| ᠡᠷᠳᠡᠨᠢᠬᠦᠦ ᠂ ᠨᠠᠷᠠᠨ᠎ᠠ | ᠥᠷᠯᠥᠭᠡ ᠪᠣᠰᠣᠮᠠᠭᠴᠠ᠂ ᠠᠯᠠᠱᠠ ᠠᠶᠢᠮᠠᠭ ᠤᠨ ᠮᠢᠩ ᠳ᠋ᠦ᠋ ᠠᠳᠠᠯ ᠠᠬᠤᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠰᠡᠯᠪᠢᠨ ᠵᠠᠰᠠᠬᠤ ᠠᠵᠢᠯᠴᠢᠨ ᠬᠤᠸᠠᠩ ᠶᠢᠨ ᠬᠤ᠋ ᠰᠠᠭᠤᠭᠠᠯᠢ ᠠᠷᠠᠳ ᠤᠨ | ᠲᠣᠭᠤᠷᠢᠭ ᠤᠨ ᠤᠰᠤ ᠬᠠᠩᠭᠠᠬᠤ ᠬᠤᠭᠤᠯᠠᠢ ᠶᠢ ᠲᠣᠭᠤᠷᠢᠨ ᠪᠠᠶᠢᠴᠠᠭᠠᠵᠤ ᠡᠬᠢᠯᠡᠨ᠎ᠡ᠃ ᠰᠠᠭᠤᠭᠠᠯᠢ ᠲᠣᠭᠤᠷᠢᠭ ᠤᠨ | ᠤᠰᠤᠨ ᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠲᠥᠯᠥᠭᠡ᠂ ᠬᠤᠸᠠᠩ ᠶᠢᠨ ᠬᠤ᠋ ᠡᠶᠢᠮᠦᠷᠬᠦ | ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢ ᠬᠢᠵᠦ᠂ ᠤᠰᠤ ᠭᠤᠭᠤᠵᠢᠭᠰᠠᠨ ᠭᠠᠵᠠᠷ ᠪᠠ ᠡᠪᠳᠡᠷᠡᠵᠦ | ᠰᠦᠢᠳᠦᠭᠰᠡᠨ ᠬᠤᠭᠤᠯᠠᠢ ᠶᠢ ᠴᠠᠭ ᠲᠤᠬᠠᠢ ᠳᠤᠨᠢ ᠵᠠᠰᠠᠵᠤ ᠰᠡᠯᠪᠢᠨ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤᠨ | ᠬᠤᠳᠳᠤᠭ ᠢ ᠣᠨᠢᠰᠤᠯᠠᠵᠤ᠂ ᠤᠰᠤ ᠠᠯᠳᠠᠭᠳᠠᠬᠤ ᠪᠠ ᠪᠦᠷᠢᠯᠭᠡᠨ ᠰᠦᠢᠳᠬᠡᠵᠦ ᠮᠡᠳᠡᠬᠦ ᠪᠣᠯᠣᠮᠵᠢ ᠲᠠᠢ ᠭᠠᠵᠠᠷ ᠢ | ᠲᠠᠯᠪᠢᠯ ᠦᠭᠡᠢ ᠪᠠᠶᠢᠴᠠᠭᠠᠨ᠎ᠠ᠃ | ᠤᠰᠤᠨ ᠤ ᠡᠬᠢ ᠪᠠᠶᠠᠯᠢᠭ ᠢ ᠪᠦᠲᠦᠮᠵᠢᠲᠡᠢ ᠠᠷᠪᠢᠯᠠᠵᠤ᠂ ᠰᠠᠭᠤᠭᠠᠯᠢ ᠠᠷᠠᠳ ᠤᠨ ᠤᠰᠤ ᠠᠷᠪᠢᠯᠠᠬᠤ | ᠤᠬᠠᠮᠰᠠᠷ ᠢ ᠳᠡᠭᠡᠭᠰᠢᠯᠡᠭᠦᠯᠭᠦ ᠶᠢᠨ ᠲᠥᠯᠥᠭᠡ᠂ ᠮᠢᠩ ᠳ᠋ᠦ᠋ ᠠᠳᠠᠯ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠲᠤᠰᠬᠠᠶᠢᠯᠠᠨ ᠤᠰᠤ ᠠᠷᠪᠢᠯᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠤᠰᠤ ᠠᠷᠪᠢᠯᠠᠬᠤ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ | ᠥᠮᠴᠢᠲᠡᠨ ᠤ ᠸᠢᠴᠠᠲ ᠤᠨ ᠬᠤᠯᠪᠣᠭ᠎ᠠ ᠵᠡᠷᠭᠡ ᠶᠢ ᠠᠰᠢᠭᠯᠠᠨ ᠤᠰᠤ ᠠᠷᠪᠢᠯᠠᠬᠤ ᠤᠬᠠᠭᠤᠯᠭ᠎ᠠ ᠶᠢ ᠪᠠᠶᠢᠩᠭᠤ | ᠥᠷᠨᠢᠭᠦᠯᠪᠡ᠃ ᠲᠣᠰ ᠺᠣᠮᠫᠠᠨᠢ ᠶᠢᠨ ᠬᠠᠮᠢᠶᠠᠷᠴᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠲᠤ ᠤᠰᠤ | ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠵᠦ᠂ ᠨᠣᠭᠤᠭᠠᠷᠠᠭᠤᠯᠤᠯᠲᠠ ᠶᠢᠨ ᠪᠦᠰᠡ ᠳᠤ ᠰᠦᠷᠴᠢᠨ ᠤᠰᠤᠯᠠᠬᠤ | ᠲᠥᠬᠦᠭᠡᠷᠦᠮᠵᠢ ᠪᠦᠷᠢᠳᠦᠭᠦᠯᠦᠨ᠂ ᠤᠰᠤᠨ ᠤ ᠪᠦᠷᠢᠯᠭᠡᠯ ᠢ ᠪᠦᠲᠦᠮᠵᠢᠲᠡᠢ ᠪᠠᠭᠠᠰᠬᠠᠪᠠ᠃ ᠢᠩᠭᠢᠭᠡᠳ ᠲᠣᠰ | ᠺᠣᠮᠫᠠᠨᠢ ᠤᠷᠢᠳ ᠬᠤᠵᠢᠳ ︽ᠠᠯᠠᠱᠠ ᠵᠡᠭᠦᠨ ᠬᠤᠰᠢᠭᠤᠨ ᠤ ᠵᠢᠱᠢᠶᠡᠴᠢ ᠠᠳᠠᠯ ᠠᠬᠤᠢ ᠶᠢᠨ ᠠᠵᠤ ᠠᠬᠤᠶᠢᠯᠠᠯ︾ | ︽ᠠᠯᠠᠱᠠ ᠠᠶᠢᠮᠠᠭ ᠤᠨ ᠲᠡᠷᠢᠭᠦᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ︾ ︽ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠵᠢᠱᠢᠶᠡᠴᠢ ᠬᠠᠮᠲᠤ ᠨᠢᠭᠡᠴᠢ︾ ᠵᠡᠷᠭᠡ ᠪᠠᠷ ᠦᠨᠡᠯᠡᠭᠳᠡᠭᠰᠡᠨ ᠪᠠᠶᠢᠨ᠎ᠠ᠃ | ︽ᠮᠠᠨ ᠤ ᠺᠣᠮᠫᠠᠨᠢ ᠣᠯᠠᠨ ᠰᠠᠭᠤᠭᠠᠯᠢ ᠠᠷᠠᠳ ᠤᠨ ᠲᠣᠭᠤᠷᠢᠭ᠂ ᠪᠠᠶᠢᠭᠤᠯᠭ᠎ᠠ ᠨᠢᠭᠡᠴᠢ᠂ | ᠰᠤᠷᠭᠠᠭᠤᠯᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠤᠭᠰᠠᠨ ᠪᠣᠯᠬᠤᠷ | ᠦᠢᠯᠡᠴᠢᠯᠡᠭᠡᠨ ᠤ ᠶᠡᠷᠦᠩᠬᠡᠢ ᠲᠠᠯᠠᠪᠠᠶ ᠨᠢ 60 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠭᠰᠠᠨ | ᠪᠠᠶᠢᠨ᠎ᠠ᠃ ᠡᠳᠦᠷ ᠲᠤᠲᠤᠮ ᠤᠨ ᠵᠢᠵᠢᠭ ᠰᠠᠵᠢᠭ ᠵᠦᠢᠯ ᠤᠨ ᠠᠷᠪᠢᠯᠠᠨ ᠭᠠᠮᠨᠠᠬᠤ ᠶᠢ ᠪᠠᠰᠤᠵᠤ ᠪᠣᠯᠬᠤ ᠦᠭᠡᠢ᠂ | ᠨᠢᠭᠡ ᠵᠢᠯ ᠳᠤ ᠨᠠᠷᠢᠨ ᠪᠤᠳᠤᠪᠠᠯ ᠪᠠᠭ᠎ᠠ ᠦᠭᠡᠢ ᠠᠷᠪᠢᠯᠠᠵᠤ ᠴᠢᠳᠠᠨ᠎ᠠ᠃ ᠡᠨᠡ ᠨᠢ ᠤᠰᠤᠨ ᠤ ᠡᠬᠢ ᠪᠠᠶᠠᠯᠢᠭ ᠢ | ᠠᠷᠪᠢᠯᠠᠬᠤ ᠪᠠᠷ ᠪᠠᠷᠠᠬᠤ ᠦᠭᠡᠢ ᠪᠠᠰᠠ ᠦᠢᠯᠡᠴᠢᠯᠡᠭᠡᠨ ᠤ ᠥᠪᠡᠷ ᠤᠨ ᠥᠷᠲᠡᠭ ᠢ ᠠᠷᠪᠢᠯᠠᠵᠤ ᠴᠢᠳᠠᠬᠤ ᠶᠤᠮ︾ | ᠭᠡᠵᠦ ᠺᠣᠮᠫᠠᠨᠢ ᠶᠢᠨ ᠳᠦᠷᠦᠯ ᠵᠦᠢᠯ ᠤᠨ ᠳᠠᠭᠠᠭᠠᠮᠠᠯ ᠰᠢᠦᠢ ᠳ᠋ᠥᠸᠧ ᠵᠢᠶᠦ᠋ᠨ ᠲᠠᠨᠢᠯᠴᠠᠭᠤᠯᠪᠠ᠃ | ᠤᠰᠤ ᠳᠤᠲᠠᠭᠳᠠᠬᠤ ᠨᠢ ᠤᠷᠳᠦ ᠤᠳᠠᠭᠠᠨ ᠵᠢᠯ ᠤᠨ ᠲᠤᠷᠰᠢ ᠠᠯᠠᠱᠠ ᠠᠶᠢᠮᠠᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠬᠢᠵᠠᠭᠠᠷᠯᠠᠬᠤ ᠨᠢᠭᠡ ᠶᠡᠭᠡ ᠪᠣᠭᠤᠮᠢ ᠪᠣᠯᠣᠭᠰᠠᠭᠠᠷ ᠢᠷᠡᠭᠰᠡᠨ ᠶᠤᠮ᠃ ︽ᠤᠰᠤ | ᠳᠤᠲᠠᠭᠳᠠᠪᠠᠯ ᠭᠠᠮᠲᠠᠢ ᠬᠡᠷᠡᠭᠯᠡᠬᠦ ᠭᠡᠷᠡᠭᠲᠡᠢ᠂ ᠵᠢᠭᠠᠬᠠᠨ ᠴᠤ ᠪᠦᠷᠢᠯᠭᠡᠨ ᠰᠦᠢᠳᠬᠡᠵᠦ ᠪᠣᠯᠬᠤ ᠦᠭᠡᠢ︾ ᠭᠡᠵᠦ ᠡᠨᠡ | ᠵᠢᠯ 67 ᠨᠠᠰᠤᠲᠠᠢ ᠪᠠᠶᠠᠨᠬᠤᠲᠠ ᠶᠢᠨ ᠰᠠᠭᠤᠭᠠᠯᠢ ᠠᠷᠠᠳ ᠶᠤᠸᠠᠨ ᠹᠧᠩ ᠰᠢᠶᠠ ᠶᠠᠷᠢᠨ᠎ᠠ᠃ ᠲᠡᠷᠡ᠄ ︽ᠪᠢ | ᠪᠠᠭ᠎ᠠ ᠠᠴᠠ ᠪᠠᠨ ᠤᠰᠤ ᠶᠢ ᠠᠷᠪᠢᠯᠠᠵᠤ ᠬᠡᠷᠡᠭᠯᠡᠬᠦ ᠳᠠᠳᠬᠠᠯ ᠲᠠᠢ ᠪᠤᠯᠤᠬᠰᠠᠨ ᠶᠤᠮ᠃ ᠨᠣᠭᠤᠭ᠎ᠠ ᠤᠬᠢᠶᠠᠭᠰᠠᠨ᠂ | ᠪᠤᠳᠠᠭ᠎ᠠ ᠲᠤᠩᠭᠠᠭᠰᠠᠨ ᠤᠰᠤ ᠶᠢ ᠬᠠᠳᠠᠭᠠᠯᠠᠵᠤ ᠪᠠᠶᠢᠭᠠᠳ ᠬᠤᠸᠠᠷ ᠴᠡᠴᠡᠭ ᠢ ᠤᠰᠤᠯᠠᠨ᠎ᠠ᠃ ᠲᠣᠯᠣᠭᠠᠢ ᠨᠢᠭᠤᠷ | ᠢᠶᠠᠨ ᠤᠬᠢᠶᠠᠬᠤ ᠶᠢᠨ ᠵᠠᠪᠰᠠᠷ ᠲᠤ ᠭᠤᠭᠤᠵᠢᠭᠤᠷ ᠢ ᠬᠠᠭᠠᠵᠤ ᠪᠠᠶᠢᠳᠠᠭ᠂ ᠭᠠᠷ ᠨᠢᠭᠤᠷ ᠢᠶᠠᠨ ᠤᠬᠢᠶᠠᠭᠰᠠᠨ | ᠤᠰᠤ ᠪᠠᠨ ᠵᠠᠯᠭᠠᠭᠠᠳ ᠵᠦᠯᠭᠦᠭᠦᠷ ᠤᠬᠢᠶᠠᠵᠤ ᠪᠣᠯᠣᠨ᠎ᠠ᠃ ᠢᠩᠭᠢᠪᠡᠯ ᠪᠠᠭ᠎ᠠ ᠪᠤᠰᠤ ᠤᠰᠤ ᠠᠷᠪᠢᠯᠠᠵᠤ ᠴᠢᠳᠠᠨ᠎ᠠ︾ | ᠭᠡᠵᠦ ᠥᠪᠡᠷ ᠤᠨ ᠤᠰᠤ ᠠᠷᠪᠢᠯᠠᠬᠤ ᠤᠷᠠᠨ ᠠᠷᠭ᠎ᠠ ᠪᠠᠨ ᠶᠠᠷᠢᠵᠤ ᠪᠠᠶᠢᠯ᠎ᠠ᠃ | ᠰᠤᠷᠪᠤᠯᠵᠢᠯᠠᠬᠴᠢ ᠶᠤᠸᠠᠨ ᠹᠧᠩ ᠰᠢᠶᠠ ᠶᠢᠨ ᠬᠠᠩᠭᠠᠭᠰᠠᠨ ᠥᠪᠡᠷ ᠤᠨ ᠤᠰᠤᠨ ᠤ ᠰᠦᠢᠳᠬᠡᠯ ᠤᠨ | ᠬᠠᠭᠤᠳᠠᠰᠤᠨ ᠳᠡᠭᠡᠷ᠎ᠡ᠂ 10 ᠰᠠᠷ᠎ᠠ ᠶᠢᠨ ᠬᠡᠷᠡᠭᠯᠡᠭᠰᠡᠨ ᠤᠰᠤ 4 ᠲᠣᠨ᠂ ᠤᠰᠤᠨ ᠤ ᠰᠦᠢᠳᠬᠡᠯ ᠨᠢ 13.6 | ᠲᠥᠭᠦᠷᠢᠭ ᠪᠠᠶᠢᠬᠤ ᠶᠢ ᠣᠯᠵᠤ ᠬᠠᠷᠠᠪᠠ᠃ ︽ᠮᠢᠨᠤ ᠰᠠᠷ᠎ᠠ ᠪᠦᠷᠢ ᠶᠢᠨ ᠬᠡᠷᠡᠭᠯᠡᠬᠦ ᠤᠰᠤᠨ ᠤ ᠬᠡᠮᠵᠢᠶ᠎ᠡ ᠪᠦᠷ ᠡᠶᠢᠮᠦ | ᠬᠡᠮᠵᠢᠶᠡᠨ ᠳᠤ ᠪᠠᠶᠢᠳᠠᠭ᠃ ᠮᠠᠨ ᠤ ᠠᠬᠠᠮᠠᠳ ᠦᠶ᠎ᠡ ᠶᠢᠨ ᠬᠢᠨ ᠪᠦᠷ ᠨᠡᠯᠢᠶᠡᠳ ᠠᠷᠪᠢᠴᠢ ᠭᠠᠮᠲᠠᠢ ᠪᠠᠶᠢᠭᠰᠠᠨ᠂ | ᠡᠶᠢᠮᠦ ᠠᠴᠠ ᠪᠢ ᠡᠳᠦᠷ ᠲᠤᠲᠤᠮ ᠤᠨ ᠠᠮᠢᠳᠤᠷᠠᠯ ᠳᠤᠮᠳᠠ ᠦᠷ᠎ᠡ ᠬᠡᠦᠬᠡᠳ ᠢᠶᠠᠨ ᠤᠰᠤ ᠶᠢ ᠠᠷᠪᠢᠯᠠᠵᠤ ᠬᠡᠷᠡᠭᠯᠡᠬᠦ | ᠰᠠᠶᠢᠨ ᠳᠠᠳᠬᠠᠯ ᠲᠠᠢ ᠪᠣᠯᠭᠠᠭᠰᠠᠨ ᠶᠤᠮ︾ ᠭᠡᠵᠦ ᠶᠤᠸᠠᠨ ᠹᠧᠩ ᠰᠢᠶᠠ ᠶᠠᠷᠢᠨ᠎ᠠ᠃ | ᠲᠣᠰᠣᠯ ᠲᠣᠰᠣᠯ ᠴᠡᠩᠭᠡᠭ ᠤᠰᠤ ᠬᠢᠴᠢᠶᠡᠮᠵᠢ ᠦᠭᠡᠢ ᠶᠢᠨ ᠳᠤᠮᠳᠠ ᠠᠯᠳᠠᠭᠳᠠᠵᠤ ᠠᠯᠠᠭ᠎ᠠ ᠪᠣᠯᠣᠨ᠎ᠠ᠃ | ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠬᠥᠮᠥᠰ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ | ᠴᠢᠬᠤᠯᠠ ᠪᠣᠳᠠᠰ ᠤᠨ ᠰᠠᠭᠤᠷᠢ ᠪᠠ ᠣᠷᠴᠢᠨ ᠠᠬᠤᠢ ᠶᠢᠨ ᠡᠯᠧᠮᠧᠨ᠋ᠲ ᠮᠥᠨ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠨᠳᠦᠰᠦᠨ ᠡᠬᠢ ᠪᠠᠶᠠᠯᠢᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠠᠬᠤᠢ ᠶᠢᠨ ᠡᠬᠢ | ᠪᠠᠶᠠᠯᠢᠭ ᠮᠥᠨ᠃ ᠣᠳᠣᠬᠠᠨ ᠳᠤ᠂ ᠠᠯᠠᠱᠠ ᠳᠤ ᠬᠤᠪᠢ ᠬᠥᠮᠥᠨ᠂ ᠭᠡᠷ ᠪᠦᠯᠢ᠂ ᠪᠠᠶᠢᠭᠤᠯᠭ᠎ᠠ ᠨᠢᠭᠡᠴᠢ᠂ ᠨᠡᠶᠢᠭᠡᠮ | ᠨᠠᠶᠢᠳᠠ ᠪᠠᠷ ᠢᠶᠠᠨ ᠴᠥᠮ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠬᠤᠪᠢ | ᠨᠡᠮᠡᠷᠢ ᠦᠵᠡᠭᠦᠯᠬᠦ ᠬᠠᠮᠲᠤ ᠶᠢᠨ ᠲᠠᠨᠢᠯᠲᠠ ᠲᠠᠢ ᠪᠣᠯᠵᠠᠢ᠃ | |