| ᠠᠵᠢᠯ ᠠᠮᠢᠳᠤᠷᠠᠯ ᠤᠨ ᠳᠤᠮᠳᠠ᠂ ᠬᠥᠮᠥᠰ ᠠᠵᠢᠯ ᠣᠯᠬᠤ᠂ ᠨᠠᠮ ᠳᠤ ᠣᠷᠣᠬᠤ᠂ ᠬᠢᠯᠢ ᠠᠴᠠ ᠭᠠᠷᠬᠤ | ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ︽ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ︾ ᠭᠠᠷᠭᠠᠬᠤ | ᠴᠢᠬᠤᠯᠠᠲᠠᠢ ᠪᠠᠶᠢᠳᠠᠭ᠂ ᠣᠯᠠᠨ ᠲᠦᠮᠡᠨ ᠳᠤ ᠦᠨᠡᠨ ᠬᠦ ᠪᠣᠳᠠᠲᠠᠢ ᠠᠵᠢᠯ ᠬᠢᠵᠦ ᠥᠭᠭᠦᠨ᠂ ︽ᠢᠨᠲ᠋ᠧᠷ ᠰᠦᠯᠵᠢᠶ᠎ᠡ | + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠣᠯᠠᠨ ᠲᠦᠮᠡᠨ ᠳᠤ ᠦᠵᠡᠭᠦᠯᠬᠦ | ᠲᠥᠬᠦᠮ ᠨᠥᠬᠦᠴᠡᠯ ᠢ ᠭᠦᠢᠴᠡᠳ ᠣᠶᠢᠯᠠᠭᠠᠭᠤᠯᠵᠤ᠂ ︽ᠲᠤᠭ᠎ᠠ ᠪᠠᠷᠢᠮᠲᠠ ᠶᠢ ᠢᠯᠡᠭᠦᠦ ᠠᠰᠢᠭᠯᠠᠵᠤ᠂ ᠣᠯᠠᠨ | ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠪᠡᠶᠡᠯᠡᠭᠦᠯᠬᠦ ᠪᠠᠷ ᠠᠯᠠᠱᠠ ᠠᠶᠢᠮᠠᠭ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠪᠥᠬᠦ ᠣᠷᠣᠨ ᠤ ᠲᠤᠷᠰᠢᠯᠲᠠ ᠶᠢᠨ ᠴᠡᠭ ᠤᠨ ᠪᠠᠶᠢᠭᠤᠯᠭ᠎ᠠ ᠨᠢᠭᠡᠴᠢ ᠪᠤᠯᠤᠬᠰᠠᠨ ᠤ | ᠬᠤᠪᠢ ᠳᠤ᠂ ᠰᠦᠯᠵᠢᠶᠡᠨ ᠳᠡᠭᠡᠷ᠎ᠡ ︽ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ︾ ᠭᠠᠷᠭᠠᠬᠤ ᠦᠢᠯᠡᠴᠢᠯᠡᠭᠡ | ᠭᠠᠷᠭᠠᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠨ᠎ᠡ᠃ ᠳᠠᠷᠠᠭᠠᠬᠢ ᠶᠠᠪᠤᠴᠠ ᠶᠢ ᠦᠨᠳᠦᠰᠦᠯᠡᠪᠡᠯ | ᠬᠠᠮᠢᠶ᠎ᠠ ᠪᠦᠬᠦᠢ ᠭᠠᠷᠳᠠᠮ ᠭᠦᠢᠴᠡᠳᠬᠡᠯ ᠢ ᠰᠦᠯᠵᠢᠶᠡᠨ ᠳᠡᠭᠡᠷ᠎ᠡ ᠭᠤᠶᠤᠴᠢᠯᠠᠵᠤ᠂ ᠰᠦᠯᠵᠢᠶᠡᠨ ᠳᠡᠭᠡᠷ᠎ᠡ ᠪᠠᠭᠤᠯᠭᠠᠵᠤ | ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠵᠤ ᠪᠣᠯᠣᠨ᠎ᠠ᠃ | 1. ᠦᠨᠡᠨ ᠨᠡᠷ᠎ᠡ ᠪᠠᠷ ᠢᠶᠠᠨ ᠳᠠᠩᠰᠠᠨ ᠨᠣᠮᠧᠷ ᠳᠠᠩᠰᠠᠯᠠᠭᠤᠯᠬᠤ | ᠨᠢᠭᠡᠳᠦᠭᠡᠷ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ ︵https://zwfw.gat.nmg.gov.cn/︶ + | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠠᠤᠯᠢ ᠶᠢᠨ ᠡᠷᠬᠡᠲᠡᠨ ᠪᠤᠶᠤ ᠬᠤᠪᠢ | ᠬᠥᠮᠥᠨ ᠤ ᠮᠡᠳᠡᠭᠡ ᠵᠠᠩᠭᠢ ᠪᠠᠨ ᠲᠠᠭᠯᠠᠵᠤ ᠳᠠᠩᠰᠠᠯᠠᠯᠲᠠ ᠬᠢᠨ᠎ᠡ᠃ | 2. ᠵᠢᠩᠬᠢᠨᠢ ᠨᠡᠷ᠎ᠡ ᠪᠠᠷ ᠢᠶᠠᠨ ᠭᠡᠷᠡᠴᠢᠯᠡᠭᠡ ᠬᠢᠬᠦ | ᠬᠤᠶᠠᠳᠤᠭᠠᠷ ᠠᠯᠬᠤᠮ ᠳᠤ᠂ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ︾ app ᠶᠢ ᠰᠢᠷᠪᠢᠵᠦ ᠪᠠᠭᠤᠯᠭᠠᠨ ᠠᠪᠴᠤ᠂ ᠬᠤᠪᠢ ᠬᠥᠮᠥᠨ ᠤ | ᠲᠠᠩᠰᠠᠨ ᠳ᠋ᠤᠭᠠᠷ ᠢᠶᠠᠨ ᠲᠣᠪᠴᠢᠳᠠᠨ ᠣᠷᠣᠭᠤᠯᠤᠨ᠎ᠠ᠃ | ᠭᠤᠷᠪᠠᠳᠤᠭᠠᠷ ᠠᠯᠬᠤᠮ ᠳᠤ᠂ ᠵᠢᠩᠬᠢᠨᠢ ᠨᠡᠷ᠎ᠡ ᠪᠠᠷ ᠢᠶᠠᠨ ᠭᠡᠷᠡᠴᠢᠯᠡᠯᠲᠡ ᠬᠢᠨ᠎ᠡ᠃ | ᠳᠥᠷᠪᠡᠳᠦᠭᠡᠷ ᠠᠯᠬᠤᠮ ᠳᠤ᠂ ᠵᠢᠩᠬᠢᠨᠢ ᠨᠡᠷ᠎ᠡ ᠶᠢᠨ ᠭᠡᠷᠡᠴᠢᠯᠡᠯᠲᠡ ᠬᠢᠭᠰᠡᠨ ᠤ ᠳᠠᠷᠠᠭ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ | ᠭᠠᠷᠭᠠᠨ ᠠᠪᠬᠤ ᠭᠠᠷᠳᠠᠮ ᠭᠦᠢᠴᠡᠳᠬᠡᠯ ᠬᠢᠨ᠎ᠡ᠃ | 3. ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢ ᠢᠨᠲ᠋ᠧᠷ ᠰᠦᠯᠵᠢᠶ᠎ᠡ ᠪᠠᠷ ᠭᠤᠶᠤᠴᠢᠯᠠᠬᠤ ︵ | ᠺᠣᠮᠫᠢᠦ᠋ᠲ᠋ᠧᠷ ᠢᠶᠠᠷ︶ | ᠨᠢᠭᠡᠳᠦᠭᠡᠷ ᠠᠯᠬᠤᠮ ᠳᠤ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠤᠶᠤᠴᠢᠯᠠᠬᠤ ᠬᠠᠶ᠋ᠢᠭ https: | //zwfw.gat.nmg.gov.cn/wfz/gr/696085812894371840 | ᠬᠤᠶᠠᠳᠤᠭᠠᠷ ᠠᠯᠬᠤᠮ ᠳᠤ᠂ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠲᠣᠮᠢᠯᠠᠭᠰᠠᠨ ᠰᠠᠯᠪᠤᠷᠢ᠂ ᠦᠨᠳᠦᠰᠦᠲᠡᠨ ᠢᠶᠠᠨ ᠰᠣᠩᠭᠤᠵᠤ ᠲᠠᠯᠪᠢᠨ᠎ᠠ; ᠡᠷᠦᠭᠡ | ᠠᠮᠠ ᠶᠢᠨ ᠲᠠᠩᠰᠠᠨ ᠤ ᠬᠠᠶ᠋ᠢᠭ ᠢᠶᠠᠨ ᠲᠠᠭᠯᠠᠵᠤ᠂ ᠣᠲᠣ ᠶᠢᠨ ᠰᠠᠭᠤᠷᠢᠰᠢᠵᠤ ᠪᠠᠶᠢᠭ᠎ᠠ ᠭᠠᠵᠠᠷ ᠣᠷᠣᠨ ᠢᠶᠠᠨ | ᠰᠣᠩᠭᠤᠵᠤ᠂ ᠬᠠᠶ᠋ᠢᠭ ᠢᠶᠠᠨ ᠲᠠᠭᠯᠠᠨ᠎ᠠ᠃ ᠭᠤᠶᠤᠴᠢᠯᠠᠯᠲᠠ ᠶᠢᠨ ᠰᠤᠷᠠᠭ ᠵᠠᠩᠭᠢ ᠳᠤ ᠭᠤᠶᠤᠴᠢᠯᠠᠬᠤ ᠤᠴᠢᠷ | ᠰᠢᠯᠲᠠᠭᠠᠨ ᠢ ᠰᠣᠩᠭᠤᠵᠤ ᠲᠠᠯᠪᠢᠨ᠎ᠠ᠂ ᠠᠵᠢᠯ ᠤᠨ ᠪᠠᠶᠢᠷᠢᠨ ᠤ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ | ᠴᠡᠷᠢᠭ ᠤᠨ ᠠᠯᠪᠠ ᠬᠠᠭᠠᠬᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠵᠡᠷᠭᠡ; ᠭᠠᠷᠳᠠᠨ ᠠᠪᠬᠤ ᠠᠷᠭ᠎ᠠ | ᠮᠠᠶ᠋ᠢᠭ᠄ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠠᠴᠠ ᠠᠪᠬᠤ᠂ ᠰᠢᠤᠳᠠᠨ ᠢᠶᠠᠷ | ᠢᠯᠡᠭᠡᠬᠦ ᠠᠴᠠ ᠨᠢᠭᠡ ᠵᠦᠢᠯ ᠢ ᠰᠣᠩᠭᠤᠨ᠎ᠠ᠃ | ᠭᠤᠷᠪᠠᠳᠤᠭᠠᠷ ᠠᠯᠬᠤᠮ ᠳᠤ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠴᠢᠬᠤᠯᠠ ᠪᠦᠬᠦᠢ ᠰᠤᠷᠠᠭ | ᠵᠠᠩᠭᠢ ᠶᠢ ᠲᠠᠭᠯᠠᠵᠤ ᠪᠠᠷᠠᠭᠰᠠᠨ ᠤ ᠳᠠᠷᠠᠭ᠎ᠠ᠂ ᠰᠢᠯᠭᠠᠨ ᠪᠠᠲᠤᠯᠠᠬᠤ ᠺᠣᠳ᠋ ᠢᠶᠠᠨ ᠲᠠᠭᠯᠠᠭᠰᠠᠨ ᠤ ᠳᠠᠷᠠᠭ᠎ᠠ᠂ | ᠲᠤᠰᠢᠶᠠᠪᠠᠯ ᠪᠣᠯᠴᠢᠬᠠᠨ᠎ᠠ᠃ | ᠳᠥᠷᠪᠡᠳᠦᠭᠡᠷ ᠠᠯᠬᠤᠮ ᠳᠤ᠂ ᠨᠢᠭᠡᠨᠲᠡ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠭᠠᠷᠭᠠᠭᠰᠠᠨ ᠪᠣᠯ᠂ ᠶᠠᠯ᠎ᠠ | ᠬᠢᠭᠰᠡᠨ ᠲᠡᠮᠳᠡᠭᠯᠡᠯ ᠦᠭᠡᠢ ᠭᠡᠷᠡᠴᠢ ᠪᠠᠶᠢᠬᠤ ᠡᠰᠡᠬᠦ ᠶᠢ ᠪᠠᠶᠢᠴᠠᠭᠠᠨ ᠯᠠᠪᠯᠠᠵᠤ ᠪᠣᠯᠣᠨ᠎ᠠ᠃ | ᠲᠠᠪᠤᠳᠤᠭᠠᠷ ᠠᠯᠬᠤᠮ ᠳᠤ᠂ ᠭᠡᠷᠡᠴᠢ ᠪᠠᠷᠢᠮᠲᠠ ᠪᠠᠨ ᠪᠠᠶᠢᠴᠠᠭᠠᠨ ᠯᠠᠪᠯᠠᠬᠤ ᠪᠠᠷ ᠲᠠᠲᠠᠵᠤ ᠪᠠᠭᠤᠯᠭᠠᠭᠰᠠᠨ | ᠪᠠᠷᠢᠮᠲᠠ ᠨᠢ PDF ᠬᠡᠯᠪᠡᠷᠢ ᠶᠢᠨ ᠡᠯᠧᠺᠲᠷᠣᠨ ᠬᠡᠪᠯᠡᠯ ᠪᠣᠯᠬᠤ ᠶᠤᠮ᠃ | ᠵᠢᠷᠭᠤᠳᠤᠭᠠᠷ ᠠᠯᠬᠤᠮ ᠳᠤ᠂ ᠲᠠᠲᠠᠵᠤ ᠪᠠᠭᠤᠯᠭᠠᠭᠰᠠᠨ ᠭᠡᠷᠡᠴᠢ ᠪᠠᠷᠢᠮᠲᠠ ᠪᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ app | ᠪᠤᠶᠤ ︽ᠳᠣᠲᠣᠭᠠᠳᠤ ᠶᠢ ᠬᠠᠮᠠᠭᠠᠯᠠᠬᠤ ᠨᠢᠭᠡ ᠰᠦᠯᠵᠢᠶ᠎ᠡ ᠪᠠᠷ ᠨᠡᠪᠲᠡᠷᠡᠬᠦ︾ app ᠳᠠᠬᠢ ᠬᠤᠶᠠᠷ ᠬᠡᠮᠵᠢᠯᠲᠦ | ᠺᠣᠳ᠋ ᠢᠶᠠᠷ ᠬᠠᠷᠭᠤᠭᠤᠯᠤᠨ ᠪᠠᠶᠢᠴᠠᠭᠠᠵᠤ ᠪᠣᠯᠣᠨ᠎ᠠ᠃ | ᠳᠣᠯᠣᠳᠤᠭᠠᠷ ᠠᠯᠬᠤᠮ ᠳᠤ᠂ https://zwfw.gat.nmg.gov.cn/ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠤᠪᠢ ᠬᠥᠮᠥᠨ ᠤ ᠰᠤᠷᠠᠭ ᠵᠠᠩᠭᠢ ᠶᠢᠨ ᠲᠥᠪ ᠲᠤ | ᠭᠠᠷᠴᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠡᠰᠡᠬᠦ ᠶᠢ ᠬᠠᠷᠭᠤᠭᠤᠯᠤᠨ ᠪᠠᠶᠢᠴᠠᠭᠠᠬᠤ ᠲᠣᠪᠴᠢ ᠶᠢ | ᠳᠠᠷᠤᠪᠠᠯ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠯᠲᠡᠢ ᠡᠯᠧᠺᠲᠷᠣᠨ | ᠲᠠᠮᠠᠭ᠎ᠠ ᠶᠢᠨ ᠲᠠᠪᠴᠠᠩ ᠳᠤ ᠰᠢᠯᠵᠢᠨ ᠭᠠᠷᠬᠤ ᠪᠣᠯᠣᠨ᠎ᠠ᠃ | ᠨᠠᠢᠮᠠᠳᠤᠭᠠᠷ ᠠᠯᠬᠤᠮ ᠳᠤ᠂ PDF ᠪᠢᠴᠢᠭᠯᠡᠯ ᠢ ᠬᠠᠷᠭᠤᠭᠤᠯᠤᠨ ᠪᠠᠶᠢᠴᠠᠭᠠᠬᠤ ᠳᠠᠷᠤᠭᠤᠯ ᠢ ᠳᠠᠷᠤᠪᠠᠯ᠂ | ᠪᠠᠭᠤᠯᠭᠠᠭᠰᠠᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠪᠠᠨ ᠡᠷᠢᠵᠦ ᠣᠯᠬᠤ ᠪᠣᠯᠣᠨ᠎ᠠ᠃ | 4. ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠭᠤᠶᠤᠴᠢᠯᠠᠯᠲᠠ ︵ᠭᠠᠷ ᠤᠲᠠᠰᠤ ᠪᠠᠷ︶ | ᠨᠢᠭᠡᠳᠦᠭᠡᠷ ᠠᠯᠬᠤᠮ᠄ ︽ᠠᠮᠤᠷ ᠠᠮᠤᠭᠤᠯᠠᠩ ᠠᠯᠠᠱᠠ︾ ᠸᠢᠴᠠᠲ ᠲᠠᠪᠴᠠᠩ ᠢ ᠠᠩᠬᠠᠷᠤᠨ᠎ᠠ | ᠬᠤᠶᠠᠳᠤᠭᠠᠷ ᠠᠯᠬᠤᠮ᠄ ᠸᠢᠴᠠᠲ ᠲᠠᠪᠴᠠᠩ ᠤᠨ ︽24 ᠴᠠᠭ ᠤᠨ ᠴᠠᠭᠳᠠᠭᠠᠨ ᠤ ᠲᠣᠪᠴᠢᠶ᠎ᠠ︾ ᠶᠢ | ᠲᠣᠪᠴᠢᠳᠠᠨ᠎ᠠ | ᠭᠤᠷᠪᠠᠳᠤᠭᠠᠷ ᠠᠯᠬᠤᠮ᠄ ︽ᠠᠯᠠᠱᠠ ᠶᠢᠨ 24 ᠴᠠᠭ ᠤᠨ ᠴᠠᠭᠳᠠᠭᠠᠨ ᠤ ᠲᠣᠪᠴᠢᠶ᠎ᠠ︾ ᠳᠤ ᠣᠷᠣᠵᠤ ︽ | ᠶᠠᠯ᠎ᠠ ᠬᠢᠭᠰᠡᠨ ᠡᠰᠡᠬᠦ ᠪᠠᠨ ᠪᠠᠶᠢᠴᠠᠭᠠᠨ ᠯᠠᠪᠯᠠᠬᠤ︾ ᠲᠣᠪᠴᠢ ᠶᠢ ᠲᠣᠪᠴᠢᠳᠠᠨ᠎ᠠ᠃ | ᠳᠥᠷᠪᠡᠳᠦᠭᠡᠷ ᠠᠯᠬᠤᠮ᠄ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠠᠭᠯᠠᠵᠤ ᠭᠤᠶᠤᠴᠢᠯᠠᠯᠲᠠ ᠪᠠᠨ ᠲᠤᠰᠢᠶᠠᠨ᠎ᠠ | ᠃ | ᠲᠠᠪᠤᠳᠤᠭᠠᠷ ᠠᠯᠬᠤᠮ᠄ 24 ᠴᠠᠭ ᠤᠨ ᠴᠠᠭᠳᠠᠭᠠᠨ ᠤ ᠲᠣᠪᠴᠢᠶ᠎ᠠ ᠪᠠᠷ ᠪᠠᠰᠠ ᠭᠤᠶᠤᠴᠢᠯᠠᠯᠲᠠ ᠶᠢᠨ ᠦᠷ᠎ᠡ | ᠳ᠋ᠦᠩ ᠢᠶᠠᠨ ᠪᠠᠶᠢᠴᠠᠭᠠᠵᠤ ᠦᠵᠡᠵᠦ ᠪᠣᠯᠣᠨ᠎ᠠ᠃ | ︵ᠠᠮᠤᠷ ᠠᠮᠤᠭᠤᠯᠠᠩ ᠠᠯᠠᠱᠠ ᠸᠢᠴᠠᠲ ᠲᠠᠪᠴᠠᠩ ᠠᠴᠠ︶ | | |