ᠪᠦᠬᠦ ᠣᠷᠣᠨ ᠤ ᠵᠠᠳᠠᠭᠠᠶ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/31
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 . 22︾᠎ ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ ᠲᠤᠨᠨᠳᠠᠭᠠᠵᠦ᠂ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠢᠭᠤᠯᠤᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠬᠯᠠᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ᠃   ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠥᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾᠎ ᠢ ᠴᠢᠩᠭ᠎ᠠ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠠᠵᠢᠯᠳᠠᠨ ᠢ ᠭᠦᠢᠴᠡᠳ ᠴᠢᠩᠭ᠎ᠠ ᠲᠤᠬᠢᠷᠠᠭᠤᠯᠵᠤ᠂ ᠬᠠᠷᠢᠶ᠎ᠠ ᠭᠠᠵᠠᠷ ᠤᠨ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠵᠠᠳᠠᠭᠠᠶ ᠨᠡᠭᠦᠷᠡᠰᠦᠨ ᠠᠭᠤᠷᠬᠠᠶ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠳᠦᠬᠦᠷᠵᠢᠭᠦᠯᠦᠨ ᠲᠣᠬᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠬᠯᠠᠬᠤ ᠪᠠᠶᠢᠷᠢᠰᠢᠯ ᠢ ᠰᠢᠯᠢᠳᠡᠭᠵᠢᠭᠦᠯᠦᠨ᠂ ᠵᠠᠳᠠᠭᠠᠶ ᠨᠡᠭᠦᠷᠡᠰᠦᠨ ᠠᠭᠤᠷᠬᠠᠶ ᠶᠢᠨ ᠬᠤᠯᠪᠣᠭᠠᠯᠠᠨ ᠳᠠᠬᠢᠨ ᠵᠤᠬᠢᠶᠠᠨ ᠪᠠᠶᠢᠭᠤᠯᠬᠤ ᠶᠢ ᠳᠡᠮᠵᠢᠵᠦ᠂ ᠵᠠᠳᠠᠭᠠᠶ ᠨᠡᠭᠦᠷᠡᠰᠦᠨ ᠠᠭᠤᠷᠬᠠᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃   ᠬᠤᠶᠠᠷ᠂ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠺᠣᠮᠢᠰ᠂ ᠡᠨᠧᠷᠭᠢ ᠶᠢᠨ ᠠᠶᠤᠯ ᠦᠭᠡᠶ ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠶ ᠳᠤ ᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠢᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠬᠯᠠᠨ᠂ ᠵᠠᠳᠠᠭᠠᠶ ᠨᠡᠭᠦᠷᠡᠰᠦᠨ ᠠᠭᠤᠷᠬᠠᠶ ᠶᠢᠨ ᠠᠮᠦᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ ᠂ ᠭᠠᠵᠠᠷ ᠬᠥᠳᠡᠯᠦᠯᠲᠡ᠂ ᠲᠤᠶᠢᠢᠯ ᠤᠨ ᠭᠠᠶ ᠭᠠᠮᠰᠢᠭᠲᠤ ᠴᠠᠭ ᠠᠭᠤᠷ᠂ ᠭᠠᠵᠠᠷ ᠰᠢᠨᠵᠢᠯᠡᠬᠡᠨ ᠤ ᠭᠠᠶ ᠭᠠᠮᠰᠢᠭ᠂ ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠶ᠃   ᠭᠤᠷᠪᠠ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠶᠢᠢᠴᠠᠭᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠵᠠᠳᠠᠭᠠᠢ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤ ᠨᠢ ᠬᠢᠨᠠᠨ ᠡᠵᠡᠮᠳᠡᠬᠦ ᠬᠡᠷᠡᠭᠲᠡᠢ︔ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠵᠠᠳᠠᠭᠠᠶ ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠶ ᠪᠠᠯᠠ ᠭᠠᠷᠭᠠᠭᠴᠢ ᠵᠡᠷᠭᠡ ︽ᠵᠠᠩᠭᠢᠯᠠᠭ᠎ᠠ ᠶᠢᠨ ᠬᠥᠮᠦᠨ︾ ᠪᠠ ᠠᠭᠤᠷᠬᠠᠶ ᠶᠢᠨ ᠳᠠᠷᠤᠭ᠎ᠠ᠂ ᠶᠡᠷᠦᠩᠬᠡᠶ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠴᠢᠩᠭ᠎ᠠ ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠣᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃   ᠳᠥᠷᠪᠡ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠤᠰ ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ︽ᠠᠭᠤᠷᠬᠠᠶ ᠶᠢᠨ ᠲᠠᠪᠤᠨ ᠳᠠᠷᠤᠭ᠎ᠠ︾᠎ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠭᠤᠷᠬᠠᠶ ᠶᠢᠨ ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠠᠳᠠᠭᠠᠶ ᠨᠡᠭᠦᠷᠡᠰᠦᠨ ᠠᠭᠤᠷᠬᠠᠶ ᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ ᠶᠢ ᠭᠦᠢᠴᠡᠳ ᠲᠡᠭᠦᠯᠳᠡᠷ ᠪᠦᠷᠢᠨ ᠰᠠᠶᠢᠢᠨ ᠪᠠᠶᠢᠢᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠲᠦᠷᠢᠮ ᠢ ᠪᠦᠷᠢᠨᠰᠢᠭᠦᠯᠬᠦ ᠶᠢᠨ ᠬᠠᠮᠲᠤ ᠪᠣᠳᠠᠲᠠᠶᠢᠢᠵᠢᠭᠤᠯᠤᠨ ᠬᠡᠷᠡᠭᠵᠢᠭᠦᠯᠬᠦ ᠬᠡᠷᠡᠭᠲᠡᠶ᠃   ᠲᠠᠪᠤ᠂ ᠰᠢᠯᠭᠠᠨ ᠪᠠᠶᠢᠢᠴᠠᠭᠠᠵᠦ ᠬᠡᠮᠵᠢᠨ ᠪᠠᠶᠢᠢᠴᠠᠭᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ᠬᠠᠷ᠎ᠠ ᠲᠠᠩᠰᠠ︾᠎ ᠶᠢᠨ ᠬᠠᠮᠢᠶᠠᠷᠤᠯᠲᠠ ᠳᠤ ᠣᠷᠣᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃   ᠵᠢᠷᠭᠤᠭ᠎ᠠ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠤᠯᠠᠷᠢᠯ ᠪᠦᠷᠢ ᠵᠠᠳᠠᠭᠠᠶ ᠨᠡᠭᠦᠷᠡᠰᠦᠨ ᠠᠭᠤᠷᠬᠠᠶ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ᠃ ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ ᠴᠢᠩᠭᠠᠳᠬᠠᠵᠤ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠤᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠨ ᠰᠠᠶᠢᠵᠢᠷᠠᠭᠤᠯᠵᠤ᠂ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠶ ᠬᠥᠮᠦᠨ ᠲᠣᠮᠢᠯᠠᠨ ᠬᠠᠷᠠᠭᠤᠯᠤᠨ ᠰᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠤᠳᠠᠳᠠᠶᠢᠢᠵᠢᠭᠤᠯᠤᠨᠨᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠨᠢ ᠰᠡᠷᠭᠦᠭᠡᠵᠦ ᠪᠣᠯᠤᠨ᠎ᠠ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠦᠷ ᠲᠦᠪᠰᠢᠨ ᠤ ᠬᠢᠨᠠᠨ ᠪᠠᠶᠢᠢᠴᠠᠭᠠᠯᠲᠠ ᠶᠢᠨ ᠰᠠᠯᠠᠭ᠎ᠠ ᠮᠦᠴᠢᠷ ᠨᠢ C ᠲᠥᠷᠥᠯ ᠤᠨ ᠨᠡᠭᠦᠷᠡᠰᠦᠨ ᠠᠭᠤᠷᠬᠠᠢ ᠶᠢᠨ ᠪᠠᠶᠢᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ᠃ ︽ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠵᠢᠷᠤᠮᠯᠠᠨ C ᠲᠥᠷᠥᠯ ᠤᠨ ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ᠃   ᠳᠣᠯᠤᠭ᠎ᠠ᠂ ᠵᠠᠳᠠᠭᠠᠶ ᠨᠡᠭᠦᠷᠡᠰᠦᠨ ᠠᠭᠤᠷᠬᠠᠶ ᠳᠤ ︽ᠨᠡᠭᠦᠷᠡᠰᠦᠨ ᠠᠭᠤᠷᠬᠠᠶ ᠶᠢᠨ ᠬᠦᠨᠳᠦ ᠶᠡᠭᠡ ᠠᠳᠡᠯ ᠤᠨ ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾᠎ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ ᠭᠡᠮ ᠤᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ︔ ︽ᠨᠡᠭᠦᠷᠡᠰᠦᠨ ᠠᠭᠤᠷᠬᠠᠶ ᠶᠢᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾᠎ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ ᠪᠠᠶᠢᠪᠠᠯ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠶ ᠳᠤ ᠨᠢ ᠠᠷᠢᠯᠭᠠᠬᠤ ᠪᠤᠶᠤ ᠬᠤᠭᠤᠴᠠᠭ᠎ᠠ ᠬᠢᠵᠠᠭᠠᠷᠯᠠᠨ ᠠᠷᠢᠯᠭᠠᠭᠤᠯᠬᠤ ᠬᠡᠷᠡᠭᠲᠡᠢ᠂ ᠬᠡᠷᠡᠭᠵᠢᠭᠦᠯᠬᠦ ᠶᠢ ᠲᠡᠪᠴᠢᠪᠡᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃   ᠨᠠᠶᠢᠮᠠ᠂ ᠵᠠᠳᠠᠭᠠᠶ ᠨᠡᠭᠦᠷᠡᠰᠦᠨ ᠠᠭᠤᠷᠬᠠᠶ ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ ᠠᠭᠤᠷᠬᠠᠶ ᠶᠢᠨ ᠡᠳᠦᠷ ᠲᠤᠲᠤᠮ ᠤᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠶ ᠶᠢᠨ ᠠᠮᠦᠷ ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ ᠵᠡᠷᠭᠡ ᠠᠶᠤᠯ ᠦᠭᠡᠶ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ᠂ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠨᠡᠭᠦᠷᠡᠰᠦᠨ ᠠᠭᠤᠷᠬᠠᠶ ᠶᠢᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠭᠤᠷᠬᠠᠶ ᠶᠢᠨ ᠠᠮᠦᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠰᠢᠢᠳᠬᠡᠯ ᠲᠤᠷᠭᠠᠭᠤᠯᠢ ᠥᠭᠭᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃   ᠶᠢᠰᠦ᠂ ᠵᠠᠳᠠᠭᠠᠶ ᠨᠡᠭᠦᠷᠡᠰᠦᠨ ᠠᠭᠤᠷᠬᠠᠶ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠬᠥᠳᠡᠯᠦᠯᠲᠡ ᠶᠢ ᠬᠢᠨᠠᠨ ᠰᠢᠨᠵᠢᠬᠦ ᠲᠤᠰᠬᠠᠶ ᠥᠷᠲᠡᠭᠡ ᠰᠦᠯᠵᠢᠶ᠎ᠡ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ 24 ᠴᠠᠭ ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ᠃ ᠬᠠᠵᠠᠭᠤ ᠪᠡᠯ ᠤᠨ ᠵᠥᠷᠢᠭᠳᠡᠯ᠂ ᠮᠠᠯᠲᠠᠵᠤ ᠬᠤᠭᠤᠰᠤᠷᠠᠭᠤᠯᠤᠨᠨᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠨᠨᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠭᠤᠷᠬᠠᠶ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ ᠵᠠᠷᠯᠠᠨ ᠮᠡᠳᠡᠭᠳᠡᠬᠦ ᠫᠠᠶᠢᠰᠠ ᠲᠠᠯᠪᠢᠵᠤ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠶ ᠪᠢᠴᠢᠵᠣ᠂ ᠠᠵᠢᠯᠯᠠᠬᠤ ᠬᠥᠮᠦᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ ᠲᠣᠳᠣᠷᠬᠠᠶ ᠬᠡᠯᠡᠵᠦ ᠥᠭᠬᠦ ᠬᠡᠷᠡᠭᠲᠡᠶ︔ ᠪᠡᠯ ᠶᠡᠭᠦᠷᠡᠬᠦ ᠪᠠ ᠨᠤᠷᠠᠵᠤ ᠴᠦᠮᠦᠷᠡᠬᠦ ᠵᠡᠷᠭᠡ ᠠᠳᠡᠯ ᠭᠠᠷᠬᠤ ᠰᠢᠨᠵᠢ ᠮᠠᠶ᠋ᠢᠭ ᠲᠠᠢ ᠪᠠᠶᠢᠢᠪᠠᠯ᠂ ᠡᠷᠬᠡᠪᠰᠢ ᠲᠡᠷᠡ ᠳᠠᠷᠤᠶ ᠳᠤ ᠨᠢ ᠠᠵᠢᠯᠯᠠᠬᠤ ᠪᠠᠨ ᠪᠠᠶᠢᠢᠵᠦ᠂ ᠬᠦᠮᠦᠰ ᠢ ᠵᠠᠶᠢᠢᠯᠠᠭᠤᠯᠤᠨ ᠶᠠᠪᠤᠭᠤᠯᠬᠤ ᠬᠡᠷᠡᠭᠲᠡᠶ᠃   ᠠᠷᠪᠠ᠂ ᠵᠠᠳᠠᠭᠠᠶ ᠨᠡᠭᠦᠷᠡᠰᠦᠨ ᠠᠭᠤᠷᠬᠠᠶ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ ᠦᠭᠡᠶ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠶ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ ᠳᠠᠭᠠᠭᠠᠴᠢᠯᠠᠭᠤᠯᠵᠤ ᠪᠣᠯᠬᠤ ᠦᠭᠡᠢ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ ᠳᠣᠷᠣᠭᠰᠢᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1᠎ ᠠᠴᠠ ᠬᠡᠲᠦᠷᠡᠵᠦ ᠪᠣᠯᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠶ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2᠎ ᠠᠴᠠ ᠬᠡᠲᠦᠷᠡᠵᠦ ᠪᠣᠯᠬᠤ ᠦᠭᠡᠢ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠶ ᠶᠢᠨ ᠡᠩᠨᠡᠭᠡ ᠯᠦᠭᠡ ᠪᠠᠷᠢᠮᠵᠢᠶ᠎ᠠ ᠪᠠᠨ ᠨᠢᠭᠡᠳᠦᠯᠲᠡᠶ ᠪᠣᠯᠭᠠᠵᠤ᠂ ᠨᠢᠭᠡᠳᠦᠯᠲᠡᠶ ᠬᠠᠮᠢᠶᠠᠷᠬᠤ ᠬᠡᠷᠡᠭᠲᠡᠶ᠃ ᠵᠠᠳᠠᠭᠠᠶ ᠨᠡᠭᠦᠷᠡᠰᠦᠨ ᠠᠭᠤᠷᠬᠠᠶ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ᠂ ᠳᠥᠭᠦᠮᠬᠡᠨ ᠢᠶᠠᠷ ᠬᠠᠮᠤᠭ ᠤᠨ ᠳᠣᠤᠷ᠎ᠠ ᠦᠨ᠎ᠡ ᠪᠠᠷ ᠳᠠᠭᠠᠭᠠᠴᠢᠯᠠᠯᠲᠠ ᠤᠨᠤᠭᠠᠵᠦ ᠪᠣᠯᠬᠤ ᠥᠬᠡᠶ᠃ ᠳᠠᠭᠠᠭᠠᠴᠢᠯᠠᠬᠤ ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠤᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ ᠴᠠᠭᠠᠵᠠᠯᠠᠵᠤ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠶ᠃   ᠠᠷᠪᠠᠨ ᠨᠢᠭᠡ᠂ ᠵᠠᠳᠠᠭᠠᠶ ᠨᠡᠭᠦᠷᠡᠰᠦᠨ ᠠᠭᠤᠷᠬᠠᠶ ᠪᠣᠯ ᠬᠠᠤᠯᠢ ᠲᠣᠭᠲᠠᠭᠠᠯ ᠶᠣᠰᠣᠭᠠᠷ ᠪᠦᠬᠦ ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠶ᠃   ᠠᠷᠪᠠᠨ ᠬᠤᠶᠠᠷ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠡᠪᠴᠡᠩ᠂ ᠠᠳᠠᠯᠢ ᠨᠢᠭᠡ ᠤᠬᠤᠵᠦ ᠮᠠᠯᠳᠠᠬᠤ ᠪᠦᠰᠡ᠂ ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠦᠷ ᠲᠦᠪᠰᠢᠨ ᠤ ᠵᠠᠢ ᠨᠢ 50 ᠮᠧᠲᠷ ᠠᠴᠠ ᠤᠶᠢᠢᠷ᠎ᠠ ᠪᠠᠶᠢᠵᠤ ᠪᠣᠯᠬᠤ ᠦᠭᠡᠢ᠂ ᠲᠡᠭᠡᠭᠡᠪᠦᠷᠢ ᠶᠢᠨ ᠲᠥᠬᠦᠭᠡᠷᠦᠮᠵᠢ ᠶᠢᠨ ᠬᠤᠭᠤᠷᠣᠨᠳᠤᠬᠢ ᠠᠮᠦᠷ ᠲᠦᠪᠰᠢᠨ ᠤ ᠵᠠᠢ ᠨᠢ 30 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ 300 ᠮᠧᠲᠷ ᠤᠨ ᠠᠵᠢᠯᠯᠠᠬᠤ ᠱᠣᠭᠤᠮ ᠤᠨ ᠬᠡᠪᠴᠢᠶᠡᠨ ᠳᠣᠲᠣᠷ᠎ᠠ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ ᠡᠭᠡᠯᠵᠢ ᠶᠢᠨ ᠠᠵᠢᠯᠯᠠᠬᠤ ᠬᠥᠮᠦᠨ ᠤ ᠲᠤᠭ᠎ᠠ ᠨᠢ 29 ᠬᠦ᠋ᠮᠦᠨ ᠠᠴᠠ ᠢᠯᠡᠭᠦᠦ ᠪᠠᠶᠢᠵᠤ ᠪᠣᠯᠬᠤ ᠦᠭᠡᠢ᠃   ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠶ ᠶᠢᠨ ᠠᠮᠦᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ᠂ ᠵᠠᠳᠠᠭᠠᠶ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠪᠠ ᠠᠵᠢᠯ ᠢᠶᠠᠨ ᠵᠣᠭᠰᠣᠭᠠᠭᠰᠠᠨ ᠰᠢᠯᠲᠠᠭᠠᠨ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃   ᠠᠷᠪᠠᠨ ᠳᠥᠷᠪᠡ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ᠂ ᠠᠭᠤᠷᠬᠠᠶ ᠶᠢᠨ ᠠᠶᠤᠯ ᠦᠭᠡᠶ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠂ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠶ᠃   ᠠᠷᠪᠠᠨ ᠲᠠᠪᠤ᠂ ᠵᠠᠳᠠᠭᠠᠢ ᠨᠡᠭᠦᠷᠡᠰᠦᠨ ᠠᠭᠤᠷᠬᠠᠢ ᠳᠤ ︽ᠳᠥᠷᠪᠡᠨ ᠨᠢᠭᠡ ᠪᠦᠯᠦᠭ︾ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃   ︵ᠨᠢᠭᠡ︶ ᠨᠢᠭᠡ ᠪᠦᠯᠦᠭ ᠢ ᠬᠠᠭᠠᠯᠭᠠᠨ ᠵᠤᠨᠨᠰᠤᠭᠠᠵᠦ ᠪᠤᠴᠠᠭᠠᠨ ᠭᠠᠷᠭᠠᠨ᠎ᠠ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠶ ᠨᠡᠭᠦᠷᠡᠰᠦᠨ ᠠᠭᠤᠷᠬᠠᠶ ᠶᠢ ᠬᠠᠤᠯᠢ ᠲᠣᠭᠲᠠᠭᠠᠯ ᠶᠣᠰᠣᠭᠠᠷ ᠬᠠᠭᠠᠯᠭᠠᠨ ᠵᠤᠨᠨᠰᠤᠭᠠᠵᠦ ᠪᠤᠴᠠᠭᠠᠨ ᠭᠠᠷᠭᠠᠬᠤ ᠬᠡᠷᠡᠭᠲᠡᠢ᠃   ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠡᠬᠢ ᠪᠠᠶᠠᠯᠢᠭ ᠤᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ᠂ ᠵᠦᠢ ᠵᠣᠬᠢᠰ ᠦᠭᠡᠢ ᠪᠠᠶᠢᠢᠵᠦ᠂ ᠠᠭᠤᠷᠬᠠᠢ ᠶᠢᠨ ᠰᠠᠪᠠ ᠶᠢᠨ ᠲᠠᠯᠠᠪᠠᠢ ᠨᠢ ᠪᠠᠭ᠎ᠠ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ᠂ ᠡᠰᠡᠬᠦᠯ᠎ᠡ ᠬᠠᠵᠠᠭᠤ ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠦᠯᠦᠭᠡᠯᠡᠵᠦ ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠤᠭᠠᠷ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠢᠭᠤᠯᠵᠦ᠂ ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ ᠲᠠᠶᠢᠢᠰᠢ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ᠂ ᠨᠡᠭᠡᠭᠡᠨ ᠮᠠᠯᠲᠠᠬᠤ ᠶᠢ ᠤᠶᠤᠨᠴᠢᠯᠠᠬᠤ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ᠂ ᠡᠩᠨᠡᠭᠡ ᠶᠢ ᠲᠤᠰᠬᠠᠶᠢᠵᠢᠭᠤᠯᠬᠤ᠂ ᠬᠠᠮᠢᠶᠠᠷᠤᠯᠲᠠ ᠶᠢ ᠨᠠᠷᠢᠯᠢᠬᠵᠢᠭᠤᠯᠬᠤ ᠪᠠ ᠠᠮᠢ ᠠᠬᠤᠢ ᠶᠢ ᠡᠬᠢ ᠪᠠᠶᠠᠯᠢᠬᠵᠢᠭᠤᠯᠬᠤ ᠶᠢ ᠪᠡᠶᠡᠯᠡᠭᠦᠯᠬᠦ ᠬᠡᠷᠡᠭᠲᠡᠢ᠃   ︵ᠭᠤᠷᠪᠠ︶ ᠨᠢᠭᠡ ᠪᠦᠯᠦᠭ ᠢ ᠥᠭᠡᠷᠡᠴᠢᠯᠡᠨ ᠰᠠᠶᠢᠢᠵᠢᠷᠠᠭᠤᠯᠤᠨ᠎ᠠ᠃ ᠣᠲᠣ ᠶᠢᠨ ᠪᠠᠶᠢᠭ᠎ᠠ ᠬᠠᠳᠠᠭᠠᠯᠠᠭᠳᠠᠴᠠ ᠪᠠᠷ ᠠᠷᠪᠢᠨ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ᠂ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠨᠢ ᠰᠠᠶᠢᠢᠨ ᠪᠠᠶᠢᠢᠬᠤ ᠵᠠᠳᠠᠭᠠᠶ ᠨᠡᠭᠦᠷᠡᠰᠦᠨ ᠠᠭᠤᠷᠬᠠᠶ ᠳᠤ ᠵᠢᠯᠣᠭᠤᠴᠢ ᠥᠬᠡᠶ᠂ ᠬᠠᠵᠠᠭᠤ ᠪᠠᠯ ᠤᠨ ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠤᠶᠤᠨᠴᠢᠯᠠᠯᠲᠠ᠂ ᠮᠡᠳᠡᠭᠡ ᠵᠠᠩᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ ᠂ ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃   ︵ᠲᠦᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ ᠤᠶᠠᠯᠳᠤᠭᠤᠯᠤᠨ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠶ ᠨᠡᠭᠦᠷᠡᠰᠦᠨ ᠠᠭᠤᠷᠬᠠᠶ ᠶᠢ ᠰᠢᠨ᠎ᠡ ᠪᠠᠷ ᠪᠠᠶᠢᠢᠭᠤᠯᠬᠤ ᠬᠡᠷᠡᠭᠲᠡᠢ᠃   ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ ᠨᠢ ᠵᠠᠳᠠᠭᠠᠶ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠶ ᠶᠢᠨ ᠠᠰᠢᠬᠯᠠᠯᠲᠠ᠂ ᠠᠭᠤᠷᠬᠠᠶ ᠶᠢᠨ ᠠᠵᠢᠯ ᠲᠦᠷᠦᠯ ᠤᠨ ᠡᠷᠬᠡ ᠳᠠᠪᠬᠤᠴᠠᠭᠰᠠᠨ ᠵᠡᠷᠭᠡ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠬᠠᠵᠠᠭᠤ ᠬᠠᠪᠢ ᠪᠠᠷ ᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠳᠠᠷᠤᠭᠳᠠᠵᠤ ᠪᠠᠶᠢᠭ᠎ᠠ ᠮᠠᠯᠲᠠᠭ᠎ᠠ ᠦᠭᠡᠢ ᠨᠡᠭᠦᠷᠡᠰᠦᠨ ᠤ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃   ᠠᠷᠪᠠᠨ ᠳᠣᠯᠤᠭ᠎ᠠ᠂ ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ ᠂ ᠰᠢᠨᠵᠢᠯᠡᠬᠦ ᠤᠬᠠᠭᠠᠨᠴᠢ ᠪᠠᠷ ᠨᠤᠲᠠᠯᠠᠨ᠂ ᠵᠠᠳᠠᠭᠠᠶ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ ᠬᠤᠳᠳᠤᠭ ᠲᠤ᠂ ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠳᠠᠬᠤ ᠪᠣᠯᠭᠠᠨ ᠬᠤᠪᠢᠷᠠᠭᠠᠬᠤ ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠨᠨᠴᠤᠭ᠎ᠠ ᠶᠢ ᠴᠢᠩᠭ᠎ᠠ ᠠᠳᠬᠤᠬᠤ ᠬᠡᠷᠡᠭᠲᠡᠶ   ᠠᠷᠪᠠᠨ ᠨᠠᠶᠢᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠲᠡᠮᠡᠴᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠦᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ ᠪᠦᠲᠦᠮᠵᠢ ᠪᠠᠷ ᠲᠤᠪᠤᠶᠢᠢᠬᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ︔ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号