᠠᠭᠠᠵᠠ᠂ ᠬᠠᠥᠯᠢ ᠲᠣᠭᠲᠠᠭᠠᠯ ᠵᠢᠴᠢ ᠳᠡᠭᠡᠳᠦ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ | ᠤᠨᠲᠠᠷᠠᠭᠠᠬᠤ ᠠᠵᠢᠯ ᠤᠨ ᠲᠤᠬᠠᠢ ᠪᠠᠶᠢᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ | | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ | ᠬᠤᠭᠤᠴᠠᠭ᠎ᠠ ᠲᠠᠢ ᠪᠠᠷ ᠰᠤᠳᠤᠯᠤᠨ ᠪᠠᠶᠢᠢᠷᠢᠯᠠᠭᠤᠯᠤᠨᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠨᠡᠶᠢᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠲᠣᠰ ᠵᠠᠰᠠᠭ ᠵᠠᠬᠢᠷᠭᠠᠨ ᠤ | ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠢ ᠲᠣᠰ ᠭᠠᠵᠠᠷ | ᠣᠷᠣᠨ ᠤ ᠠᠵᠤ ᠠᠬᠤᠢ ᠨᠡᠶᠢᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠭᠤᠯᠭ᠎ᠠ ᠳᠤ ᠣᠷᠣᠭᠤᠯᠵᠤ᠂ | ᠬᠠᠷᠢᠶᠠᠲᠤ ᠣᠷᠣᠨ ᠤ ᠰᠤᠮᠤ ᠰᠢᠶᠠᠩ ᠪᠠᠯᠭᠠᠰᠤ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠲᠥᠯᠥᠪᠵᠢᠭᠦᠯᠭᠡ ᠶᠢ | ᠵᠣᠬᠢᠰᠲᠠᠢ ᠲᠣᠭᠲᠠᠭᠠᠨ᠎ᠠ︔ | ︵ᠲᠠᠪᠤ︶ ᠲᠤᠰᠬᠠᠢ ᠲᠤᠰᠢᠶᠠᠯᠲᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ᠂ ᠰᠠᠶᠢᠢᠨ ᠳᠤᠷ᠎ᠠ ᠶᠢᠨ ᠭᠠᠯ | ᠰᠡᠷᠭᠡᠶᠢᠢᠯᠡᠵᠦ ᠤᠨᠲᠠᠷᠠᠭᠠᠬᠤ ᠠᠩᠬᠢ ᠵᠡᠷᠭᠡ ᠣᠯᠡᠨ ᠬᠡᠯᠪᠡᠷᠢ ᠮᠠᠶ᠋ᠢᠭ ᠤᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ | ᠪᠠᠶᠢᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠵᠦᠢᠯ ᠤᠨ ᠪᠠᠶᠢᠢᠭᠤᠯᠤᠯᠲᠠ ᠶᠢ ᠴᠢᠩᠭᠠᠳᠬᠠᠨ᠎ᠠ︔ | | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠪᠠᠶᠢᠢᠩᠭᠤᠵᠢᠭᠤᠯᠤᠭᠰᠠᠨ ᠭᠠᠯ ᠲᠦᠢᠮᠠᠷ ᠤᠨ ᠠᠶᠤᠯ ᠤᠨ | ᠭᠡᠮ ᠰᠣᠭᠤᠭ ᠢ ᠵᠢᠭᠰᠠᠭᠠᠨ ᠪᠠᠶᠢᠢᠴᠠᠭᠠᠬᠤ ᠲᠣᠭᠲᠠᠴᠠ ᠶᠢ ᠪᠠᠶᠢᠢᠭᠤᠯᠵᠤ᠂ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ | ᠲᠦᠪᠰᠢᠨ ᠤ ᠲᠤᠰᠬᠠᠢ ᠵᠠᠰᠠᠯᠲᠠ ᠥᠷᠨᠢᠭᠦᠯᠬᠦ ᠶᠢ ᠪᠠᠶᠢᠢᠷᠢᠯᠠᠭᠤᠯᠵᠤ᠂ ᠭᠠᠯ ᠰᠡᠷᠭᠡᠶᠢᠢᠯᠡᠵᠦ ᠤᠨᠲᠠᠷᠠᠭᠠᠬᠤ | ᠤᠬᠠᠭᠤᠯᠭ᠎ᠠ ᠬᠥᠮᠥᠵᠢᠯ ᠢ ᠵᠣᠬᠢᠶᠠᠨ ᠪᠠᠶᠢᠢᠭᠤᠯᠤᠨ ᠥᠷᠨᠢᠭᠦᠯᠦᠨ᠎ᠡ︔ | ︵ᠳᠣᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠣᠷᠤᠭᠤᠯᠤᠯᠲᠠ ᠶᠢ | ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠨᠦᠭᠦᠴᠡᠯ ᠢ ᠰᠠᠶᠢᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ | ᠦᠢᠯᠡᠰ ᠤᠨ ᠬᠥᠭᠵᠢᠯᠲᠡ ᠶᠢ ᠪᠠᠲᠤᠯᠠᠨ᠎ᠠ︔ | ︵ᠨᠠᠶᠢᠮᠠ︶ ᠬᠠᠥᠯᠢ ᠴᠠᠭᠠᠵᠠ᠂ ᠬᠠᠥᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠭᠠᠯ ᠰᠡᠷᠭᠡᠶᠢᠢᠯᠡᠵᠦ | ᠤᠨᠲᠠᠷᠠᠭᠠᠬᠤ ᠡᠭᠦᠷᠭᠡ ᠬᠠᠷᠢᠭᠤᠴᠠᠯᠭ᠎ᠠ᠃ | ᠨᠠᠶᠢᠮᠠᠳᠤᠭᠠᠷ ᠵᠦᠢᠯ ᠠᠶᠢᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ | ᠪᠦᠬᠦᠢ ᠰᠠᠯᠠᠭ᠎ᠠ ᠮᠥᠴᠢᠷ ᠨᠢᠭᠡᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠢᠭᠤᠯᠤᠮᠵᠢ ᠶᠢᠨ ᠵᠢᠯᠣᠭᠤᠳᠤᠯᠭ᠎ᠠ ᠳᠣᠣᠷ᠎ᠠ᠂ ᠬᠠᠥᠯᠢ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠢᠯᠡᠵᠦ ᠤᠨᠲᠠᠷᠠᠭᠠᠬᠤ ᠬᠢᠨᠠᠯᠲᠠ ᠪᠠᠶᠢᠢᠴᠠᠭᠠᠯᠲᠠ᠂ ᠭᠠᠯ ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ | ᠬᠥᠮᠥᠵᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠠᠯ ᠰᠡᠷᠭᠡᠶᠢᠢᠯᠡᠵᠦ ᠤᠨᠲᠠᠷᠠᠭᠠᠬᠤ | ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠡᠶᠢᠢᠳᠠᠪᠤᠷᠢᠵᠢᠭᠤᠯᠬᠤ ᠶᠢ ᠨᠢ ᠰᠢᠪᠠᠳᠠᠨ ᠱᠠᠭᠠᠷᠳᠠᠬᠤ ᠪᠠ ᠵᠢᠯᠣᠭᠤᠳᠤᠨ᠎ᠠ︔ | ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠠᠷ ᠤᠨ ᠠᠶᠤᠯ ᠭᠠᠷᠪᠠᠯ᠂ ᠭᠠᠯ ᠲᠦᠢᠮᠠᠷ ᠢ ᠤᠨᠲᠠᠷᠠᠭᠠᠨ ᠠᠪᠤᠷᠠᠬᠤ | ᠠᠵᠢᠯ ᠢ ᠵᠣᠬᠢᠶᠠᠨ ᠪᠠᠶᠢᠢᠭᠤᠯᠬᠤ ᠳᠤ ᠣᠷᠣᠯᠴᠠᠵᠤ᠂ ᠲᠠᠷᠢᠶᠠᠴᠢᠨ ᠮᠠᠯᠴᠢᠨ ᠢ ᠠᠮᠤᠷ ᠲᠦᠪᠰᠢᠨ ᠢᠶᠠᠷ ᠲᠠᠷᠬᠠᠭᠠᠬᠤ ᠶᠢ | ᠵᠢᠯᠣᠭᠤᠳᠴᠤ᠂ ᠭᠠᠯ ᠲᠦᠢᠮᠠᠷ ᠤᠨ ᠲᠤᠬᠠᠢ ᠶᠢᠨ ᠲᠠᠯᠠᠪᠤᠷ ᠤᠨ ᠰᠡᠷᠡᠮᠵᠢᠯᠡᠯᠲᠡ᠂ ᠬᠠᠮᠠᠭᠠᠯᠠᠯᠲᠠ ᠵᠡᠷᠭᠡ ᠠᠵᠢᠯ ᠢ | ᠰᠠᠶᠢᠢᠲᠤᠷ ᠬᠢᠬᠦ ᠬᠡᠷᠡᠭᠲᠡᠢ︔ | ︵ᠬᠤᠶᠠᠷ︶ ᠬᠠᠥᠯᠢ ᠴᠠᠭᠠᠵᠠ ᠶᠢᠨ ᠰᠠᠯᠠᠭ᠎ᠠ ᠮᠥᠴᠢᠷ ᠨᠢ ᠭᠠᠯ ᠰᠡᠷᠭᠡᠶᠢᠢᠯᠡᠵᠦ ᠤᠨᠲᠠᠷᠠᠭᠠᠬᠤ ᠬᠠᠥᠯᠢ | ᠴᠠᠭᠠᠵᠠ᠂ ᠬᠠᠥᠯᠢ ᠲᠣᠭᠲᠠᠭᠠᠯ ᠢ ᠲᠠᠷᠢᠶᠠᠴᠢᠨ ᠮᠠᠯᠴᠢᠨ ᠳᠤ ᠬᠠᠥᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠬᠥᠮᠥᠵᠢᠯ ᠬᠢᠬᠦ ᠠᠭᠤᠯᠭ᠎ᠠ ᠳᠤ ᠣᠷᠣᠭᠤᠯᠬᠤ ᠶᠢ ᠬᠠᠷᠢᠭᠤᠴᠠᠨ᠎ᠠ︔ | ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠢᠯᠡᠵᠦ ᠤᠨᠲᠠᠷᠠᠭᠠᠬᠤ ᠵᠠᠷᠤᠳᠠᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠲᠥᠰᠥᠪ ᠲᠤ | ᠣᠷᠣᠭᠤᠯᠬᠤ ᠶᠢ ᠬᠠᠷᠢᠭᠤᠴᠠᠨ᠎ᠠ︔ | ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠢᠭᠤᠯᠤᠯᠲᠠ ᠶᠢᠨ ᠰᠠᠯᠠᠭ᠎ᠠ | ᠮᠥᠴᠢᠷ ᠨᠢ ᠤᠯᠤᠰ ᠤᠨ ᠪᠠᠷᠢᠯᠭ᠎ᠠ ᠶᠢᠨ ᠪᠠᠶᠢᠢᠭᠤᠯᠤᠯᠲᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠣᠰᠣᠭᠠᠷ ᠭᠠᠯ ᠰᠡᠷᠭᠡᠶᠢᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ | ᠮᠠᠯᠵᠢᠬᠤ ᠣᠷᠣᠨ ᠤ ᠭᠡᠷ ᠪᠠᠶᠢᠢᠰᠢᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠥᠷᠨᠢᠭᠦᠯᠬᠦ ᠶᠢ | ᠬᠠᠷᠢᠭᠤᠴᠠᠨ ᠴᠢᠩᠭᠠᠳᠬᠠᠨ᠎ᠠ︔ | ︵ᠲᠠᠪᠤ︶ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤ | ᠬᠠᠩᠭᠠᠬᠤ ᠨᠢᠭᠡᠴᠢ ᠶᠢᠨ ᠲᠠᠷᠢᠶᠠᠯᠠᠬᠤ ᠮᠠᠯᠵᠢᠬᠤ ᠣᠷᠣᠨ ᠤ ᠭᠠᠯ ᠤᠨᠲᠠᠷᠠᠭᠠᠯᠲᠠ ᠶᠢᠨ ᠤᠰᠤᠨ ᠤ ᠰᠤᠷᠪᠤᠯᠵᠢ ᠪᠠ | ᠭᠠᠯ ᠤᠨᠲᠠᠷᠠᠭᠠᠯᠲᠠ ᠶᠢᠨ ᠤᠰᠤ ᠬᠠᠩᠭᠠᠬᠤ ᠰᠢᠰᠲ᠋ᠧᠮ ᠤᠨ ᠪᠦᠲᠦᠭᠡᠨ ᠪᠠᠶᠢᠢᠭᠤᠯᠬᠤ ᠪᠠ ᠬᠠᠮᠠᠭᠠᠯᠠᠬᠤ ᠠᠵᠢᠯ ᠢ | ᠰᠠᠶᠢᠢᠲᠤᠷ ᠬᠢᠬᠦ ᠶᠢ ᠵᠢᠭᠠᠨ ᠵᠢᠯᠣᠭᠤᠳᠴᠤ ᠰᠢᠪᠠᠳᠠᠨ ᠱᠠᠭᠠᠷᠳᠠᠬᠤ ᠶᠢ ᠬᠠᠷᠢᠭᠤᠴᠠᠨ᠎ᠠ︔ | ︵ᠵᠢᠷᠭᠤᠭ᠎ᠠ︶ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ | ᠠᠵᠤ ᠠᠬᠤᠶᠢᠢᠯᠠᠯ ᠢ ᠰᠢᠪᠠᠳᠠᠨ ᠱᠠᠭᠠᠷᠳᠠᠵᠤ ᠪᠠᠶᠢᠢᠭᠠᠳ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠠᠩᠭᠠᠬᠤ | ᠪᠡᠯᠡᠳᠭᠡᠮᠵᠢ᠂ ᠴᠠᠬᠢᠯᠭᠠᠨ ᠬᠡᠯᠬᠢᠶᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠢᠴᠠᠭᠠᠯᠲᠠ ᠬᠢᠵᠦ᠂ ᠴᠠᠬᠢᠯᠭᠠᠨ | ᠬᠠᠩᠭᠠᠬᠤ ᠪᠡᠯᠡᠳᠭᠡᠮᠵᠢ ᠪᠠ ᠴᠠᠬᠢᠯᠭᠠᠨ ᠬᠡᠯᠬᠢᠶ᠎ᠡ ᠶᠢ ᠴᠠᠭ ᠲᠤᠬᠠᠢ ᠳᠤ ᠨᠢ ᠰᠣᠯᠢᠵᠤ ᠥᠭᠡᠷᠡᠴᠢᠯᠡᠨ ᠰᠢᠨᠡᠳᠬᠡᠵᠦ᠂ | ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠢᠴᠠᠭᠠᠯᠲᠠ ᠶᠢ | ᠥᠷᠨᠢᠭᠦᠯᠦᠨ᠂ ᠴᠠᠬᠢᠯᠭᠠᠨ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠰᠢᠮᠳᠠᠭᠤᠯᠵᠤ ᠴᠡᠭᠴᠡᠯᠡᠨ ᠵᠠᠰᠠᠬᠤ ᠶᠢ | ᠬᠠᠷᠢᠭᠤᠴᠠᠨ᠎ᠠ︔ | ︵ᠳᠣᠯᠤᠭ᠎ᠠ︶ ᠡᠪᠯᠡᠯ ᠤᠨ ᠬᠤᠷᠢᠶ᠎ᠠ ᠨᠢ ᠰᠠᠶᠢᠢᠨ ᠳᠤᠷᠠᠴᠤᠳ ᠢ ᠵᠣᠬᠢᠶᠠᠨ ᠪᠠᠶᠢᠢᠭᠤᠯᠵᠤ ᠲᠠᠷᠢᠶᠠᠯᠠᠬᠤ | ᠮᠠᠯᠵᠢᠬᠤ ᠣᠷᠣᠨ ᠳᠤ ᠭᠦᠨᠵᠡᠭᠡᠶᠢᠢᠷᠡᠨ ᠭᠠᠯ ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠲᠠᠷᠢᠶᠠᠴᠢᠨ ᠮᠠᠯᠴᠢᠨ ᠤ ᠠᠶᠢᠢᠯ ᠭᠡᠷ ᠲᠤ ᠭᠦᠨᠵᠡᠭᠡᠶᠢᠢᠷᠡᠨ ᠭᠠᠯ ᠰᠡᠷᠭᠡᠶᠢᠢᠯᠡᠵᠦ ᠤᠨᠲᠠᠷᠠᠭᠠᠬᠤ | ᠤᠬᠠᠭᠤᠯᠭ᠎ᠠ ᠬᠦ᠋ᠮᠥᠵᠢᠯ ᠥᠷᠨᠢᠭᠦᠯᠬᠦ ᠶᠢ ᠬᠠᠷᠢᠭᠤᠴᠠᠨ᠎ᠠ︔ | ︵ᠨᠠᠶᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠢᠭᠤᠯᠤᠮᠵᠢ ᠨᠢ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠬᠢᠨᠠᠯᠲᠠ ᠪᠠᠶᠢᠢᠴᠠᠭᠠᠯᠲᠠ ᠶᠢ ᠬᠠᠥᠯᠢ ᠶᠣᠰᠣᠭᠠᠷ ᠬᠡᠷᠡᠭᠵᠢᠭᠦᠯᠦᠨ᠎ᠡ︔ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ | ᠵᠢᠯᠣᠭᠤᠳᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠪᠠᠶᠢᠢᠳᠠᠯ ᠢ ᠮᠡᠳᠡᠭᠦᠯᠵᠦ᠂ | ᠠᠵᠢᠯ ᠤᠨ ᠰᠠᠨᠠᠭᠤᠯᠭ᠎ᠠ ᠳᠤᠷᠠᠳᠤᠨ᠎ᠠ︔ ᠲᠤᠰᠬᠠᠢ ᠲᠤᠰᠢᠶᠠᠯᠲᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ᠂ | ᠰᠠᠶᠢᠢᠨ ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠵᠡᠷᠭᠡ ᠣᠯᠠᠨ ᠬᠡᠯᠪᠡᠷᠢ ᠮᠠᠶ᠋ᠢᠭ ᠤᠨ ᠭᠠᠯ | ᠰᠡᠷᠭᠡᠶᠢᠢᠯᠡᠵᠦ ᠤᠨᠲᠠᠷᠠᠭᠠᠬᠤ ᠬᠦᠴᠦᠨ ᠵᠦᠢᠯ ᠳᠤ ᠲᠤᠬᠠᠶᠢᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ | ᠶᠢᠰᠦᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠳᠦᠷᠢᠮ ᠢ ᠪᠠᠶᠢᠢᠭᠤᠯᠤᠨ ᠪᠦᠷᠢᠨᠰᠢᠭᠦᠯᠵᠦ᠂ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ︽ | ᠲᠣᠣᠷᠯᠢᠬᠵᠢᠭᠤᠯᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠡᠶᠢᠢᠳᠠᠪᠤᠷᠢᠵᠢᠭᠤᠯᠤᠨᠠ︔ | ︵ᠬᠤᠶᠠᠷ︶ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ | ᠪᠠᠶᠢᠢᠷᠢᠯᠠᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠷᠠᠳ ᠲᠦᠮᠡᠨᠴᠢ ᠴᠢᠨᠠᠷᠲᠠᠢ ᠭᠠᠯ | ᠰᠡᠷᠭᠡᠶᠢᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠣᠭᠤᠳᠴᠦ ᠬᠠᠪᠰᠤᠷᠤᠨ ᠳᠡᠮᠵᠢᠨ᠎ᠡ︔ | ︵ᠭᠤᠷᠪᠠ︶ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ | ᠪᠠᠯᠭᠠᠰᠤ ᠶᠢᠨ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ᠂ ᠭᠠᠴᠠᠭ᠎ᠠ ᠲᠣᠰᠬᠤᠨ ᠤ | ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠡᠷᠡᠰ ᠴᠢᠩᠭ᠎ᠠ ᠪᠠᠷ ᠵᠣᠬᠢᠶᠠᠨ ᠪᠠᠶᠢᠢᠭᠤᠯᠵᠤ ᠬᠡᠷᠡᠭᠵᠢᠭᠦᠯᠦᠨ᠎ᠡ︔ | ︵ᠳᠥᠷᠪᠡ︶ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠢᠭᠠᠳ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠥᠷᠨᠢᠭᠦᠯᠬᠦ ᠶᠢ ᠵᠣᠬᠢᠶᠠᠨ ᠪᠠᠶᠢᠢᠭᠤᠯᠵᠤ᠂ ᠲᠠᠷᠢᠶᠠᠴᠢᠨ | ᠮᠠᠯᠴᠢᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷᠲᠡᠭᠡᠨ | ᠰᠡᠷᠭᠡᠶᠢᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠠᠷᠠᠳ ᠤᠨ | ᠵᠥᠪᠯᠡᠯ ᠤᠨ ᠭᠡᠰᠢᠭᠦᠨ᠂ ᠭᠠᠯ ᠰᠡᠷᠭᠡᠶᠢᠢᠯᠡᠵᠦ ᠤᠨᠲᠠᠷᠠᠭᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠶᠢᠢᠨ | ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠶᠢᠨ ᠭᠡᠰᠢᠭᠦᠨ ᠢ ᠲᠣᠭᠲᠠᠭᠰᠠᠨ ᠬᠤᠭᠤᠴᠠᠭ᠎ᠠ ᠲᠠᠢ ᠪᠠᠷ | ᠵᠣᠬᠢᠶᠠᠨ ᠪᠠᠶᠢᠢᠭᠤᠯᠵᠤ ᠭᠠᠯ ᠰᠡᠷᠭᠡᠶᠢᠢᠯᠡᠵᠦ ᠤᠨᠲᠠᠷᠠᠭᠠᠬᠤ ᠲᠤᠬᠠᠶᠢᠢᠯᠠᠭᠰᠠᠨ ᠠᠵᠢᠯ ᠤᠨ ᠮᠡᠳᠡᠯᠭᠡ ᠶᠢ | ᠰᠣᠷᠣᠯᠴᠠᠭᠤᠯᠵᠤ᠂ ᠭᠠᠯ ᠰᠡᠷᠭᠡᠶᠢᠢᠯᠡᠵᠦ ᠤᠨᠲᠠᠷᠠᠭᠠᠬᠤ ᠲᠤᠬᠠᠶᠢᠢᠯᠠᠭᠰᠠᠨ ᠠᠵᠢᠯ ᠤᠨ ᠤᠷ᠎ᠠ ᠮᠡᠷᠭᠡᠵᠢᠯ ᠢ ᠨᠢ | ᠳᠡᠭᠡᠭᠰᠢᠯᠡᠭᠦᠯᠦᠨ᠎ᠡ︔ | ︵ᠲᠠᠪᠤ︶ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠢᠯᠡᠵᠦ ᠤᠨᠲᠠᠷᠠᠭᠠᠬᠤ | ᠠᠵᠢᠯ ᠤᠨ ᠬᠡᠷᠡᠭᠴᠡᠭᠡ ᠶᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠪᠤᠶᠤ | ᠰᠠᠶᠢᠢᠨ ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠪᠠᠶᠢᠢᠭᠤᠯᠵᠤ᠂ ᠭᠠᠯ ᠲᠦᠢᠮᠠᠷ ᠢ ᠤᠨᠲᠠᠷᠠᠭᠠᠨ | ᠠᠪᠤᠷᠠᠬᠤ᠂ ᠪᠠᠴᠢᠮ ᠪᠠᠶᠢᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠬᠡᠯᠡᠨ᠎ᠡ︔ | | ︵ᠵᠢᠷᠭᠤᠭ᠎ᠠ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ | ᠨᠡᠶᠢᠢᠲᠡ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠪᠡᠯᠡᠳᠭᠡᠮᠵᠢ ᠶᠢᠨ ᠪᠠᠶᠢᠢᠭᠤᠯᠤᠯᠲᠠ᠂ ᠬᠠᠮᠠᠭᠠᠯᠠᠯᠲᠠ ᠬᠠᠮᠢᠶᠠᠷᠤᠯᠲᠠ | ᠪᠠ ᠡᠯ᠎ᠡ ᠵᠦᠢᠯ ᠤᠨ ᠭᠠᠯ ᠰᠡᠷᠭᠡᠶᠢᠢᠯᠡᠵᠦ ᠤᠨᠲᠠᠷᠠᠭᠠᠬᠤ ᠵᠠᠷᠤᠳᠠᠯ ᠤᠨ ᠵᠠᠷᠤᠯᠭ᠎ᠠ ᠶᠢ ᠪᠠᠲᠤᠯᠠᠨ᠎ᠠ︔ | ︵ᠳᠣᠯᠤᠭ᠎ᠠ︶ ᠭᠠᠯ ᠤᠨᠲᠠᠷᠠᠭᠠᠵᠤ ᠲᠤᠰᠠᠯᠠᠨ ᠠᠪᠤᠷᠠᠬᠤ᠂ ᠭᠠᠯ ᠲᠦᠢᠮᠠᠷ ᠤᠨ ᠡ᠊ᠨᠳᠡᠭᠳᠡᠯ ᠢ ᠪᠠᠶᠢᠢᠴᠠᠭᠠᠬᠤ | ᠪᠠ ᠰᠡᠭᠦᠯ ᠬᠤᠷᠢᠶᠠᠵᠤ ᠰᠢᠢᠳᠪᠦᠷᠢᠯᠡᠬᠦ ᠠᠵᠢᠯ ᠢ ᠬᠠᠪᠰᠤᠷᠤᠨ ᠭᠦᠢᠴᠡᠳᠭᠡᠨ᠎ᠡ᠃ | ᠠᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ | ᠰᠡᠷᠭᠡᠶᠢᠢᠯᠡᠵᠦ ᠤᠨᠲᠠᠷᠠᠭᠠᠬᠤ ᠠᠵᠢᠯ ᠢ ᠬᠠᠷᠢᠭᠤᠴᠠᠵᠤ ᠪᠠᠶᠢᠢᠭ᠎ᠠ ᠪᠠᠶᠢᠢᠭᠤᠯᠤᠮᠵᠢ ᠨᠢ ᠳᠣᠣᠷᠠᠬᠢ ᠠᠵᠢᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠳᠦᠷᠢᠮ ᠢ ᠵᠣᠬᠢᠶᠠᠨ ᠪᠠᠶᠢᠢᠭᠤᠯᠵᠤ ᠲᠣᠭᠲᠠᠭᠠᠨ᠎ᠠ︔ | ︵ᠬᠤᠶᠠᠷ︶ ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠰᠢᠪᠠᠳᠠᠨ | ᠱᠠᠭᠠᠷᠳᠠᠵᠤ ᠪᠠᠶᠢᠢᠭᠠᠳ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠢᠯᠡᠵᠦ | ᠤᠨᠲᠠᠷᠠᠭᠠᠬᠤ ᠠᠵᠢᠯ ᠤᠨ ᠪᠠᠶᠢᠢᠷᠢᠯᠠᠭᠤᠯᠤᠯᠲᠠ ᠶᠢ ᠨᠡᠶᠢᠢᠳᠠᠪᠤᠷᠢᠵᠢᠭᠤᠯᠤᠨᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠶᠢᠢᠴᠠᠭᠠᠯᠲᠠ ᠪᠠ ᠭᠠᠯ ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠤᠨ ᠠᠵᠢᠯ ᠢ ᠵᠣᠬᠢᠶᠠᠨ | ᠪᠠᠶᠢᠢᠭᠤᠯᠤᠨ ᠬᠡᠷᠡᠭᠵᠢᠭᠦᠯᠵᠦ᠂ ᠭᠠᠯ ᠲᠦᠢᠮᠠᠷ ᠤᠨ ᠠᠶᠤᠯ ᠤᠨ ᠭᠡᠮ ᠰᠣᠭᠤᠭ ᠢ ᠴᠡᠭᠴᠡᠯᠡᠨ ᠵᠠᠰᠠᠬᠤ ᠶᠢ ᠰᠢᠪᠠᠳᠠᠨ | ᠱᠠᠭᠠᠷᠳᠠᠨ᠎ᠠ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠪᠠᠶᠢᠢᠴᠠᠭᠠᠨ | ᠰᠤᠳᠤᠯᠬᠤ ᠠᠵᠢᠯ ᠢ ᠵᠣᠬᠢᠶᠠᠨ ᠪᠠᠶᠢᠢᠭᠤᠯᠤᠨ ᠥᠷᠨᠢᠭᠦᠯᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠳᠣᠣᠷᠠᠬᠢ ᠭᠠᠯ | ᠰᠡᠷᠭᠡᠶᠢᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ | ᠲᠠᠷᠢᠶᠠᠴᠢᠨ ᠮᠠᠯᠴᠢᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠭᠠᠯ ᠰᠡᠷᠭᠡᠶᠢᠢᠯᠡᠬᠦ ᠨᠡᠶᠢᠢᠲᠡ ᠶᠢᠨ ᠭᠡᠷ᠎ᠡ | ᠲᠣᠭᠲᠠᠬᠤ ᠶᠢ ᠵᠣᠬᠢᠶᠠᠨ ᠪᠠᠶᠢᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠢᠯᠡᠬᠦ ᠨᠡᠶᠢᠢᠲᠡ ᠶᠢᠨ ᠭᠡᠷ᠎ᠡ ᠶᠢ | ᠭᠦᠢᠴᠡᠳᠭᠡᠬᠦ ᠪᠠᠶᠢᠢᠳᠠᠯ ᠢ ᠰᠢᠪᠠᠳᠠᠨ ᠱᠠᠭᠠᠷᠳᠠᠵᠤ᠂ ᠪᠠᠶᠢᠢᠴᠠᠭᠠᠯᠲᠠ ᠬᠢᠨ᠎ᠡ︔ | ︵ᠬᠤᠶᠠᠷ︶ ᠬᠠᠭᠠᠰ ᠵᠢᠯ ᠪᠦᠷᠢ ᠳᠤ ᠲᠣᠰ ᠭᠠᠴᠠᠭ᠎ᠠ ᠲᠣᠰᠬᠤᠨ ᠤ ᠭᠠᠯ ᠰᠡᠷᠭᠡᠶᠢᠢᠯᠡᠵᠦ ᠤᠨᠲᠠᠷᠠᠭᠠᠬᠤ | ᠠᠮᠤᠷ ᠲᠦᠪᠰᠢᠨ ᠤ ᠪᠠᠶᠢᠢᠳᠠᠯ ᠳᠤ ᠵᠠᠳᠠᠯᠤᠯᠲᠠ ᠮᠠᠭᠠᠳᠯᠠᠯᠲᠠ ᠬᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠨ᠎ᠡ︔ | ︵ᠭᠤᠷᠪᠠ︶ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠥᠵᠢᠯ ᠢ | ᠥᠷᠨᠢᠭᠦᠯᠵᠦ᠂ ᠭᠠᠯ ᠤᠨᠲᠠᠷᠠᠭᠠᠬᠤ ᠪᠠ ᠪᠠᠴᠢᠮ ᠪᠠᠶᠢᠢᠳᠠᠯ ᠢ ᠠᠷᠭᠠᠴᠠᠭᠠᠵᠤ ᠲᠠᠷᠬᠠᠭᠠᠬᠤ ᠰᠣᠷᠢᠯᠲᠠ ᠬᠢᠬᠦ ᠶᠢ | ᠵᠣᠬᠢᠶᠠᠨ ᠪᠠᠶᠢᠢᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ ᠤ ᠥᠪᠡᠷᠲᠡᠭᠡᠨ ᠰᠡᠷᠭᠡᠶᠢᠢᠯᠡᠵᠦ ᠥᠪᠡᠷ ᠢ ᠪᠠᠨ | ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ | ︵ᠳᠥᠷᠪᠡ︶ ᠭᠠᠯ ᠰᠡᠷᠭᠡᠶᠢᠢᠯᠡᠬᠦ ᠴᠠᠭᠳᠠᠨ ᠪᠠᠶᠢᠢᠴᠠᠭᠠᠯᠲᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠭᠠᠯ | ᠰᠡᠷᠭᠡᠶᠢᠢᠯᠡᠵᠦ ᠤᠨᠲᠠᠷᠠᠭᠠᠬᠤ ᠬᠠᠥᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ | ᠰᠡᠷᠡᠵᠦ ᠮᠡᠳᠡᠬᠦ ᠪᠠ ᠵᠠᠯᠠᠷᠠᠭᠤᠯᠤᠨ᠎ᠠ︔ | ︵ᠲᠠᠪᠤ︶ ᠰᠠᠶᠢᠢᠨ ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ︵ᠪᠢᠴᠢᠯ ᠬᠡᠯᠪᠡᠷᠢ ᠶᠢᠨ ᠭᠠᠯ | ᠰᠡᠷᠭᠡᠶᠢᠢᠯᠡᠵᠦ ᠤᠨᠲᠠᠷᠠᠭᠠᠬᠤ ᠥᠷᠳᠡᠭᠡ︶ᠪᠠᠶᠢᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠨᠣᠭᠯᠠᠯ ᠢ ᠲᠣᠬᠢᠷᠠᠭᠤᠯᠤᠨ᠎ᠠ︔ | ︵ᠵᠢᠷᠭᠤᠭ᠎ᠠ︶ ᠭᠠᠯ ᠲᠦᠢᠮᠠᠷ ᠡᠭᠦᠰᠬᠦ ᠦᠶ᠎ᠡ ᠳᠤ᠂ ᠴᠠᠭ ᠲᠤᠬᠠᠢ ᠳᠤ ᠨᠢ ᠰᠡᠷᠡᠮᠵᠢ ᠶᠢᠨ ᠳᠣᠬᠢᠶ᠎ᠠ ᠥᠭᠴᠦ᠂ | ᠣᠶᠢᠢᠷᠠ ᠣᠷᠴᠢᠮ ᠤᠨ ᠣᠯᠡᠨ ᠲᠦᠮᠡᠨ ᠢ ᠵᠣᠬᠢᠶᠠᠨ ᠪᠠᠶᠢᠢᠭᠤᠯᠤᠨ ᠲᠠᠷᠬᠠᠭᠠᠵᠤ᠂ ᠰᠠᠶᠢᠢᠨ ᠳᠤᠷ᠎ᠠ ᠶᠢᠨ ᠭᠠᠯ | ᠤᠨᠲᠠᠷᠠᠭᠠᠬᠤ ᠠᠩᠬᠢ ︵ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ︶ ᠶᠢ ᠵᠣᠬᠢᠶᠠᠨ ᠪᠠᠶᠢᠢᠭᠤᠯᠵᠤ | ᠪᠠᠶᠢᠢᠭᠠᠳ ᠭᠠᠯ ᠲᠦᠢᠮᠠᠷ ᠢ ᠤᠨᠲᠠᠷᠠᠭᠠᠬᠤ ᠠᠪᠤᠷᠠᠯᠳᠠ ᠬᠢᠵᠦ᠂ ᠭᠠᠯ ᠰᠡᠷᠭᠡᠶᠢᠢᠯᠡᠵᠦ ᠤᠨᠲᠠᠷᠠᠭᠠᠬᠤ ᠶᠢᠨ ᠠᠪᠤᠷᠠᠨ | ᠲᠤᠰᠠᠯᠠᠬᠤ ᠪᠠᠶᠢᠢᠭᠤᠯᠤᠮᠵᠢ ᠲᠤᠬᠠᠢ ᠶᠢᠨ ᠲᠠᠯᠠᠪᠤᠷ ᠲᠤ ᠬᠥᠷᠥᠭᠰᠡᠨ ᠤ ᠳᠠᠷᠠᠭ᠎ᠠ᠂ ᠭᠠᠯ ᠲᠦᠢᠮᠠᠷ ᠢ ᠤᠨᠲᠠᠷᠠᠭᠠᠬᠤ | ᠠᠪᠤᠷᠠᠯᠳᠠ ᠬᠢᠬᠦ ᠳᠤ ᠬᠠᠮᠵᠢᠯᠴᠠᠵᠤ᠂ ᠭᠠᠯ ᠲᠦᠢᠮᠠᠷ ᠢ ᠤᠨᠲᠠᠷᠠᠭᠠᠭᠰᠠᠨ ᠤ ᠳᠠᠷᠠᠭ᠎ᠠ᠂ ᠭᠠᠯ ᠰᠡᠷᠭᠡᠶᠢᠢᠯᠡᠵᠦ | ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠢᠭᠤᠯᠤᠮᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠶᠢ ᠬᠠᠮᠵᠢᠨ ᠭᠠᠯ ᠲᠦᠢᠮᠠᠷ ᠤᠨ ᠲᠤᠬᠠᠢ ᠶᠢᠨ ᠲᠠᠯᠠᠪᠤᠷ ᠢ ᠬᠠᠮᠠᠭᠠᠯᠠᠨ᠂ ᠭᠠᠯ ᠲᠦᠢᠮᠠᠷ ᠡᠭᠦᠰᠦᠭᠰᠡᠨ | ᠰᠢᠯᠲᠠᠭᠠᠨ ᠢ ᠰᠤᠳᠤᠯᠤᠨ ᠪᠠᠶᠢᠢᠴᠠᠭᠠᠵᠤ᠂ ᠭᠠᠯ ᠲᠦᠢᠮᠠᠷ ᠠᠴᠠ ᠪᠣᠯᠣᠭᠰᠠᠨ ᠬᠤᠬᠢᠷᠠᠯ ᠢ ᠪᠦᠷᠢᠳᠭᠡᠨ᠎ᠡ᠃ | ᠠᠷᠪᠠᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠢᠭᠤᠯᠵᠤ | ᠲᠣᠭᠲᠠᠭᠠᠭᠰᠠᠨ ᠭᠠᠯ ᠰᠡᠷᠭᠡᠶᠢᠢᠯᠡᠬᠦ ᠨᠡᠶᠢᠢᠲᠡ ᠶᠢᠨ ᠭᠡᠷ᠎ᠡ ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄ | ︵ᠨᠢᠭᠡ︶ ᠭᠠᠯ ᠴᠠᠬᠢᠯᠭᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭᠠᠢ ᠰᠢᠲᠠᠮᠠᠬᠠᠢ ᠪᠣᠳᠠᠰ | ᠣᠪᠣᠭᠠᠯᠠᠨ ᠲᠠᠯᠪᠢᠬᠤ ᠵᠡᠷᠭᠡ ᠦᠢᠯᠡ ᠠᠵᠢᠯᠯᠠᠭ᠎ᠠ ᠶᠢᠨ ᠠᠮᠤᠷ ᠲᠦᠪᠰᠢᠨ ᠤ ᠱᠠᠭᠠᠷᠳᠠᠯᠭ᠎ᠠ︔ | ︵ᠬᠤᠶᠠᠷ︶ ᠭᠠᠯ ᠤᠨᠲᠠᠷᠠᠭᠠᠬᠤ ᠲᠡᠷᠭᠡᠨ ᠵᠠᠮ ᠰᠠᠭᠠᠳ ᠦᠭᠡᠢ ᠨᠡᠪᠲᠡᠷᠡᠬᠦ᠂ ᠨᠡᠶᠢᠢᠲᠡ ᠶᠢᠨ ᠭᠠᠯ | ᠰᠡᠷᠭᠡᠶᠢᠢᠯᠡᠵᠦ ᠤᠨᠲᠠᠷᠠᠭᠠᠬᠤ ᠪᠡᠯᠡᠳᠭᠡᠮᠵᠢ ᠪᠠᠭᠠᠵᠢ ᠬᠡᠷᠡᠭᠰᠡᠯ ᠤᠨ ᠪᠦᠷᠢᠨ ᠪᠦᠲᠦᠨ ᠬᠦᠴᠦᠨ ᠲᠠᠢ ᠪᠠᠶᠢᠢᠬᠤ ᠶᠢ | ᠪᠠᠲᠤᠯᠠᠬᠤ ᠠᠷᠭ᠎ᠠ ᠬᠡᠮᠵᠢᠶ᠎ᠡ︔ | ︵ᠭᠤᠷᠪᠠ︶ ᠨᠠᠰᠤᠨ ᠳᠤ ᠦᠯᠦ ᠬᠦᠷᠦᠭᠰᠡᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠵᠡᠷᠭᠡ | ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠦᠶᠢᠴᠤᠳ | ᠵᠡᠮᠳᠡᠭᠴᠦᠳ ᠵᠡᠷᠭᠡ ᠪᠠᠭᠤᠷᠠᠶᠢᠢᠴᠤᠳ ᠤᠨ ᠠᠮᠤᠷ ᠲᠦᠪᠰᠢᠨ ᠤ ᠲᠠᠯ᠎ᠠ ᠪᠠᠷ ᠬᠢᠨᠠᠨ ᠬᠠᠮᠠᠭᠠᠯᠠᠬᠤ ᠪᠠ ᠬᠠᠪᠰᠤᠷᠤᠨ | ᠳᠡᠮᠵᠢᠬᠦ ᠠᠷᠭ᠎ᠠ ᠬᠡᠮᠵᠢᠶ᠎ᠡ︔ | ︵ᠳᠥᠷᠪᠡ︶ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠪᠤᠰᠤᠳ ᠠᠭᠤᠯᠭ᠎ᠠ᠃ | ᠠᠷᠪᠠᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠤᠰᠬᠠᠢ ᠲᠤᠰᠢᠶᠠᠯᠲᠤ ᠭᠠᠯ | ᠰᠡᠷᠭᠡᠶᠢᠢᠯᠡᠵᠦ ᠤᠨᠲᠠᠷᠠᠭᠠᠬᠤ ᠠᠩᠬᠢ᠂ ᠰᠠᠶᠢᠢᠨ ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ︵ᠪᠢᠴᠢᠯ | ᠬᠡᠯᠪᠡᠷᠢ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠥᠷᠳᠡᠭᠡ︶ ᠨᠢ ᠳᠣᠣᠷᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ | ᠡᠭᠦᠷᠬᠡᠯᠡᠬᠦ ᠬᠡᠷᠡᠭᠲᠡᠢ᠄ | ︵ᠨᠢᠭᠡ︶ ᠭᠠᠯ ᠤᠨᠲᠠᠷᠠᠭᠠᠬᠤ ᠪᠠ ᠪᠠᠴᠢᠮ ᠪᠠᠶᠢᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠲᠣᠭᠲᠠᠭᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠢᠭᠤᠯᠵᠤ ᠰᠣᠷᠢᠯᠲᠠ ᠬᠢᠨ᠎ᠡ︔ | ︵ᠬᠤᠶᠠᠷ︶ ᠵᠢᠵᠢᠭᠦᠷᠯᠡᠨ ᠠᠵᠢᠯᠯᠠᠵᠤ ᠳᠠᠶᠢᠢᠨ ᠳᠤ ᠪᠡᠯᠡᠳᠭᠡᠬᠦ ᠳᠦᠷᠢᠮ ᠢ ᠪᠠᠶᠢᠢᠭᠤᠯᠵᠤ᠂ ᠭᠠᠯ | ᠰᠡᠷᠭᠡᠶᠢᠢᠯᠡᠵᠦ ᠤᠨᠲᠠᠷᠠᠭᠠᠬᠤ ᠲᠤᠬᠠᠶᠢᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠦᠨ᠎ᠡ︔ | ︵ᠭᠤᠷᠪᠠ︶ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠴᠠᠭᠳᠠᠨ ᠪᠠᠶᠢᠢᠴᠠᠭᠠᠯᠲᠠ ᠪᠠ ᠭᠠᠯ | ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠥᠷᠨᠢᠭᠦᠯᠦᠨ᠎ᠡ︔ | ︵ᠳᠥᠷᠪᠡ︶ ᠭᠠᠯ ᠲᠦᠢᠮᠠᠷ ᠢ ᠤᠨᠲᠠᠷᠠᠭᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠶᠢᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠲᠠᠷᠢᠶᠠᠴᠢᠨ ᠮᠠᠯᠴᠢᠨ ᠨᠢ ᠳᠣᠣᠷᠠᠬᠢ ᠭᠠᠯ ᠰᠡᠷᠭᠡᠶᠢᠢᠯᠡᠵᠦ ᠤᠨᠲᠠᠷᠠᠭᠠᠬᠤ | ᠠᠯᠪᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠢᠯᠡᠬᠦ ᠨᠡᠶᠢᠢᠲᠡ ᠶᠢᠨ ᠭᠡᠷ᠎ᠡ ᠶᠢ ᠵᠢᠷᠤᠮᠯᠠᠬᠤ ᠬᠡᠷᠡᠭᠲᠡᠢ︔ | ︵ᠬᠤᠶᠠᠷ︶ ᠨᠡᠶᠢᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠪᠠᠭᠠᠵᠢ ᠬᠡᠷᠡᠭᠰᠡᠯ ᠢ ᠬᠠᠶᠢᠢᠷᠠᠯᠠᠨ ᠬᠠᠮᠠᠭᠠᠯᠠᠬᠤ | ᠬᠡᠷᠡᠭᠲᠡᠢ︔ | ︵ᠭᠤᠷᠪᠠ︶ ᠭᠠᠯ ᠰᠡᠷᠭᠡᠶᠢᠢᠯᠡᠯᠲᠡ ᠶᠢᠨ ᠲᠤᠰᠠᠭᠠᠷᠯᠠᠬᠤ ᠪᠦᠰᠡ ᠶᠢ ᠡᠵᠡᠯᠡᠨ ᠬᠡᠷᠡᠭᠯᠡᠬᠦ ᠦᠭᠡᠢ᠂ ᠭᠠᠯ | ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ︔ | ︵ᠳᠥᠷᠪᠡ︶ ᠳᠡᠭᠦᠵᠢᠯᠡᠭᠦᠷ ᠴᠠᠬᠢᠯᠭᠠᠨ ᠬᠦᠷᠭᠡᠬᠦ ᠤᠲᠠᠰᠤᠨ ᠤ ᠳᠣᠣᠷ᠎ᠠ ᠡᠪᠡᠰᠦ ᠲᠦᠯᠡᠭᠡ ᠵᠡᠷᠭᠡ | ᠨᠣᠴᠣᠮᠠᠲᠠᠭᠠᠢ ᠰᠢᠲᠠᠮᠠᠬᠠᠢ ᠪᠣᠳᠠᠰ ᠢ ᠣᠪᠣᠭᠠᠯᠠᠨ ᠲᠠᠯᠪᠢᠬᠤ ᠦᠭᠡᠢ︔ | ︵ᠲᠠᠪᠤ︶ ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭᠠᠨ ᠬᠡᠷᠡᠭᠰᠡᠯ ᠤᠨ ᠦᠢᠯᠡᠳᠬᠦᠨ ᠢ ᠤᠭᠰᠠᠷᠠᠬᠤ ᠪᠠ | ᠬᠡᠷᠡᠭᠯᠡᠬᠦ ᠦᠭᠡᠢ᠂ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠲᠣᠭᠲᠠᠭᠠᠯ ᠢ ᠵᠢᠷᠤᠮᠯᠠᠵᠤ᠂ | ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠦᠭᠡᠢ᠂ ᠳᠤᠷ᠎ᠠ ᠪᠠᠷ ᠴᠠᠬᠢᠯᠭᠠᠨ ᠤᠲᠠᠰᠤ ᠵᠠᠯᠭᠠᠨ ᠲᠠᠲᠠᠬᠤ | ᠦᠭᠡᠢ︔ | ︵ᠵᠢᠷᠭᠤᠭ᠎ᠠ︶ ᠲᠣᠭᠲᠠᠭᠰᠠᠨ ᠬᠤᠭᠤᠴᠠᠭ᠎ᠠ ᠲᠠᠢ ᠪᠠᠷ ᠬᠠᠨᠵᠤ᠂ ᠬᠤᠯᠠᠩ ᠢᠶᠠᠨ ᠴᠡᠪᠡᠷᠯᠡᠵᠦ᠂ ᠭᠠᠯ ᠲᠦᠢᠮᠠᠷ | ᠡᠭᠦᠰᠬᠦ ᠠᠶᠤᠯ ᠲᠦᠭᠰᠢᠭᠦᠷᠢ ᠲᠠᠢ ᠲᠠᠯᠠᠪᠤᠷ ᠭᠠᠵᠠᠷ ᠲᠤ ᠭᠠᠯ ᠬᠡᠷᠡᠭᠯᠡᠬᠦ ᠦᠭᠡᠢ︔ | ︵ᠳᠣᠯᠤᠭ᠎ᠠ︶ ᠭᠡᠷ ᠪᠦᠯᠢ ᠶᠢᠨ ᠭᠠᠯ ᠤᠨᠲᠠᠷᠠᠭᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ ᠢ ᠪᠠᠨ | ᠠᠪᠤᠷᠠᠬᠤ ᠵᠡᠷᠭᠡ ᠭᠠᠯ ᠰᠡᠷᠭᠡᠶᠢᠢᠯᠡᠵᠦ ᠤᠨᠲᠠᠷᠠᠭᠠᠬᠤ ᠤᠷ᠎ᠠ ᠮᠡᠷᠭᠡᠰᠢᠯ ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ | ᠪᠠᠭᠠᠴᠤᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ᠂ ᠣᠶᠣᠨ ᠴᠢᠳᠠᠪᠤᠷᠢ ᠶᠢᠨ ᠰᠠᠭᠠᠲᠠᠯ ᠲᠠᠢ ᠬᠥᠮᠥᠰ ᠵᠡᠷᠭᠡ | ᠬᠠᠷᠠᠭᠠᠯᠵᠠᠨ ᠬᠠᠮᠠᠭᠠᠯᠠᠭᠳᠠᠭᠴᠢ ᠶᠢᠨ ᠠᠮᠤᠷ ᠲᠦᠪᠰᠢᠨ ᠤ ᠬᠥᠮᠥᠵᠢᠯ ᠪᠠ ᠬᠠᠷᠠᠵᠤ ᠬᠠᠷᠠᠭᠠᠯᠵᠠᠬᠤ ᠠᠵᠢᠯ ᠢ | ᠰᠠᠶᠢᠢᠲᠤᠷ ᠬᠢᠬᠦ ᠬᠡᠷᠡᠭᠲᠡᠢ︔ | ︵ᠨᠠᠶᠢᠮᠠ︶ ᠭᠡᠷ ᠪᠠᠶᠢᠢᠰᠢᠩ ᠲᠦᠷᠢᠶᠡᠰᠦᠯᠡᠬᠦ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠳᠠᠭᠠᠭᠠᠴᠢᠯᠠᠨ | ᠡᠵᠡᠩᠨᠡᠬᠦ ᠳᠤ᠂ ᠡᠯ᠎ᠡ ᠲᠠᠯ᠎ᠠ ᠶᠢᠨ ᠬᠢ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ | ᠲᠣᠳᠣᠷᠬᠠᠢ ᠲᠣᠭᠲᠠᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ | ᠠᠷᠪᠠᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠥᠷᠳᠡᠭᠡ᠂ ᠭᠠᠯ ᠤᠨᠲᠠᠷᠠᠭᠠᠬᠤ | ᠤᠰᠤᠨ ᠤ ᠬᠠᠩᠭᠠᠯᠭ᠎ᠠ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ᠂ ᠭᠠᠯ ᠤᠨᠲᠠᠷᠠᠭᠠᠬᠤ ᠲᠣᠨᠤᠭ | ᠲᠥᠬᠦᠭᠡᠷᠦᠮᠵᠢ ᠵᠡᠷᠭᠡ ᠨᠡᠶᠢᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢᠨ ᠪᠦᠲᠦᠭᠡᠨ ᠪᠠᠶᠢᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠨᠡᠶᠢᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢᠨ ᠬᠠᠮᠠᠭᠠᠯᠠᠨ | ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠢᠭᠤᠯᠤᠮᠵᠢ ᠭᠠᠯ | ᠰᠡᠷᠭᠡᠶᠢᠢᠯᠡᠵᠦ ᠤᠨᠲᠠᠷᠠᠭᠠᠬᠤ ᠲᠤᠰᠬᠠᠢ ᠲᠥᠯᠥᠪᠵᠢᠭᠦᠯᠭᠡ ᠶᠢ ᠨᠡᠶᠢᠢᠷᠠᠭᠤᠯᠤᠨ ᠵᠣᠬᠢᠶᠠᠬᠤ ᠶᠢ ᠵᠣᠬᠢᠶᠠᠨ | ᠪᠠᠶᠢᠢᠭᠤᠯᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠥᠪᠵᠢᠭᠦᠯᠭᠡ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠣᠯᠭᠠᠭᠤᠯᠤᠯᠲᠠ ᠶᠢ ᠴᠢᠩᠭᠠᠳᠬᠠᠨ᠎ᠠ᠃ | ᠠᠷᠪᠠᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠭᠠᠯ ᠰᠡᠷᠭᠡᠶᠢᠢᠯᠡᠵᠦ | ᠤᠨᠲᠠᠷᠠᠭᠠᠬᠤ ᠠᠮᠤᠷ ᠲᠦᠪᠰᠢᠨ ᠤ ᠪᠠᠶᠢᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠡᠶᠢᠢᠳᠠᠪᠤᠷᠢᠵᠢᠭᠤᠯᠵᠤ᠂ ᠴᠠᠬᠢᠯᠭᠠᠨ | ᠬᠠᠩᠭᠠᠬᠤ᠂ ᠤᠰᠤ ᠬᠠᠩᠭᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ ᠨᠡᠶᠢᠢᠲᠡ ᠶᠢᠨ ᠪᠡᠯᠡᠳᠬᠡᠮᠵᠢ ᠶᠢᠨ | ᠪᠦᠲᠦᠭᠡᠨ ᠪᠠᠶᠢᠢᠭᠤᠯᠤᠯᠲᠠ ᠬᠢᠬᠦ ᠳᠤ᠂ ᠵᠡᠷᠭᠡ ᠳᠤ ᠨᠢ ᠨᠡᠶᠢᠢᠲᠡ ᠶᠢᠨ ᠭᠠᠯ ᠰᠡᠷᠭᠡᠶᠢᠢᠯᠡᠵᠦ ᠤᠨᠲᠠᠷᠠᠭᠠᠬᠤ | ᠪᠡᠯᠡᠳᠭᠡᠮᠵᠢ ᠶᠢᠨ ᠪᠦᠲᠦᠭᠡᠨ ᠪᠠᠶᠢᠢᠭᠤᠯᠤᠯᠲᠠ ᠬᠢᠬᠦ ᠬᠡᠷᠡᠭᠲᠡᠢ᠃ | ᠠᠷᠪᠠᠨ ᠨᠠᠶᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠨᠡᠭᠦᠳᠡᠯᠴᠢᠳ ᠢ ᠲᠥᠪᠬᠢᠨᠡᠭᠦᠯᠬᠦ᠂ | ᠨᠤᠷᠠᠬᠤ ᠠᠶᠤᠯᠲᠠᠢ ᠭᠡᠷ ᠪᠠᠶᠢᠢᠰᠢᠩ ᠢ ᠲᠥᠪᠯᠡᠷᠡᠭᠦᠯᠦᠨ ᠳᠠᠬᠢᠨ ᠪᠠᠶᠢᠢᠭᠤᠯᠵᠤ ᠥᠭᠡᠷᠡᠴᠢᠯᠡᠨ ᠵᠠᠰᠠᠬᠤ ᠵᠡᠷᠭᠡ | ᠪᠠᠶᠢᠢᠭᠤᠯᠤᠯᠲᠠ ᠬᠢᠬᠦ ᠳᠤ ᠪᠠᠨ᠂ ᠨᠡᠶᠢᠢᠲᠡ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠪᠡᠯᠡᠳᠭᠡᠮᠵᠢ ᠶᠢ | ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠢᠭᠤᠯᠬᠤ ᠶᠢ ᠵᠡᠷᠭᠡ ᠳᠤ ᠨᠢ ᠪᠡᠶᠡᠯᠡᠭᠦᠯᠬᠦ ᠬᠡᠷᠡᠭᠲᠡᠢ᠃ | | ᠠᠷᠪᠠ ᠶᠢᠰᠦᠳᠦᠭᠡᠷ ᠵᠦᠢᠯ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠢ ᠪᠦᠷᠢᠳᠦᠭᠦᠯᠬᠦ | ᠨᠦᠭᠦᠴᠡᠯ ᠲᠠᠢ ᠭᠠᠴᠠᠭ᠎ᠠ ᠲᠣᠰᠬᠤᠨ ᠨᠢ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤᠨ ᠤ ᠬᠠᠩᠭᠠᠯᠲᠠ ᠶᠢᠨ | ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠪᠦᠷᠢᠯᠳᠦᠭᠦᠯᠬᠦ ᠨᠦᠭᠦᠴᠡᠯ | ᠦᠭᠡᠢ ᠪᠣᠯ᠂ ᠭᠠᠯ ᠤᠨᠲᠠᠷᠠᠭᠠᠬᠤ ᠤᠰᠤᠨ ᠲᠠᠲᠠᠭᠠᠯ ᠵᠠᠰᠠᠨ ᠪᠠᠶᠢᠢᠭᠤᠯᠬᠤ ᠪᠤᠶᠤ ᠪᠠᠶᠢᠢᠭᠠᠯᠢ ᠶᠢᠨ ᠤᠰᠤᠨ | ᠰᠤᠷᠪᠤᠯᠵᠢ ᠶᠢ ᠠᠰᠢᠬᠯᠠᠵᠤ ᠭᠠᠯ ᠤᠨᠲᠠᠷᠠᠭᠠᠬᠤ ᠤᠰᠤᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠭᠠᠯ | ᠤᠨᠲᠠᠷᠠᠭᠠᠬᠤ ᠤᠰᠤᠨ ᠲᠠᠲᠠᠭᠠᠯ ᠤᠨ ᠪᠠᠭᠲᠠᠭᠠᠮᠵᠢ ᠶᠢ 100 ᠺᠦᠪ ᠮᠧᠲᠷ ᠠᠴᠠ ᠪᠠᠭ᠎ᠠ ᠪᠠᠶᠢᠢᠯᠭᠠᠪᠠᠯ ᠵᠣᠬᠢᠬᠤ | ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤ ᠬᠠᠩᠭᠠᠬᠤ ᠰᠢᠰᠲ᠋ᠧᠮ᠂ ᠭᠠᠯ ᠤᠨᠲᠠᠷᠠᠭᠠᠬᠤ ᠤᠰᠤᠨ | ᠲᠠᠲᠠᠭᠠᠯ ᠪᠠ ᠪᠠᠶᠢᠢᠭᠠᠯᠢ ᠶᠢᠨ ᠤᠰᠤᠨ ᠤ ᠰᠤᠷᠪᠤᠯᠵᠢ ᠶᠢᠨ ᠤᠰᠤ ᠠᠪᠬᠤ ᠠᠮᠠᠰᠠᠷ ᠤᠨ ᠲᠣᠬᠢᠷᠠᠭᠤᠯᠤᠯᠲᠠ ᠨᠢ ᠭᠠᠯ | ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠢᠴᠡᠬᠦ ᠬᠡᠷᠡᠭᠲᠡᠢ᠃ | ᠬᠤᠷᠢᠳᠤᠭᠠᠷ ᠵᠦᠢᠯ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠥᠷᠭᠡᠨ ᠢ 4 ᠮᠧᠲᠷ ᠠᠴᠠ | ᠪᠠᠭ᠎ᠠ ᠪᠠᠶᠢᠢᠯᠭᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠬᠯᠠᠨ ᠲᠠᠰᠤᠯᠵᠤ | ᠪᠣᠯᠬᠤ ᠦᠭᠡᠢ᠃ ᠬᠤᠭᠤᠯᠠᠢ ᠶᠢᠨ ᠴᠠᠬᠤ ᠵᠡᠷᠭᠡ ᠬᠠᠷᠰᠢ ᠰᠠᠭᠠᠳ ᠪᠣᠯᠬᠤ ᠪᠣᠳᠠᠰ ᠤᠳ ᠢ ᠵᠠᠪᠠᠯ ᠭᠠᠯ ᠤᠨᠲᠠᠷᠠᠭᠠᠬᠤ | ᠲᠡᠷᠭᠡᠨ ᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠳᠡᠭᠡᠭᠦᠷ ᠥᠩᠭᠡᠷᠡᠭᠦᠯᠬᠦ ᠳᠤ | ᠲᠡᠭᠦᠨ ᠤ ᠴᠡᠪᠡᠷ ᠥᠨᠳᠥᠷ ᠢ 4 ᠮᠧᠲᠷ ᠠᠴᠠ ᠪᠠᠭ᠎ᠠ ᠪᠠᠶᠢᠢᠯᠭᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠢᠭᠤᠯᠤᠯᠲᠠ | ᠬᠤᠷᠢᠨ ᠨᠢᠭᠡᠳᠦᠭᠡᠷ ᠵᠦᠢᠯ ᠳᠣᠣᠷᠠᠬᠢ ᠨᠦᠭᠦᠴᠡᠯ ᠳᠤ ᠨᠡᠶᠢᠢᠴᠡᠭᠰᠡᠨ ᠰᠤᠮᠤ ᠰᠢᠶᠠᠩ ᠪᠠᠯᠭᠠᠰᠤ ᠨᠢ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ | ᠪᠠᠶᠢᠢᠭᠤᠯᠬᠤ ᠶᠢᠨ ᠬᠠᠮᠲᠤ ᠠᠵᠢᠯᠲᠠᠨ᠂ ᠲᠡᠷᠭᠡ᠂ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ | ᠬᠡᠷᠡᠭᠲᠡᠢ᠄ | ︵ᠨᠢᠭᠡ︶ ᠬᠤᠲᠠ ᠶᠢᠨ ᠪᠠᠶᠢᠢᠭᠤᠯᠤᠭᠰᠠᠨ ᠲᠣᠭᠤᠷᠢᠭ ᠤᠨ ᠲᠠᠯᠠᠪᠠᠢ ᠨᠢ 2 ᠲᠡᠭᠰᠢ ᠳᠥᠷᠪᠡᠯᠵᠢᠨ | ᠺᠢᠯᠣᠮᠧᠲᠷ ᠠᠴᠠ ᠬᠡᠲᠦᠷᠡᠭᠰᠡᠨ ᠪᠤᠶᠤ ᠬᠤᠲᠠ ᠶᠢᠨ ᠪᠠᠶᠢᠢᠭᠤᠯᠤᠭᠰᠠᠨ ᠲᠣᠭᠤᠷᠢᠭ ᠤᠨ ᠰᠠᠭᠤᠭ᠎ᠠ ᠬᠥᠮᠥᠨ ᠠᠮᠠ ᠨᠢ | 1 ᠲᠦᠮᠡ ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭᠠᠰᠤ︔ | ︵ᠬᠤᠶᠠᠷ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ ᠤᠨ ᠦᠢᠯᠡᠳᠪᠦᠷᠢᠯᠡᠯ᠂ | ᠡᠵᠡᠩᠨᠡᠯᠲᠡ ᠶᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠶᠢᠢᠯᠠᠯ ᠲᠥᠪᠯᠡᠷᠡᠭᠰᠡᠨ ᠰᠤᠮᠤ | ᠰᠢᠶᠠᠩ ᠪᠠᠯᠭᠠᠰᠤ︔ | ︵ᠭᠤᠷᠪᠠ︶ ᠪᠥᠬᠦ ᠤᠯᠤᠰ ᠤᠨ ᠭᠤᠣᠯᠳᠠᠯᠭᠠᠲᠤ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭᠠᠲᠤ ᠪᠠᠯᠭᠠᠰᠤ᠂ ᠲᠥᠪ ᠪᠠᠯᠭᠠᠰᠤ᠂ ᠲᠡᠦᠬᠡ ᠰᠣᠶᠣᠯ ᠤᠨ ᠨᠡᠷᠡᠲᠦ ᠪᠠᠯᠭᠠᠰᠤ︔ | ︵ᠳᠥᠷᠪᠡ︶ ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ | ᠪᠤᠶᠤ ᠤᠯᠤᠰ ᠤᠨ ᠶᠡᠷᠦᠩᠬᠡᠶᠢᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠳᠡᠭᠡ ᠠᠴᠠ | ᠨᠡᠯᠢᠶᠡᠳ ᠬᠤᠯᠠ ︵100 ᠺᠢᠯᠣᠮᠧᠲᠷ ᠠᠴᠠ ᠳᠡᠭᠡᠭᠰᠢ︶ ᠪᠠᠶᠢᠢᠭ᠎ᠠ ᠰᠤᠮᠤ ᠰᠢᠶᠠᠩ ᠪᠠᠯᠭᠠᠰᠤ᠃ | ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠢᠯᠡᠵᠦ | ᠤᠨᠲᠠᠷᠠᠭᠠᠬᠤ ᠠᠩᠬᠢ ᠶᠢᠨ ᠪᠣᠳᠠᠲᠠᠢ ᠪᠠᠶᠢᠢᠭᠤᠯᠤᠯᠲᠠ ᠶᠢᠨ ᠪᠠᠷᠢᠮᠵᠢᠶ᠎ᠠ ᠨᠢ ︽ᠵᠠᠰᠠᠭ ᠤᠨ ᠣᠷᠳᠣᠨ ᠤ ᠲᠤᠰᠬᠠᠢ | ᠲᠤᠰᠢᠶᠠᠯᠲᠤ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠶᠢᠨ ᠪᠠᠶᠢᠢᠭᠤᠯᠤᠯᠲᠠ ᠶᠢᠨ ᠬᠠᠮᠢᠶᠠᠷᠤᠯᠲᠠ ᠶᠢᠨ ᠵᠢᠷᠤᠮᠵᠢᠯ︾ | ︵DB15/T 1897 — 2020︶ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠲᠣᠰ ᠲᠣᠭᠲᠠᠭᠠᠯ ᠤᠨ ᠬᠤᠷᠢᠨ ᠨᠢᠭᠡᠳᠦᠭᠡᠷ ᠵᠦᠢᠯ ᠤᠨ | ᠲᠣᠭᠲᠠᠭᠠᠯ ᠳᠠᠬᠢ ᠠᠴᠠ ᠪᠤᠰᠤᠳ ᠰᠤᠮᠤ ᠰᠢᠶᠠᠩ ᠪᠠᠯᠭᠠᠰᠤ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ | ᠬᠥᠭᠵᠢᠯᠲᠡ ᠪᠠ ᠭᠠᠯ ᠰᠡᠷᠭᠡᠶᠢᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠲᠠᠨ ᠲᠠᠢ᠂ | ᠲᠡᠷᠭᠡ ᠲᠠᠢ᠂ ᠥᠷᠲᠡᠭᠡᠨ ᠤ ᠭᠡᠷ ᠲᠠᠢ᠂ ᠵᠠᠷᠤᠳᠠᠯ ᠲᠠᠢ ᠪᠠᠶᠢᠢᠬᠤ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ | ᠰᠡᠷᠭᠡᠶᠢᠢᠯᠡᠵᠦ ᠤᠨᠲᠠᠷᠠᠭᠠᠬᠤ ᠠᠩᠬᠢ ᠪᠠᠶᠢᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠲᠤᠰᠬᠠᠢ ︵ᠬᠠᠪᠰᠤᠷᠭᠠᠬᠤ︶ ᠲᠤᠰᠢᠶᠠᠯᠲᠤ | ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠬᠠᠮᠢᠶᠠᠷᠴᠤ᠂ ᠭᠠᠯ ᠲᠦᠢᠮᠠᠷ ᠤᠨ ᠠᠶᠤᠯ ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ | ᠬᠦᠯᠢᠶᠡᠭᠰᠡᠨ ᠵᠢᠴᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠢᠯᠡᠵᠦ | ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠢᠭᠤᠯᠤᠮᠵᠢ ᠶᠢᠨ ᠵᠠᠷᠯᠢᠭ ᠵᠢᠭᠠᠪᠤᠷᠢ ᠶᠢ ᠣᠯᠣᠭᠰᠠᠨ ᠤ ᠳᠠᠷᠠᠭ᠎ᠠ᠂ | ᠲᠤᠬᠠᠢ ᠶᠢᠨ ᠲᠠᠯᠠᠪᠤᠷ ᠲᠤ ᠳᠠᠷᠤᠢ ᠲᠦᠷᠭᠡᠨ ᠵᠠᠪᠳᠤᠨ ᠣᠴᠢᠵᠤ ᠰᠢᠢᠳᠪᠦᠷᠢᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠨᠢ ᠲᠣᠰᠬᠤᠨ ᠤ ᠠᠷᠠᠳ ᠢᠶᠠᠷ ᠪᠦᠷᠢᠯᠳᠦᠭᠰᠡᠨ | ᠰᠠᠶᠢᠢᠨ ᠳᠤᠷ᠎ᠠ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠠᠩᠬᠢ ︵ᠪᠢᠴᠢᠯ ᠬᠡᠯᠪᠡᠷᠢ ᠶᠢᠨ ᠭᠠᠯ ᠰᠡᠷᠭᠡᠶᠢᠢᠯᠡᠵᠦ | ᠤᠨᠲᠠᠷᠠᠭᠠᠬᠤ ᠥᠷᠳᠡᠭᠡ︶ ᠪᠠᠶᠢᠢᠭᠤᠯᠵᠤ᠂ ᠪᠠᠭᠠᠵᠢ ᠬᠡᠷᠡᠭᠰᠡᠯ ᠤᠨ ᠲᠠᠰᠤᠭ ᠪᠠ ᠵᠢᠵᠢᠭᠦᠷᠯᠡᠬᠦ ᠳᠤ ᠬᠡᠷᠡᠭᠯᠡᠬᠦ ᠭᠡᠷ | ᠲᠣᠬᠢᠷᠠᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠴᠢᠬᠤᠯᠠ ᠪᠦᠬᠦᠢ ᠪᠠᠭᠠᠵᠢ ᠬᠡᠷᠡᠭᠰᠡᠯ ᠢ | ᠲᠣᠬᠢᠷᠠᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠭᠠᠯ ᠤᠨᠲᠠᠷᠠᠭᠠᠬᠤ ᠪᠠ ᠪᠠᠴᠢᠮ ᠪᠠᠶᠢᠢᠳᠠᠯ ᠢ ᠠᠷᠭᠠᠴᠠᠭᠠᠵᠤ ᠲᠠᠷᠬᠠᠭᠠᠬᠤ | ᠪᠡᠯᠡᠳᠭᠡᠯ ᠲᠥᠰᠥᠯ ᠢ ᠲᠣᠭᠲᠠᠭᠠᠬᠤ ᠬᠡᠷᠡᠭᠲᠡᠢ᠃ ᠪᠡᠯᠡᠳᠭᠡᠯ ᠲᠥᠰᠥᠯ ᠳᠤ ᠳᠣᠣᠷᠠᠬᠢ ᠠᠭᠤᠯᠭ᠎ᠠ ᠪᠠᠭᠲᠠᠬᠤ | ᠬᠡᠷᠡᠭᠲᠡᠢ᠄ | ︵ᠨᠢᠭᠡ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠯᠪᠣᠭᠳᠠᠯ ᠪᠦᠬᠦᠢ ᠦᠨᠳᠦᠰᠦᠨ ᠪᠠᠶᠢᠢᠳᠠᠯ︔ | | ︵ᠬᠤᠶᠠᠷ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠬᠦᠴᠦᠨ ᠪᠠ ᠭᠠᠯ ᠤᠨᠲᠠᠷᠠᠭᠠᠬᠤ ᠲᠡᠷᠭᠡ᠂ ᠪᠠᠭᠠᠵᠢ ᠬᠡᠷᠡᠭᠰᠡᠯ ᠤᠨ ᠲᠣᠬᠢᠷᠠᠭᠤᠯᠤᠭᠰᠠᠨ ᠪᠠᠶᠢᠢᠳᠠᠯ᠂ ᠨᠡᠶᠢᠢᠲᠡ ᠶᠢᠨ | ᠭᠠᠯ ᠤᠨᠲᠠᠷᠠᠭᠠᠬᠤ ᠪᠡᠯᠡᠳᠭᠡᠮᠵᠢ ᠶᠢᠨ ᠲᠣᠬᠢᠷᠠᠭᠤᠯᠤᠯᠲᠠ᠂ ᠲᠠᠷᠬᠠᠯᠲᠠ ᠶᠢᠨ ᠪᠠᠶᠢᠢᠳᠠᠯ︔ | ︵ᠭᠤᠷᠪᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠢᠭᠤᠯᠤᠯᠲᠠ ᠶᠢᠨ ᠪᠠᠶᠢᠢᠭᠤᠯᠤᠮᠵᠢ ᠵᠢᠴᠢ | ᠠᠵᠢᠯ ᠤᠨ ᠪᠠᠶᠢᠢᠷᠢ ᠶᠢᠨ ᠡᠭᠦᠷᠭᠡ ᠬᠠᠷᠢᠭᠤᠴᠠᠯᠭ᠎ᠠ︔ | ︵ᠳᠥᠷᠪᠡ︶ ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ ᠢ ᠬᠦᠯᠢᠶᠡᠨ ᠠᠪᠴᠤ | ᠰᠢᠢᠳᠪᠦᠷᠢᠯᠡᠬᠦ ᠳᠡᠰ ᠳᠠᠷᠠᠭᠠᠯᠠᠯ᠂ ᠭᠠᠯ ᠤᠨ ᠠᠶᠤᠯ ᠠᠴᠠ ᠠᠪᠤᠷᠠᠬᠤ᠂ ᠲᠠᠷᠬᠠᠭᠠᠨ ᠵᠢᠯᠣᠭᠤᠳᠬᠤ᠂ ᠴᠢᠮᠡᠭᠡ | ᠬᠤᠯᠪᠣᠭ᠎ᠠ ᠠᠪᠬᠤ᠂ ᠠᠮᠤᠷ ᠲᠦᠪᠰᠢᠨ ᠢᠶᠠᠷ ᠲᠤᠰᠠᠯᠠᠨ ᠠᠪᠤᠷᠠᠬᠤ ᠳᠡᠰ ᠳᠠᠷᠠᠭᠠᠯᠠᠯ︔ | ︵ᠲᠠᠪᠤ︶ ᠤᠯᠤᠰ ᠤᠨ ᠶᠡᠷᠦᠩᠬᠡᠶᠢᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ | ᠠᠩᠬᠢ ᠯᠤᠭ᠎ᠠ ᠬᠠᠮᠵᠢᠯᠴᠠᠬᠤ ᠳᠡᠰ ᠳᠠᠷᠠᠭᠠᠯᠠᠯ᠃ | ᠬᠤᠷᠢᠨ ᠵᠢᠷᠭᠤᠳᠤᠭᠠᠷ ᠵᠦᠢᠯ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ᠂ ᠰᠠᠶᠢᠢᠨ ᠳᠤᠷ᠎ᠠ ᠶᠢᠨ | ᠭᠠᠯ ᠤᠨᠲᠠᠷᠠᠭᠠᠬᠤ ᠠᠩᠬᠢ ︵ᠪᠢᠴᠢᠯ ᠬᠡᠯᠪᠡᠷᠢ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠥᠷᠳᠡᠭᠡ︶ ᠨᠢ | ᠪᠠᠶᠢᠢᠩᠭᠤ ᠶᠢᠨ ᠴᠢᠨᠠᠷᠲᠠᠢ ᠭᠠᠯ ᠰᠡᠷᠭᠡᠶᠢᠢᠯᠡᠵᠦ ᠤᠨᠲᠠᠷᠠᠭᠠᠬᠤ ᠲᠤᠬᠠᠶᠢᠢᠯᠠᠭᠰᠠᠨ ᠠᠵᠢᠯ ᠤᠨ ᠪᠣᠯᠪᠠᠰᠤᠷᠠᠯ | ᠥᠷᠨᠢᠭᠦᠯᠬᠦ ᠶᠢᠨ ᠳᠠᠭᠠᠤ ᠳᠤ ᠭᠠᠯ ᠰᠡᠷᠭᠡᠶᠢᠢᠯᠡᠵᠦ ᠤᠨᠲᠠᠷᠠᠭᠠᠬᠤ ᠰᠣᠷᠢᠯᠲᠠ ᠵᠣᠬᠢᠶᠠᠨ ᠪᠠᠶᠢᠢᠭᠤᠯᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠰᠠᠶᠢᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠶᠢᠨ | ᠭᠡᠰᠢᠭᠦᠨ ᠳᠤ ᠰᠠᠨᠠᠭᠠᠨ ᠳᠤ ᠦᠭᠡᠢ ᠭᠡᠮᠲᠤᠯ ᠤᠨ ᠳᠠᠭᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭᠠᠬᠤ | ᠬᠠᠮᠠᠭᠠᠯᠠᠯᠲᠠ ᠶᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ ᠤᠨ ᠲᠤᠬᠠᠶᠢᠢᠯᠠᠭᠰᠠᠨ ᠠᠵᠢᠯ ᠤᠨ | ᠪᠣᠯᠪᠠᠰᠤᠷᠠᠯ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠢᠶᠠᠷ ᠲᠣᠪᠦᠶᠢᠮᠠ ᠠᠩᠬᠢ ᠶᠢᠨ | ᠭᠡᠰᠢᠭᠦᠨ ᠳᠤ ᠱᠠᠩᠨᠠᠯ ᠱᠠᠩᠨᠠᠨ ᠥᠭᠬᠦ ᠬᠡᠷᠡᠭᠲᠡᠢ᠃ | ᠬᠤᠷᠢᠨ ᠨᠠᠶᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠠᠷ ᠭᠠᠷᠪᠠᠯ᠂ ᠭᠠᠯ ᠲᠦᠢᠮᠠᠷ | ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠠᠷᠤᠢ ᠲᠦᠷᠭᠡᠨ ᠰᠠᠶᠢᠢᠨ ᠳᠤᠷ᠎ᠠ ᠶᠢᠨ | ᠭᠠᠯ ᠤᠨᠲᠠᠷᠠᠭᠠᠬᠤ ᠠᠩᠬᠢ ︵ᠪᠢᠴᠢᠯ ᠬᠡᠯᠪᠡᠷᠢ ᠶᠢᠨ ᠭᠠᠯ ᠰᠡᠷᠭᠡᠶᠢᠢᠯᠡᠵᠦ ᠤᠨᠲᠠᠷᠠᠭᠠᠬᠤ ᠥᠷᠳᠡᠭᠡ︶ ᠶᠢ ᠵᠣᠬᠢᠶᠠᠨ | ᠪᠠᠶᠢᠢᠭᠤᠯᠵᠤ ᠭᠠᠯ ᠲᠦᠢᠮᠠᠷ ᠤᠨᠲᠠᠷᠠᠭᠠᠨ ᠠᠪᠤᠷᠠᠬᠤ ᠪᠠ ᠬᠥᠮᠥᠨ ᠬᠠᠷ᠎ᠠ ᠶᠢ ᠲᠠᠷᠬᠠᠭᠠᠬᠤ ᠠᠵᠢᠯ ᠬᠢᠬᠦ ᠬᠡᠷᠡᠭᠲᠡᠢ᠃ | ᠤᠯᠤᠰ ᠤᠨ ᠶᠡᠷᠦᠩᠬᠡᠶᠢᠢᠯᠡᠭᠰᠡᠨ ᠴᠢᠨᠠᠷᠲᠠᠢ ᠭᠠᠯ ᠰᠡᠷᠭᠡᠶᠢᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠡᠩᠨᠡᠭᠡ᠂ | ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ ᠨᠢ ᠲᠦᠭᠰᠢᠭᠦᠷᠢ ᠮᠡᠳᠡᠭᠦᠯᠬᠦ ᠶᠢ ᠲᠣᠰᠣᠨ ᠣᠯᠣᠭᠰᠠᠨ ᠤ ᠳᠠᠷᠠᠭ᠎ᠠ | ᠂ ᠳᠠᠷᠤᠢ ᠲᠦᠷᠭᠡᠨ ᠭᠠᠯ ᠤᠨ ᠠᠶᠤᠯ ᠡᠭᠦᠰᠦᠭᠰᠡᠨ ᠲᠠᠯᠠᠪᠤᠷ ᠲᠤ ᠵᠠᠪᠳᠤᠨ ᠬᠦᠷᠴᠦ᠂ ᠭᠠᠯ ᠲᠦᠢᠮᠠᠷ ᠢ ᠤᠨᠲᠠᠷᠠᠭᠠᠬᠤ | ᠂ ᠠᠶᠤᠯ ᠳᠤ ᠤᠴᠠᠷᠠᠭᠰᠠᠨ ᠬᠥᠮᠥᠰ ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠶᠢᠢᠳᠠᠯ ᠢ ᠠᠷᠢᠯᠭᠠᠬᠤ | ᠬᠡᠷᠡᠭᠲᠡᠢ᠃ | ᠬᠤᠷᠢ ᠶᠢᠰᠦᠳᠦᠭᠡᠷ ᠵᠦᠢᠯ ᠭᠠᠯ ᠲᠦᠢᠮᠠᠷ ᠢ ᠤᠨᠲᠠᠷᠠᠭᠠᠭᠰᠠᠨ ᠤ ᠳᠠᠷᠠᠭ᠎ᠠ᠂ ᠭᠠᠯ ᠲᠦᠢᠮᠡᠷ ᠡᠭᠦᠰᠦᠭᠰᠡᠨ | ᠨᠢᠭᠡᠴᠢ ︵ᠬᠤᠪᠢ ᠬᠥᠮᠥᠨ︶ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠲᠤᠬᠠᠢ ᠶᠢᠨ ᠲᠠᠯᠠᠪᠤᠷ ᠢ | ᠬᠠᠮᠠᠭᠠᠯᠠᠵᠤ᠂ ᠦᠨᠡᠨ ᠪᠣᠳᠠᠲᠠᠢ ᠪᠠᠷ ᠭᠠᠯ ᠲᠦᠢᠮᠠᠷ ᠤᠨ ᠡ᠊ᠨᠳᠡᠯ ᠤᠨ ᠪᠠᠶᠢᠢᠳᠠᠯ ᠢ ᠬᠠᠩᠭᠠᠵᠤ᠂ ᠡ᠊ᠨᠳᠡᠯ ᠤᠨ | ᠪᠠᠶᠢᠢᠳᠠᠯ ᠤᠨ ᠪᠠᠶᠢᠢᠴᠠᠭᠠᠯᠲᠠ ᠶᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ | ᠰᠡᠷᠭᠡᠶᠢᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ | ᠭᠠᠯ ᠤᠨ ᠠᠶᠤᠯ ᠤᠨ ᠲᠤᠬᠠᠢ ᠶᠢᠨ ᠲᠠᠯᠠᠪᠤᠷ ᠢ ᠠᠷᠢᠯᠭᠠᠨ ᠴᠡᠪᠡᠷᠯᠡᠵᠦ ᠪᠣᠯᠬᠤ ᠦᠭᠡᠢ᠃ | ᠭᠤᠴᠢᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠲᠦᠢᠮᠠᠷ ᠤᠨ ᠠᠶᠤᠯ | ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠶᠢᠢᠭᠡᠮ ᠤᠨ ᠨᠥᠯᠥᠭᠡ ᠲᠠᠢ ᠪᠣᠯᠣᠭᠰᠨᠨ ᠡᠩ ᠤᠨ ᠭᠠᠯ | ᠲᠦᠢᠮᠠᠷ ᠤᠨ ᠡ᠊ᠨᠳᠡᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠠᠷ ᠤᠨ ᠡ᠊ᠨᠳᠡᠯ ᠤᠨ | ᠬᠠᠷᠢᠭᠤᠴᠠᠯᠭ᠎ᠠ ᠶᠢᠨ ᠪᠠᠶᠢᠢᠴᠠᠭᠠᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ | ᠂ ᠪᠠᠶᠢᠢᠴᠠᠭᠠᠬᠤ ᠳᠤᠭᠤᠶᠢᠢᠯᠠᠩ ᠪᠠᠶᠢᠢᠭᠤᠯᠵᠤ ᠪᠠᠶᠢᠢᠴᠠᠭᠠᠯᠲᠠ ᠬᠢᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠤᠨ ᠠᠶᠤᠯ ᠭᠠᠷᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠭᠠᠢ ᠭᠠᠮᠰᠢᠭ ᠤᠨ ᠮᠡᠳᠡᠭᠡ ᠵᠠᠩᠬᠢ ᠶᠢ | ᠨᠢᠭᠡᠳᠦᠯᠲᠡᠢ ᠨᠡᠶᠢᠢᠲᠡᠯᠡᠨᠡ᠃ | ᠲᠠᠪᠤᠳᠤᠭᠠᠷ ᠪᠦᠯᠦᠭ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ | ᠭᠤᠴᠢᠨ ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ ᠪᠠᠶᠢᠢᠭᠤᠯᠤᠭᠰᠠᠨ | ᠪᠠᠷᠢᠯᠭ᠎ᠠ ᠶᠢᠨ ᠭᠠᠯ ᠠᠴᠠ ᠰᠡᠷᠭᠡᠶᠢᠢᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠶᠢᠢᠭ᠎ᠠ ᠪᠠᠷᠢᠯᠭ᠎ᠠ ᠶᠢᠨ | ᠭᠠᠯ ᠠᠴᠠ ᠰᠡᠷᠭᠡᠶᠢᠢᠯᠡᠬᠦ ᠥᠭᠡᠷᠡᠴᠢᠯᠡᠨ ᠰᠢᠨᠡᠳᠭᠡᠬᠦ ᠵᠢᠴᠢ ᠴᠠᠬᠢᠯᠭᠠᠨ ᠬᠦᠴᠦᠨ ᠤ ᠲᠣᠣᠷ ᠤᠨ ᠪᠠᠶᠢᠢᠭᠤᠯᠤᠯᠲᠠ | ᠬᠢᠭᠡᠳ ᠥᠭᠡᠷᠡᠴᠢᠯᠡᠨ ᠰᠢᠨᠡᠳᠭᠡᠬᠦ ᠠᠵᠢᠯ ᠨᠢ ᠤᠯᠤᠰ ᠤᠨ ᠭᠠᠯ ᠰᠡᠷᠭᠡᠶᠢᠢᠯᠡᠵᠦ ᠤᠨᠲᠠᠷᠠᠭᠠᠬᠤ ᠮᠡᠷᠭᠡᠵᠢᠯ ᠤᠨ | ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠢᠴᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠢ ᠭᠠᠯ | ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠥᠵᠢᠯ ᠢ ᠵᠢᠭᠠᠨ ᠰᠤᠷᠭᠠᠬᠤ ᠠᠭᠤᠯᠭ᠎ᠠ ᠳᠤ ᠪᠠᠨ ᠣᠷᠣᠭᠤᠯᠵᠤ | ᠂ ᠬᠤᠭᠤᠴᠠᠭ᠎ᠠ ᠪᠦᠷᠢ 4 ᠤᠳᠠᠭ᠎ᠠ ᠠᠴᠠ ᠳᠤᠲᠠᠭᠤ ᠦᠭᠡᠢ ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢᠨ ᠬᠢᠴᠢᠶᠡᠯ ᠣᠷᠣᠬᠤ ᠬᠡᠷᠡᠭᠲᠡᠢ᠃ ᠡᠭᠦᠨ ᠳᠤ᠂ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ | ᠪᠠ ᠴᠢᠯᠦᠭᠡ ᠲᠠᠯᠪᠢᠬᠤ ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠡᠰᠢ ᠰᠦᠷᠡᠯ᠂ ᠲᠦᠯᠡᠭᠡ ᠡᠪᠡᠰᠦ | ᠵᠡᠷᠭᠡ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠤᠨ ᠣᠪᠣᠭᠠᠯᠠᠬᠤ ᠭᠠᠵᠠᠷ ᠤᠨ ᠲᠣᠬᠢᠷᠠᠭᠤᠯᠤᠯᠲᠠ ᠨᠢ ᠳᠣᠣᠷᠠᠬᠢ | ᠱᠠᠭᠠᠷᠳᠠᠯᠭ᠎ᠠ ᠳᠤ ᠨᠡᠶᠢᠢᠴᠡᠬᠦ ᠬᠡᠷᠡᠭᠲᠡᠢ᠄ | ︵ᠨᠢᠭᠡ︶ ᠬᠠᠷᠢᠴᠠᠩᠭᠤᠢ ᠲᠤᠰᠠᠭᠠᠷᠯᠠᠭᠰᠠᠨ ᠠᠮᠤᠷ ᠲᠦᠪᠰᠢᠨ ᠤ ᠣᠷᠣᠨ ᠪᠦᠰᠡ ᠳᠤ ᠪᠤᠶᠤ ᠠᠶᠢᠢᠯ | ᠲᠣᠰᠬᠤᠨ ᠤ ᠵᠠᠬ᠎ᠠ ᠬᠥᠪᠡᠭᠡ ᠪᠠᠷ ᠲᠣᠬᠢᠷᠠᠭᠤᠯᠪᠠᠯ ᠵᠣᠬᠢᠰᠲᠠᠢ︔ | ︵ᠬᠤᠶᠠᠷ︶ ᠵᠠᠮ᠂ ᠣᠶᠢᠢᠲᠤ ᠭᠠᠵᠠᠷ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ︔ ᠣᠪᠣᠭᠠᠯᠠᠬᠤ ᠭᠠᠵᠠᠷ ᠲᠤ | ᠮᠠᠰᠢᠨ ᠲᠡᠷᠭᠡ ᠬᠥᠰᠬᠡ ᠵᠣᠭᠰᠣᠭᠠᠬᠤ᠂ ᠰᠡᠯᠪᠢᠨ ᠵᠠᠰᠠᠬᠤ ᠶᠢ ᠴᠠᠭᠠᠵᠠᠯᠠᠨ᠎ᠠ︔ | ︵ᠭᠤᠷᠪᠠ︶ ᠡᠰᠢ ᠰᠦᠷᠡᠯ ᠢ ᠶᠡᠭᠡ ᠬᠡᠮᠵᠢᠶ᠎ᠡ ᠪᠠᠷ ᠠᠶᠢᠢᠯ ᠲᠣᠰᠬᠤᠨ ᠡᠷᠦᠬᠡ ᠳᠤ ᠣᠷᠣᠭᠤᠯᠵᠤ ᠪᠣᠯᠬᠤ | ᠦᠭᠡᠢ᠂ ᠦᠢᠯᠡᠳᠪᠦᠷᠢᠯᠡᠯ᠂ ᠠᠮᠢᠳᠤᠷᠠᠯ ᠤᠨ ᠪᠠᠷᠢᠯᠭ᠎ᠠ ᠶᠢᠨ ᠬᠠᠵᠠᠭᠤ ᠬᠠᠪᠢ ᠪᠠᠷ ᠨᠦᠬᠡᠴᠡᠯᠡᠨ ᠬᠠᠳᠠᠭᠠᠯᠠᠵᠤ ᠪᠣᠯᠬᠤ | ᠦᠭᠡᠢ᠂ ᠴᠠᠬᠢᠯᠭᠠᠨ ᠬᠦᠴᠦᠨ ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭᠠᠭᠴᠢ ᠶᠢᠨ ᠳᠣᠣᠷ᠎ᠠ ᠣᠪᠣᠭᠠᠯᠠᠨ | ᠲᠠᠯᠪᠢᠵᠤ ᠪᠣᠯᠬᠤ ᠦᠭᠡᠢ︔ | ︵ᠳᠥᠷᠪᠡ︶ ᠰᠢᠲᠠᠮᠠᠬᠠᠢ ᠮᠠᠲ᠋ᠧᠷᠢᠶᠠᠯ ᠣᠪᠣᠭᠠᠯᠠᠬᠤ ᠭᠠᠵᠠᠷ ᠤᠨ ᠡᠷᠭᠢᠨ ᠲᠣᠭᠤᠷᠢᠨ ᠤ ᠪᠠᠷᠢᠯᠭ᠎ᠠ ᠳᠤ | ᠬᠤᠯᠠᠩ ᠤᠨ ᠳᠡᠭᠡᠷ᠎ᠡ ᠨᠢ ᠭᠠᠯ ᠠᠴᠠ ᠰᠡᠷᠭᠡᠶᠢᠢᠯᠡᠬᠦ ᠮᠠᠯᠠᠭᠠᠢ ᠲᠠᠭᠠᠷᠠᠭᠤᠯᠬᠤ ᠵᠡᠷᠭᠡ ᠭᠠᠯ ᠤᠨ ᠣᠴᠢ ᠦᠰᠦᠷᠦᠨ | ᠭᠠᠷᠬᠤ ᠠᠴᠠ ᠰᠡᠷᠭᠡᠶᠢᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ | ︵ᠲᠠᠪᠤ︶ ᠲᠠᠷᠢᠶᠠᠴᠢᠨ ᠮᠠᠯᠴᠢᠨ ᠤ ᠬᠦᠷᠢᠶ᠎ᠡ ᠬᠠᠰᠢᠶᠠᠨ ᠳᠤ ᠣᠪᠣᠭᠠᠯᠠᠨ ᠲᠠᠯᠪᠢᠭᠰᠠᠨ ᠪᠠᠭ᠎ᠠ ᠬᠡᠮᠵᠢᠶᠡᠨ ᠤ | ᠲᠦᠯᠡᠭᠡ ᠡᠪᠡᠰᠦ᠂ ᠲᠡᠵᠢᠭᠡᠯ ᠪᠣᠷᠳᠤᠭ᠎ᠠ ᠵᠡᠷᠭᠡ ᠪᠠ ᠪᠠᠷᠢᠯᠭ᠎ᠠ ᠶᠢᠨ ᠬᠤᠭᠤᠷᠣᠨᠳᠤ ᠭᠠᠯ ᠠᠴᠠ ᠰᠡᠷᠭᠡᠶᠢᠢᠯᠡᠵᠦ | ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠪᠢᠲᠡᠭᠦᠦ ᠮᠠᠶ᠋ᠢᠭ ᠤᠨ ᠮᠠᠯ ᠤᠨ | ᠰᠠᠷᠠᠪᠴᠢ ᠶᠢ ᠠᠰᠲᠠᠭᠠᠨ ᠪᠠᠶᠢᠢᠭᠤᠯᠤᠨ ᠪᠠᠷᠢᠬᠤ ᠶᠢᠨ ᠬᠠᠮᠲᠤ ᠳᠣᠣᠷᠠᠬᠢ ᠲᠣᠭᠲᠠᠭᠠᠯ ᠳᠤ ᠨᠡᠶᠢᠢᠴᠡᠭᠦᠯᠬᠦ ᠬᠡᠷᠡᠭᠲᠡᠢ᠄ | ︵ᠨᠢᠭᠡ︶ ᠭᠠᠯ ᠳᠠᠭᠠᠭᠠᠮᠠᠭᠠᠢ ᠵᠡᠷᠭᠡ ᠳᠡᠰ ᠨᠢ ᠭᠤᠷᠪᠠᠳᠤᠭᠠᠷ ᠳᠡᠰ ᠠᠴᠠ ᠳᠣᠣᠷ᠎ᠠ ᠪᠠᠶᠢᠢᠵᠤ ᠪᠣᠯᠬᠤ ᠦᠭᠡᠢ᠂ | ᠨᠢᠭᠡᠨᠲᠡ ᠪᠠᠶᠢᠢᠭᠤᠯᠤᠨ ᠪᠠᠷᠢᠭᠰᠠᠨ ᠭᠤᠷᠪᠠᠳᠤᠭᠠᠷ ᠳᠡᠰ ᠠᠴᠠ ᠳᠣᠣᠷ᠎ᠠ ᠪᠠᠶᠢᠢᠬᠤ ᠰᠠᠷᠠᠪᠴᠢ ᠬᠠᠰᠢᠶ᠎ᠠ ᠶᠢ ᠠᠯᠬᠤᠮ | ᠳᠠᠷᠠᠭᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ︔ | ︵ᠬᠤᠶᠠᠷ︶ ᠴᠠᠬᠢᠯᠭᠠᠨ ᠬᠡᠯᠬᠢᠶᠡᠨ ᠤ ᠤᠲᠠᠰᠤ ᠳᠡᠪᠢᠰᠬᠦ ᠳᠤ ᠦᠯᠦ ᠰᠢᠲᠠᠬᠤ ᠬᠤᠭᠤᠯᠠᠢ ᠭᠤᠤᠷᠰᠤ ᠪᠠᠷ | ᠨᠡᠪᠲᠡᠷᠡᠭᠦᠯᠵᠦ᠂ ᠲᠡᠭᠦᠨ ᠤ ᠭᠡᠷᠡᠯᠲᠦᠭᠦᠯᠬᠦ ᠳ᠋ᠧᠩ ᠤᠨ ᠬᠡᠷᠡᠭᠰᠡᠯ ᠢ ᠪᠠᠲᠤ ᠪᠠᠬᠢ ᠤᠭᠰᠠᠷᠠᠭᠤᠯᠤᠨ ᠲᠠᠭᠠᠷᠠᠭᠤᠯᠬᠤ | ᠬᠡᠷᠡᠭᠲᠡᠢ︔ | ︵ᠭᠤᠷᠪᠠ︶ ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ | ᠬᠡᠷᠴᠢᠮᠡᠯ ᠡᠪᠡᠰᠦ᠂ ᠲᠡᠵᠢᠭᠡᠯ ᠪᠣᠷᠳᠣᠭᠠᠨ ᠤ ᠥᠷᠥᠭᠡ ᠵᠢᠴᠢ ᠲᠡᠵᠢᠭᠡᠭᠴᠢ ᠶᠢᠨ ᠪᠠᠶᠢᠢᠷᠢ ᠶᠢ ᠬᠠᠰᠢᠶ᠎ᠠ ᠰᠠᠷᠠᠪᠴᠢ ᠲᠠᠢ | ᠰᠠᠯᠭᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭᠠᠯᠳᠤᠭᠤᠯᠬᠤ ᠴᠢᠬᠤᠯᠠ ᠲᠠᠢ ᠦᠶ᠎ᠡ ᠳᠤ ᠭᠠᠯ ᠠᠴᠠ | ᠰᠡᠷᠭᠡᠶᠢᠢᠯᠡᠵᠦ ᠵᠠᠭᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠣᠭᠤᠭᠠᠨ ᠭᠡᠷ ᠤᠨ ᠵᠤᠤᠬ᠎ᠠ ᠶᠢᠨ ᠠᠰ | ᠳᠡᠭᠡᠷ᠎ᠡ 1.5 ᠮᠧᠲᠷ ᠤᠨ ᠬᠡᠪᠴᠢᠶᠡᠨ ᠳᠤ ᠰᠢᠲᠠᠮᠠᠬᠠᠢ ᠪᠣᠳᠠᠰ ᠪᠠᠶᠢᠢᠯᠭᠠᠵᠤ ᠪᠣᠯᠬᠤ ᠦᠭᠡᠢ᠃ ᠫᠢᠰᠢᠩ᠂ ᠬᠠᠨᠵᠤ᠂ | ᠬᠤᠯᠠᠩ ᠢ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠨ ᠨᠡᠪᠲᠡᠷᠡᠭᠦᠯᠵᠦ᠂ ᠲᠣᠭᠤᠰᠬ᠎ᠠ ᠪᠠᠷ ᠦᠷᠦᠵᠦ ᠪᠠᠷᠢᠭᠰᠠᠨ | ᠬᠤᠯᠠᠩ ᠤᠨ ᠳᠣᠲᠣᠭᠠᠳᠤ ᠬᠠᠨ᠎ᠠ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 240 ᠮᠢᠯᠢᠮᠧᠲᠷ ᠠᠴᠠ | ᠪᠠᠭ᠎ᠠ ᠪᠠᠶᠢᠢᠯᠭᠠᠵᠤ ᠪᠣᠯᠬᠤ ᠦᠭᠡᠢ᠂ ᠲᠡᠮᠦᠷᠯᠢᠭ ᠢᠶᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ ᠤᠨ | ᠬᠤᠭᠤᠷᠣᠨᠳᠤᠬᠢ ᠵᠠᠢ ᠶᠢ 700 ᠮᠢᠯᠢᠮᠧᠲᠷ ᠠᠴᠠ ᠪᠠᠭ᠎ᠠ ᠪᠠᠶᠢᠢᠯᠭᠠᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠡᠪᠴᠢᠶᠡᠨ ᠳᠠᠬᠢ ᠨᠢᠭᠡᠴᠢ | ᠪᠤᠶᠤ ᠬᠤᠪᠢ ᠬᠥᠮᠥᠨ ᠳᠣᠣᠷᠠᠬᠢ ᠦᠢᠯᠡ ᠠᠵᠢᠯᠯᠠᠭ᠎ᠠ ᠲᠠᠢ ᠪᠠᠶᠢᠢᠬᠤ ᠶᠢ ᠴᠠᠭᠠᠵᠠᠯᠠᠨ᠎ᠠ᠄ | ︵ᠨᠢᠭᠡ︶ ᠭᠠᠯ ᠰᠡᠷᠭᠡᠶᠢᠢᠯᠡᠵᠦ ᠤᠨᠲᠠᠷᠠᠭᠠᠬᠤ ᠪᠡᠯᠡᠳᠭᠡᠮᠵᠢ᠂ ᠪᠠᠭᠠᠵᠢ ᠬᠡᠷᠡᠭᠰᠡᠯ ᠪᠠ ᠭᠠᠯ ᠠᠴᠠ ᠰᠡᠷᠭᠡᠶᠢᠢᠯᠡᠬᠦ | ᠲᠡᠮᠳᠡᠭ ᠢ ᠳᠤᠷ᠎ᠠ ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢᠳᠭᠡᠬᠦ᠂ ᠨᠤᠷᠠᠭᠠᠵᠤ ᠬᠠᠶᠠᠬᠤ᠂ | ᠬᠡᠷᠡᠭᠯᠡᠬᠦ ᠪᠠᠨ ᠵᠣᠭᠰᠣᠬᠤ ᠶᠢ ᠴᠠᠭᠠᠵᠠᠯᠠᠨ᠎ᠠ︔ | ︵ᠬᠤᠶᠠᠷ︶ ᠲᠦᠷ ᠴᠠᠭ ᠤᠨ ᠭᠡᠷ ᠪᠠᠷᠢᠯᠭ᠎ᠠ ︵ᠪᠠᠷᠢᠯᠭ᠎ᠠ ᠶᠢᠨ ᠵᠦᠢᠯᠡᠰ︶ ᠶᠢ ᠪᠠᠷᠢᠵᠤ ᠪᠣᠰᠬᠠᠬᠤ ᠵᠢᠴᠢ | ᠲᠦᠯᠡᠭᠡ ᠡᠪᠡᠰᠦ ᠵᠡᠷᠭᠡ ᠥᠯᠥᠭ ᠡᠳ᠋ ᠣᠪᠣᠭᠠᠯᠠᠨ ᠲᠠᠯᠪᠢᠬᠤ ᠦᠶ᠎ᠡ ᠳᠤ ᠭᠠᠯ ᠠᠴᠠ ᠰᠡᠷᠭᠡᠶᠢᠢᠯᠡᠬᠦ ᠵᠠᠢ ᠶᠢ ᠡᠵᠡᠯᠡᠨ | ᠬᠡᠷᠡᠭᠯᠡᠬᠦ ᠪᠤᠶᠤ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠬᠠᠰᠢᠵᠤ ᠪᠥᠭᠯᠡᠬᠦ ᠶᠢ ᠴᠠᠭᠠᠵᠠᠯᠠᠨ᠎ᠠ︔ | ︵ᠭᠤᠷᠪᠠ︶ ᠲᠠᠪᠤᠳᠤᠭᠠᠷ ᠳᠡᠰ ᠠᠴᠠ ᠳᠡᠭᠡᠭᠰᠢᠬᠢ ᠶᠡᠭᠡ ᠰᠠᠯᠬᠢ ᠲᠠᠢ ᠡᠳᠦᠷ ᠭᠡᠷ ᠤᠨ ᠭᠠᠳᠠᠨ᠎ᠠ ᠲᠠᠮᠠᠬᠢ | ᠲᠠᠲᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠨ᠎ᠠ︔ ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠶᠢ | ᠴᠠᠭᠠᠵᠠᠯᠠᠨ᠎ᠠ︔ ᠦᠯᠡᠳᠡᠪᠦᠷᠢ ᠭᠠᠯ ᠢ ᠤᠷᠢᠳ ᠢᠶᠠᠷ ᠴᠡᠪᠡᠷᠯᠡᠬᠦ ᠦᠭᠡᠢ ᠪᠠᠷ ᠴᠤᠴᠠᠯᠢ ᠪᠣᠯᠣᠨ ᠲᠣᠪᠷᠠᠭ ᠵᠡᠷᠭᠡ ᠶᠢ | ᠴᠢᠳᠬᠤᠬᠤ ᠶᠢ ᠴᠠᠭᠠᠵᠠᠯᠠᠨ᠎ᠠ︔ | ︵ᠳᠥᠷᠪᠡ︶ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠵᠢᠴᠢ ᠰᠢᠲᠠᠮᠠᠬᠠᠢ | ᠬᠡᠢ ᠶᠢᠨ ᠲᠣᠭᠤᠭ᠎ᠠ ᠲᠤᠯᠭ᠎ᠠ ᠶᠢ ᠳᠤᠷ᠎ᠠ ᠪᠠᠷ ᠢᠶᠠᠨ ᠵᠠᠳᠠᠯᠤᠨ ᠵᠠᠰᠠᠬᠤ ᠶᠢ ᠴᠠᠭᠠᠵᠠᠯᠠᠨ᠎ᠠ᠂ ᠰᠢᠩᠭᠡᠵᠢᠯ ᠤᠨ ᠴᠢᠯᠠᠭᠤᠨ | ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠶᠢᠨ ᠦᠯᠡᠳᠡᠪᠦᠷᠢ ᠰᠢᠩᠭᠡᠨ ᠢ ᠴᠢᠳᠬᠤᠬᠤ ᠶᠢ ᠴᠠᠭᠠᠵᠠᠯᠠᠨ᠎ᠠ︔ | ︵ᠲᠠᠪᠤ︶ ᠥᠷᠥᠭᠡ ᠲᠠᠰᠤᠭ᠂ ᠬᠦᠷᠢᠶ᠎ᠡ ᠬᠠᠰᠢᠶ᠎ᠠ ᠳᠤ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠢ | ᠬᠠᠳᠠᠭᠠᠯᠠᠵᠤ ᠲᠠᠯᠪᠢᠬᠤ ᠪᠠ ᠦᠢᠯᠡᠳᠪᠦᠷᠢᠯᠡᠬᠦ ᠶᠢ ᠴᠠᠭᠠᠵᠠᠯᠠᠨ᠎ᠠ︔ | ︵ᠵᠢᠷᠭᠤᠭ᠎ᠠ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭᠠᠯᠠᠨ ᠲᠠᠯᠪᠢᠬᠤ ᠭᠠᠵᠠᠷ ᠪᠠ | ᠲᠦᠯᠡᠭᠡ ᠡᠪᠡᠰᠦ᠂ ᠲᠡᠵᠢᠭᠡᠯ ᠡᠪᠡᠰᠦ ᠣᠪᠣᠭᠠᠯᠠᠨ ᠲᠠᠯᠪᠢᠬᠤ ᠭᠠᠵᠠᠷ ᠤᠨ ᠣᠶᠢᠢᠷᠠ ᠬᠠᠪᠢ ᠪᠠᠷ ᠬᠤᠸᠠᠷ ᠫᠤᠤᠵᠢᠩ | ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠲᠠᠷᠢᠶᠠᠯᠠᠩ ᠤᠨ ᠬᠤᠷᠢᠶᠠᠯᠲᠠ ᠶᠢᠨ ᠤᠯᠠᠷᠢᠯ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠠᠷ ᠠᠴᠠ ᠰᠡᠷᠭᠡᠶᠢᠢᠯᠡᠬᠦ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠵᠢᠴᠢ | ᠨᠠᠭᠠᠳᠤᠮ ᠤᠨ ᠬᠤᠷᠠᠯ ᠵᠡᠷᠭᠡ ᠴᠢᠬᠤᠯᠠ ᠠᠵᠢᠯᠯᠠᠭᠠᠨ ᠤ ᠬᠤᠭᠤᠴᠠᠭᠠᠨ ᠳᠤ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠭᠠᠯ ᠰᠡᠷᠭᠡᠶᠢᠢᠯᠡᠵᠦ | ᠤᠨᠲᠠᠷᠠᠭᠠᠬᠤ ᠠᠮᠤᠷ ᠲᠦᠪᠰᠢᠨ ᠤ ᠪᠠᠶᠢᠢᠴᠠᠭᠠᠯᠲᠠ ᠶᠢ ᠵᠣᠬᠢᠶᠠᠨ ᠪᠠᠶᠢᠢᠭᠤᠯᠤᠨ ᠬᠢᠵᠦ᠂ ᠬᠠᠨᠳᠤᠯᠭᠠᠲᠤ ᠴᠢᠨᠠᠷᠲᠠᠢ | ᠭᠠᠯ ᠰᠡᠷᠭᠡᠶᠢᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠢᠯᠡᠬᠦ ᠠᠷᠭ᠎ᠠ | ᠬᠡᠮᠵᠢᠶ᠎ᠡ ᠶᠢ ᠨᠡᠶᠢᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠨ᠎ᠠ᠃ | ᠭᠤᠴᠢᠨ ᠨᠠᠶᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠳ᠋ᠧᠩᠯᠦ ᠶᠢᠨ ᠬᠤᠷᠠᠯ᠂ ᠰᠦᠮ᠎ᠡ ᠶᠢᠨ | ᠴᠤᠭᠯᠠᠭᠠᠨ᠂ ᠤᠷᠠᠨ ᠰᠠᠶᠢᠢᠬᠠᠨ ᠤ ᠲᠣᠭᠯᠠᠯᠲᠠ ᠵᠡᠷᠭᠡ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ | ᠠᠵᠢᠯᠯᠠᠭᠠᠨ ᠶᠠᠪᠤᠭᠳᠠᠭᠤᠯᠬᠤ ᠳᠤ᠂ ᠭᠤᠣᠯᠯᠠᠨ ᠡᠷᠬᠢᠯᠡᠭᠰᠡᠨ ᠨᠢᠭᠡᠴᠢ ᠨᠢ ᠬᠠᠤᠯᠢ ᠶᠣᠰᠣᠭᠠᠷ ᠳᠣᠲᠣᠭᠠᠳᠤ ᠶᠢ | ᠬᠠᠮᠠᠭᠠᠯᠠᠬᠤ ᠪᠠᠶᠢᠢᠭᠤᠯᠭᠠ ᠠᠴᠠ ᠠᠮᠤᠷ ᠲᠦᠪᠰᠢᠨ ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭᠠᠬᠤ ᠪᠠ ᠪᠠᠴᠢᠮ | ᠪᠠᠶᠢᠢᠳᠠᠯ ᠢ ᠠᠷᠭᠠᠴᠠᠭᠠᠵᠤ ᠲᠠᠷᠬᠠᠭᠠᠵᠤ ᠶᠠᠪᠤᠭᠤᠯᠬᠤ ᠶᠢᠨ ᠪᠡᠯᠡᠳᠭᠡᠯ ᠲᠥᠰᠥᠯ ᠢ ᠲᠣᠭᠲᠠᠭᠠᠵᠤ᠂ ᠭᠠᠯ | ᠰᠡᠷᠭᠡᠶᠢᠢᠯᠡᠵᠦ ᠤᠨᠲᠠᠷᠠᠭᠠᠬᠤ ᠶᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠵᠤ᠂ | ᠲᠠᠷᠬᠠᠭᠠᠵᠤ ᠶᠠᠪᠤᠭᠤᠯᠬᠤ ᠶᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭᠠᠬᠤ ᠲᠡᠷᠭᠡ ᠶᠢᠨ | ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ | ᠭᠠᠯ ᠰᠡᠷᠭᠡᠶᠢᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠵᠢᠯᠯᠠᠭᠠᠨ ᠶᠠᠪᠤᠭᠤᠯᠤᠭᠰᠠᠨ ᠭᠠᠵᠠᠷ ᠤᠨ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢ ᠶᠢᠰᠦᠳᠦᠭᠡᠷ ᠵᠦᠢᠯ ᠲᠣᠰ ᠲᠣᠭᠲᠠᠭᠠᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠦᠰᠦᠭ ﹇2006﹈ 389 ᠳ᠋ᠤᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | |