ᠳᠠᠷᠢᠶᠠᠴᠢᠨ ᠤ ᠳᠤᠰᠬᠠᠢ ᠬᠤᠷᠰᠢᠶ᠎ᠠ ᠪᠠ ᠲᠠᠷᠢᠶᠠᠯᠠᠩ ᠤᠨ ᠬᠤᠷᠰᠢᠶ᠎ᠠ ᠳᠤ ᠶᠠᠮᠠᠷ ᠶᠠᠮᠠᠷ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠ ᠨᠦᠬᠦᠪᠦᠷᠢ ᠪᠠᠶᠢᠬᠤ ᠪᠣᠢ︖
ᠨᠡᠶᠢᠲᠡᠯᠡᠭᠰᠡᠨ ᠴᠠᠭ᠄
2023/12/31
   ᠤᠯᠤᠰ ᠠᠴᠠ ᠡᠳ᠋ ᠤᠨ ᠵᠠᠰᠠᠭ ᠤᠨ ᠲᠡᠮᠵᠢᠯᠭᠡ᠂ ᠭᠠᠶᠢᠯᠢ ᠶᠢᠨ ᠬᠠᠷᠠᠭᠠᠯᠵᠠᠯ ᠪᠠ ᠮᠦᠩᠬᠦᠨ ᠬᠦᠢᠯᠭᠡᠭᠡ᠂ ᠰᠢᠨᠵᠢᠯᠡᠬᠦ  ᠤᠬᠠᠭᠠᠨ ᠮᠡᠷᠭᠡᠵᠢᠯ᠂ ᠴᠢᠳᠠᠪᠤᠷᠢᠳᠠᠨ ᠤ ᠲᠡᠮᠵᠢᠯᠭᠡ ᠵᠢᠴᠢ ᠠᠵᠤ ᠦᠢᠯᠡᠰ ᠤᠨ  ᠲᠦᠷᠦ ᠶᠢᠨ ᠪᠤᠳᠤᠯᠭ᠎ᠠ  ᠶᠢᠨ  ᠳᠠᠭᠠᠭᠤᠯᠭ᠎ᠠ ᠵᠡᠷᠭᠡ ᠠᠷᠭ᠎ᠠ ᠪᠠᠷᠢᠯ ᠢᠶᠠᠷ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠦᠭᠵᠢᠯᠳᠡ ᠶᠢ ᠬᠠᠣᠯᠢ ᠪᠠᠷ ᠪᠠᠳᠣᠯᠠᠵᠣ ᠪᠣᠢ᠃ ᠨᠡᠶᠢᠭᠡᠮ ᠤᠨ ᠡᠯ᠎ᠡ ᠡᠳᠡᠭᠡᠳ ᠠᠴᠠ ᠳᠠᠷᠢᠶᠠᠴᠢᠨ ᠤ ᠳᠤᠰᠬᠠᠢ ᠬᠤᠷᠰᠢᠶ᠎ᠠ ᠳᠤ ᠦᠢᠯᠡᠴᠢᠯᠡᠭᠡ ᠬᠠᠩᠭᠠᠬᠤ ᠶᠢ ᠤᠯᠤᠰ ᠠᠴᠠ ᠵᠤᠷᠢᠬᠵᠢᠭᠤᠯᠤᠨ ᠲᠡᠮᠵᠢᠭᠰᠡᠭᠡᠷ ᠢᠷᠡᠭᠰᠡᠨ ᠶᠣᠮ᠃   ᠲᠡᠭᠡᠪᠡᠯ ᠲᠠᠷᠢᠶᠠᠴᠢᠨ ᠤ ᠲᠣᠰᠬᠠᠢ ᠬᠤᠷᠰᠢᠶ᠎ᠠ ᠨᠢ ᠠᠯᠢ ᠠᠯᠢ ᠳᠠᠯ᠎ᠠ ᠪᠠᠷ ᠤᠯᠤᠰ ᠤᠨ ᠲᠦᠷᠦ ᠶᠢᠨ ᠪᠤᠳᠤᠯᠭ᠎ᠠ  ᠶᠢᠨ ᠬᠠᠷᠠᠭᠠᠯᠵᠠᠯ ᠢ  ᠬᠦᠷᠲᠡᠵᠦ  ᠪᠤᠯᠳᠠᠭ  ᠪᠤᠯ︖ ᠲᠠᠷᠢᠶᠠᠴᠢᠳ ᠢ  ᠪᠠᠭᠤᠷᠠᠶᠢᠴᠤᠤᠯ  ᠭᠡᠳᠡᠭ᠂ ᠬᠤᠷᠰᠢᠶ᠎ᠠ ᠶᠢᠨ  ᠪᠤᠳᠠᠳᠤ ᠬᠦᠴᠦᠨ ᠬᠢᠷᠢ ᠵᠡᠷᠬᠡ ᠪᠤᠯ︖   — ᠤᠯᠤᠰ ᠠᠴᠠ ᠲᠦᠷᠦᠯ ᠵᠦᠢᠯ ᠤᠯᠭᠤᠨ ᠠᠵᠤ ᠦᠢᠯᠡᠰ ᠢᠶᠠᠷ ᠲᠡᠮᠵᠢᠨ᠎ᠠ   ᠬᠤᠷᠰᠢᠶ᠎ᠠ ᠨᠢ ᠵᠠᠬ᠎ᠠ ᠲᠡᠯᠭᠡᠬᠦᠷ ᠤᠨ ᠡᠵᠡᠩᠨᠡᠯᠳᠡ ᠶᠢᠨ ᠭᠤᠤᠯ ᠴᠤᠭᠴᠠ ᠪᠤᠯᠤᠭᠰᠠᠨ ᠤ ᠬᠤᠪᠢ ᠳᠤ᠂ ᠦᠷᠢᠰᠦᠯᠳᠦᠭᠡᠨ ᠤ ᠬᠦᠴᠦᠨ ᠪᠠᠭᠤᠷᠠᠢ ᠳᠤᠯᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠤᠯᠭᠤᠨ᠂ ᠲᠠᠷᠢᠶᠠᠴᠢᠨ ᠤ ᠲᠣᠰᠬᠠᠢ ᠬᠤᠷᠰᠢᠶ᠎ᠠ ᠶᠢ ᠤᠯᠤᠰ ᠤᠨ ᠳᠠᠷᠢᠶᠠᠯᠠᠩ ᠢ ᠲᠡᠮᠵᠢᠵᠦ ᠬᠠᠮᠠᠭᠠᠯᠠᠬᠤ ᠰᠢᠰᠲ᠋ᠧᠮ ᠤᠨ ᠴᠢᠬᠤᠯᠠ ᠳᠠᠯ᠎ᠠ ᠪᠤᠯᠭᠠᠵᠤ ᠪᠤᠢ᠃ ᠨᠦᠬᠦᠴᠡᠯ ᠳᠤ ᠨᠡᠶᠢᠴᠡᠬᠦ ᠲᠠᠷᠢᠶᠠᠴᠢᠨ ᠤ ᠲᠣᠰᠬᠠᠢ ᠬᠤᠷᠰᠢᠶ᠎ᠠ ᠨᠢ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠦᠷᠦᠯ ᠵᠦᠢᠯ ᠤᠨ ᠵᠦᠭᠯᠡᠬᠦᠷ  ᠤᠨ ᠱᠠᠭᠠᠷᠳᠠᠯᠭ᠎ᠠ ᠶᠤᠰᠤᠭᠠᠷ ᠲᠦᠷᠦᠯ ᠵᠦᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷᠦᠯ ᠵᠦᠢᠯ ᠢ ᠳᠠᠭᠠᠭᠠᠴᠢᠯᠠᠨ ᠡᠷᠬᠢᠯᠡᠬᠦ ᠭᠤᠶᠤᠴᠢᠯᠠᠯ ᠭᠠᠷᠭᠠᠵᠤ᠂ ᠲᠦᠷᠦᠯ ᠵᠦᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ ᠭᠡᠷᠡᠭᠵᠢᠬᠦᠯᠦᠨ᠎ᠠ᠃   ᠳᠠᠷᠢᠶᠠᠴᠢᠨ ᠤ ᠳᠤᠰᠬᠠᠢ ᠬᠤᠷᠰᠢᠶ᠎ᠠ ᠠᠴᠠ ᠳᠠᠭᠠᠭᠠᠴᠢᠯᠠᠨ ᠡᠷᠬᠢᠯᠡᠵᠦ ᠪᠤᠯᠬᠤ ᠳᠠᠷᠢᠶᠠᠯᠠᠩ ᠳᠤ ᠬᠤᠯᠪᠤᠬᠳᠠᠬᠤ ᠲᠦᠷᠦᠯ ᠵᠦᠢᠯ ᠳᠤ ᠭᠤᠤᠯᠳᠠᠭᠤ᠄ ᠳᠠᠷᠢᠶᠠᠯᠠᠩ ᠦᠢᠯᠡᠳᠪᠦᠷᠢᠯᠡᠯ ᠤᠨ ᠲᠡᠮᠵᠢᠯᠭᠡ᠂ ᠳᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠳᠠᠷᠢᠶᠠᠯᠠᠩ ᠤᠨ ᠲᠦᠬᠦᠭᠡᠷᠦᠮᠵᠢ ᠶᠢ ᠪᠠᠳᠤᠯᠠᠬᠤ ᠴᠢᠳᠠᠪᠤᠷᠢ ᠶᠢᠨ ᠪᠦᠳᠦᠭᠡᠨ ᠪᠠᠶᠢᠭᠤᠯᠤᠯᠳᠠ᠂ ᠬᠦᠳᠡᠭᠡ ᠳᠤᠰᠬᠤᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠲᠠᠢ ᠬᠤᠯᠪᠤᠬᠳᠠᠬᠤ ᠡᠳ᠋ ᠤᠨ ᠵᠠᠰᠠᠭ ᠤᠨ ᠪᠡᠯᠡ ᠮᠦᠩᠬᠦᠨ ᠤ ᠲᠦᠷᠦᠯ ᠵᠦᠢᠯ ᠪᠠ ᠲᠦᠪ ᠤᠨ ᠲᠦᠰᠦᠯ ᠤᠨ ᠳᠤᠳᠤᠷᠠᠬᠢ ᠪᠡᠯᠡ ᠤᠷᠤᠭᠤᠯᠬᠤ ᠲᠦᠷᠦᠯ ᠵᠦᠢᠯ ᠪᠠᠭᠳᠠᠨ᠎ᠠ᠃ ᠳᠠᠷᠢᠶᠠᠴᠢᠨ ᠤ ᠳᠤᠰᠬᠠᠢ ᠬᠤᠷᠰᠢᠶ᠎ᠠ ᠠᠴᠠ ᠳᠠᠭᠠᠭᠠᠴᠢᠯᠠᠨ ᠡᠷᠬᠢᠯᠡᠬᠦ ᠳᠤ ᠳᠤᠬᠢᠷᠠᠬᠤ ᠲᠦᠷᠦᠯ ᠵᠦᠢᠯ ᠪᠤᠯᠭᠠᠨ ᠢ ᠴᠦᠮ ᠳᠠᠷᠢᠶᠠᠴᠢᠨ ᠤ ᠳᠤᠰᠬᠠᠢ ᠬᠤᠷᠰᠢᠶ᠎ᠠ ᠠᠴᠠ ᠳᠠᠭᠠᠭᠠᠴᠢᠯᠠᠨ ᠡᠷᠬᠢᠯᠡᠬᠦ ᠶᠢ ᠬᠠᠣᠯᠢ ᠪᠠᠷ ᠢᠳᠡᠪᠬᠢᠳᠡᠢ ᠲᠡᠮᠵᠢᠨ᠎ᠠ᠃   ᠬᠦᠳᠡᠭᠡ ᠳᠤᠰᠬᠤᠨ ᠤ ᠮᠡᠳᠡᠭᠡ ᠵᠠᠩᠬᠢᠵᠢᠯᠳᠡ ᠬᠠᠷᠢᠴᠠᠩᠭᠤᠢ ᠲᠦᠭᠵᠢᠩᠬᠦᠢ ᠪᠠᠶᠢᠳᠠᠬ᠂ ᠬᠤᠷᠰᠢᠶ᠎ᠠ ᠶᠢᠨ ᠭᠠᠳᠠᠭᠰᠢ ᠬᠠᠷᠢᠯᠴᠠᠭ᠎ᠠ ᠶᠠᠮᠡᠷ ᠵᠡᠷᠭᠡ ᠪᠤᠯ︖    — ᠤᠯᠤᠰ ᠠᠴᠠ ᠪᠡᠯᠡ ᠮᠦᠩᠬᠦ ᠳᠤᠬᠢᠷᠠᠭᠤᠯᠤᠨ ᠦᠢᠯᠡᠴᠢᠯᠡᠭᠡ ᠬᠠᠩᠭᠠᠨ᠎ᠠ     ᠲᠦᠪ ᠪᠠ ᠤᠷᠤᠨ ᠨᠤᠳᠤᠭ ᠤᠨ ᠡᠳ᠋ ᠤᠨ ᠵᠠᠰᠠᠭ ᠠᠴᠠ ᠳᠤᠰ ᠳᠤᠰ ᠪᠡᠯᠡ ᠮᠦᠩᠬᠦ ᠳᠤᠬᠢᠷᠠᠭᠤᠯᠤᠨ᠂ ᠳᠠᠷᠢᠶᠠᠴᠢᠨ  ᠤ ᠳᠤᠰᠬᠠᠢ ᠬᠤᠷᠰᠢᠶ᠎ᠠ ᠶᠢ ᠲᠡᠮᠵᠢᠨ ᠮᠡᠳᠡᠭᠡ ᠵᠠᠩᠬᠢ᠂ ᠪᠤᠯᠪᠠᠰᠤᠷᠠᠯ᠂ ᠳᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠬᠢᠭᠡᠳ ᠭᠡᠷᠡᠴᠢᠯᠡᠯ᠂ ᠳᠠᠷᠢᠶᠠᠯᠠᠩ ᠦᠢᠯᠡᠳᠪᠦᠷᠢᠯᠡᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠵᠠᠬ᠎ᠠ ᠲᠡᠯᠭᠡᠬᠦᠷ ᠤᠨ ᠪᠤᠷᠤᠯᠠᠭᠤᠯᠭ᠎ᠠ ᠪᠠ ᠮᠡᠷᠭᠡᠵᠢᠯ ᠤᠨ ᠲᠡᠯᠭᠡᠷᠡᠬᠦᠯᠦᠯᠳᠡ ᠵᠡᠷᠭᠡ ᠦᠢᠯᠡᠴᠢᠯᠡᠭᠡ ᠦᠷᠨᠢᠬᠦᠯᠦᠨ᠎ᠠ᠃ ᠦᠨᠳᠦᠰᠦᠳᠡᠨ ᠤ ᠭᠠᠵᠠᠷ ᠤᠷᠤᠨ᠂ ᠬᠢᠯᠢ ᠬᠢᠵᠠᠭᠠᠷ ᠤᠷᠤᠨ ᠪᠠ ᠶᠠᠳᠠᠭᠤ ᠬᠦᠴᠢᠷᠲᠡᠯᠲᠡᠢ ᠭᠠᠵᠠᠷ ᠤᠷᠤᠨ ᠤ ᠳᠠᠷᠢᠶᠠᠴᠢᠨ ᠤ ᠳᠤᠰᠬᠠᠢ ᠬᠤᠷᠰᠢᠶ᠎ᠠ ᠪᠠ ᠤᠯᠤᠰ ᠬᠢᠭᠡᠳ ᠨᠡᠶᠢᠭᠡᠮ ᠤᠨ ᠪᠠᠴᠢᠮ ᠭᠡᠷᠡᠭᠴᠡᠭᠡ ᠲᠠᠢ ᠴᠢᠬᠤᠯᠠ ᠳᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠦᠷᠢᠯᠡᠬᠦ ᠳᠠᠷᠢᠶᠠᠴᠢᠨ ᠤ ᠳᠤᠰᠬᠠᠢ ᠬᠤᠷᠰᠢᠶ᠎ᠠ ᠳᠤ ᠬᠠᠷᠠᠭᠠᠯᠵᠠᠯ ‍ᠤᠨ‌‍ᠲ᠋ᠡᠮᠵᠢᠯᠭᠡ ᠦᠵᠡᠬᠦᠯᠦᠨ᠎ᠠ᠃ ᠲᠦᠪ ᠤᠨ ᠡᠳ᠋ ᠤᠨ ᠵᠠᠰᠠᠭ ᠠᠴᠠ ᠵᠢᠯ ᠪᠦᠷᠢ ᠳᠤᠰᠬᠠᠢ ᠲᠦᠷᠦᠯ ᠤᠨ ᠪᠡᠯᠡ ᠮᠦᠩᠬᠦ ᠭᠠᠷᠭᠠᠨ᠂ ᠬᠤᠷᠰᠢᠶ᠎ᠠ ᠶᠢᠨ ᠪᠠᠷᠢᠮᠵᠢᠶᠠᠵᠢᠬᠰᠠᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠳᠡ᠂ ᠵᠠᠬ᠎ᠠ ᠲᠡᠯᠭᠡᠬᠦᠷᠴᠢᠯᠡᠭᠰᠡᠨ ᠡᠷᠬᠢᠯᠳᠡ ᠪ᠊ ᠲᠦᠷᠢᠮᠵᠢᠭᠰᠡᠨ ᠬᠠᠮᠢᠶᠠᠷᠤᠯᠳᠠ ᠦᠷᠨᠢᠬᠦᠯᠬᠦ ᠶᠢ ᠲᠡᠮᠵᠢᠵᠦ᠂ ᠰᠤᠷᠭᠠᠨ ᠬᠦᠮᠦᠵᠢᠯ ᠪᠤᠯᠪᠠᠰᠤᠷᠠᠯ ᠤᠨ ᠠᠵᠢᠯᠯᠠᠭ᠎ᠠ ᠦᠷᠨᠢᠬᠦᠯᠬᠦ ᠶᠢ ᠲᠡᠳᠬᠦᠨ᠂ ᠭᠤᠤᠯᠯᠠᠬᠤ ᠠᠵᠤ ᠦᠢᠯᠡᠰ ᠪᠠ ᠤᠨᠴᠠᠯᠢᠬᠳᠤ ᠦᠢᠯᠡᠳᠬᠦᠨ ᠢ ᠬᠦᠭᠵᠢᠬᠦᠯᠬᠦ ᠶᠢ ᠬᠠᠣᠯᠢ ᠶᠣᠰᠣᠭᠠᠷ ᠲᠡᠮᠵᠢᠵᠦ᠂ ᠳᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃       ᠬᠦᠳᠡᠭᠡ ᠠᠵᠤ ᠠᠬᠤᠢ ᠶᠢᠨ ᠶᠠᠮᠤᠨ ᠪᠠ ᠡᠯ᠎ᠡ ᠮᠤᠵᠢ ︵ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠶᠢᠨ ᠳᠠᠷᠢᠶᠠᠯᠠᠩ ᠤᠨ ᠰᠠᠯᠠᠭ᠎ᠠ ᠮᠦᠴᠢᠷ ᠠᠴᠠ ᠵᠢᠯ ᠪᠤᠯᠭᠠᠨ ᠨᠢᠭᠡ ᠪᠦᠯᠦᠭ ᠪᠦᠬᠦ ᠤᠯᠤᠰ᠂ ᠮᠤᠵᠢ ᠶᠢᠨ ᠲᠡᠰ ᠪᠠ ᠬᠤᠳᠠ ︵ᠰᠢᠶᠠᠨ︶ ᠶᠢᠨ ᠲᠡᠰ ᠤᠨ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠳᠠᠭᠤᠷᠢᠶᠠᠯ ᠢ ᠠᠳᠠᠯᠢᠳᠬᠠᠨ ᠰᠢᠯᠭᠠᠷᠠᠭᠤᠯᠬᠤ ᠶᠢᠨ ᠬᠠᠮᠳᠤ ᠵᠤᠬᠢᠰᠳᠠᠢ ᠱᠠᠩᠨᠠᠨ ᠵᠤᠷᠢᠬᠵᠢᠭᠤᠯᠤᠨ᠎ᠠ᠃   ᠬᠤᠷᠰᠢᠶ᠎ᠠ ᠳᠠᠷᠢᠶᠠᠴᠢᠳ ᠢ ᠵᠤᠬᠢᠶᠠᠨ ᠪᠠᠶᠢᠭᠤᠯᠤᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠬᠦ ᠳᠤ ᠭᠠᠶᠢᠯᠢ ᠳᠤᠰᠢᠶᠠᠳᠠᠭ ᠤᠤ︖   — ᠤᠯᠤᠰ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠨ᠎ᠠ   ᠳᠠᠷᠢᠶᠠᠴᠢᠨ ᠤ ᠳᠤᠰᠬᠠᠢ ᠬᠤᠷᠰᠢᠶ᠎ᠠ ᠨᠢ ᠬᠦᠳᠡᠭᠡ ᠳᠤᠰᠬᠤᠨ ᠤ ᠦᠢᠯᠡᠳᠪᠦᠷᠢᠯᠡᠯ ᠡᠵᠡᠩᠨᠡᠯᠳᠡ ᠶᠢᠨ ᠳᠤᠰᠠᠭᠠᠷ ᠵᠤᠬᠢᠶᠠᠨ ᠪᠠᠶᠢᠭᠤᠯᠤᠯᠳᠠ ᠪᠤᠯᠤᠭᠰᠠᠨ ᠤ ᠬᠤᠪᠢ ᠳᠤ᠂ ᠤᠯᠤᠰ ᠤᠨ ᠤᠳᠤ ᠪᠠᠶᠢᠭ᠎ᠠ ᠳᠠᠷᠢᠶᠠᠯᠠᠩ ᠤᠨ ᠬᠦᠭᠵᠢᠯᠳᠡ ᠶᠢ ᠲᠡᠮᠵᠢᠬᠦ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠤᠯᠤᠨ᠎ᠠ᠃ ᠳᠠᠷᠢᠶᠠᠴᠢᠨ ᠤ ᠳᠤᠰᠬᠠᠢ ᠬᠤᠷᠰᠢᠶ᠎ᠠ ᠨᠢ ᠤᠯᠤᠰ ᠠᠴᠠ ᠳᠤᠭᠳᠠᠭᠠᠭᠰᠠᠨ ᠳᠠᠷᠢᠶᠠᠯᠠᠩ ᠦᠢᠯᠡᠳᠪᠦᠷᠢᠯᠡᠯ᠂ ᠡᠳ᠋ᠰᠢᠬᠦᠯᠦᠨ ᠪᠤᠯᠪᠠᠰᠤᠷᠠᠭᠤᠯᠤᠯᠳᠠ᠂ ᠬᠦᠢᠯᠭᠡᠭᠡ᠂ ᠦᠢᠯᠡᠴᠢᠯᠡᠭᠡ ᠪᠠ ᠪᠤᠰᠤᠳ ᠳᠠᠷᠢᠶᠠᠯᠠᠩ ᠳᠤ ᠬᠤᠯᠪᠤᠭᠳᠠᠬᠤ ᠠᠵᠤ ᠠᠬᠤᠢ ᠶᠢᠨ ᠠᠵᠢᠯᠯᠠᠭ᠎ᠠ ᠲᠠᠢ ᠳᠤᠬᠢᠷᠠᠯᠴᠠᠬᠤ ᠭᠠᠶᠢᠯᠢ ᠶᠢᠨ ᠬᠠᠷᠠᠭᠠᠯᠵᠠᠯ ᠬᠦᠷᠲᠡᠨ᠎ᠡ᠃   ᠳᠠᠷᠢᠶᠠᠴᠢᠨ ᠤ ᠳᠤᠰᠬᠠᠢ ᠬᠤᠷᠰᠢᠶ᠎ᠠ ᠨᠢ ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠤ ᠦᠢᠯᠡᠳᠪᠦᠷᠢᠯᠡᠭᠰᠡᠨ ᠳᠠᠷᠢᠶᠠᠯᠠᠩ ᠤᠨ ᠪᠦᠳᠦᠬᠡᠭᠳᠡᠬᠦᠨ ᠢ ᠪᠤᠷᠤᠯᠠᠭᠤᠯᠪᠠᠯ ᠨᠡᠮᠡᠯᠳᠡ ᠦᠷᠲᠡᠭ ᠤᠨ ᠭᠠᠶᠢᠯᠢ ᠶᠢ ᠭᠡᠯᠳᠦᠷᠢᠬᠦᠯᠦᠨ᠎ᠡ︔ ᠳᠠᠷᠢᠶᠠᠴᠢᠨ ᠤ ᠳᠤᠰᠬᠠᠢ ᠬᠤᠷᠰᠢᠶ᠎ᠠ ᠨᠢ ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠳᠤ ᠳᠠᠷᠢᠶᠠᠯᠠᠩ ᠤᠨ ᠰᠦᠯᠢᠶᠤᠤ ᠪᠦᠷᠬᠦᠪᠴᠢ᠂ ᠳᠠᠷᠢᠶᠠᠨ ᠦᠷ᠎ᠡ᠂ ᠴᠢᠬᠢ᠂ ᠬᠢᠮᠢ ᠶᠢᠨ ᠪᠤᠷᠳᠤᠭᠤᠷ᠂ ᠳᠠᠷᠢᠶᠠᠨ ᠡᠮ᠂ ᠳᠠᠷᠢᠶᠠᠯᠠᠩ ᠤᠨ ᠮᠠᠰᠢᠨ ᠪᠤᠷᠤᠯᠠᠭᠤᠯᠪᠠᠯ ᠨᠡᠮᠡᠯᠳᠡ ᠦᠷᠲᠡᠭ ᠤᠨ ᠭᠠᠶᠢᠯᠢ ᠶᠢ ᠭᠡᠯᠳᠦᠷᠢᠬᠦᠯᠦᠨ᠎ᠡ︔ ᠳᠠᠷᠢᠶᠠᠴᠢᠨ ᠤ ᠳᠤᠰᠬᠠᠢ ᠬᠤᠷᠰᠢᠶ᠎ᠠ ᠨᠢ ᠳᠤᠰ ᠬᠤᠷᠰᠢᠶ᠎ᠠ ᠶᠢᠨ ᠢᠶᠠᠨ ᠪᠦᠷᠢᠯᠳᠦᠬᠦᠨ ᠲᠠᠢ ᠳᠤᠭᠳᠠᠭᠰᠠᠨ ᠳᠠᠷᠢᠶᠠᠯᠠᠩ ᠤᠨ ᠪᠦᠳᠦᠬᠡᠭᠳᠡᠬᠦᠨ ᠪᠠ ᠳᠠᠷᠢᠶᠠᠯᠠᠩ ᠦᠢᠯᠡᠳᠪᠦᠷᠢᠯᠡᠯ ᠤᠨ ᠮᠠᠲ᠋ᠧᠷᠢᠶᠠᠯ ᠬᠤᠳᠠᠯᠳᠤᠨ ᠪᠤᠷᠤᠯᠠᠭᠤᠯᠬᠤ ᠭᠡᠷ᠎ᠡ ᠶᠢᠨ ᠲᠡᠮᠳᠡᠭᠳᠦ ᠶᠢᠨ ᠭᠠᠶᠢᠯᠢ ᠶᠢ ᠭᠡᠯᠳᠦᠷᠢᠬᠦᠯᠦᠨ᠎ᠡ᠃       ᠳᠠᠷᠢᠶᠠᠴᠢᠳ ᠵᠤᠭᠤᠰ ᠤᠯᠬᠤ ᠳᠤ ᠬᠦᠴᠢᠷ ᠪᠠᠶᠢᠳᠠᠬ᠂ ᠬᠤᠷᠰᠢᠶ᠎ᠠ ᠪᠡᠯᠡ ᠮᠦᠩᠬᠦ ᠳᠤᠳᠠᠬᠳᠠᠨ᠎ᠠ ᠤᠤ︖     — ᠤᠯᠤᠰ ᠠᠴᠠ ᠮᠦᠩᠬᠦᠨ ᠬᠦᠢᠯᠭᠡᠭᠡᠨ ᠤ ᠲᠡᠮᠵᠢᠯᠭᠡ ᠬᠠᠩᠭᠠᠨ᠎ᠠ    ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠦᠩᠬᠦᠨ ᠬᠦᠢᠯᠭᠡᠭᠡᠨ ᠤ ᠪᠠᠶᠢᠭᠤᠯᠤᠮᠵᠢ ᠤᠯᠠᠨ ᠶᠠᠩᠵᠤ ᠭᠡᠯᠪᠡᠷᠢ ᠶᠢᠨ ᠠᠷᠭ᠎ᠠ ᠭᠡᠮᠵᠢᠶ᠎ᠡ ᠠᠪᠴᠤ᠂ ᠳᠠᠷᠢᠶᠠᠴᠢᠨ ᠤ ᠳᠤᠰᠬᠠᠢ ᠬᠤᠷᠰᠢᠶ᠎ᠠ ᠳᠤ ᠤᠯᠠᠨ ᠠᠷᠭ᠎ᠠ ᠵᠠᠮ ᠢᠶᠠᠷ ᠮᠦᠩᠬᠦᠨ ᠬᠦᠢᠯᠭᠡᠭᠡᠨ ᠤ ᠲᠡᠮᠵᠢᠯᠭᠡ ᠬᠠᠩᠭᠠᠨ᠎ᠠ᠃ ᠬᠤᠳᠠᠯᠳᠤᠭᠠᠨ ᠤ ᠴᠢᠨᠠᠷᠳᠠᠢ ᠮᠦᠩᠬᠦᠨ ᠬᠦᠢᠯᠭᠡᠭᠡᠨ ᠤ ᠪᠠᠶᠢᠭᠤᠯᠤᠮᠵᠢ ᠠᠴᠠ ᠤᠯᠠᠨ ᠶᠠᠩᠵᠤ ᠭᠡᠯᠪᠡᠷᠢ ᠶᠢᠨ ᠠᠷᠭ᠎ᠠ ᠭᠡᠮᠵᠢᠶ᠎ᠡ ᠠᠪᠴᠤ᠂ ᠳᠠᠷᠢᠶᠠᠴᠢᠨ ᠤ ᠳᠤᠰᠬᠠᠢ ᠬᠤᠷᠰᠢᠶ᠎ᠠ ᠳᠤ ᠮᠦᠩᠬᠦᠨ ᠬᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠤᠯᠤᠰ ᠠᠴᠠ ᠵᠤᠷᠢᠬᠵᠢᠭᠤᠯᠤᠨ᠎ᠠ᠃     ᠳᠠᠷᠢᠶᠠᠴᠢᠨ ᠤ ᠳᠤᠰᠬᠠᠢ ᠬᠤᠷᠰᠢᠶ᠎ᠠ ᠶᠢ ᠪᠦᠬᠦᠨ ᠢ ᠬᠦᠳᠡᠭᠡ ᠳᠤᠰᠬᠤᠨ ᠤ ᠢᠳᠡᠭᠡᠮᠵᠢ ᠶᠢ ᠳᠤᠭᠳᠠᠭᠠᠬᠤ ᠭᠡᠪᠴᠢᠶᠡᠨ ᠳᠤ ᠤᠷᠤᠭᠤᠯᠵᠤ᠂ ᠢᠳᠡᠭᠡᠮᠵᠢᠳᠤ ᠵᠢᠭᠡᠯᠡᠯᠭᠡ ᠶᠢᠨ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ︔ ᠬᠦᠳᠡᠭᠡ ᠳᠤᠰᠬᠤᠨ ᠬᠢᠭᠡᠳ ᠮᠦᠩᠬᠦᠨ ᠬᠦᠢᠯᠭᠡᠭᠡᠨ ᠤ ᠪᠠᠶᠢᠭᠤᠯᠤᠮᠵᠢ ᠬᠤᠷᠰᠢᠨ ᠮᠦᠩᠬᠦᠨ ᠬᠦᠢᠯᠭᠡᠭᠡᠨ ᠤ ᠦᠢᠯᠡᠳᠬᠦᠨ ᠤ ᠰᠢᠨ᠎ᠡ ᠶᠢ ᠡᠬᠦᠳᠴᠦ᠂ ᠦᠢᠯᠡᠴᠢᠯᠡᠭᠡᠨ ᠤ ᠠᠷᠭ᠎ᠠ ᠪᠠᠷᠢᠯ ᠢᠶᠠᠨ ᠰᠠᠶᠢᠵᠢᠷᠠᠭᠤᠯᠬᠤ ᠶᠢ ᠲᠡᠮᠵᠢᠨ ᠵᠤᠷᠢᠬᠵᠢᠭᠤᠯᠤᠨ᠎ᠠ︔ ᠨᠦᠬᠦᠴᠡᠯ ᠲᠠᠢ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠢᠳᠡᠭᠡᠮᠵᠢ ᠶᠢᠨ ᠬᠠᠮᠳᠤᠷᠠᠯᠴᠠᠭ᠎ᠠ ᠬᠢᠬᠦ ᠶᠢ ᠵᠤᠷᠢᠬᠵᠢᠭᠤᠯᠤᠨ᠎ᠠ᠃    ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠶᠢ ᠰᠠᠯᠭᠠᠬᠤ ᠶᠢ ᠲᠡᠭᠦᠯᠳᠡᠷᠵᠢᠭᠦᠯᠬᠦ ᠠᠷᠭ᠎ᠠ ᠶᠢᠨ ᠳᠤᠬᠠᠢ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠦᠨᠳᠦᠰᠦᠯᠡᠪᠠᠯ᠂ ᠤᠯᠤᠰ ᠤᠨ ᠰᠢᠨ᠎ᠠ ᠪᠠᠷ ᠨᠡᠮᠡᠭᠳᠡᠭᠰᠡᠨ ᠲᠠᠷᠢᠶᠠᠯᠠᠩ ᠤᠨ ᠨᠦᠬᠦᠪᠦᠷᠢ ᠶᠢ ᠬᠡᠪᠴᠢᠶᠡᠵᠢᠭᠦᠯᠦᠨ ᠡᠵᠡᠩᠨᠡᠵᠦ ᠪᠠᠶᠢᠭ᠎ᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠬᠤᠷᠰᠢᠶ᠎ᠠ ᠵᠡᠷᠭᠡ ᠰᠢᠨ᠎ᠠ ᠬᠡᠯᠪᠡᠷᠢ ᠶᠢᠨ ᠭᠤᠤᠯ ᠴᠤᠭᠴᠠ ᠳᠤ ᠵᠤᠬᠢᠰᠲᠠᠢ ᠪᠠᠷ ᠬᠡᠯᠪᠠᠶᠢᠯᠭᠡᠬᠦ ᠪᠠᠷ ᠪᠤᠢ᠃ ᠲᠡᠭᠡᠪᠡᠯ ᠲᠠᠷᠢᠶᠠᠯᠠᠩ ᠤᠨ ᠬᠤᠷᠰᠢᠶ᠎ᠠ ᠪᠤᠯᠤᠨ ᠬᠦᠳᠡᠭᠡ ᠳᠤᠰᠬᠤᠨ ᠤ ᠬᠤᠷᠰᠢᠶ᠎ᠠ ᠳᠤ ᠶᠠᠮᠠᠷ ᠶᠠᠮᠠᠷ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠠᠶᠢᠬᠤ ᠪᠤᠢ︖   ᠨᠢᠭᠡ᠄ ᠬᠠᠷᠠᠭᠠᠯᠵᠠᠯ ᠤᠨ ᠲᠦᠷᠦ ᠶᠢᠨ ᠪᠤᠳᠤᠯᠭ᠎ᠠ   ᠭᠠᠶᠢᠯᠢ ᠶᠢᠨ ᠬᠠᠷᠠᠭᠠᠯᠵᠠᠯ   1. ᠲᠠᠷᠢᠶᠠᠴᠢᠨ ᠤ ᠲᠤᠰᠬᠠᠢ ᠬᠤᠷᠰᠢᠶ᠎ᠠ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠤ ᠪᠠᠶᠢᠭ᠎ᠠ ᠶᠢ ᠲᠠᠷᠢᠶᠠᠴᠢᠨ ᠦᠪᠡᠷ ᠢᠶᠠᠨ ᠦᠢᠯᠡᠳᠪᠦᠷᠢᠯᠡᠭᠰᠡᠨ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠦ ᠪᠠᠶᠢᠬᠤ ᠪᠠᠷ ᠦᠵᠡᠵᠤ᠂ ᠨᠡᠮᠡᠭᠳᠡᠯ ᠦᠷᠲᠡᠭ ᠤᠨ ᠭᠠᠶᠢᠯᠢ ᠶᠢ ᠨᠢ ᠬᠡᠯᠲᠦᠷᠢᠭᠦᠯᠦᠨ᠎ᠠ᠃    2. ᠡᠩ ᠤᠨ ᠭᠠᠶᠢᠯᠢ ᠲᠤᠰᠢᠶᠠᠭᠴᠢ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠭᠠᠶᠢᠯᠢ ᠬᠡᠯᠲᠦᠷᠢᠭᠦᠯᠦᠭᠰᠡᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠳᠤᠨ ᠠᠪᠤᠪᠠᠯ᠂ ᠨᠡᠮᠡᠭᠳᠡᠯ ᠦᠷᠳᠡᠭ ᠤᠨ ᠭᠠᠶᠢᠯᠢ ᠶᠢ 13% ᠢᠶᠠᠷ ᠬᠠᠰᠤᠨ᠎ᠠ᠃    ᠤᠰᠤ ᠴᠠᠬᠢᠯᠭᠠᠨ ᠬᠡᠷᠡᠭᠯᠡᠬᠦ ᠬᠠᠷᠠᠭᠠᠯᠵᠠᠯ    1. ᠬᠡᠪᠴᠢᠶᠡᠵᠢᠭᠦᠯᠦᠨ ᠭᠠᠭ᠋ᠠᠢ ᠲᠡᠵᠢᠭᠡᠬᠦ᠂ ᠢᠳᠡᠰᠢᠨ ᠨᠤᠭᠤᠭ᠎ᠠ ᠳᠠᠷᠢᠬᠤ ᠵᠡᠷᠭᠡ ᠳᠤ ᠬᠡᠷᠡᠭᠯᠡᠬᠦ ᠤᠰᠤ ᠪᠠ ᠴᠠᠬᠢᠯᠭᠠᠨ ᠢ ᠲᠠᠷᠢᠶᠠᠯᠠᠩ ᠳᠤ ᠬᠡᠷᠡᠭᠯᠡᠬᠦ ᠤᠰᠤ ᠴᠠᠬᠢᠯᠭᠠᠨ ᠤ ᠰᠦᠢᠳᠭᠡᠯ ᠲᠠᠢ ᠠᠳᠠᠯᠢ ᠦᠨ᠎ᠠ ᠪᠠᠷ ᠪᠤᠳᠤᠨ᠎ᠠ᠃  2. ᠴᠠᠬᠢᠯᠭᠠᠨ ᠬᠦᠴᠦᠨ ᠤ ᠰᠠᠯᠠᠭ᠎ᠠ ᠮᠦᠴᠢᠷ ᠤᠨ ᠠᠮᠦ ᠪᠤᠳᠠᠭ᠎ᠠ ᠶᠢ ᠬᠠᠲᠠᠭᠠᠬᠤ ᠮᠠᠰᠢᠨ ᠮᠧᠬᠠᠨᠢᠭ ᠲᠤ ᠬᠡᠷᠡᠭᠯᠡᠬᠦ ᠴᠠᠬᠢᠯᠭᠠᠨ ᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠠ ᠠᠴᠠ ᠳᠤᠤᠷ᠎ᠠ ᠪᠠᠶᠢᠯᠭᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠠ᠃   ᠬᠤᠶᠠᠷ᠄ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ   ᠤᠯᠤᠰ ᠠᠴᠠ ᠤᠯᠭᠤᠬᠤ ᠲᠠᠷᠢᠶᠠᠯᠠᠩ ᠤᠨ ᠬᠤᠷᠰᠢᠶ᠎ᠠ ᠶᠢᠨ ᠨᠦᠬᠦᠪᠦᠷᠢ ᠳᠤ᠂ ᠭᠠᠵᠠᠷ ᠰᠢᠷᠤᠢ ᠪᠠᠨ ᠰᠢᠯᠵᠢᠭᠦᠯᠦᠨ ᠦᠭᠬᠦ ᠨᠦᠬᠦᠪᠦᠷᠢ᠂ ᠵᠢᠭᠡᠯᠡᠯᠭᠡ ᠶᠢᠨ ᠨᠦᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ᠂ ᠠᠮᠤ ᠪᠤᠳᠠᠭ᠎ᠠ ᠳᠠᠷᠢᠬᠤ ᠨᠦᠬᠦᠪᠦᠷᠢ᠂ ᠲᠠᠷᠢᠶᠠᠯᠠᠩ ᠤᠨ ᠬᠡᠷᠡᠭᠰᠡᠯ ᠤᠨ ᠶᠠᠷᠦᠩᠬᠡᠶᠢᠯᠡᠭᠰᠡᠨ ᠨᠦᠬᠦᠪᠦᠷᠢ᠂ ᠬᠡᠪᠴᠢᠶᠡᠵᠢᠬᠦᠯᠦᠨ ᠭᠠᠭ᠋ᠠᠢ ᠳᠠᠵᠢᠬᠡᠬᠦ ᠪᠠᠷᠢᠮᠵᠢᠶᠠᠵᠢᠭᠰᠠᠨ ᠲᠠᠯᠠᠪᠠᠢ ᠪᠠᠶᠢᠭᠤᠯᠬᠤ ᠨᠦᠬᠦᠪᠦᠷᠢ᠂ ᠲᠠᠷᠢᠶᠠᠯᠠᠩ ᠤᠨ ᠳᠠᠭᠠᠳᠬᠠᠯ ᠤᠨ ᠨᠦᠬᠦᠪᠦᠷᠢ᠂ ᠬᠠᠮᠤᠭ ᠳᠤᠤᠷ᠎ᠠ ᠦᠨ᠎ᠠ ᠪᠠᠷ ᠠᠮᠤ ᠪᠤᠳᠠᠭ᠎ᠠ ᠬᠤᠳᠠᠯᠳᠤᠨ ᠠᠪᠬᠤ ᠨᠦᠬᠦᠪᠦᠷᠢ᠂ ᠲᠠᠷᠢᠶᠠᠯᠠᠬᠤ ᠶᠢ ᠵᠤᠭᠰᠤᠭᠠᠵᠦ ᠤᠢ ᠮᠤᠳᠤ ᠲᠠᠷᠢᠬᠤ ᠨᠦᠬᠦᠪᠦᠷᠢ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠭᠰᠠᠨ ᠨᠦᠬᠦᠪᠦᠷᠢ ᠵᠡᠷᠭᠡ ᠪᠤᠢ᠃ ᠪᠤᠲᠠᠲᠠᠢ ᠲᠦᠷᠦᠯ ᠵᠦᠢᠯ ᠢ ᠭᠤᠶᠤᠴᠢᠯᠡᠨ ᠮᠡᠳᠡᠭᠦᠯᠬᠦ ᠳᠡᠭᠡᠨ ᠡᠯ᠎ᠠ ᠮᠤᠵᠢ ︵ᠦᠪᠡᠷᠳᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ︶ ᠶᠢᠨ ᠠᠳᠠᠯᠢ ᠪᠤᠰᠤ ᠪᠠᠶᠢᠳᠠᠯ ᠢᠶᠠᠨ ᠦᠨᠳᠦᠰᠦᠯᠡᠨ ᠮᠡᠳᠡᠬᠦᠯᠦᠨ᠎ᠠ᠃    ᠭᠤᠷᠪᠠ᠄ ᠲᠠᠷᠢᠶᠠᠯᠠᠩ ᠲᠠᠢ ᠬᠤᠯᠪᠤᠭᠳᠠᠭᠰᠠᠠ ᠲᠦᠷᠦᠯ ᠵᠦᠢᠯ ᠢ ᠳᠡᠮᠵᠢᠬᠦ ᠲᠦᠷᠦ ᠶᠢᠨ ᠪᠤᠳᠤᠯᠭ᠎ᠠ‌‍ᠲ᠋ᠤᠰᠬᠠᠢ     ᠲᠦᠷᠦᠯ ᠢᠶᠠᠷ ᠳᠡᠮᠵᠢᠬᠦ ᠲᠠᠯ᠎ᠠ ᠪᠠᠷ ᠤᠯᠤᠰ ᠠᠴᠠ ᠲᠠᠷᠢᠶᠠᠴᠢᠨ ᠤ ᠲᠤᠰᠬᠠᠢ ᠬᠤᠷᠰᠢᠶ᠎ᠠ ᠳᠤ ᠪᠠᠰᠠ ᠳᠡᠮᠵᠢᠯᠭᠡ ᠦᠵᠡᠬᠦᠯᠦᠨ᠎ᠠ᠃ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠠᠯᠪᠠᠨ ᠭᠡᠷ ᠤᠨ ︽ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠦᠨᠳᠦᠷ ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠷᠰᠢᠯᠲᠠ ᠶᠢᠨ ᠴᠢᠬ ᠢ ᠮᠡᠳᠡᠬᠦᠯᠦᠨ ᠬᠡᠷᠡᠭᠵᠢᠬᠦᠯᠬᠦ ᠲᠤᠬᠠᠢ ᠰᠠᠨᠠᠯ︾ ᠳᠤ ᠲᠤᠭᠲᠠᠭᠠᠭᠰᠠᠨ ᠢᠶᠠᠷ᠂ ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠦᠨᠳᠦᠷ ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠮᠡᠳᠡᠬᠦᠯᠦᠨ ᠬᠡᠷᠡᠭᠵᠢᠬᠦᠯᠬᠦ ᠶᠢ ᠢᠳᠡᠪᠬᠢᠲᠠᠢ ᠪᠠᠷ ᠳᠡᠮᠵᠢᠨ᠎ᠠ ᠭᠡᠵᠡᠢ᠃ ᠳᠠᠩ ᠭᠠᠭᠴᠠ ᠲᠦᠷᠦᠯ ᠵᠦᠢᠯ ᠤᠨ ᠮᠡᠳᠡᠭᠦᠯᠦᠠ ᠬᠡᠷᠡᠭᠵᠢᠬᠦᠯᠬᠦ ᠪᠤᠲᠠᠲᠠᠢ ᠲᠠᠯᠠᠪᠠᠢ ᠪᠠᠷ ᠵᠢᠱᠢᠶᠡᠯᠡᠪᠡᠯ᠂ ᠵᠠᠷᠴᠢᠮ ᠳᠡᠭᠡᠷ᠎ᠠ ᠪᠠᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠲᠤᠷᠰᠢᠯᠲᠠ ᠶᠢᠨ ᠲᠦᠷᠦᠯ ᠵᠦᠢᠯ ᠨᠢ ᠲᠠᠯ᠎ᠠ ᠭᠠᠵᠠᠷ ᠪᠠᠶᠢᠪᠠᠯ 500 ᠮᠦ ᠠᠴᠠ ᠳᠤᠷᠤᠭᠰᠢ ᠪᠠᠶᠢᠵᠤ ᠪᠤᠯᠬᠤ ᠦᠭᠡᠢ᠂ ᠳᠤᠪᠤ ᠠᠭᠤᠯᠠᠷᠬᠠᠭ ᠭᠠᠵᠠᠷ ᠪᠤᠯ 300 ᠮᠦ ᠠᠴᠠ ᠳᠤᠷᠤᠭᠰᠢ ᠪᠠᠶᠢᠵᠤ ᠪᠤᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠠ ᠬᠦᠭᠵᠢᠬᠦᠯᠬᠦ ᠭᠠᠵᠠᠷ ᠤᠨ ᠵᠠᠰᠠᠯᠲᠠ ᠶᠢᠨ ᠲᠦᠷᠦᠯ ᠵᠦᠢᠯ ᠳᠤ ᠨᠦᠬᠦᠪᠦᠷᠢᠯᠡᠬᠦ ᠡᠳ᠋ ᠶᠢᠨ ᠵᠠᠰᠠᠭ ᠤᠨ ᠨᠦᠬᠦᠪᠦᠷᠢ ᠶᠢ ᠮᠦ ᠪᠦᠷᠢ ᠶᠢ 1500 ᠲᠦᠭᠦᠷᠢᠭ ᠠᠴᠠ ᠬᠡᠲᠦᠷᠡᠭᠦᠯᠵᠦ ᠪᠤᠯᠬᠤ ᠦᠭᠡᠢ ᠭᠡᠵᠠᠢ᠃   ᠠᠵᠦ ᠦᠢᠯᠡᠰᠵᠢᠬᠦᠯᠬᠦ ᠲᠦᠷᠦᠯ ᠵᠦᠢᠯ ᠤᠨ ᠳᠡᠮᠵᠢᠯᠭᠡ ᠶᠢᠨ ᠲᠠᠯ᠎ᠠ ᠪᠠᠷ᠂ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠠᠯᠪᠠᠨ ᠭᠡᠷ ᠤᠨ 68 ᠳ᠋ᠤᠭᠠᠷ ᠲᠤᠭᠠᠲᠤ ᠪᠢᠴᠢᠭ ᠮᠠᠲᠧᠷᠢᠶᠠᠯ ᠳᠤ᠂ ᠲᠦᠷᠦᠯ ᠵᠦᠢᠯ ᠤᠨ ᠠᠭᠤᠯᠭ᠎ᠠ ᠶᠢ ᠲᠤᠳᠤᠷᠬᠠᠢ ᠲᠤᠭᠲᠠᠭᠠᠪᠠ᠃ 2016 ᠤᠨ ᠤ ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠨᠢ ᠵᠠᠷᠴᠢᠮ ᠳᠡᠭᠡᠷ᠎ᠠ ᠪᠠᠨ ︽ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠲᠠ ᠶᠢ ᠳᠡᠮᠵᠢᠬᠦ ᠲᠠᠷᠢᠶᠠᠯᠠᠩ ᠤᠨ ᠳᠠᠪᠠᠭᠤᠯᠢᠭ ᠤᠨᠴᠠᠯᠢᠭᠲᠤ ᠠᠵᠦ ᠦᠢᠯᠡᠰ ᠤᠨ ᠲᠦᠯᠦᠪᠯᠡᠭᠡ ︵2016 — 2018 ᠤᠨ︶︾ ᠲᠠᠢ ᠨᠡᠶᠢᠴᠡᠬᠦ ᠬᠡᠷᠡᠭᠳᠠᠢ ᠬᠡᠵᠤ ᠱᠠᠭᠠᠷᠳᠠᠪᠠ᠃ ᠡᠭᠦᠨ ᠳᠤ ᠭᠤᠤᠯᠳᠠᠭᠤ ᠠᠵᠦ ᠠᠬᠤᠢ ᠶᠢᠨ ᠤᠢ ᠵᠢᠴᠢ ᠲᠦᠬᠦᠭᠡᠷᠦᠮᠵᠢᠲᠦ ᠲᠠᠷᠢᠶᠠᠯᠠᠩ᠂ ᠮᠠᠯ ᠵᠢᠭᠦᠷᠲᠡᠨ᠂ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠰᠠᠭᠤᠷᠢᠨ ᠤ ᠲᠦᠷᠦᠯ ᠵᠦᠢᠯ᠂ ᠠᠮᠤ ᠲᠤᠰᠤ᠂ ᠵᠢᠮᠢᠰ ᠨᠤᠭᠤᠭ᠎ᠠ᠂ ᠮᠠᠯ ᠵᠢᠭᠦᠷᠲᠡᠨ ᠵᠡᠷᠭᠡ ᠲᠠᠷᠢᠵᠦ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ ᠲᠦᠷᠦᠯ ᠵᠦᠢᠯ᠂ ᠲᠠᠷᠢᠶᠠᠯᠠᠩ ᠤᠨ ᠪᠦᠲᠦᠭᠡᠭᠳᠡᠭᠦᠨ ᠢ ᠰᠢᠨ᠎ᠠ ᠰᠤᠷᠭᠤᠭ ᠢᠶᠠᠷ ᠬᠠᠳᠠᠭᠠᠯᠠᠬᠤ᠂ ᠭᠠᠷᠤᠯᠲᠠ ᠶᠢᠨ ᠤᠷᠤᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠵᠡᠷᠭᠡ ᠭᠦᠢᠯᠭᠡᠭᠡᠨ ᠤ ᠳᠤᠨᠤᠭ ᠲᠦᠬᠦᠭᠡᠷᠦᠮᠵᠢ ᠶᠢᠨ ᠲᠦᠷᠦᠯ ᠵᠦᠢᠯ ᠢ ᠪᠠᠭᠲᠠᠭᠠᠨ᠎ᠠ᠃   ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠳᠤ᠂ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ ᠪᠤᠯᠤᠨ ᠵᠢᠭᠡᠯᠡᠯᠭᠡ ᠶᠢᠨ ᠬᠦᠦ ᠮᠦᠡᠭᠭᠦ ᠶᠢ ᠤᠷᠤᠯᠠᠨ ᠦᠭᠬᠦ ᠲᠦᠷᠦᠯ ᠵᠦᠢᠯ ᠢ ᠪᠠᠭᠲᠠᠭᠠᠨ᠎ᠠ᠃ ᠡᠳ᠋ ᠤᠨ ᠵᠠᠰᠠᠭ ᠤᠨ ᠨᠦᠬᠦᠪᠦᠷᠢ ᠮᠦᠡᠭᠭᠦ ᠶᠢ ᠬᠡᠷᠡᠭᠯᠡᠬᠦ ᠬᠡᠪᠴᠢᠶ᠎ᠠ ᠨᠢ ︽ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠪᠡᠯᠨ ᠮᠦᠡᠭᠭᠦ ᠪᠤᠯᠤᠨ ᠲᠦᠷᠦᠯ ᠵᠦᠢᠯ ᠢ ᠬᠠᠮᠢᠶᠠᠷᠬᠤ ᠠᠷᠭ᠎ᠠ︾ ︵ᠡᠳ᠋ ᠤᠨ ᠵᠠᠰᠠᠭ ᠤᠨ ᠶᠠᠮᠤᠨ ᠤ 60 ᠳ᠋ᠤᠭᠠᠷ ᠲᠤᠭᠠᠲᠤ ᠪᠢᠴᠢᠭ ᠮᠠᠲ᠋ᠧᠷᠢᠶᠠᠯ︶ ᠶᠢᠨ ᠬᠠᠮᠢᠶ᠎ᠠ ᠪᠦᠬᠦᠢ ᠲᠤᠭᠲᠠᠭᠠᠯ ᠢᠶᠠᠷ ᠬᠡᠷᠡᠭᠵᠢᠭᠦᠯᠦᠨ᠎ᠠ᠃ ᠡᠯ᠎ᠠ ᠭᠠᠵᠠᠷ ᠤᠷᠤᠨ ︽ᠤᠷᠢᠳᠠᠪᠠᠷ ᠪᠠᠶᠢᠭᠤᠯᠵᠦ ᠳᠠᠷᠠᠭ᠎ᠠ ᠨᠢ ᠨᠦᠬᠦᠪᠦᠷᠢᠯᠡᠬᠦ︾ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠬᠦ ᠶᠢ ᠵᠤᠷᠢᠭᠵᠢᠭᠤᠯᠤᠨ᠎ᠠ᠃    ᠭᠡᠬᠦ ᠳᠡᠭᠡᠨ ᠳᠦᠷᠦᠯ ᠵᠦᠢᠯ ᠮᠡᠳᠡᠭᠦᠯᠬᠦ ᠬᠤᠷᠰᠢᠶ᠎ᠠ ᠳᠤ ᠪᠠᠰᠠ ᠵᠤᠬᠢᠰᠳᠠᠢ ᠬᠢᠵᠠᠭᠠᠷ ᠳᠤᠭᠳᠠᠭᠠᠪᠠ᠄ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠬᠡᠷᠡᠭᠳᠠᠢ︔ ᠦᠨᠡᠨᠴᠢ ᠢᠲᠡᠭᠡᠮᠵᠢ ᠶᠢᠨ ᠲᠡᠮᠳᠡᠭᠯᠡᠯ ᠲᠠᠢ ᠪᠠᠶᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠦᠷᠢ ᠶᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ ︔ ︽ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠤᠯᠢ︾ ᠶᠢᠨ ᠬᠠᠮᠢᠶ᠎ᠠ ᠪᠦᠬᠦᠢ ᠳᠦᠷᠢᠮ ᠲᠤᠭᠲᠠᠭᠠᠯ ᠲᠠᠢ ᠨᠠᠶᠢᠴᠡᠵᠦ᠂ ᠡᠷᠬᠡ ᠲᠤᠳᠤᠷᠬᠠᠢ᠂ ᠲᠤᠭᠲᠠᠭᠠᠯ ᠳᠦᠷᠢᠮᠵᠢᠭᠰᠡᠨ᠂ ᠡᠵᠡᠩᠨᠡᠯᠲᠡ ᠶᠢᠨ ᠳᠤᠭᠳᠠᠴᠠ ᠵᠤᠬᠢᠰᠲᠠᠢ ᠪᠠᠶᠢᠬᠤ ᠬᠡᠷᠡᠭᠳᠠᠢ︔ ᠦᠷᠬᠦᠯᠵᠢᠯᠡᠨ 1 ᠵᠢᠯ ᠠᠴᠠ ᠳᠡᠭᠡᠭᠰᠢ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠨᠡᠯᠢᠶᠡᠳ ᠳᠦᠷᠢᠮᠵᠢᠭᠦᠨ᠂ ᠵᠢᠱᠢᠶᠡᠴᠢ ᠳᠠᠭᠠᠭᠤᠯᠤᠭᠴᠢ ᠦᠢᠯᠡᠳᠦᠯ ᠨᠢ ᠴᠢᠩᠭ᠎ᠠ ᠪᠠᠶᠢᠬᠤ ᠬᠡᠷᠡᠭᠲᠠᠢ᠃   ᠬᠦᠳᠡᠭᠡ ᠠᠵᠦ ᠠᠬᠤᠢ ᠶᠢᠨ ᠶᠠᠮᠤᠨ ᠵᠡᠷᠭᠡ 7 ᠶᠠᠮᠤᠨ ᠵᠦᠪᠯᠡᠯ ᠠᠴᠠ᠂ ᠲᠠᠷᠢᠶᠠᠯᠠᠩ ᠳᠤ ᠬᠤᠯᠪᠤᠭᠳᠠᠬᠤ ᠲᠦᠷᠦᠯ ᠵᠦᠢᠯ ᠢ ᠳᠠᠭᠠᠭᠠᠴᠢᠯᠠᠨ ᠬᠢᠬᠦ ᠳᠤ ᠳᠤᠬᠢᠷᠠᠬᠤ ᠲᠠᠷᠢᠶᠠᠴᠢᠨ ᠤ ᠲᠤᠰᠬᠠᠢ ᠬᠤᠷᠰᠢᠶ᠎ᠠ ᠶᠢ ᠭᠤᠶᠤᠴᠢᠯᠠᠨ ᠮᠡᠳᠡᠭᠦᠯᠬᠦ ᠬᠦᠷᠢᠶ᠎ᠠ ᠬᠡᠪᠴᠢᠶᠡᠨ ᠳᠤ ᠤᠷᠤᠭᠤᠯᠤᠨ᠎ᠠ ᠭᠡᠵᠦ ᠳᠤᠭᠳᠠᠭᠠᠪᠠ᠃ ᠮᠠᠨ ᠤ ᠤᠯᠤᠰ ᠤᠨ ᠲᠤᠰᠬᠠᠢ ᠲᠦᠷᠦᠯ ᠵᠦᠢᠯ ᠤᠨ ᠳᠡᠮᠵᠢᠯᠭᠡ ᠳᠤ ᠲᠠᠷᠢᠶᠠᠯᠠᠩ ᠳᠤ ᠬᠤᠯᠪᠤᠭᠳᠠᠬᠤ ᠲᠦᠷᠦᠯ ᠵᠦᠢᠯ ᠨᠡᠯᠢᠶᠡᠳ ᠤᠯᠠᠨ ᠪᠤᠢ᠂ ᠳᠠᠷᠢᠶᠠᠯᠠᠩ ᠤᠨ ᠶᠡᠷᠦᠩᠬᠡᠶᠢᠯᠡᠨ ᠨᠡᠬᠡᠬᠡᠨ ᠬᠦᠭᠵᠢᠬᠦᠯᠦᠯᠳᠠ ᠶᠢᠨ ᠵᠢᠬᠡᠯᠡᠯᠬᠡ ᠶᠢᠨ ᠬᠦᠦ ᠮᠦᠩᠬᠦ ᠶᠢ ᠨᠢ ᠨᠦᠬᠦᠪᠦᠷᠢᠯᠡᠬᠦ ᠳᠦᠷᠦᠯ ᠵᠦᠢᠯ ᠳᠤ᠂ ᠬᠠᠮᠤᠭ ᠳᠣᠣᠷ᠎ᠠ ᠨᠢ 100 ᠲᠦᠮᠡᠨ ᠲᠦᠭᠦᠷᠢᠭ᠂ ᠬᠠᠮᠤᠭ ᠦᠨᠳᠦᠷ ᠨᠢ 6000 ᠲᠦᠮᠡᠨ ᠲᠦᠭᠦᠷᠢᠭ ᠨᠦᠬᠦᠪᠦᠷᠢᠯᠡᠨ᠎ᠡ ᠭᠡᠵᠠᠢ᠃   ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠨ ᠬᠦᠭᠵᠢᠬᠦᠯᠦᠯᠲᠡ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ᠂ ᠭᠠᠵᠠᠷ ᠰᠢᠷᠤᠢ ᠶᠢ ᠵᠠᠰᠠᠬᠤ ᠲᠦᠷᠦᠯ ᠵᠦᠢᠯ ᠤᠨ ᠳᠡᠮᠵᠢᠯᠬᠡ ᠶᠢᠨ ᠮᠦᠡᠭᠭᠦ ᠨᠢ 80 — 160 ᠲᠦᠮᠡᠨ ᠲᠦᠭᠦᠷᠢᠭ᠃ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ᠂ ᠲᠦᠪᠯᠡᠷᠡᠭᠦᠯᠦᠨ ᠬᠡᠢ ᠬᠠᠨᠭ᠍ᠭᠠᠬᠤ ᠵᠡᠷᠭᠡ ᠨᠠᠮᠤᠭ ᠤᠨ ᠬᠡᠢ ᠶᠢᠨ ᠢᠨᠵᠧᠨᠧᠷᠢᠩ ᠤᠨ ᠲᠦᠷᠦᠯ ᠵᠦᠢᠯ ᠢ 20 — 80 ᠲᠦᠮᠡᠨ ᠲᠦᠭᠦᠷᠢᠭ ᠢᠶᠠᠷ ᠳᠡᠮᠵᠢᠨ᠎ᠠ᠃ ︽ᠬᠤᠯᠢᠰᠢᠨ ᠢᠳᠡᠬᠡᠨ ᠤ ᠰᠠᠭᠰᠤ︾ ᠶᠢᠨ ᠪᠦᠲᠦᠭᠡᠭᠳᠡᠭᠦᠨ ᠦᠢᠯᠡᠳᠪᠦᠷᠢᠯᠡᠬᠦ ᠶᠢ ᠳᠡᠮᠵᠢᠬᠦ ᠲᠦᠷᠦᠯ ᠵᠦᠢᠯ ᠢ 100 ᠲᠦᠮᠡᠨ ᠲᠦᠭᠦᠷᠢᠭ ᠢᠶᠠᠷ ᠳᠡᠮᠵᠢᠨ᠎ᠠ᠃ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ᠂ ᠳᠠᠭᠠᠭᠤᠯᠤᠭᠴᠢ ᠠᠵᠦ ᠠᠬᠤᠢᠢᠯᠠᠯ ᠤᠨ ᠳᠠᠶᠢᠴᠢᠯᠠᠭᠰᠠᠨ ᠠᠵᠦ ᠦᠢᠯᠡᠰ ᠤᠨ ᠬᠦᠭᠵᠢᠯᠲᠡ ᠪᠤᠯᠤᠨ ︽ᠨᠢᠭᠡ ᠰᠢᠶᠠᠨ ᠳᠤ ᠨᠢᠭᠡ ᠤᠨᠴᠠᠯᠢᠭ ᠲᠠᠢ ᠪᠠᠶᠢᠬᠤ︾ ᠠᠵᠦ ᠦᠢᠯᠡᠰ ᠤᠨ ᠬᠦᠭᠵᠢᠯᠳᠠ ᠶᠢᠨ ᠲᠤᠷᠰᠢᠯᠲᠠ ᠶᠢᠨ ᠴᠢᠬ ᠤᠨ ᠲᠦᠷᠦᠯ ᠵᠦᠢᠯ ᠳᠤ᠂ ᠳᠠᠭᠠᠭᠤᠯᠤᠭᠴᠢ ᠠᠵᠦ ᠠᠬᠤᠢᠢᠯᠡᠯ ᠢ 100 — 300 ᠲᠦᠮᠡᠨ ᠲᠦᠭᠦᠷᠢᠭ᠂ ᠬᠤᠷᠰᠢᠶ᠎ᠠ ᠶᠢ 50 — 150 ᠲᠦᠮᠡᠨ ᠲᠦᠭᠦᠷᠢᠭ ᠢᠶᠠᠷ ᠳᠡᠮᠵᠢᠨ᠎ᠠ᠃   ᠳᠦᠷᠪᠡ᠄ ᠲᠠᠷᠢᠶᠠᠯᠠᠩ ᠤᠨ ᠪᠦᠲᠦᠭᠡᠭᠳᠡᠭᠦᠨ ᠤ ᠭᠦᠢᠯᠭᠡᠭᠡᠨ ᠤ ᠲᠦᠷᠦ ᠶᠢᠨ ᠪᠤᠳᠤᠯᠭ᠎ᠠ ᠬᠤᠷᠰᠢᠶ᠎ᠠ ᠶᠢᠨ ᠬᠢᠨ    ᠬᠤᠲᠠ ᠶᠢᠨ ᠲᠤᠮᠤ ᠬᠡᠯᠪᠡᠷᠢ ᠶᠢᠨ ᠬᠡᠯᠬᠢᠶᠡᠵᠢᠭᠰᠡᠨ ᠬᠠᠮ ᠳᠡᠯᠭᠡᠭᠦᠷ᠂ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ ᠭᠡᠷ᠂ ᠲᠠᠷᠢᠶᠠᠯᠠᠩ ᠤᠨ ᠬᠡᠷᠡᠭᠰᠡᠯ ᠤᠨ ᠦᠢᠯᠡᠳᠪᠦᠷᠢᠯᠠᠯ ᠤᠨ ᠠᠵᠦ ᠠᠬᠤᠢᠢᠯᠠᠯ ᠵᠡᠷᠭᠡ ᠡᠯ᠎ᠠ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠲᠠᠢ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠬᠦ ᠬᠠᠨᠭ᠍ᠭᠠᠬᠤ ᠪᠤᠷᠤᠯᠠᠭᠤᠯᠬᠤ ᠶᠢ ᠵᠤᠯᠭᠠᠭᠤᠯᠬᠤ ᠶᠢ ᠬᠦᠬᠢᠭᠦᠯᠤᠠ ᠵᠤᠷᠢᠭᠵᠢᠭᠤᠯᠤᠨ᠎ᠠ᠃   ᠲᠠᠪᠤ᠄ ᠴᠢᠳᠠᠪᠦᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ   2011 ᠤᠨ ᠠᠴᠠ ᠡᠬᠢᠯᠡᠨ ᠵᠤᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠤᠳᠤ ᠦᠶ᠎ᠠ ᠶᠢᠨ ᠲᠠᠷᠢᠶᠠᠯᠠᠩ ᠤᠨ ᠴᠢᠳᠠᠪᠦᠷᠢᠲᠠᠨ ᠢᠶᠠᠷ ᠲᠤᠯᠭᠠᠭᠤᠷᠢᠯᠠᠬᠤ ᠲᠦᠯᠦᠪᠯᠡᠭᠡ ᠪᠠᠷ ᠵᠢᠯ ᠪᠦᠷᠢ 1500 ᠬᠤᠷᠰᠢᠶ᠎ᠠ ᠶᠢᠨ ᠳᠠᠭᠠᠭᠤᠯᠤᠭᠴᠢ ᠶᠢ ᠬᠦᠮᠦᠵᠢᠭᠦᠯᠵᠦ ᠪᠤᠢ᠃ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠴᠢᠳᠠᠪᠦᠷᠢᠲᠠᠨ ᠤ ᠪᠤᠯᠪᠠᠰᠤᠷᠠᠯ ᠢ ᠦᠷᠭᠦᠯᠵᠢᠯᠡᠨ ︽ᠨᠠᠷᠠᠨ ᠭᠡᠷᠡᠯᠲᠦ ᠢᠨᠵᠧᠨᠧᠷᠢᠩ︾ ᠳᠤ ᠤᠷᠤᠭᠤᠯᠵᠦ᠂ ᠬᠤᠷᠰᠢᠶ᠎ᠠ ᠶᠢᠨ ᠳᠠᠭᠠᠭᠤᠯᠤᠭᠴᠢ᠂ ᠡᠳ᠋ ᠤᠨ ᠶᠠᠪᠤᠳᠠᠯ ᠤᠨ ᠬᠠᠮᠢᠶᠠᠷᠤᠭᠴᠢ ᠪᠤᠯᠤᠨ ᠦᠨᠳᠦᠰᠦᠨ ᠱᠠᠲᠤᠨ ᠤ ᠬᠤᠷᠰᠢᠶ᠎ᠠ ᠶᠢᠨ ᠪᠤᠯᠪᠠᠰᠤᠷᠠᠭᠤᠯᠤᠭᠴᠢ ᠶᠢ ᠭᠤᠤᠯᠴᠢᠯᠠᠨ ᠳᠠᠪᠲᠠᠨ ᠪᠤᠯᠪᠠᠰᠤᠷᠠᠭᠤᠯᠵᠦ᠂ ᠤᠶᠤᠲᠠᠨ ᠭᠠᠴᠠᠭᠠᠨ ᠳᠠᠷᠤᠭ᠎ᠠ ᠶᠢᠨ ᠤᠷᠤᠯᠴᠠᠬᠤ ᠪᠡ ᠬᠤᠷᠰᠢᠶ᠎ᠠ ᠪᠠᠶᠢᠭᠤᠯᠬᠤ ᠶᠢ ᠵᠤᠷᠢᠭᠵᠢᠭᠤᠯᠤᠨ᠎ᠠ᠃ ︵ ᠲᠤᠮᠳᠠᠳᠦ ᠤᠯᠤᠰ ᠤᠨ ᠮᠤᠩᠭᠤᠯ ᠬᠡᠯᠡᠨ ᠤ  ᠰᠤᠨᠢᠨ ᠮᠡᠳᠡᠭᠡᠨ ᠤ  ᠰᠦᠯᠵᠢᠶ᠎ᠡ ᠠᠴᠠ ᠠᠪᠤᠪᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号