ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠤᠷᠢᠶᠠᠯᠲᠠ ᠶᠢᠨ ᠬᠤᠭᠤᠴᠠᠭ᠎ᠠ ᠪᠠ ᠬᠤᠷᠢᠶᠠᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/12/31
       ᠡᠷᠳᠡᠨᠢ ᠰᠢᠰᠢ ᠪᠣᠯ ᠦᠶᠡᠲᠦ ᠤᠷᠭᠤᠮᠠᠯ ᠤᠨ ᠢᠵᠠᠭᠤᠷ ᠤᠨ ᠨᠢᠭᠡ ᠨᠠᠰᠤᠲᠤ ᠥᠨᠳᠥᠷ ᠤᠨᠠᠯᠲᠠ ᠲᠠᠢ ᠲᠠᠷᠢᠮᠠᠯ᠂ ᠨᠣᠭᠤᠭᠠᠨ ᠳᠠᠷᠤᠰᠢ ᠶᠢᠨ ᠡᠷᠳᠡᠨᠢ ᠰᠢᠰᠢ ︵ᠪᠠᠰᠠ ᠲᠡᠵᠢᠭᠡᠯ ᠪᠣᠷᠳᠤᠭ᠎ᠠ ᠶᠢᠨ ᠡᠷᠳᠡᠨᠢ ᠰᠢᠰᠢ ᠭᠡᠳᠡᠭ︶  ᠨᠢ ᠡᠷᠳᠡᠨᠢ ᠰᠢᠰᠢ ᠶᠢᠨ ᠡᠭᠦᠯᠳᠡᠷ ᠢ ᠵᠢᠭᠠᠳᠠᠭ ᠦᠭᠡᠢ᠂ ᠬᠠᠷᠢᠨ ᠬᠡᠷᠡᠭᠴᠡᠭᠡ ᠶᠢ ᠨᠢ ᠦᠨᠳᠦᠰᠦᠯᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠪᠣᠯ ᠰᠢᠨ᠎ᠡ ᠰᠣᠷᠭᠤᠭ ᠡᠷᠳᠡᠨᠢ ᠰᠢᠰᠢ ᠶᠢ ᠨᠣᠭᠤᠭᠠᠨ ᠳᠠᠷᠤᠰᠢ ᠶᠢᠨ ᠵᠣᠭᠤᠷᠢᠨ ᠳᠤ ᠬᠠᠳᠠᠭᠠᠯᠠᠵᠤ᠂ ᠢᠰᠬᠡᠵᠦ ᠪᠠᠶᠢᠭᠠᠳ ᠲᠡᠵᠢᠭᠡᠯ ᠪᠣᠷᠳᠤᠭ᠎ᠠ ᠪᠤᠶᠤ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠳᠠᠭ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠰᠢᠯ ᠢᠶᠠᠷ ᠨᠢᠭᠡᠳᠦᠭᠡᠷ ᠳᠦᠷᠦᠯ ᠤᠨ ᠬᠡᠷᠡᠭᠴᠡᠭᠡᠨ ᠤ ᠡᠷᠳᠡᠨᠢ ᠰᠢᠰᠢ ᠶᠢᠨ ᠶᠡᠷᠦᠩᠬᠡᠢ ᠨᠡᠷᠡᠶᠢᠳᠦᠯ ᠪᠣᠯᠣᠨ᠎ᠠ᠃       ᠨᠣᠭᠤᠭᠠᠨ ᠳᠠᠷᠤᠰᠢ ᠶᠢᠨ ᠡᠷᠳᠡᠨᠢ ᠰᠢᠰᠢ ᠨᠢ ᠡ᠊ᠩ ᠤᠨ ᠦᠷᠡᠲᠦ ᠡᠷᠳᠡᠨᠢ ᠰᠢᠰᠢ ᠲᠠᠢ ᠠᠳᠠᠯᠢ ᠦᠭᠡᠢ᠂ ᠭᠤᠣᠯ ᠢᠯᠭᠠᠭ᠎ᠠ ᠨᠢ᠄ 1. ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠰᠠᠭᠤᠷᠢ ᠨᠢ ᠥᠨᠳᠥᠷ ᠲᠣᠮᠣ᠂ 2.5 ~ 3.5ᠮᠧᠲᠷ ᠪᠠᠶᠢᠵᠤ᠂ ᠬᠠᠮᠤᠭ ᠥᠨᠳᠥᠷ ᠲᠡᠭᠡᠨ 4 ᠮᠧᠲᠷ ᠬᠦᠷᠴᠦ᠂ ᠰᠢᠨ᠎ᠡ ᠰᠣᠷᠭᠤᠭ ᠲᠡᠵᠢᠭᠡᠯ  ᠤᠨ ᠡᠰᠢ ᠰᠦᠷᠡᠯ ᠦᠢᠯᠡᠳᠪᠦᠷᠢᠯᠡᠬᠦ ᠪᠠᠷ ᠭᠤᠣᠯᠯᠠᠵᠤ᠂ ᠦᠷᠡᠲᠦ ᠡᠷᠳᠡᠨᠢ ᠰᠢᠰᠢ ᠨᠢ ᠬᠠᠷᠢᠨ ᠡᠷᠳᠡᠨᠢ ᠰᠢᠰᠢ ᠶᠢᠨ ᠦᠷ᠎ᠡ ᠶᠢ ᠦᠢᠯᠡᠳᠪᠦᠷᠢᠯᠡᠬᠦ ᠪᠠᠷ ᠭᠤᠣᠯᠯᠠᠳᠠᠭ᠃ 2. ᠬᠤᠷᠢᠶᠠᠯᠲᠠ ᠶᠢᠨ ᠬᠤᠭᠤᠴᠠᠭ᠎ᠠ ᠨᠢ ᠠᠳᠠᠯᠢ ᠦᠭᠡᠢ᠄ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠠᠮᠤᠭ ᠤᠨ ᠰᠠᠶᠢᠨ ᠬᠤᠷᠢᠶᠠᠯᠲᠠ ᠶᠢᠨ ᠬᠤᠭᠤᠴᠠᠭ᠎ᠠ ᠪᠣᠯ ᠦᠷ᠎ᠡ ᠶᠢᠨ ᠠᠩᠬ᠎ᠠ ᠪᠣᠯᠪᠠᠰᠤᠷᠠᠭᠰᠠᠨ ᠤ ᠰᠡᠭᠦᠯᠴᠢ ᠶᠢᠨ ᠬᠤᠭᠤᠴᠠᠭ᠎ᠠ ᠠᠴᠠ ᠳᠤᠮᠳᠠ ᠪᠣᠯᠪᠠᠰᠤᠷᠠᠭᠰᠠᠨ ᠬᠤᠭᠤᠴᠠᠭᠠᠨ ᠤ ᠡᠮᠦᠨᠡᠬᠢ ᠬᠤᠭᠤᠴᠠᠭ᠎ᠠ ᠪᠣᠯᠣᠨ᠎ᠠ᠂ ᠡᠨᠡ ᠦᠶ᠎ᠡ ᠳᠤ ᠤᠨᠠᠯᠲᠠ ᠨᠢ ᠬᠠᠮᠤᠭ ᠤᠨ ᠥᠨᠳᠥᠷ᠂ ᠰᠢᠮ᠎ᠡ ᠲᠡᠵᠢᠭᠡᠯ ᠤᠨ ᠥᠷᠲᠡᠭ ᠨᠢ ᠴᠦ ᠬᠠᠮᠤᠭ ᠤᠨ ᠰᠠᠶᠢᠨ ᠪᠠᠶᠢᠳᠠᠭ᠂ ᠬᠠᠷᠢᠨ ᠦᠷ᠎ᠡ ᠶᠢᠨ ᠡᠷᠳᠡᠨᠢ ᠰᠢᠰᠢ ᠶᠢᠨ ᠬᠤᠷᠢᠶᠠᠯᠲᠠ ᠶᠢᠨ ᠬᠤᠭᠤᠴᠠᠭ᠎ᠠ ᠨᠢ ᠡᠷᠬᠡᠪᠰᠢ ᠪᠦᠷᠢᠨ ᠪᠣᠯᠪᠠᠰᠤᠷᠠᠭᠰᠠᠨ ᠤ ᠳᠠᠷᠠᠭ᠎ᠠ ᠪᠠᠶᠢᠬᠤ ᠭᠡᠷᠡᠭᠲᠡᠢ᠃ 3. ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠭᠤᠣᠯᠳᠠᠭᠤ ᠲᠡᠵᠢᠭᠡᠯ ᠪᠣᠷᠳᠤᠭ᠎ᠠ ᠳᠤ ᠬᠡᠷᠡᠭᠯᠡᠳᠡᠭ᠂ ᠦᠷᠡᠲᠦ ᠡᠷᠳᠡᠨᠢ ᠰᠢᠰᠢ ᠶᠢ ᠲᠡᠵᠢᠭᠡᠯ ᠪᠣᠷᠳᠤᠭ᠎ᠠ ᠳᠤ ᠬᠡᠷᠡᠭᠯᠡᠬᠦ ᠠᠴᠠ ᠭᠠᠳᠠᠨ᠎ᠠ ᠪᠠᠰᠠ ᠴᠢᠬᠤᠯᠠ ᠠᠮᠤ ᠪᠤᠳᠠᠭ᠎ᠠ ᠪᠠ ᠠᠵᠤ ᠦᠢᠯᠡᠳᠪᠦᠷᠢ ᠶᠢᠨ ᠲᠦᠭᠦᠬᠡᠢ ᠡᠳ᠋ ᠪᠣᠯᠣᠨ᠎ᠠ᠃       ᠨᠢᠭᠡ᠂ᠬᠤᠷᠢᠶᠠᠯᠲᠠ ᠶᠢᠨ ᠬᠤᠭᠤᠴᠠᠭ᠎ᠠ᠄ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠠᠮᠤᠭ ᠤᠨ ᠲᠣᠬᠢᠷᠠᠮᠵᠢᠲᠠᠢ ᠬᠠᠳᠤᠬᠤ ᠬᠤᠭᠤᠴᠠᠭ᠎ᠠ ᠪᠣᠯ ᠡᠷᠳᠡᠨᠢ ᠰᠢᠰᠢ ᠶᠢᠨ ᠦᠷ᠎ᠡ ᠶᠢᠨ ᠰᠦᠨ ᠤ ᠪᠣᠯᠪᠠᠰᠤᠷᠠᠯᠲᠠ ᠶᠢᠨ ᠰᠡᠭᠦᠯᠴᠢ ᠶᠢᠨ ᠬᠤᠭᠤᠴᠠᠭ᠎ᠠ ᠠᠴᠠ ᠳᠤᠮᠳᠠ ᠪᠣᠯᠪᠠᠰᠤᠷᠠᠬᠤ ᠬᠤᠭᠤᠴᠠᠭ᠎ᠠ ᠶᠢᠨ ᠡᠬᠢᠨ ᠤ ᠬᠤᠭᠤᠴᠠᠭ᠎ᠠ ᠪᠣᠯᠣᠨ᠎ᠠ᠂ ᠡᠨᠡ ᠦᠶ᠎ᠡ ᠳᠤ ᠬᠤᠷᠢᠶᠠᠯᠲᠠ ᠨᠢ ᠤᠨᠠᠯᠲᠠ ᠪᠠ ᠰᠢᠮ᠎ᠡ ᠲᠡᠵᠢᠭᠡᠯ ᠤᠨ ᠥᠷᠲᠡᠭ ᠤᠨ ᠬᠠᠮᠤᠭ ᠤᠨ ᠰᠠᠶᠢᠨ ᠬᠡᠮᠵᠢᠭᠳᠡᠯ ᠢ ᠣᠯᠵᠤ ᠪᠣᠯᠣᠨ᠎ᠠ᠃ ᠬᠠᠷᠠᠮᠥ᠋ᠷᠡᠨ ᠮᠤᠵᠢ ᠶᠢᠨ ᠨᠢᠭᠡᠳᠦᠭᠡᠷ᠂ ᠬᠤᠶᠠᠳᠤᠭᠠᠷ ᠦᠷᠡᠵᠢᠪᠦᠷᠢ ᠶᠢᠨ ᠰᠡᠷᠢᠭᠦᠨ ᠪᠦᠰᠡ ᠳᠤ 8 ᠰᠠᠷ᠎ᠠ ᠶᠢᠨ ᠳᠤᠮᠳᠠᠴᠢ ᠪᠠᠷ ᠬᠤᠷᠢᠶᠠᠵᠤ᠂ ᠭᠤᠷᠪᠠᠳᠤᠭᠠᠷ᠂ ᠳᠥᠷᠪᠡᠳᠦᠭᠡᠷ ᠦᠷᠡᠵᠢᠪᠦᠷᠢ ᠶᠢᠨ ᠰᠡᠷᠢᠭᠦᠨ ᠪᠦᠰᠡ ᠳᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢ ᠪᠠᠷ ᠬᠤᠷᠢᠶᠠᠳᠠᠭ᠃ ᠬᠤᠷᠢᠶᠠᠯᠲᠠ ᠶᠢᠨ ᠦᠶ᠎ᠡ ᠳᠤ ᠲᠤᠩᠭᠠᠯᠠᠭ ᠰᠠᠶᠢᠬᠠᠨ ᠡᠳᠦᠷ ᠢ ᠰᠣᠩᠭᠤᠵᠤ᠂ ᠪᠣᠷᠣᠭᠠᠨ ᠤ ᠤᠯᠠᠷᠢᠯ ᠠᠴᠠ ᠵᠠᠶᠢᠯᠠᠰᠬᠢᠵᠦ ᠬᠤᠷᠢᠶᠠᠨ᠂ ᠪᠣᠷᠣᠭᠠᠨ ᠬᠡᠲᠦᠷᠬᠡᠢ ᠠᠷᠪᠢᠨ ᠪᠤᠯᠤᠬᠰᠠᠨ ᠠᠴᠠ ᠨᠣᠭᠤᠭᠠᠨ ᠳᠠᠷᠤᠰᠢ ᠶᠢᠨ ᠲᠡᠵᠢᠭᠡᠯ ᠪᠣᠷᠳᠣᠭᠠᠨ ᠤ ᠶᠠᠰᠤ ᠴᠢᠨᠠᠷ ᠢ ᠨᠥᠯᠥᠭᠡᠯᠡᠬᠦ ᠠᠴᠠ ᠵᠠᠶᠢᠯᠠᠰᠬᠢᠬᠦ ᠭᠡᠷᠡᠭᠲᠡᠢ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠠᠳᠤᠵᠤ ᠬᠤᠷᠢᠶᠠᠭᠰᠠᠨ ᠤ ᠳᠠᠷᠠᠭ᠎ᠠ ᠴᠢᠳᠠᠬᠤ ᠶᠢᠨ ᠬᠢᠷᠢ ᠪᠠᠷ ᠣᠬᠤᠷᠬᠠᠨ ᠬᠤᠭᠤᠴᠠᠭᠠᠨ ᠳᠤ ᠳᠠᠷᠤᠰᠢᠭᠤᠯᠵᠤ ᠳᠠᠭᠤᠰᠬᠠᠨ᠎ᠠ᠂ ᠬᠡᠲᠦᠷᠬᠡᠢ ᠤᠷᠲᠤ ᠬᠤᠭᠤᠴᠠᠭ᠎ᠠ ᠪᠠᠷ ᠬᠤᠶᠢᠰᠢᠯᠠᠭᠤᠯᠵᠤ ᠪᠣᠯᠬᠤ ᠦᠭᠡᠢ᠂ ᠪᠣᠷᠣᠭᠠᠨ ᠣᠷᠣᠬᠤ ᠪᠤᠶᠤ ᠥᠪᠡᠷ ᠤᠨ ᠪᠡᠶ᠎ᠡ ᠶᠢᠨ ᠢᠰᠬᠡᠯᠲᠡ ᠠᠴᠠ ᠪᠣᠯᠵᠤ ᠬᠤᠬᠢᠷᠠᠯ ᠭᠠᠷᠬᠤ ᠠᠴᠠ ᠵᠠᠶᠢᠯᠠᠰᠬᠢᠨ᠎ᠡ᠃       ᠬᠤᠶᠠᠷ᠂ᠬᠤᠷᠢᠶᠠᠯᠲᠠ ᠠᠪᠬᠤ ᠠᠷᠭ᠎ᠠ : ᠲᠠᠯᠠᠪᠠᠢ ᠶᠡᠬᠡᠲᠡᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠠᠷᠢᠶ᠎ᠠ ᠶᠢ ᠪᠦᠷ ᠮᠠᠰᠢᠨ ᠢᠶᠠᠷ ᠬᠤᠷᠢᠶᠠᠳᠠᠭ᠃ ᠲᠠᠩ ᠳᠠᠯᠠᠩ ᠢᠶᠠᠷ ᠬᠠᠳᠤᠵᠤ ᠬᠤᠷᠢᠶᠠᠬᠤ ᠮᠠᠰᠢᠨ ᠲᠠᠢ ᠪᠥᠭᠡᠳ ᠪᠠᠰᠠ 6 ᠳᠠᠯᠠᠩ ᠢᠶᠠᠷ ᠬᠠᠳᠤᠵᠤ ᠬᠤᠷᠢᠶᠠᠬᠤ ᠮᠠᠰᠢᠨ ᠲᠠᠢ ᠪᠠᠶᠢᠳᠠᠭ᠃ ᠬᠠᠳᠤᠵᠤ ᠬᠤᠷᠢᠶᠠᠬᠤ ᠶᠢᠨ ᠬᠠᠮᠲᠤ ᠣᠬᠤᠷ ᠬᠡᠷᠴᠢᠬᠦ ᠶᠢᠨ ᠳᠠᠭᠠᠤ ᠴᠢᠷᠭᠡᠦᠯ ᠲᠡᠷᠭᠡᠨ ᠳᠤ ᠬᠢᠵᠦ᠂ ᠴᠢᠷᠭᠡᠦᠯ ᠲᠡᠷᠭᠡ ᠶᠢ ᠳᠦᠭᠦᠷᠭᠡᠭᠰᠡᠨ ᠤ ᠳᠠᠷᠠᠭ᠎ᠠ ᠨᠣᠭᠤᠭᠠᠨ ᠳᠠᠷᠤᠰᠢ ᠶᠢᠨ ᠵᠣᠭᠤᠷᠢ ᠳᠤ ᠬᠦᠷᠭᠡᠨ ᠬᠢᠵᠦ ᠣᠷᠣᠭᠤᠯᠤᠨ᠎ᠠ᠃ ᠪᠠᠭ᠎ᠠ ᠲᠠᠯᠠᠪᠠᠢ ᠲᠠᠢ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢᠨ ᠭᠠᠵᠠᠷ ᠢ ᠬᠥᠮᠥᠨ ᠤ ᠬᠦᠴᠦ ᠪᠠᠷ ᠬᠠᠳᠤᠵᠤ ᠬᠤᠷᠢᠶᠠᠨ᠂ ᠪᠦᠬᠦᠯᠢ ᠰᠠᠭᠤᠷᠢ ᠡᠷᠳᠡᠨᠢ ᠰᠢᠰᠢ ᠶᠢᠨ ᠡᠰᠢ ᠰᠦᠷᠡᠯ ᠢ ᠨᠣᠭᠤᠭᠠᠨ ᠳᠠᠷᠤᠰᠢ ᠶᠢᠨ ᠵᠣᠭᠤᠷᠢ ᠶᠢᠨ ᠤᠶᠢᠷᠠᠯᠴᠠᠭ᠎ᠠ ᠵᠥᠭᠡᠭᠡᠪᠦᠷᠢᠯᠡᠨ ᠠᠪᠴᠢᠷᠠᠭᠰᠠᠨ ᠤ ᠳᠠᠷᠠᠭ᠎ᠠ᠂ ᠣᠬᠤᠷ ᠬᠡᠷᠴᠢᠵᠦ ᠵᠣᠭᠤᠷᠢ  ᠳᠤ ᠬᠠᠳᠠᠭᠠᠯᠠᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠬᠤ ᠳᠠᠭᠠᠨ ᠵᠠᠪᠠᠯ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠡᠰᠢ ᠰᠦᠷᠡᠯ ᠢ ᠵᠣᠬᠢᠬᠤ ᠬᠡᠮᠵᠢᠶᠡᠨ ᠤ ᠤᠰᠤᠨ ᠤ ᠠᠭᠤᠯᠤᠭᠳᠠᠴᠠ ᠲᠠᠢ ᠪᠠᠶᠢᠯᠭᠠᠵᠤ᠂ ᠬᠡᠪ ᠤᠨ ᠪᠠᠶᠢᠳᠠᠯ ᠳᠣᠣᠷ᠎ᠠ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠤᠰᠤᠨ ᠤ ᠠᠭᠤᠯᠤᠭᠳᠠᠴᠠ ᠶᠢ 65%~75%  ᠪᠠᠷ ᠪᠠᠶᠢᠯᠭᠠᠬᠤ ᠶᠢ ᠱᠠᠭᠠᠷᠳᠠᠨ᠎ᠠ᠂ ᠬᠡᠷᠪᠡ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠡᠰᠢ ᠰᠦᠷᠡᠯ ᠢ ᠬᠤᠷᠢᠶᠠᠬᠤ ᠳᠠᠭᠠᠨ ᠤᠰᠤᠨ ᠤ ᠠᠭᠤᠯᠤᠭᠳᠠᠴᠠ ᠨᠢ ᠬᠡᠲᠦᠷᠬᠡᠢ ᠥᠨᠳᠥᠷ ᠪᠠᠶᠢᠪᠠᠯ ᠣᠬᠤᠷ ᠬᠡᠷᠴᠢᠬᠦ ᠠᠴᠠ ᠡᠮᠦᠨ᠎ᠡ ᠵᠣᠬᠢᠬᠤ ᠬᠡᠮᠵᠢᠶ᠎ᠡ ᠪᠠᠷ ᠡᠭᠡᠭᠡᠵᠦ᠂ 1~2 ᠡᠳᠦᠷ ᠤᠨ ᠳᠠᠷᠠᠭ᠎ᠠ ᠲᠠᠬᠢᠨ ᠣᠬᠤᠷ ᠬᠡᠷᠴᠢᠵᠦ᠂ ᠵᠣᠭᠤᠷᠢᠨ ᠳᠤ ᠬᠢᠵᠦ ᠣᠷᠣᠭᠤᠯᠤᠨ᠎ᠠ᠃ ᠤᠰᠤᠨ ᠤ ᠬᠡᠮᠵᠢᠶ᠎ᠡ ᠬᠡᠲᠦ ᠳᠣᠣᠷ᠎ᠠ ᠪᠣᠯᠪᠠᠯ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠵᠣᠭᠤᠷᠢᠯᠠᠨ ᠳᠠᠷᠤᠰᠢᠭᠤᠯᠬᠤ ᠳᠤ ᠠᠰᠢᠭ ᠦᠭᠡᠢ᠂ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠠᠮᠠᠷᠬᠠᠨ ᠸᠠᠯᠠᠵᠤ ᠬᠤᠪᠢᠷᠠᠭᠤᠯᠳᠠᠭ᠂ ᠡᠶᠢᠮᠦ ᠠᠴᠠ ᠲᠣᠬᠢᠷᠠᠮᠵᠢᠲᠠᠢ ᠬᠠᠳᠤᠵᠤ ᠬᠤᠷᠢᠶᠠᠬᠤ ᠬᠤᠭᠤᠴᠠᠭ᠎ᠠ ᠶᠢ ᠰᠣᠩᠭᠤᠬᠤ ᠨᠢ ᠲᠤᠶᠢᠯ ᠤᠨ ᠴᠢᠬᠤᠯᠠ ᠶᠤᠮ᠃       ᠭᠤᠷᠪᠠ᠂ᠣᠷᠤᠭᠤᠯᠬᠤ᠂ ᠳᠠᠷᠤᠰᠢᠭᠤᠯᠬᠤ᠂ ᠪᠢᠲᠡᠭᠦᠮᠵᠢᠯᠡᠬᠦ : ᠣᠬᠤᠷ ᠬᠡᠷᠴᠢᠭᠰᠡᠨ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠨᠣᠭᠤᠭᠠᠨ ᠳᠠᠷᠤᠰᠢ ᠶᠢᠨ ᠵᠣᠭᠤᠷᠢᠨ ᠳᠤ ᠳᠠᠪᠬᠤᠷᠯᠠᠨ ᠳᠦᠭᠦᠷᠭᠡᠵᠦ᠂ ᠳᠦᠭᠦᠷᠭᠡᠬᠦ ᠶᠢᠨ ᠳᠠᠭᠠᠤ ᠳᠤ ᠳᠠᠷᠤᠵᠤ ᠳᠠᠷᠤᠰᠢᠭᠤᠯᠵᠤ᠂ ᠵᠣᠭᠤᠷᠢ ᠶᠢ ᠳᠦᠭᠦᠷᠭᠡᠲᠡᠯ᠎ᠡ ᠬᠢᠨ᠎ᠡ᠃ ᠳᠦᠭᠦᠷᠭᠡᠭᠰᠡᠨ ᠤ ᠳᠠᠷᠠᠭ᠎ᠠ ᠰᠦᠯᠢᠶᠥᠦ ᠪᠦᠷᠬᠦᠪᠴᠢ ᠪᠠᠷ ᠨᠢᠭᠲᠠ ᠪᠢᠲᠡᠭᠦᠮᠵᠢᠯᠡᠵᠦ᠂ ᠪᠢᠲᠡᠭᠦᠮᠵᠢᠯᠡᠭᠰᠡᠨ ᠤ ᠳᠠᠷᠠᠭ᠎ᠠ ᠲᠠᠬᠢᠨ 30cm  ᠤᠨ ᠨᠠᠷᠢᠨ ᠰᠢᠷᠣᠢ ᠪᠠᠷ ᠪᠦᠲᠡᠭᠡᠬᠦ ᠭᠡᠷᠡᠭᠲᠡᠢ᠃ ᠬᠥᠯᠳᠡᠬᠦ ᠠᠴᠠ ᠰᠡᠷᠭᠡᠶᠢᠯᠡᠬᠦ ᠶᠢᠨ ᠲᠥᠯᠥᠭᠡ᠂ ᠬᠥᠷᠥᠰᠥᠨ ᠳᠡᠭᠡᠷ᠎ᠡ ᠪᠠᠰᠠ ᠨᠢᠭᠡ ᠳᠠᠪᠬᠤᠷ ᠬᠠᠭᠤᠷᠠᠢ ᠡᠷᠳᠡᠨᠢ ᠰᠢᠰᠢ ᠶᠢᠨ ᠰᠦᠷᠡᠯ᠂ ᠲᠤᠲᠤᠷᠭ᠎ᠠ ᠶᠢᠨ ᠰᠦᠷᠡᠯ ᠪᠤᠶᠤ ᠪᠤᠭᠤᠳᠠᠢ ᠶᠢᠨ ᠰᠦᠷᠡᠯ ᠢ ᠬᠤᠴᠢᠵᠤ ᠪᠣᠯᠣᠨ᠎ᠠ᠂ ᠬᠥᠯᠳᠡᠬᠦ ᠠᠴᠠ ᠰᠡᠷᠭᠡᠶᠢᠯᠡᠵᠦ᠂ ᠡᠪᠦᠯ ᠤᠨ ᠤᠯᠠᠷᠢᠯ ᠳᠤ ᠪᠣᠷᠳᠤᠭ᠎ᠠ ᠠᠪᠬᠤ ᠳᠤ ᠠᠰᠢᠭᠲᠠᠢ ᠪᠠᠶᠢᠳᠠᠭ᠃ ᠢᠩᠭᠢᠵᠦ ᠬᠢᠭᠰᠡᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠪᠣᠷᠳᠤᠭ᠎ᠠ ᠶᠢ 20 ᠡᠳᠦᠷ ᠣᠷᠴᠢᠮ ᠢᠰᠬᠡᠪᠡᠯ ᠪᠣᠯᠴᠢᠬᠠᠨ᠎ᠠ᠂ ᠳᠠᠭᠢᠭᠠᠳ 20 ᠡᠳᠦᠷ ᠤᠨ ᠪᠣᠯᠪᠠᠰᠤᠷᠠᠯᠲᠠ ᠶᠢᠨ ᠶᠠᠪᠤᠴᠠ ᠶᠢ ᠥᠩᠭᠡᠷᠡᠭᠡᠪᠡᠯ ᠵᠣᠭᠤᠷᠢ ᠪᠠᠨ ᠨᠡᠭᠡᠭᠡᠵᠦ ᠲᠡᠵᠢᠭᠡᠨ᠎ᠡ᠃ ᠡᠨᠡ ᠦᠶ᠎ᠡ ᠶᠢᠨ ᠨᠣᠭᠤᠭᠠᠨ ᠳᠠᠷᠤᠰᠢ ᠶᠢᠨ ᠪᠣᠷᠳᠣᠭᠠᠨ ᠤ ᠦᠨᠦᠷ ᠠᠩᠬᠢᠯᠤᠮ᠎ᠠ᠂ ᠢᠳᠡᠬᠦ ᠳᠤ ᠵᠣᠬᠢᠴᠠᠩᠭᠤᠢ᠂ ᠰᠢᠩᠭᠡᠭᠡᠯᠲᠡ ᠶᠢᠨ ᠨᠤᠷᠮ᠎ᠠ ᠥᠨᠳᠥᠷ᠂ ᠦᠬᠡᠷ᠂ ᠬᠤᠨᠢ᠂ ᠪᠤᠭᠤ ᠵᠡᠷᠭᠡ ᠶᠢᠨ ᠬᠠᠮᠤᠭ ᠤᠨ ᠰᠠᠶᠢᠨ ᠪᠣᠷᠳᠤᠭ᠎ᠠ ᠪᠣᠯᠣᠨ᠎ᠠ᠃       ︵ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ       ᠬᠥᠳᠡᠭᠡ ᠲᠣᠰᠬᠤᠨ ᠮᠠᠯᠵᠢᠬᠤ ᠣᠷᠣᠨ  ᠤ ᠲᠢᠩᠬᠢᠮ  ᠤᠨ ᠰᠦᠯᠵᠢᠶ᠎ᠡ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号