ᠥᠪᠡᠷᠲᠡᠭᠡᠨ ᠵᠠᠰᠠᠬᠤ ᠣᠷᠣᠨ ᠤ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠳᠣᠯᠠᠬᠤ ᠴᠠᠬᠢᠯᠭᠠᠨ ᠨᠡᠪᠲᠡᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/31
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠳᠤ᠄  ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠳᠣᠯᠠᠬᠤ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ︾᠎ ᠢ ᠥᠪᠡᠷᠲᠡᠭᠡᠨ ᠵᠠᠰᠠᠬᠤ ‍ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠵᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ ᠥᠪᠡᠷᠲᠡᠭᠡᠨ ᠵᠠᠰᠠᠬᠤ ᠣᠷᠣᠨ ᠤ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠳᠣᠯᠠᠬᠤ ᠴᠠᠬᠢᠯᠭᠠᠨ ᠨᠡᠪᠲᠡᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ  ᠪᠥᠬᠦ ᠣᠷᠣᠨ ᠤ ᠪᠤᠶᠢᠳᠠ ᠪᠦᠭᠯᠡᠭᠦᠦ ᠭᠠᠵᠠᠷ ᠤᠷᠤᠨ ᠤ ᠲᠠᠷᠢᠶᠠᠴᠢᠨ ᠮᠠᠯᠴᠢᠨ ᠪᠣᠯᠤᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠨᠠᠩ ᠰᠠᠶᠢᠢᠳᠣᠷ ᠨᠠᠩ ᠲᠦᠷᠭᠡᠨ ᠢᠶᠠᠷ ᠰᠢᠢᠳᠪᠦᠷᠢᠯᠡᠵᠦ᠂ ᠲᠡᠳᠡᠨ ᠤ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠃ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠨᠠᠶᠢᠢᠳᠠᠪᠤᠷᠢᠵᠢᠭᠤᠯᠤᠨ ᠪᠤᠳᠠᠳᠠᠶᠢᠢᠵᠢᠭᠤᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃   ᠨᠢᠭᠡ᠂ ᠬᠡᠷᠡᠭᠵᠢᠭᠦᠯᠬᠦ ᠬᠠᠷᠠᠯᠲᠠ  ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠲᠦᠷᠭᠡᠭᠡᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠨ᠂ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠠᠮᠢᠳᠤᠷᠠᠯ ᠤᠨ ᠴᠢᠨᠠᠷ ᠴᠢᠨᠰᠠᠭ᠎ᠠ ᠵᠢᠴᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠬᠦᠷᠳᠡᠭᠡᠮᠵᠢᠳᠣ ᠰᠡᠳᠬᠢᠯᠬᠡ᠂ ᠵᠤᠯ ᠵᠢᠷᠭᠠᠯᠳᠤ ᠰᠡᠳᠬᠢᠯᠬᠡ᠂ ᠠᠮᠦᠷ ᠲᠦᠪᠰᠢᠨ ᠰᠡᠳᠬᠢᠯᠬᠡ ᠶᠢ ᠴᠢᠩᠭᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠦᠴᠦᠨ ᠤ ᠲᠤᠤᠷ ᠤᠨ ᠰᠠᠭᠤᠷᠢ ᠪᠡᠯᠡᠳᠬᠡᠮᠵᠢ ᠶᠢᠨ ᠵᠡᠷᠭᠡ ᠲᠠᠰ ᠳᠡᠪᠰᠢᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ᠃   ᠬᠤᠶᠠᠷ᠂ ᠬᠡᠷᠡᠭᠵᠢᠭᠦᠯᠬᠦ ᠬᠡᠪᠴᠢᠶ᠎ᠡ  ᠲᠣᠰ ᠤᠳᠠᠭᠠᠨ ᠤ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠪᠥᠬᠦ ᠣᠷᠣᠨ ᠤ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ ᠬᠠᠨᠳᠤᠭᠤᠯᠤᠨ᠎ᠠ᠃ ᠳᠡᠭᠡᠷᠡᠬᠢ ᠬᠡᠷᠡᠭᠯᠡᠭᠴᠢᠳ ᠲᠣᠰ ᠲᠥᠰᠦᠯ ᠵᠢᠴᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠴᠠᠬᠢᠯᠭᠠᠨ ᠬᠦᠴᠦᠨ ᠤ ᠲᠤᠤᠷ ᠢ ᠤᠷᠲᠤᠳᠬᠠᠬᠤ ᠪᠤᠶᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠢ ᠬᠡᠷᠩᠵᠢᠭᠦᠯᠣᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠬᠤ ᠪᠠᠷ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ ᠪᠣᠯᠤᠨ᠎ᠠ᠃ ᠡᠭᠦᠨ ᠤ ᠬᠠᠮᠳᠣ᠂ ᠪᠡᠯᠴᠢᠭᠡᠷᠯᠡᠭᠦᠯᠬᠦ ᠶᠢ ᠴᠠᠭᠠᠵᠠᠯᠡᠨ ᠰᠡᠯᠭᠦᠨ ᠮᠠᠯᠵᠢᠬᠤ ᠣᠷᠣᠨ᠂ ᠨᠡᠭᠡᠭᠡᠯᠳᠡ ᠬᠢᠬᠦ ᠶᠢ ᠴᠠᠭᠠᠵᠠᠯᠠᠬᠤ ᠣᠷᠣᠨ᠂ ᠠᠮᠢ ᠠᠬᠤᠢ ᠶᠢᠨ ᠤᠯᠠᠭᠠᠨ ᠱᠤᠭᠤᠮ ᠤᠨ ᠲᠤᠳᠤᠷ᠎ᠠ ᠠᠵᠤ ᠠᠮᠢᠳᠤᠷᠠᠵᠤ ᠪᠠᠶᠢᠢᠭ᠎ᠠ ᠬᠡᠷᠩᠯᠡᠭᠴᠢᠳ ᠢ ᠢᠳᠡᠪᠬᠢᠲᠡᠢ ᠪᠠᠷ ᠬᠥᠳᠥᠯᠥᠨ ᠵᠢᠯᠤᠭᠤᠳᠴᠤ ᠪᠠᠶᠢᠢᠭᠠᠣᠨ ᠲᠡᠳᠡ ᠨᠠᠷ ᠤᠨ ᠴᠠᠬᠢᠯᠭᠠᠨ ᠬᠦᠴᠦᠨ ᠤ ᠲᠣᠣᠷ ᠬᠠᠮᠤᠷᠤᠨᠨᠰᠠᠨ ᠣᠷᠣᠨ ᠲᠡᠶᠢᠢᠰᠢ ᠨᠡᠬᠦᠬᠦ ᠶᠢ ᠵᠣᠷᠢᠬᠵᠢᠭᠤᠯᠤᠨ᠎ᠠ︔ ᠨᠡᠭᠦᠬᠦ ᠰᠠᠨᠠᠭ᠎ᠠ ᠥᠬᠡᠶ᠂ ᠨᠡᠭᠦᠬᠦ ᠨᠥᠬᠦᠴᠡᠯ ᠪᠦᠷᠢᠯᠳᠣᠭᠡᠳᠣᠢ ᠬᠡᠷᠩᠯᠡᠭᠴᠢᠳ ᠵᠢᠴᠢ ᠠᠮᠢ ᠠᠬᠤᠶ ᠶᠢᠨ ᠬᠡᠪᠡᠷᠡᠭ ᠣᠷᠣᠨ ᠳᠠᠬᠢ ᠬᠡᠷᠩᠯᠡᠭᠴᠢᠳ ᠲᠤ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠳᠠᠮᠵᠢᠭᠤᠯᠤᠨ ᠴᠠᠬᠢᠯᠭᠠᠨ ᠬᠠᠩᠭᠠᠨ᠎ᠠ᠃   ᠭᠤᠷᠪᠠ᠂ ᠠᠵᠢᠯ ᠤᠨ ᠱᠠᠭᠠᠷᠳᠠᠯᠭ᠎ᠠ  ︵ᠨᠢᠭᠡ︶ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠪᠦᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠯᠬᠠᠪᠴᠢ ᠬᠡᠪᠡᠷᠡᠭ ᠵᠢᠴᠢ ᠮᠠᠯᠴᠢᠳ ᠤᠨ ᠣᠷᠣᠨ ᠰᠠᠭᠤᠴᠨ ᠲᠠᠷᠠᠬᠠᠶ ᠪᠤᠲᠠᠷᠬᠠᠶ ᠪᠠᠶᠢᠭ᠎ᠠ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠭᠤᠣᠯ ᠪᠣᠯᠭᠠᠵᠤ᠂ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠳᠠᠯᠠᠵᠦ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠣᠯᠤᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠡᠷ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠨ᠎ᠡ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠲᠠᠯ᠎ᠠ ᠪᠠᠷ᠂ ᠵᠠᠷᠴᠢᠮ ᠳᠡᠭᠡᠷ᠎ᠡ ᠪᠠᠨ ᠠᠮᠢ ᠠᠬᠤᠶ ᠣᠷᠴᠢᠨ ᠲᠣᠭᠤᠷᠢᠨ ᠢ ᠨᠥᠯᠥᠭᠡᠯᠡᠬᠦ ᠦᠭᠡᠶ ᠪᠠᠶᠢᠢᠬᠤ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠴᠢᠬᠤᠯᠠᠴᠢᠯᠠᠭ᠎ᠠ ᠠᠴᠠ᠂ ᠴᠠᠬᠢᠯᠭᠠᠨ ᠬᠦᠴᠦᠨ ᠤ ᠲᠣᠣᠷ ᠨᠡᠪᠲᠡᠷᠡᠭᠰᠡᠨ ᠤ ᠳᠠᠷᠠᠭ᠎ᠠ ᠬᠡᠷᠡᠭᠯᠡᠭᠴᠢ ᠶᠢᠨ ᠦᠵᠦᠭᠦᠷ ᠤᠨ ᠴᠠᠬᠢᠯᠭᠠᠨ ᠬᠦᠴᠦᠳᠡᠯ ᠤᠨ ᠶᠠᠰᠤ ᠴᠢᠨᠠᠷ ᠨᠢ ᠤᠯᠤᠰ ᠤᠨ ᠬᠠᠮᠤᠭ ᠤᠨ ᠰᠢᠨ᠎ᠡ ᠪᠠᠷᠢᠮᠵᠢᠶ᠎ᠠ ᠳᠤ ᠬᠦᠷᠭᠦ ᠮᠥᠷᠲᠡᠭᠡᠨ ᠡᠷᠦᠬᠡ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 20 ᠲᠦ᠋ᠮᠡᠨ ᠲᠥᠭᠦᠷᠢᠭ ︵20 ᠲᠦᠮᠡᠨ ᠲᠥᠭᠦᠷᠢᠭ ᠪᠠᠭᠲᠠᠨ᠎ᠠ︶᠎ ᠤᠨ ᠳᠣᠲᠣᠷ᠎ᠠ ᠪᠠᠶᠢᠯᠭᠠᠨ᠎ᠠ︔ ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠨᠥᠬᠦᠴᠡᠯ ᠪᠤᠯᠤᠮᠵᠢ ᠶᠢ ᠬᠠᠩᠭᠠᠵᠤ ᠳᠡᠶᠢᠯᠬᠦ ᠦᠭᠡᠶ ᠬᠡᠷᠩᠯᠡᠭᠴᠢᠳ ᠲᠤ ᠭᠤᠤᠯᠳᠠᠭᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠬᠡᠷᠡᠭᠵᠢᠭᠦᠯᠬᠦ ᠪᠠᠷ ᠳᠠᠮᠵᠢᠭᠤᠯᠤᠨ ᠰᠢᠢᠣᠡᠪᠣᠷᠢᠯᠡᠨ᠎ᠡ᠃   ︵ᠬᠤᠶᠠᠷ︶ ︽ᠬᠤᠶᠠᠷ ᠦᠨᠳᠦᠰᠦᠨ︾᠎ ᠢ ᠬᠠᠩᠭᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠪᠠᠲᠤᠯᠠᠨ᠎ᠠ᠃ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠣᠯᠤᠨ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠳᠤ ᠰᠠᠭᠤᠷᠢᠯᠠᠨ᠂ ᠡᠩ ᠤᠨ ᠭᠡᠷ ᠤᠨ ᠴᠠᠬᠢᠯᠭᠠᠨ ᠬᠡᠷᠡᠭᠰᠡᠯ ᠢ ᠵᠡᠷᠭᠡ ᠪᠠᠷ ᠬᠡᠷᠡᠭᠯᠡᠬᠦ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠠᠰᠠ ᠲᠠᠷᠢᠶᠠᠯᠠᠬᠤ ᠮᠠᠯᠵᠢᠬᠤ ᠡᠷᠦᠬᠡ ᠶᠢᠨ ᠡᠪᠡᠰᠦ ᠬᠡᠷᠴᠢᠬᠦ ᠵᠡᠷᠭᠡ ᠦᠨᠳᠦᠰᠦᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ᠂ ᠮᠠᠯᠵᠢᠬᠤ ᠣᠷᠣᠨ ᠤ ᠠᠮᠢᠳᠤᠷᠠᠯ ᠦᠢᠯᠡᠳᠪᠦᠷᠢᠯᠡᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠡ᠃ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠢᠭᠤᠯᠬᠤ ᠪᠠ ᠲᠡᠰ ᠳᠡᠪᠰᠢᠭᠦᠯᠬᠦ ᠪᠠᠭᠲᠠᠭᠠᠮᠵᠢ ᠶᠢᠨ ᠪᠠᠷᠢᠮᠵᠢᠶ᠎ᠠ ᠶᠢ 2 ᠺᠢᠯᠣᠸᠠᠲ ᠢᠶᠠᠷ ᠨᠢᠭᠡᠳᠦᠯᠲᠡᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠮᠠᠯᠵᠢᠬᠤ ᠡᠷᠦᠬᠡ ᠶᠢᠨ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠢᠭ᠎ᠠ ᠣᠷᠣᠨ ᠰᠠᠭᠤᠴᠨ ᠳᠤ ᠵᠦᠪᠬᠡᠨ ᠨᠢᠭᠡ ᠢᠵᠢ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠬᠠᠩᠭᠠᠵᠤ᠂ ᠣᠬᠤᠷᠬᠠᠨ ᠬᠤᠭᠤᠴᠠᠭᠠᠨ ᠳᠤ ᠪᠡᠯᠴᠢᠬᠡᠷᠯᠡᠬᠦᠯᠬᠦ ᠴᠡᠭ ᠲᠤ ᠲᠣᠬᠢᠷᠠᠭᠤᠯᠬᠤ ᠦᠭᠡᠢ᠃   ︵ᠭᠤᠷᠪᠠ︶ ᠬᠡᠷᠡᠭᠯᠡᠭᠴᠢ ᠶᠢᠨ ᠰᠠᠨᠠᠮᠵᠢ ᠶᠢ ᠬᠦᠨᠳᠦᠳᠬᠡᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠳᠤ ᠲᠤᠰᠠᠯᠠᠨ᠎ᠠ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠣᠭ᠍ᠰᠡᠨ ᠳᠤ ᠬᠡᠷᠡᠭᠰᠡᠬᠦ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠤᠨ ᠬᠡᠷᠡᠭᠯᠡᠭᠴᠢ ᠬᠠᠮᠲᠤ ᠪᠠᠷ ᠠᠷᠭᠠᠴᠠᠭᠠᠨ᠎ᠠ︔ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠣᠭ᠍ᠰᠡᠨ ᠳᠤ ᠬᠡᠷᠡᠭᠰᠡᠬᠦ ᠪᠠᠯᠠ ᠮᠥᠩᠭᠦ ᠶᠢ ᠴᠦᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠤᠨ ᠠᠮᠤᠷ ᠲᠣᠭᠲᠠᠭᠤᠨ ᠨᠠᠶᠢᠳᠠᠪᠤᠷᠢᠲᠠᠶ ᠪᠠᠶᠢᠬᠤ ᠶᠢ ᠪᠥᠬᠦ ᠬᠦᠴᠦᠨ ᠢᠶᠠᠷ ᠪᠠᠲᠤᠯᠠᠨ᠎ᠠ᠃   ᠳᠥᠷᠪᠡ᠂ ᠠᠵᠢᠯ ᠤᠨ ᠲᠣᠬᠢᠷᠠᠭᠤᠯᠤᠯᠲᠠ  ︵ᠨᠢᠭᠡ︶ ᠬᠡᠷᠡᠭᠴᠡᠭᠡ ᠱᠠᠭᠠᠷᠳᠠᠯᠭ᠎ᠠ ᠶᠢᠨ ᠪᠠᠶᠢᠢᠳᠠᠯ ᠢ ᠦᠢᠯᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠡᠷᠦᠬᠡ ᠳᠠᠷᠠᠭᠠᠯᠠᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠢᠳᠠᠯ ᠢ ᠦᠢᠯᠠᠭᠠᠬᠤ ᠠᠵᠢᠯ ᠦᠷᠨᠢᠭᠦᠯᠣᠨ᠎ᠡ᠃ ᠡᠷᠦᠬᠡ ᠳᠤ ᠭᠦᠨᠵᠡᠭᠡᠶᠢᠢᠷᠡᠨ ᠦᠢᠯᠠᠭᠠᠭᠰᠠᠨ ᠪᠠᠶᠢᠳᠠᠯ ᠢᠶᠠᠨ ᠦᠨᠳᠣᠰᠣᠯᠡᠵᠣ ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠡᠬᠡ ᠲᠠᠩᠰᠠ ᠪᠠ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢᠨ ᠡᠬᠡ ᠲᠠᠩᠰᠠ ᠪᠠᠶᠢᠢᠭᠤᠯᠵᠣ᠂ ᠴᠠᠬᠢᠯᠭᠠᠨ ᠬᠦᠴᠦᠨ ᠤ ᠲᠤᠤᠷ ᠤᠨ ᠺᠣᠮᠫᠠᠨᠢ ᠨᠢ ︽ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠬᠠᠩᠭᠠᠬᠤ ᠲᠥᠰᠦᠯ︾᠎ ᠢ ᠲᠦᠷᠭᠡᠬᠡᠨ ᠨᠠᠶᠢᠷᠠᠭᠤᠯᠤᠨ ᠵᠣᠬᠢᠶᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ︔ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠥᠲᠥᠭᠡᠨ ᠪᠠᠶᠢᠢᠭᠤᠯᠵᠦ᠂ ᠲᠠᠰ ᠳᠡᠪᠰᠢᠭᠦᠯᠬᠦ ᠲᠥᠰᠦᠯ ︾ ︵ᠲᠥᠰᠦᠯ ᠳᠤ ᠪᠠᠨ ᠬᠠᠷᠠᠯᠳᠡ ᠡᠭᠦᠷᠭᠡ᠂ ᠪᠥᠲᠥᠭᠡᠨ ᠪᠠᠶᠢᠢᠭᠤᠯᠬᠤ ᠪᠠ ᠠᠵᠢᠯᠯᠠᠭᠤᠯᠣᠨ ᠪᠠᠲᠤᠯᠠᠬᠤ ᠶᠢᠨ ᠪᠠᠯᠠ ᠮᠦᠩᠭᠦᠨ ᠤ ᠬᠡᠷᠡᠭᠴᠡᠭᠡ ᠱᠠᠭᠠᠷᠳᠠᠯᠭ᠎ᠠ᠂ ᠪᠣᠳᠠᠲᠠᠶ ᠬᠡᠷᠡᠭᠵᠢᠭᠦᠯᠬᠦ ᠲᠥᠯᠥᠪᠯᠡᠭᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ ᠪᠠᠨ ᠲᠣᠳᠣᠷᠬᠠᠶᠢᠯᠠᠬᠤ ᠬᠡᠷᠩᠲᠠᠢ︶᠎ ᠢ ᠨᠠᠶᠢᠢᠷᠠᠭᠤᠯᠵᠣ ᠵᠣᠬᠢᠶᠠᠨ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠳᠠᠩᠰᠠᠯᠠᠭᠤᠯᠬᠤ ᠬᠡᠷᠡᠭᠲᠡᠶ᠃   ︵ᠬᠤᠶᠠᠷ︶ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠃ 2023 ᠣᠨ ᠤ 8 ᠳ᠋ᠤᠭᠠᠷ ᠰᠠᠷ᠎ᠠ ᠠᠴᠠ ᠡᠬᠢᠯᠡᠨ 2024 ᠣᠨ ᠤ ᠰᠡᠭᠦᠯᠴᠢ ᠪᠣᠯᠲᠠᠯ᠎ᠠ᠂ ᠪᠤᠶᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠲᠥᠪᠯᠡᠷᠡᠭᠦᠯᠦᠨ ᠪᠡᠶᠡᠯᠡᠭᠦᠯᠦᠨ᠎ᠡ᠃ ᠡᠭᠦᠨ ᠳᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠢᠳᠠᠯ ᠢ ᠦᠢᠯᠠᠭᠠᠬᠤ ᠠᠵᠢᠯ ᠢ ᠪᠡᠶᠡᠯᠡᠭᠦᠯᠵᠦ᠂ ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠦᠨ 2 ᠺᠢᠯᠣᠸᠠᠲ ᠪᠣᠯᠭᠠᠬᠤ ᠬᠡᠷᠡᠭᠵᠢᠭᠦᠯᠬᠦ ᠲᠥᠰᠦᠯ ᠵᠢᠴᠢ ᠢᠨᠵᠧᠨᠧᠷᠢᠩ ᠤᠨ ᠡᠬᠡ ᠲᠠᠩᠰᠠ ᠶᠢ ᠪᠦᠷᠢᠯᠳᠦᠭᠦᠯᠦᠨ᠎ᠡ︔ 2023 ᠣᠨ ᠤ 10 ᠳ᠋ᠤᠭᠠᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠪᠣᠯᠲᠠᠯ᠎ᠠ᠂ ᠴᠠᠬᠢᠯᠭᠠᠨ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠥᠲᠥᠭᠡᠨ ᠪᠠᠶᠢᠢᠭᠤᠯᠣᠯᠳᠡ ᠶᠢᠨ ᠪᠦᠬᠦ ᠡᠭᠦᠷᠭᠡ ᠪᠠᠨ ᠪᠡᠶᠡᠯᠡᠭᠦᠯᠣᠨ᠎ᠡ᠃   ︵ᠭᠤᠷᠪᠠ︶ ᠢᠨᠵᠧᠨᠧᠷᠢᠩ ᠢ ᠬᠡᠷᠡᠭᠵᠢᠭᠦᠯᠬᠦ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠤᠶᠤ ᠲᠡᠰ ᠳᠡᠪᠰᠢᠭᠦᠯᠬᠦ ᠢᠨᠵᠧᠨᠧᠷᠢᠩ ᠢ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠭᠤᠣᠯ ᠴᠣᠭᠴᠠ ᠶᠢ ᠲᠣᠭᠲᠠᠭᠠᠨ᠎ᠠ᠃ ᠨᠡᠶᠢᠲᠡ ᠶᠢᠨ ᠠᠰᠠᠷᠠᠮᠵᠢ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠬᠡᠷᠡᠭᠵᠢᠭᠦᠯᠬᠦ ᠴᠢᠨᠠᠷ ᠴᠢᠨᠰᠠᠭ᠎ᠠ ᠪᠠ ᠬᠡᠷᠡᠭᠵᠢᠭᠦᠯᠬᠦ ᠠᠬᠢᠴᠠ ᠶᠢ ᠦᠨᠡᠨ ᠬᠦ ᠪᠠᠲᠤᠯᠠᠬᠤ ᠶᠢᠨ ᠲᠤᠰᠠᠳᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠭᠤᠯᠣᠨ ᠢᠨᠵᠧᠨᠧᠷᠢᠩ ᠢ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠬᠤ ᠳᠤ ᠪᠠᠨ᠂ ᠠᠳᠠᠯᠢ ᠠᠵᠢᠯ ᠲᠥᠷᠥᠯ ᠤᠨ ᠨᠥᠬᠦᠴᠡᠯ ᠳᠤᠤᠷ᠎ᠠ ᠲᠠᠷᠢᠶᠠᠯᠠᠬᠤ ᠮᠠᠯᠵᠢᠬᠤ ᠣᠷᠣᠨ ᠪᠠ ᠲᠠᠷᠢᠶᠠᠴᠢᠨ ᠮᠠᠯᠴᠢᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠢᠯᠠᠭᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠦ ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠪᠠᠲᠤᠯᠠᠬᠤ ᠶᠢ ᠨᠢᠭᠡ ᠴᠣᠭᠴᠠᠵᠢᠭᠤᠯᠬᠤ ᠴᠢᠳᠠᠪᠤᠷᠢ ᠲᠠᠢ ᠠᠵᠤ ᠠᠬᠤᠶᠢᠯᠠᠯ ᠢ ᠤᠷᠢᠳ ᠢᠶᠠᠷ ᠪᠣᠳᠣᠯᠬᠢᠯᠠᠨ᠎ᠠ᠃ ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠤᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠳᠥᠷᠪᠡ︶ ᠪᠠᠯᠠ ᠮᠦᠩᠭᠦᠨ ᠤ ᠢᠷᠡᠯᠲᠡ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠣᠭ᠍ᠰᠡᠨ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠡᠷᠡᠭᠯᠡᠭᠴᠢ 70%᠄ 15%᠄ 15%᠎ ᠪᠠᠷ ᠵᠠᠷᠤᠳᠠᠯ ᠢ ᠬᠤᠪᠢᠶᠠᠨ ᠡᠭᠦᠷᠭᠡᠯᠡᠨ᠎ᠡ︔ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ ᠭᠤᠶᠣᠴᠢᠯᠠᠨ ᠮᠡᠳᠡᠭᠦᠯᠣᠭ᠍ᠰᠡᠨ ᠳᠤ ᠬᠡᠷᠡᠭᠰᠡᠬᠦ ᠪᠠᠯᠠ ᠮᠥᠩᠭᠦ ᠶᠢ ᠴᠦᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠲᠤᠯᠠᠨ᠎ᠠ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠥᠮᠴᠢᠯᠡᠬᠦ ᠡᠷᠬᠡ ᠶᠢ ᠬᠡᠷᠡᠭᠯᠡᠭᠴᠢᠳ ᠲᠤ ᠬᠠᠷᠢᠶᠠᠯᠠᠭᠤᠯᠣᠨ᠎ᠡ᠃ ᠴᠠᠬᠢᠯᠭᠠᠨ ᠬᠦᠴᠦᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠤᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠲᠤᠤᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠲᠥᠪ ᠤᠨ ᠲᠥᠰᠦᠪ ᠲᠠᠬᠢ ᠪᠠᠯᠠ ᠮᠥᠩᠭᠦ ᠶᠢ ᠭᠤᠶᠤᠴᠢᠯᠠᠬᠤ ᠪᠤᠶᠤ ᠥᠪᠡᠰᠦᠪᠡᠨ ᠪᠠᠯᠠ ᠮᠥᠩᠭᠦ ᠴᠤᠭᠯᠠᠭᠤᠯᠬᠤ ᠪᠠᠷ ᠳᠠᠮᠵᠢᠭᠤᠯᠤᠨ ᠰᠢᠢᠳᠪᠦᠷᠢᠯᠡᠨ᠎ᠡ᠃   ︵ᠲᠠᠪᠤ︶ ᠢᠨᠵᠧᠨᠧᠷᠢᠩ ᠢ ᠠᠵᠢᠯᠯᠠᠭᠤᠯᠵᠤ ᠪᠠᠲᠤᠯᠠᠬᠤ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠠᠵᠢᠯᠯᠠᠭᠤᠯᠤᠨ ᠪᠠᠳᠤᠯᠠᠬᠤ ᠠᠵᠢᠯ ᠢ᠂ ᠠᠰᠢᠬᠯᠠᠯᠲᠠ ᠳᠤ ᠣᠷᠣᠭᠤᠯᠤᠨ ᠴᠢᠨᠠᠷ ᠢ ᠪᠠᠲᠤᠯᠠᠬᠤ ᠬᠤᠭᠤᠴᠠᠭᠠᠨ ᠳᠤ ᠲᠥᠬᠦᠭᠡᠷᠦᠮᠵᠢ ᠬᠠᠩᠭᠠᠭᠰᠠᠨ ᠬᠤᠳᠠᠯᠳᠤᠭᠠᠴᠢᠨ ᠳᠠᠭᠠᠭᠠᠨ ᠡᠭᠦᠷᠭᠡᠯᠡᠵᠦ᠂ ᠠᠰᠢᠬᠯᠠᠯᠲᠠ ᠳᠤ ᠣᠷᠣᠭᠤᠯᠤᠨ ᠴᠢᠨᠠᠷ ᠢ ᠪᠠᠲᠤᠯᠠᠬᠤ ᠬᠤᠭᠤᠴᠠᠭᠠᠨ ᠠᠴᠠ ᠭᠠᠳᠠᠨ᠎ᠠ ᠪᠣᠯᠣᠭᠰᠠᠨ ᠢ ᠨᠢ ᠳᠠᠭᠠᠭᠠᠴᠢᠯᠠᠯᠲᠠ ᠣᠯᠤᠭᠰᠠᠨ ᠢᠨᠵᠧᠨᠧᠷᠢᠩ ᠢ ᠬᠡᠷᠡᠭᠵᠢᠭᠦᠯᠬᠦ ᠭᠤᠤᠯ ᠴᠣᠭᠴᠠ ᠳᠠᠭᠠᠭᠠᠨ ᠡᠭᠦᠷᠭᠡᠯᠡᠵᠦ᠂ ᠠᠵᠢᠯᠯᠠᠭᠤᠯᠵᠤ ᠪᠠᠲᠤᠯᠠᠬᠤ ᠪᠠᠯᠠ ᠮᠦᠩᠭᠦᠨ ᠤ ᠬᠡᠷᠡᠭᠴᠡᠭᠡ ᠱᠠᠭᠠᠷᠳᠠᠯᠭ᠎ᠠ ᠶᠢ ᠪᠣᠯ ᠪᠠᠶᠢᠢᠴᠠᠭᠠᠨ ᠦᠢᠯᠠᠭᠠᠭᠰᠠᠨ ᠠᠵᠢᠯ ᠢᠶᠠᠨ ᠦᠨᠳᠦᠰᠦᠯᠡᠨ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠢᠭᠤᠯᠬᠤ᠂ ᠳᠡᠰ ᠳᠡᠪᠰᠢᠭᠦᠯᠬᠦ ᠲᠥᠰᠦᠯ︾᠎ ᠳᠤ ᠪᠠᠨ ᠵᠢᠭᠰᠠᠭᠠᠨ ᠣᠷᠣᠭᠤᠯᠤᠨ᠎ᠠ᠃ ᠴᠠᠬᠢᠯᠭᠠᠨ ᠬᠦᠴᠣᠨ ᠤ ᠲᠤᠤᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠠᠵᠢᠯᠯᠠᠭᠤᠯᠵᠤ ᠪᠠᠲᠤᠯᠠᠬᠤ ᠠᠵᠢᠯ ᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠤᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠬᠠᠷᠢᠭᠤᠴᠠᠨ᠎ᠠ᠃   ᠲᠠᠪᠤ᠂ ᠪᠠᠳᠣᠯᠠᠬᠤ ᠠᠷᠭ᠎ᠠ ᠬᠡᠮᠵᠢᠶ᠎ᠡ  ︵ᠨᠢᠭᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠡᠷᠦᠬᠡ ᠶᠢᠨ ᠰᠠᠭᠤᠷᠢᠰᠢᠭᠰᠠᠨ ᠭᠠᠵᠠᠷ ᠬᠢᠭᠡᠳ ᠬᠤᠪᠢᠰᠬᠠᠭᠤᠷ ᠤᠨ ᠥᠷᠲᠡᠭᠡ ᠯᠦᠭᠡ ᠶᠢᠨ ᠵᠠᠶ ᠵᠢᠴᠢ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠲᠠᠰ ᠳᠡᠪᠰᠢᠭᠦᠯᠬᠦ ᠬᠦᠰᠡᠯ ᠡᠷᠡᠮᠡᠯᠵᠡᠯ ᠵᠡᠷᠭᠡ ᠪᠠᠶᠢᠳᠠᠯ ᠢ ᠨᠢ ᠦᠨᠳᠦᠰᠦᠯᠡᠨ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠥᠲᠥᠭᠡᠨ ᠪᠠᠶᠢᠢᠭᠤᠯᠬᠤ᠂ ᠲᠠᠰ ᠳᠡᠪᠰᠢᠭᠦᠯᠬᠦ ᠲᠥᠰᠦᠯ︾᠎ ᠢ ᠨᠠᠶᠢᠷᠠᠭᠤᠯᠤᠨ ᠵᠣᠬᠢᠶᠠᠵᠤ ᠳᠠᠭᠤᠰᠬᠤ ᠶᠢᠨ ᠬᠠᠮᠲᠤ᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠤᠭᠰᠠᠷᠠᠭᠤᠯᠬᠤ ᠪᠣᠶᠤ ᠳᠡᠰ ᠳᠡᠪᠰᠢᠭᠦᠯᠬᠦ ᠪᠠᠷ ᠲᠥᠯᠥᠪᠯᠡᠵᠦ ᠪᠠᠶᠢᠢᠭ᠎ᠠ ᠬᠡᠷᠡᠭᠯᠡᠭᠴᠢᠳ ᠲᠠᠢ ᠵᠦᠪᠯᠡᠯᠴᠡᠭᠡᠷ ᠲᠣᠭᠲᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠤᠭᠰᠠᠷᠠᠬᠤ ᠪᠣᠯᠣᠨ ᠪᠠᠭᠲᠠᠭᠠᠮᠵᠢ ᠶᠢ ᠲᠠᠰ ᠳᠡᠪᠰᠢᠭᠦᠯᠬᠦ ᠪᠠᠷ ᠪᠠᠶᠢᠢᠬᠤ ᠪᠠ ᠬᠡᠷᠡᠭᠯᠡᠭᠴᠢ ᠶᠢᠨ ᠪᠠᠯᠠ ᠭᠠᠷᠭᠠᠬᠤ ᠲᠤᠭ᠎ᠠ ᠵᠢᠴᠢ ᠰᠦᠢᠳᠬᠡᠯ ᠲᠤᠰᠢᠶᠠᠬᠤ ᠬᠤᠭᠤᠴᠠᠭ᠎ᠠ ᠬᠢᠵᠠᠭᠠᠷ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠨᠢ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠥᠲᠥᠭᠡᠨ ᠪᠠᠶᠢᠢᠭᠤᠯᠬᠤ᠂ ᠲᠠᠰ ᠳᠡᠪᠰᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ 1 ᠰᠠᠷ᠎ᠠ ᠶᠢᠨ ᠳᠣᠲᠣᠷ᠎ᠠ ᠲᠥᠷᠥᠯ ᠵᠦᠢᠯ ᠤᠨ ᠪᠠᠯᠠ ᠮᠦᠩᠭᠦᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠶ᠃   ︵ᠬᠤᠶᠠᠷ︶ ᠪᠠᠳᠣᠯᠠᠬᠤ ᠠᠵᠢᠯ ᠢ ᠰᠠᠶᠢᠲᠤᠷ ᠬᠢᠨ᠎ᠡ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠪᠢᠳᠠᠨ ᠡᠭᠦᠷᠭᠡᠯᠡᠬᠦ ᠬᠠᠷᠢᠴᠠᠯ ᠶᠣᠰᠣᠭᠠᠷ ᠣᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠤᠨ ᠪᠠᠲᠤᠯᠠᠬᠤ ᠶᠢᠨ ᠬᠠᠮᠲᠤ᠂ 2023 ᠣᠨ ᠤ 10 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯᠠᠬᠢ ᠢᠨᠵᠧᠨᠧᠷᠢᠩ ᠳᠤ ᠬᠡᠷᠡᠭᠰᠡᠬᠦ ᠪᠠᠯᠠ ᠮᠥᠩᠭᠦ ᠶᠢ ᠲᠦᠷᠭᠡᠬᠡᠨ ᠵᠣᠬᠢᠶᠠᠨ ᠪᠠᠶᠢᠭᠤᠯᠵᠤ ᠨᠠᠶᠢᠢᠳᠠᠪᠣᠷᠢᠵᠢᠭᠤᠯᠬᠤ ᠬᠡᠷᠩᠲᠠᠢ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠤᠯ ᠴᠣᠭᠴᠠ ᠨᠢ ᠡᠬᠢ ᠪᠠᠶᠠᠯᠢᠭ ᠤᠨ ᠨᠥᠬᠦᠴᠡᠯ ᠪᠠ ᠠᠳᠠᠯᠢ ᠪᠤᠰᠤ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠦᠶ ᠵᠣᠬᠢᠰᠲᠠᠶ ᠲᠥᠰᠦᠯ᠂ ᠲᠡᠷᠢᠭᠦᠨ ᠤ ᠪᠠᠷᠢᠮᠵᠢᠶ᠎ᠠ ᠪᠠᠨ ᠲᠣᠷᠠᠣᠡᠴᠣ᠂ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠪᠠ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠢᠭᠤᠯᠤᠨ ᠦᠷᠨᠢᠭᠦᠯᠬᠦ ᠬᠡᠷᠡᠭᠲᠡᠢ᠃   ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠮᠦᠷᠳᠡᠨ ᠳᠠᠭᠠᠵᠤ ᠬᠢᠨᠠᠨ ᠪᠣᠳᠣᠯᠲᠡ ᠬᠢᠭᠦ ᠠᠵᠢᠯ ᠢᠶᠠᠨ ᠴᠢᠩᠭᠠᠷᠠᠭᠤᠯᠵᠤ᠂ ᠲᠥᠬᠦᠭᠡᠷᠦᠮᠵᠢ ᠬᠤᠳᠠᠯᠳᠤᠨ ᠠᠪᠬᠤ᠂ ᠢᠨᠵᠧᠨᠧᠷᠢᠩ ᠤᠨ ᠬᠠᠮᠢᠶᠠᠷᠤᠯᠲᠠ᠂ ᠪᠠᠶᠢᠢᠭᠤᠯᠣᠯᠳᠡ ᠶᠢᠨ ᠠᠵᠢᠯ ᠤᠨ ᠴᠢᠨᠠᠷ ᠴᠢᠨᠰᠠᠭ᠎ᠠ᠂ ᠪᠡᠯᠡ ᠮᠦᠩᠭᠦᠨ ᠤ ᠬᠠᠮᠢᠶᠠᠷᠤᠯᠲᠠ ᠪᠣᠯᠤᠨ ᠬᠡᠷᠡᠭᠯᠡᠯᠲᠡ ᠵᠡᠷᠭᠡ ᠶᠢ ᠪᠠᠭᠲᠠᠭᠠᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠶ᠃ ᠢᠨᠵᠧᠨᠧᠷᠢᠩ ᠤᠨ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠢᠭᠤᠯᠵᠤ ᠪᠠᠶᠢᠢᠭᠠᠳ ᠴᠠᠬᠢᠯᠭᠠᠨ ᠬᠦᠴᠦᠨ ᠤ ᠲᠣᠣᠷ ᠤᠨ ᠠᠵᠤ ᠠᠬᠤᠶᠢᠯᠠᠯ᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠣᠯ ᠴᠣᠭᠴᠠ ᠯᠤᠭ᠎ᠠ ᠬᠠᠮᠲᠤᠷᠠᠨ ᠢᠨᠵᠧᠨᠧᠷᠢᠩ ᠢ ᠰᠢᠯᠭᠠᠨ ᠬᠤᠷᠢᠶᠠᠵᠣ᠂ ᠠᠵᠢᠯ ᠳᠠᠭᠤᠰᠣᠭᠰᠠᠨ ᠢᠨᠵᠧᠨᠧᠷᠢᠩ ᠢ ᠰᠢᠯᠭᠠᠨ ᠬᠤᠷᠢᠶᠠᠬᠤ᠂ ᠠᠵᠢᠯ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠵᠢᠴᠢ ᠢᠨᠵᠧᠨᠧᠷᠢᠩ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠪᠦᠷᠢᠯᠳᠣᠭᠦᠯᠵᠣ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠢᠨᠠᠨ ᠪᠣᠳᠣᠬᠤ ᠲᠢᠩᠬᠢᠮ ᠳᠤ ᠮᠡᠳᠡᠭᠦᠯᠭᠦ ᠬᠡᠷᠡᠭᠲᠡᠶ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ ᠮᠦᠩᠭᠦᠨ ᠤ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠭᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号