ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠮᠢᠩ ᠤᠯᠤᠰ ᠤᠨ ᠣᠷᠳᠣ ᠴᠠᠭᠠᠨ ᠬᠡᠷᠡᠮ
ᠨᠡᠶᠢᠲᠡᠯᠡᠭᠰᠡᠨ ᠴᠠᠭ᠄
2023/12/31
            ᠲᠡᠦᠬᠡᠨ ᠲᠡᠮᠳᠡᠭᠯᠡᠯ ᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠮᠢᠩ ᠤᠯᠤᠰ ᠤᠨ ᠣᠷᠳᠣ ᠴᠠᠭᠠᠨ ᠬᠡᠷᠡᠮ ᠢ 1531 ᠣᠨ ᠳᠤ ᠪᠠᠶᠢᠭᠤᠯᠵᠤ᠂ 1540 ᠣᠨ ᠳᠤ ᠬᠠᠭᠤᠴᠢᠨ ᠬᠡᠷᠡᠮ ᠢ ᠲᠠᠬᠢᠨ ᠵᠠᠰᠠᠵᠠᠢ᠃ ᠡᠮᠦᠨ᠎ᠡ ᠠᠴᠠ ᠤᠮᠠᠷᠠᠰᠢ ᠴᠢᠭᠯᠡᠯ ᠢᠶᠠᠷ ᠪᠠᠶᠢᠷᠢᠯᠠᠨ᠂ ᠪᠥᠬᠦ ᠣᠷᠳᠣ ᠨᠢ 15 ᠲᠦᠮᠡ ᠭᠠᠷᠤᠢ ᠮᠧᠲᠷ ᠦᠷᠭᠦᠯᠵᠢᠯᠡᠨ᠂ ᠭᠤᠣᠯ ᠬᠡᠷᠡᠮ ᠪᠣᠯᠣᠨ ᠬᠠᠯᠬᠠᠪᠴᠢ ᠬᠡᠷᠡᠮ ᠭᠡᠵᠦ ᠬᠤᠶᠠᠷ ᠬᠤᠪᠢᠶᠠᠭᠳᠠᠵᠠᠢ᠃ ᠭᠤᠣᠯ ᠬᠡᠷᠡᠮ ᠨᠢ 73000 ᠭᠠᠷᠤᠢ ᠮᠧᠲᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠭᠠᠭ ᠪᠣᠯᠵᠤ᠂ ᠬᠠᠯᠬᠠᠪᠴᠢ ᠬᠡᠷᠡᠮ  ᠨᠢ 81000 ᠭᠠᠷᠤᠢ ᠮᠧᠲᠷ ᠦᠷᠭᠦᠯᠵᠢᠯᠡᠨ᠂ ᠠᠯᠠᠱᠠ ᠵᠡᠭᠦᠨ ᠬᠤᠰᠢᠭᠤᠨ ᠤ ᠬᠢᠯᠢ ᠳᠣᠲᠣᠷ᠎ᠠ ᠪᠠᠶᠢᠷᠢᠰᠢᠵᠤ᠂ ᠴᠠᠭᠠᠨ ᠬᠡᠷᠡᠮ ᠳᠠᠭᠠᠤ ᠳᠤ ᠶᠡᠭᠡ ᠪᠠᠭ᠎ᠠ 60 ᠭᠠᠷᠤᠢ ᠴᠣᠨᠵᠢ ᠲᠠᠢ ᠪᠠᠶᠢᠳᠠᠭ᠃       ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠤᠨ ᠠᠵᠢᠯᠲᠠᠨ ᠨᠣᠮᠢᠨ ᠤ ᠲᠠᠨᠢᠯᠴᠠᠭᠤᠯᠬᠤ ᠪᠠᠷ᠂ 2014 ᠣᠨ ᠤ 9 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠯᠠᠱᠠ ᠵᠡᠭᠦᠨ ᠬᠤᠰᠢᠭᠤᠨ ᠤ ᠬᠢᠯᠢ ᠳᠣᠲᠣᠷ᠎ᠠ ᠪᠠᠶᠢᠭ᠎ᠠ ᠮᠢᠩ ᠤᠯᠤᠰ ᠤᠨ ᠤᠷᠳᠤ ᠴᠠᠭᠠᠨ ᠬᠡᠷᠡᠮ ᠢ ᠲᠠᠪᠤᠳᠤᠭᠠᠷ ᠪᠦᠯᠦᠭ ᠤᠨ ᠣᠷᠣᠨ ᠤ ᠲᠡᠰ ᠤᠨ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠢ ᠪᠠᠷ ᠨᠡᠶᠢᠲᠡᠯᠡᠵᠦ᠂ 2017 ᠣᠨ ᠤ 11 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠢᠩ ᠤᠯᠤᠰ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ ᠪᠦᠲᠦᠭᠡᠨ ᠪᠠᠶᠢᠭᠤᠯᠤᠯᠲᠠ ᠶᠢᠨ ᠣᠷᠣᠨ ᠢ ᠨᠡᠶᠢᠲᠡᠯᠡᠵᠦ᠂ ᠴᠠᠭᠠᠨ ᠬᠡᠷᠡᠮ ᠠᠴᠠ ᠭᠠᠳᠠᠭᠰᠢ ᠪᠠᠨ 100 ᠮᠧᠲᠷ ᠢ ᠬᠠᠮᠠᠭᠠᠯᠠᠯᠲᠠ ᠶᠢᠨ ᠬᠡᠪᠴᠢᠶ᠎ᠡ ᠪᠠᠷ ᠲᠣᠭᠲᠠᠭᠠᠵᠤ᠂ ᠬᠠᠮᠠᠭᠠᠯᠠᠯᠲᠠ ᠶᠢᠨ ᠬᠡᠪᠴᠢᠶ᠎ᠡ ᠠᠴᠠ ᠭᠠᠳᠠᠭᠰᠢ ᠪᠠᠨ 500 ᠮᠧᠲᠷ ᠢ ᠪᠦᠲᠦᠭᠡᠨ ᠪᠠᠶᠢᠭᠤᠯᠤᠯᠲᠠ ᠶᠢᠨ ᠣᠷᠣᠨ ᠪᠣᠯᠭᠠᠵᠤ᠂ 2018 ᠣᠨ ᠳᠤ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ︵ᠤᠤᠯ ᠳᠠᠭᠠᠨ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠪᠴᠢᠶ᠎ᠠ ᠭᠡᠵᠦ ᠪᠠᠶᠢᠵᠠᠢ︶  ᠠᠴᠠ ᠬᠠᠨ ᠤᠯᠤᠰ ᠠᠴᠠ ᠪᠠᠷᠠᠭᠤᠨ ᠰᠢᠶᠠ ᠤᠯᠤᠰ ᠤᠨ ᠤᠷᠳᠤ ᠴᠠᠭᠠᠨ ᠬᠡᠷᠡᠮ ᠢ ᠬᠠᠮᠠᠭᠠᠯᠠᠬᠤ ᠴᠠᠭᠠᠰᠤᠨ ᠵᠢᠷᠤᠭ ᠵᠢᠴᠢ ᠡᠯᠧᠺᠲᠷᠣᠨ ᠲᠠᠩᠰᠠ ᠡᠪᠬᠡᠮᠡᠯ ᠢ ᠪᠠᠶᠢᠭᠤᠯᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号