ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠳᠤᠯᠠᠭᠠᠳᠤ ᠵᠢᠭᠡᠯᠡᠯᠭᠡ ᠶᠢ ᠬᠥᠲᠥᠯᠥᠨ ᠵᠢᠯᠣᠭᠤᠳᠬᠤ ᠪᠡᠯᠡ ᠮᠦᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/31
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠳᠤᠯᠠᠭᠠᠳᠤ ᠵᠢᠭᠡᠯᠡᠯᠭᠡ ᠶᠢ ᠬᠥᠲᠥᠯᠦᠨ ᠵᠢᠯᠣᠭᠤᠳᠬᠤ ᠪᠠᠯᠠ ᠮᠦᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃   ᠥᠪᠥᠷ    ᠮᠣᠩᠭᠤᠯ  ᠤᠨ  ᠥᠪᠡᠷᠲᠡᠭᠡᠨ   ᠵᠠᠰᠠᠬᠤ    ᠣᠷᠣᠨ  ᠤ   ᠲᠠᠷᠢᠶᠠᠯᠠᠩ   ᠮᠠᠯ    ᠠᠵᠤ    ᠠᠬᠤᠶ  ᠶᠢᠨ   ᠬᠥᠲᠥᠴᠢ    ᠠᠵᠤ   ᠠᠬᠤᠶᠢᠯᠠᠯ  ︵ ᠦᠬᠡᠷ   ᠬᠤᠨᠢ ᠢᠮᠠᠭ᠎ᠠ︶ ᠤᠨ   ᠲᠤᠰᠠᠯᠠᠮᠵᠢ ᠶᠢᠨ   ᠪᠠᠳᠤᠯᠠᠭᠠᠳᠤ   ᠵᠢᠭᠡᠯᠡᠯᠭᠡ ᠶᠢ    ᠬᠥᠲᠥᠯᠦᠨ    ᠵᠢᠯᠣᠭᠤᠳᠬᠤ ᠪᠠᠯᠠ ᠮᠦᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ  ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠢᠳᠠᠪᠤᠷᠢᠵᠢᠭᠤᠯᠵᠦ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠢᠯ ᠲᠥᠷᠥᠯ ᠤᠨ ᠬᠥᠲᠦᠴᠢ ᠠᠵᠤ ᠠᠬᠤᠶᠢᠯᠠᠯ ᠢ ᠪᠤᠶᠢᠵᠢᠭᠤᠯᠬᠤ ᠪᠠ ᠬᠦᠴᠦᠷᠬᠡᠭᠵᠢᠭᠦᠯᠦᠨ ᠪᠣᠵᠠᠭᠠᠶᠢᠢᠷᠠᠭᠤᠯᠬᠤ ᠶᠢ ᠲᠣᠪᠦᠶᠢᠯᠭᠠᠵᠣ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠳᠤᠯᠠᠭᠠᠳᠤ ᠵᠢᠭᠡᠯᠡᠯᠭᠡ ᠶᠢ ᠬᠥᠲᠥᠯᠦᠨ ᠵᠢᠯᠣᠭᠤᠳᠬᠤ ᠪᠠᠯᠠ ᠮᠥᠩᠭᠦ ︵ᠳᠣᠷᠣᠭᠰᠢ ᠬᠥᠲᠥᠯᠦᠨ ᠵᠢᠯᠣᠭᠤᠳᠬᠤ ᠪᠠᠯᠠ ᠮᠥᠩᠭᠦ ᠭᠡᠵᠦ ᠲᠣᠪᠴᠢᠯᠠᠨ᠎ᠠ︶ ᠶᠢ ᠲᠣᠬᠢᠷᠠᠭᠤᠯᠬᠤ ᠪᠠᠷ ᠳᠠᠮᠵᠢᠭᠤᠯᠤᠨ ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠢᠭᠤᠯᠵᠤ᠂ ᠪᠡᠯᠡ ᠮᠥᠩᠭᠦᠨ ᠤ ᠬᠥᠰᠢᠭᠦᠷᠭᠡ ᠶᠢᠨ ᠦᠷ᠎ᠡ ᠨᠦᠯᠣᠭᠡ ᠶᠢ ᠶᠡᠬᠡᠰᠭᠡᠨ᠂ ᠠᠵᠤ ᠠᠬᠤᠶᠢᠯᠠᠯ ᠤᠨ ᠡᠷᠭᠢᠮᠡᠯ ᠪᠡᠯᠡ ᠮᠦᠩᠭᠦᠨ ᠤ ᠪᠡᠯᠡ ᠲᠤᠬᠢᠷᠠᠭᠤᠯᠬᠤ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠴᠢᠩᠭᠠᠷᠠᠭᠤᠯᠤᠨ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃  ᠬᠥᠲᠥᠯᠥᠨ ᠵᠢᠯᠣᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃   ᠨᠢᠭᠡ᠂ ᠶᠡᠷᠦᠩᠬᠡᠢ ᠰᠡᠳᠬᠢᠴᠡ  ᠬᠥᠲᠥᠯᠦᠨ ᠵᠢᠯᠣᠭᠤᠳᠬᠤ ᠪᠠᠯᠠ ᠮᠥᠩᠭᠦ ᠲᠣᠬᠢᠷᠠᠭᠤᠯᠬᠤ ᠪᠠᠷ ᠳᠠᠮᠵᠢᠭᠤᠯᠵᠣ ᠪᠠᠩᠬᠢ ᠶᠢᠨ ᠪᠠᠷᠢᠴᠠᠭ᠎ᠠ ᠦᠬᠡᠢ ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢᠨ ᠵᠤᠭᠤᠰ ᠢ ᠭᠦᠭᠵᠢᠭᠡᠵᠦ ᠢᠳᠡᠭᠡᠮᠵᠢ ᠶᠢ ᠨᠢ ᠨᠡᠮᠡᠭᠳᠡᠭᠦᠯᠦᠨ᠂ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠳᠤ ᠬᠦᠴᠢᠷᠲᠡᠶ ᠪᠦᠭᠡᠳ ᠦᠨᠡᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ︔ ᠴᠦᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠪᠡᠯᠡ ᠮᠦᠩᠭᠦᠨ ᠤ ᠠᠶᠤᠯ ᠥᠭᠡᠢ ᠪᠠᠶᠢᠢᠬᠤ ᠶᠢ ᠦᠨᠡᠨ ᠬᠦ ᠪᠠᠳᠣᠯᠠᠨ᠎ᠡ︔ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠲᠠᠲᠠᠨ ᠤᠷᠤᠭᠤᠯᠵᠦ ᠢᠲᠡᠭᠡᠮᠵᠢᠲᠦ ᠵᠢᠭᠡᠯᠡᠯᠭᠡ ᠶᠢᠨ ᠪᠡᠯᠡ ᠮᠦᠩᠭᠦ ᠪᠠᠷ ᠪᠤᠢ ᠪᠤᠯᠣᠨᠨᠰᠠᠨ ᠬᠠᠳᠠᠭᠠᠯᠠᠯᠲᠠ ᠶᠢᠨ ᠪᠠᠷᠠᠭ᠎ᠠ ᠳᠤ ᠪᠦᠬᠦ ᠶᠠᠪᠤᠴᠠ ᠶᠢᠨ ᠬᠢᠨᠠᠨ ᠡᠵᠡᠮᠳᠡᠬᠦ ᠬᠠᠮᠢᠶᠠᠷᠤᠯᠲᠠ ᠬᠡᠷᠡᠭᠵᠢᠭᠦᠯᠬᠦ ᠪᠠᠷ ᠳᠠᠮᠵᠢᠭᠤᠯᠤᠨ᠂ ᠪᠡᠯᠡ ᠮᠦᠩᠭᠦᠨ ᠤ ᠳᠠᠯᠳᠠ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃   ᠬᠤᠶᠠᠷ᠂ ᠪᠡᠯᠡ ᠮᠦᠩᠭᠦᠨ ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶  ] ᠭᠤᠷᠪᠠᠨ ᠲᠠᠯ᠎ᠠ ᠪᠠᠷ ᠢᠶᠠᠨ ᠬᠠᠮᠳᠤ ᠪᠠᠷ ᠪᠡᠯᠡ ᠮᠦᠩᠭᠦ ᠴᠤᠨᠨᠯᠠᠭᠤᠯᠬᠤ ᠪᠠᠷ ᠳᠠᠮᠵᠢᠭᠤᠯᠤᠨ ᠪᠠᠯᠠ ᠮᠥᠩᠭᠦᠨ ᠤ ᠬᠦᠮᠣᠷᠭᠡ ᠪᠠᠶᠢᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠬᠦᠯᠦᠨ᠂ ᠪᠠᠩᠬᠢ ᠶᠢᠨ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢ 1᠄ 10 ᠶᠢᠨ ᠬᠠᠷᠢᠴᠠᠯ ᠢᠶᠠᠷ ᠭᠦᠭᠵᠢᠬᠡᠨ ᠭᠥᠢᠯᠭᠡᠭᠡᠵᠦ ᠪᠠᠶᠢᠢᠭᠠᠳ ᠲᠠᠯᠪᠢᠭᠤᠯᠵᠦ᠂ ᠠᠵᠤ ᠠᠬᠤᠶᠢᠯᠠᠯ ᠤᠨ ᠦᠢᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ ᠬᠤᠭᠤᠴᠠᠭᠠᠨ ᠳᠠᠬᠢ ᠭᠦᠢᠯᠭᠡᠭᠡᠨ ᠤ ᠪᠠᠯᠠ ᠮᠥᠩᠭᠦ ᠲᠤᠳ᠋ᠬᠠᠳᠠᠬᠤ ᠠᠰᠠᠭᠤᠳᠠᠯ ᠢ ᠨᠠᠮᠳᠠᠭᠤᠯᠤᠨ᠎ᠠ᠃  ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2 ᠳ᠋ᠥᠩᠰᠢᠭᠤᠷ ᠲᠥᠭᠦᠷᠢᠭ ᠤᠨ ᠬᠥᠲᠥᠯᠥᠨ ᠵᠢᠯᠣᠭᠤᠳᠬᠤ ᠪᠡᠯᠡ ᠮᠥᠩᠭᠦ ᠲᠣᠬᠢᠷᠠᠭᠤᠯᠤᠨ᠎ᠠ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠭᠤᠶᠤᠴᠢᠯᠠᠭᠰᠠᠨ ᠵᠢᠭᠡᠯᠡᠯᠭᠡ ᠶᠢᠨ ᠵᠣᠭᠤᠰ ᠤᠨ ᠲᠤᠭ᠎ᠠ ᠶᠢᠨ 10% ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠲᠤᠯᠠᠭ᠎ᠠ ᠶᠢᠨ ᠮᠥᠩᠭᠦ ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠥᠪᠡᠷ ᠤᠨ ᠬᠢᠨᠢ ᠪᠡᠯᠡ ᠮᠥᠩᠭᠦ ᠪᠠᠶᠢᠬᠤ ᠬᠡᠷᠡᠭᠲᠡᠶ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠦᠩᠭᠦᠨ ᠤ 1᠄ 0.5 ᠪᠠᠷ ᠲᠦᠬᠦᠷᠵᠢᠬᠦᠯᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠢᠯ ᠪᠦᠷᠢ 1500 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠳᠠᠮ ᠬᠦᠦ ᠲᠠᠢ ᠪᠡᠯᠡ ᠮᠥᠩᠭᠦ ᠲᠣᠬᠢᠷᠠᠭᠤᠯᠤᠨ᠎ᠠ᠃  ᠣᠷᠣᠯᠠᠨ ᠳᠦᠯᠦᠬᠦ ᠤᠴᠢᠷ ᠡᠭᠦᠰᠪᠡᠯ᠂ ᠡᠩ ᠲᠡᠷᠢᠭᠦᠨ ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠪᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠠᠳᠠᠭᠠᠯᠠᠮᠵᠢ ᠶᠢᠨ ᠵᠣᠭᠤᠰᠣᠨ ᠤ ᠬᠦᠦ ᠮᠦᠩᠭᠦᠨ ᠤ ᠣᠷᠣᠯᠭ᠎ᠠ ᠪᠠᠷ ᠣᠷᠣᠯᠠᠨ ᠳᠦᠯᠦᠵᠦ᠂ ᠬᠦᠷᠦᠯᠴᠡᠬᠦ ᠦᠭᠡᠶ ᠬᠡᠰᠡᠭ ᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠲᠥᠯᠥᠨ ᠵᠢᠯᠥᠭᠤᠳᠬᠤ ᠪᠡᠯᠡ ᠮᠥᠩᠭᠦ ᠪᠠ ᠬᠤᠷᠰᠢᠭᠰᠠᠨ ᠪᠠᠩᠬᠢ ᠨᠢ 7᠄ 3 ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃  ᠵᠢᠭᠡᠯᠡᠯᠭᠡ ᠶᠢᠨ ᠬᠤᠭᠤᠴᠠᠭ᠎ᠠ ᠲᠤᠯᠵᠤ ᠡᠬᠡ ᠬᠦᠦ ᠮᠦᠩᠭᠦ ᠶᠢ ᠨᠢ ᠪᠤᠴᠠᠭᠠᠭᠰᠠᠨ ᠤ ᠳᠠᠷᠠᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠠᠳᠠᠭᠠᠯᠠᠮᠵᠢ ᠶᠢᠨ ᠬᠦᠦ ᠮᠥᠩᠭᠦ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠶ᠃  ᠬᠥᠲᠥᠯᠥᠨ ᠵᠢᠯᠥᠭᠤᠳᠬᠤ ᠪᠡᠯᠡ ᠮᠦᠩᠭᠦᠨ ᠳᠤ ᠲᠤᠰᠬᠠᠶ ᠳᠠᠩᠰᠠ ᠶᠢᠨ ᠬᠠᠮᠢᠶᠠᠷᠤᠯᠲᠠ᠂ ᠪᠢᠳᠡᠭᠦᠮᠵᠢᠯᠡᠨ ᠠᠵᠢᠯᠯᠠᠭᠤᠯᠬᠤ ᠪᠠ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠬᠡᠷᠡᠭᠵᠢᠭᠦᠯᠦᠨ᠎ᠡ᠃   ᠭᠤᠷᠪᠠ᠂ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ  ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ᠃  ᠬᠥᠲᠥᠯᠥᠨ ᠵᠢᠯᠥᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠦᠩᠭᠦᠨ ᠤ ᠲᠥᠰᠦᠪ ᠤᠨ ᠬᠠᠮᠢᠶᠠᠷᠤᠯᠲᠠ᠂ ᠪᠡᠯᠡ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ︔ ᠬᠥᠲᠥᠯᠥᠨ ᠵᠢᠯᠥᠭᠤᠳᠬᠤ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ ᠨᠥᠬᠦᠴᠡᠯ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠯᠡ ᠪᠠᠷ ᠰᠣᠩᠭᠤᠨ ᠲᠣᠭᠲᠠᠭᠠᠵᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠪᠣᠯᠭᠠᠨ᠎ᠠ᠃   ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠡᠭᠦᠷᠭᠡ ᠬᠠᠷᠢᠭᠤᠴᠠᠯᠭ᠎ᠠ᠃  ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠢ ᠲᠠᠨᠢᠯᠴᠠᠭᠤᠯᠬᠤ ᠶᠢ ᠬᠠᠷᠢᠭᠤᠴᠠᠬᠤ ᠶᠢᠨ ᠬᠠᠮᠲᠤ ᠂ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠢᠭᠠᠳ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠭᠤᠯᠵᠦ ᠥᠪᠡᠷᠲᠡᠭᠡᠨ ᠵᠠᠰᠠᠬᠤ ᠣᠷᠣᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠥᠷᠥᠯ ᠵᠦᠢᠯ ᠤᠨ ᠮᠠᠲ᠋ᠧᠷᠢᠶᠠᠯ ᠢ ᠲᠠᠨᠢᠯᠴᠠᠭᠤᠯᠤᠨ᠎ᠠ᠃   ︵ᠭᠤᠷᠪᠠ︶ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠃  ᠢᠯᠡ ᠪᠠᠷ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠢᠯᠭᠠᠬᠤ ᠵᠠᠷᠴᠢᠮ ᠶᠣᠰᠣᠭᠠᠷ ᠬᠤᠷᠰᠢᠬᠤ ᠪᠠᠩᠬᠢ ᠶᠢ ᠰᠣᠩᠭᠤᠬᠤ ᠶᠢᠨ ᠬᠠᠮᠲᠤ᠂ ᠬᠤᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠯᠤᠭ᠎ᠠ ᠶᠢᠨ ᠡᠳᠦᠷ ᠲᠤᠲᠤᠮ ᠤᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠭᠤᠤᠯᠳᠠᠭᠤ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠣᠷᠣᠯᠠᠨ ᠳᠥᠯᠥᠬᠦ ᠪᠠᠯᠠ ᠮᠥᠩᠭᠦ ᠶᠢ ᠬᠢᠨᠠᠨ ᠬᠠᠷᠭᠤᠭᠤᠯᠬᠤ ᠵᠢᠴᠢ ᠲᠦᠭᠰᠢᠭᠦᠷᠢ ᠶᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠦ ᠴᠣᠪᠣᠷᠠᠯ ᠳᠤ ᠴᠦᠷᠬᠡᠯᠡᠭᠰᠡᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠪᠠᠩᠬᠢ ᠠᠵᠤ ᠠᠬᠤᠶᠢᠯᠠᠯ ᠢ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠯᠬᠡᠵᠦ᠂ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠣᠯᠭᠤᠬᠤ ᠵᠣᠭᠤᠰ ᠤᠨ ᠵᠦᠢᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠰᠠᠷ᠎ᠠ ᠪᠠᠷ ᠮᠡᠳᠡᠭᠦᠯᠬᠦ ᠳᠦᠷᠢᠮ᠂ ᠠᠵᠤ ᠠᠬᠤᠶᠢᠯᠠᠯ ᠤᠨ ᠬᠠᠷ᠎ᠠ ᠳᠠᠩᠰᠠ ᠶᠢᠨ ᠳᠦᠷᠢᠮ ᠢ ᠪᠠᠶᠢᠭᠤᠯᠤᠨ᠎ᠠ᠃   ︵ᠳᠥᠷᠪᠡ︶ ᠬᠤᠷᠰᠢᠬᠰᠡᠠ ᠪᠠᠩᠬᠢ ᠶᠢᠨ ᠡᠭᠦᠷᠭᠡ ᠬᠠᠷᠢᠭᠤᠴᠠᠯᠭ᠎ᠠ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠠᠩᠬᠢ ᠪᠠ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠬᠥᠲᠥᠯᠥᠨ ᠵᠢᠯᠣᠭᠤᠳᠬᠤ ᠪᠠᠯᠠ ᠮᠦᠩᠭᠦᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠬᠤ ᠶᠠᠪᠤᠴᠠ ᠳᠤ ᠬᠢᠨᠠᠨ ᠬᠠᠷᠭᠤᠭᠤᠯᠬᠤ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠬᠠᠷᠢᠭᠤᠴᠠᠨ᠎ᠠ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠨ᠎ᠡ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠳᠤᠷᠠᠳᠤᠭᠰᠠᠨ ᠪᠠᠯᠠ ᠮᠦᠩᠭᠦ ᠣᠯᠭᠤᠬᠤ ᠭᠤᠶᠤᠴᠢᠯᠠᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠣᠷᠣᠯᠠᠨ ᠲᠦᠯᠦᠭᠰᠡᠨ ᠤ ᠳᠠᠷᠠᠭᠠᠬᠢ ᠨᠡᠬᠡᠮᠵᠢᠯᠡᠨ ᠬᠤᠷᠢᠶᠠᠬᠤ ᠪᠠ ᠲᠥᠯᠥᠪᠦᠷᠢ ᠶᠢ ᠨᠡᠬᠡᠮᠵᠢᠯᠡᠬᠦ ᠵᠡᠷᠭᠡ ᠠᠵᠢᠯ ᠢ ᠬᠠᠷᠢᠭᠤᠴᠠᠨ᠎ᠠ᠃   ᠳᠥᠷᠪᠡ᠂ ᠭᠤᠶᠤᠴᠢᠯᠠᠬᠤ ᠨᠥᠬᠦᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ  ︵ᠨᠢᠭᠡ︶ ᠭᠤᠶᠤᠴᠢᠯᠠᠬᠤ ᠨᠥᠬᠦᠴᠡᠯ᠃  ᠬᠥᠲᠥᠯᠥᠨ ᠵᠢᠯᠣᠭᠤᠳᠬᠤ ᠪᠡᠯᠡ ᠮᠥᠩᠭᠦ ᠨᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠭᠠᠳ ᠪᠦᠬᠦᠯᠢ 2 ᠵᠢᠯ ᠪᠣᠯᠤᠭᠰᠠᠨ᠂ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 1.5 ᠳ᠋ᠥᠩᠰᠢᠭᠤᠷ ᠲᠥᠭᠦᠷᠢᠭ ᠠᠴᠠ ᠳᠡᠭᠡᠭᠰᠢ ᠪᠠᠶᠢᠢᠬᠤ ᠠᠯᠠᠰᠢᠨ ᠦᠬᠡᠷ ᠠᠯᠠᠰᠢᠨ ᠬᠤᠨᠢ ᠶᠢᠨ ᠡᠳ᠋ᠰᠢᠭᠦᠯᠬᠦ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ ᠳᠡᠮᠵᠢᠨᠡ᠃  ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠢ᠄  1. ᠪᠦᠭᠦ ᠡᠳ᠋ ᠬᠥᠷᠥᠩᠭᠡ ᠶᠢᠨ ᠬᠡᠪᠴᠢᠶ᠎ᠡ ᠨᠢ 3000 ᠲᠦᠮᠡᠨ ᠲᠥᠭᠦᠷᠢᠭ ᠠᠴᠠ ᠳᠡᠭᠡᠭᠰᠢ᠂ ᠲᠣᠭᠲᠠᠮᠠᠯ ᠡᠳ᠋ ᠬᠥᠷᠥᠩᠭᠡ ᠶᠢᠨ ᠬᠡᠪᠴᠢᠶ᠎ᠡ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠢᠬᠤ︔  2. ᠬᠤᠳᠠᠯᠳᠤᠭᠠᠨ ᠤ ᠵᠠᠭᠪᠤᠷ ᠨᠢ ᠲᠣᠳᠣᠷᠬᠠᠶ᠂ ᠣᠶᠢᠷ᠎ᠠ ᠶᠢᠨ ᠭᠤᠷᠪᠠᠨ ᠵᠢᠯ ᠳᠤ ᠦᠷᠭᠦᠯᠵᠢᠯᠡᠭᠰᠡᠨ ᠠᠯᠳᠠᠭᠳᠠᠯ ᠪᠠᠶᠢᠢᠬᠤ ᠥᠬᠡᠶ᠂ ᠠᠵᠤ ᠠᠬᠤᠶᠢᠯᠠᠯ ᠨᠢ ᠦᠷᠭᠦᠯᠵᠢᠯᠡᠨ ᠦᠢᠯᠡᠳᠪᠦᠷᠢᠯᠡᠵᠦ᠂ ᠬᠡᠪ ᠤᠨ ᠶᠣᠰᠣᠭᠠᠷ ᠠᠵᠢᠯᠯᠠᠵᠤ ᠪᠠᠶᠢᠢᠬᠤ ᠪᠥᠭᠡᠳ ᠬᠠᠤᠯᠢ ᠶᠢᠨ ᠡᠳᠡᠭᠡᠳ ᠤᠨ ᠵᠠᠰᠠᠯᠲᠠ᠂ ᠡᠳ᠋ ᠤᠨ ᠶᠠᠪᠤᠳᠠᠯ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ ᠪᠦᠷᠢᠨ ᠲᠡᠭᠦᠯᠳᠡᠷ ᠲᠦᠷᠢᠮ ᠲᠠᠢ ᠪᠠᠶᠢᠬᠤ︔  3. ᠠᠵᠤ ᠠᠬᠤᠶᠢᠯᠠᠯ ᠵᠢᠴᠢ ᠲᠡᠭᠦᠨ ᠤ ᠬᠠᠤᠯᠢ ᠶᠢᠨ ᠡᠳᠡᠭᠡᠳ ᠤᠨ ᠲᠥ᠋ᠯᠥᠭᠡᠯᠡᠭᠴᠢ᠂ ᠬᠤᠪᠢ ᠣᠷᠣᠭᠤᠯᠤᠭᠴᠢ᠂ ᠪᠣᠳᠠᠲᠠᠶ ᠡᠵᠡᠮᠳᠡᠭᠴᠢ ᠪᠣᠯᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠨᠢ ᠴᠥᠮ ᠢᠲᠡᠭᠡᠯ ᠬᠦᠨᠳᠦ ᠪᠠᠷ ᠰᠠᠶᠢᠨ ᠪᠠᠶᠢᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠰᠢᠢᠳᠬᠡᠨ ᠲᠣᠷᠭᠠᠭᠰᠠᠨ ᠨᠦᠯᠦᠬᠡ ᠮᠠᠭᠤᠳᠠᠢ ᠲᠡᠮᠳᠡᠭᠯᠡᠯ ᠪᠠᠶᠢᠢᠬᠤ ᠦᠭᠡᠶ᠂ ᠪᠠᠩᠬᠢ ᠶᠢᠨ ᠨᠦᠯᠦᠭᠡ ᠮᠠᠭᠤᠳᠠᠢ ᠢᠲᠡᠭᠡᠮᠵᠢ ᠶᠢᠨ ᠲᠡᠮᠳᠡᠭᠯᠡᠯ ᠵᠢᠴᠢ ᠬᠠᠷ᠎ᠠ ᠳᠠᠩᠰᠠ ᠶᠢᠨ ᠲᠡᠮᠳᠡᠭᠯᠡᠯ ᠪᠠᠶᠢᠢᠬᠤ ᠦᠭᠡᠶ︔  4. ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠬᠦ ᠴᠢᠭᠯᠡᠯ ᠳᠤ ᠨᠡᠶᠢᠴᠡᠵᠦ᠂ ᠵᠣᠭᠤᠰ ᠵᠢᠭᠡᠯᠡᠬᠦ ᠬᠡᠷᠡᠭᠴᠡᠭᠡ ᠵᠢᠴᠢ ᠵᠣᠭᠤᠰ ᠢᠶᠠᠨ ᠪᠤᠴᠠᠭᠠᠬᠤ ᠢᠷᠡᠯᠲᠡ ᠲᠣᠳᠣᠷᠬᠠᠶ ᠪᠦᠭᠡᠳ ᠬᠠᠤᠯᠢ ᠳᠤ ᠨᠡᠶᠢᠴᠡᠭᠰᠡᠨ ᠪᠠᠶᠢᠬᠤ᠃   ︵ᠬᠤᠶᠠᠷ︶ ᠭᠤᠶᠣᠴᠢᠯᠠᠨ ᠮᠡᠳᠡᠭᠦᠯᠬᠦ ᠴᠤᠪᠤᠷᠠᠯ᠃  ᠵᠢᠭᠡᠯᠡᠯᠭᠡ ᠭᠤᠶᠣᠴᠢᠯᠠᠬᠤ ᠠᠵᠤ ᠠᠬᠤᠶᠢᠯᠠᠯ ᠨᠢ ᠬᠠᠷᠢᠶᠠᠯᠠᠭᠳᠠᠬᠤ ᠬᠠᠷᠢᠴᠠᠭ᠎ᠠ ᠪᠠᠷ ᠵᠡᠷᠭᠡ ᠳᠤ ᠨᠢ ᠬᠠᠷᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠪᠣᠯᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃  ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠠᠢ ᠬᠠᠮᠲᠤᠷᠠᠨ 3 ᠠᠵᠢᠯᠯᠠᠬᠤ ᠡᠳᠦᠷ ᠤᠨ ᠳᠣᠲᠣᠷ᠎ᠠ ᠭᠤᠶᠣᠴᠢᠯᠠᠨ ᠮᠡᠳᠡᠭᠦᠯᠦᠭᠰᠡᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠳ᠋ ᠤᠨ ᠵᠠᠰᠠᠭ ᠪᠣᠯᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠶ᠃  ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠶ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠣᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢ ᠲᠣᠰᠣᠨᠨᠰᠠᠨ ᠤ ᠳᠠᠷᠠᠭ᠎ᠠ ᠳᠠᠷᠤᠶ ᠳᠤ ᠨᠢ ᠬᠤᠷᠰᠢᠭᠰᠠᠨ ᠪᠠᠩᠬᠢ ᠲᠠᠢ ᠬᠠᠮᠲᠤᠷᠠᠨ ᠡᠭᠦᠷᠭᠡ ᠲᠤᠰᠢᠶᠠᠯ ᠢᠶᠠᠨ ᠭᠦᠢᠴᠡᠣᠡᠭᠡᠭᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠣᠡᠭᠡᠭᠦ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠶ᠃  ᠠᠩᠬᠠᠨ ᠤ ᠬᠢᠨᠠᠯᠲᠠ ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠦᠴᠡᠯ ᠳᠤ ᠨᠡᠶᠢᠴᠡᠭᠰᠡᠨ ᠪᠥᠭᠡᠳ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠪᠣᠯᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠵᠢᠭᠡᠯᠡᠯᠭᠡ ᠵᠢᠭᠡᠯᠡᠬᠦ ᠶᠢ ᠵᠥᠪᠰᠢᠶᠡᠷᠡᠭᠰᠡᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠣᠴᠢᠯᠠᠬᠤ ᠠᠵᠤ ᠠᠬᠤᠶᠢᠯᠠᠯ ᠳᠤ 3 ᠡᠳᠦᠷ ᠤᠨ ᠳᠣᠲᠣᠷ᠎ᠠ ᠬᠢᠨᠠᠵᠤ ᠵᠢᠬᠡᠯᠡᠬᠦᠯᠬᠦ ᠵᠣᠭᠤᠰᠤᠨ ᠤ ᠲᠤᠭ᠎ᠠ ᠶᠢᠨ 10% ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠮᠡᠳᠡᠭᠳᠡᠵᠦ᠂ ᠬᠠᠷᠢᠶ᠎ᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ 3 ᠡᠳᠦᠷ ᠤᠨ ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠦᠩᠭᠦᠨ ᠤ 1᠄ 0. 5 ᠪᠠᠷ ᠲᠥᠬᠦᠷᠵᠢᠭᠦᠯᠬᠦ ᠶᠢ ᠮᠡᠳᠡᠭᠳᠡᠬᠦ ᠬᠡᠷᠡᠭᠳᠡᠢ᠃  ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠣᠯᠤᠨ ᠬᠠᠷᠢᠶ᠎ᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠪᠠᠨ ᠭᠦᠢᠴᠡᠣᠨ ᠲᠤᠰᠢᠶᠠᠭᠰᠠᠨ ᠤ ᠳᠠᠷᠠᠭ᠎ᠠ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠵᠦ᠂ ᠳᠡᠮᠵᠢᠬᠦ ᠪᠠᠷ ᠪᠠᠶᠢᠭ᠎ᠠ ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃   ︵ᠭᠤᠷᠪᠠ︶ ᠵᠢᠭᠡᠯᠡᠯᠭᠡ ᠲᠠᠯᠪᠢᠬᠤ᠃   1. ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠪᠠᠨ ᠬᠠᠮᠲᠤᠷᠠᠨ ᠵᠢᠭᠡᠯᠡᠯᠭᠡ ᠭᠤᠶᠣᠴᠢᠯᠠᠬᠤ ᠠᠵᠤ ᠠᠬᠤᠶᠢᠯᠠᠯ ᠳᠤ ᠡᠭᠦᠷᠭᠡ ᠲᠤᠰᠢᠶᠠᠯ ᠢᠶᠠᠨ ᠭᠦᠢᠴᠡᠣᠡᠭᠡᠭᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃  ᠵᠢᠭᠡᠯᠡᠯᠭᠡ ᠭᠤᠶᠣᠴᠢᠯᠠᠬᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠪᠠᠶᠢᠳᠠᠯ᠂ ᠬᠤᠯᠪᠣᠭᠳᠠᠬᠤ ᠠᠵᠤ ᠠᠬᠤᠶᠢᠯᠠᠯ ᠵᠢᠴᠢ ᠬᠤᠯᠪᠣᠭᠳᠠᠬᠤ ᠠᠷᠠᠯᠵᠢᠶᠠᠨ ᠤ ᠪᠠᠶᠢᠳᠠᠯ᠂ ᠦᠪᠡᠷ ᠤᠨ ᠬᠢᠨᠢ ᠪᠠᠯᠠ ᠮᠥᠩᠭᠦ ᠶᠢ ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠦᠷᠦᠩᠭᠡ ᠶᠢᠨ ᠲᠤᠭ᠎ᠠ ᠬᠡᠮᠵᠢᠶ᠎ᠡ ᠶᠢ ᠲᠥᠰᠦᠭᠡᠯᠡᠨ ᠪᠤᠳᠤᠬᠤ᠂ ᠵᠢᠭᠡᠯᠡᠯᠭᠡ ᠶᠢᠨ ᠲᠥᠷᠥᠯ ᠵᠦᠢᠯ ᠤᠨ ᠪᠠᠶᠢᠳᠠᠯ ᠵᠢᠴᠢ ᠵᠣᠭᠤᠰ ᠢᠶᠠᠨ ᠲᠦᠯᠣᠭᠦ ᠲᠥᠰᠦᠯ ᠵᠡᠷᠭᠡ ᠠᠭᠤᠯᠭ᠎ᠠ ᠪᠠᠭᠳᠠᠬᠤ ᠪᠣᠯᠪᠠᠴᠤ ᠡᠳᠡᠭᠡᠷ ᠲᠤ ᠯᠠ ᠬᠢᠵᠠᠭᠠᠷᠯᠠᠭᠳᠠᠬᠤ ᠦᠭᠡᠢ᠃   2. ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠠ᠂ ᠬᠦᠦ ᠶᠢᠨ ᠨᠤᠷᠮ᠎ᠠ ᠬᠢᠭᠡᠳ ᠳᠠᠮ ᠬᠦᠦ᠃  ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠶ᠂ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠡᠷᠦᠬᠡ ᠨᠢᠭᠡᠪᠦᠷᠢ ᠶᠢ 1 ᠳ᠋ᠥᠩᠰᠢᠭᠤᠷ ᠲᠥᠭᠦᠷᠢᠭ ᠠᠴᠠ ᠬᠡᠲᠦᠷᠡᠭᠦᠯᠬᠦ ᠦᠭᠡᠶ᠃  ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ ᠳᠤ ᠦᠨᠡᠲᠡᠶᠢᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠤᠰᠠᠳᠠ᠂ ᠬᠤᠷᠰᠢᠭᠰᠠᠨ ᠪᠠᠩᠬᠢ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠷᠠᠳ ᠤᠨ ᠪᠠᠩᠬᠢ ᠠᠴᠠ ᠨᠡᠶᠢᠲᠡᠯᠡᠭᠰᠡᠨ ᠲᠤᠰ ᠬᠤᠭᠤᠴᠠᠭᠠᠨ ᠤ LPR ᠤᠨ 50% ᠪᠠᠷ ᠳᠠᠮ ᠬᠦᠦ ᠣᠯᠭᠤᠨ᠎ᠠ᠃   3. ᠵᠢᠭᠡᠯᠡᠯᠭᠡ ᠲᠠᠯᠪᠢᠬᠤ᠃  ᠵᠢᠭᠡᠯᠡᠯᠭᠡ ᠶᠢ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠠᠵᠤ ᠠᠬᠤᠶᠢᠯᠠᠯ ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ᠂ ᠬᠡᠷᠡᠭᠴᠡᠭᠡ᠂ ᠵᠣᠭᠤᠰ ᠢᠶᠠᠨ ᠲᠦᠯᠣᠭᠦ ᠪᠠᠲᠤᠯᠠᠭ᠎ᠠ ᠵᠢᠴᠢ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃  ᠬᠤᠷᠰᠢᠭᠰᠠᠨ ᠪᠠᠩᠬᠢ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠵᠣᠭᠤᠰ ᠭᠠᠷᠭᠠᠵᠤ ᠠᠪᠬᠤ ᠨᠥᠬᠦᠴᠡᠯ ᠢ ᠬᠠᠩᠭᠠᠬᠤ ᠶᠢ ᠨᠢ ᠬᠢᠨᠠᠨ ᠪᠠᠶᠢᠢᠴᠠᠭᠠᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭᠠᠷ ᠵᠢᠭᠡᠯᠡᠯᠭᠡ ᠪᠠᠨ ᠴᠠᠭ ᠲᠤᠬᠠᠶ ᠳᠤ ᠨᠢ ᠲᠠᠯᠪᠢᠵᠤ᠂ ᠵᠢᠭᠡᠯᠡᠯᠭᠡ ᠶᠢᠨ ᠪᠡᠯᠡ ᠮᠥᠩᠭᠦ ᠶᠢ ᠵᠢᠭᠡᠯᠡᠯᠭᠡ ᠶᠢᠨ ᠳᠠᠩᠰᠠᠨ ᠡᠷᠦᠭᠡ ᠳᠤ ᠣᠷᠣᠭᠤᠯᠤᠨ ᠲᠣᠭᠠᠴᠠᠭ᠎ᠠ ᠬᠢᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠵᠢᠭᠡᠯᠡᠯᠭᠡ ᠶᠢᠨ ᠳᠠᠩᠰᠡᠨ ᠡᠷᠦᠭᠡ ᠶᠢ ᠪᠦᠬᠦ ᠶᠠᠪᠤᠴᠠ ᠳᠤ ᠨᠢ ᠬᠢᠨᠠᠨ ᠡᠵᠡᠮᠳᠡᠬᠦ ᠬᠡᠷᠡᠭᠲᠡᠶ᠃   ᠲᠠᠪᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ︵ᠨᠢᠭᠡ︶ ᠪᠥᠬᠦ ᠴᠤᠪᠤᠷᠠᠯ ᠳᠤ ᠴᠦᠷᠭᠡᠯᠡᠨ ᠬᠠᠮᠢᠶᠠᠷᠬᠤ᠃   1. ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠵᠢᠭᠡᠯᠡᠯᠭᠡ ᠭᠤᠶᠣᠴᠢᠯᠠᠭᠰᠠᠨ ᠠᠵᠤ ᠠᠬᠤᠶᠢᠯᠠᠯ ᠨᠢ ᠬᠤᠷᠰᠢᠭᠰᠠᠨ ᠪᠠᠩᠬᠢ ᠳᠤ ᠵᠢᠭᠡᠯᠡᠯᠭᠡ ᠶᠢᠨ ᠳᠠᠩᠰᠠᠨ ᠡᠷᠦᠬᠡ᠂ ᠪᠣᠷᠣᠯᠠᠭᠤᠯᠭ᠎ᠠ ᠶᠢᠨ ᠵᠤᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠡᠨ ᠡᠷᠦᠬᠡ ᠨᠡᠭᠡᠭᠡᠵᠦ᠂ ᠵᠢᠭᠡᠯᠡᠯᠭᠡ ᠭᠤᠶᠣᠴᠢᠯᠠᠭᠰᠠᠨ ᠠᠵᠤ ᠠᠬᠤᠶᠢᠯᠠᠯ ᠤᠨ ᠡᠷᠬᠡ ᠣᠯᠭᠤᠯᠲᠠ ᠶᠢ ᠣᠯᠤᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ ᠪᠠᠨ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠢᠭᠤᠯᠬᠤ ᠪᠠᠨ ᠪᠡᠶᠡᠯᠡᠭᠦᠯᠣᠨ᠎ᠡ᠃   2. ᠬᠠᠳᠠᠭᠠᠯᠠᠭᠰᠠᠨ ᠪᠠᠷᠠᠭ᠎ᠠ ᠶᠢᠨ ᠬᠠᠮᠢᠶᠠᠷᠤᠯᠲᠠ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠬᠠᠮᠲᠤᠷᠠᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠯᠤᠭ᠎ᠠ ︽ᠬᠠᠳᠠᠭᠠᠯᠬᠠᠰᠠᠨ ᠪᠠᠷᠠᠭ᠎ᠠ ᠶᠢ ᠨᠠᠶᠢᠢᠳᠠᠵᠦ ᠬᠢᠨᠠᠨ ᠬᠠᠮᠢᠶᠠᠷᠤᠭᠤᠯᠬᠤ ᠵᠦᠪᠯᠡᠯᠴᠡᠭᠡᠷ︾ ᠲᠣᠭᠳᠠᠵᠣ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠢᠳᠠᠵᠦ ᠵᠢᠭᠡᠯᠡᠯᠭᠡ ᠭᠤᠶᠣᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠩᠯᠡᠭᠡᠣᠨ ᠪᠤᠢ ᠪᠣᠯᠣᠭᠰᠠᠨ ᠬᠠᠳᠠᠭᠠᠯᠠᠯᠲᠠ ᠶᠢᠨ ᠪᠠᠷᠠᠭ᠎ᠠ ᠳᠤ 24 ᠴᠠᠭ ᠲᠠᠰᠤᠯᠳᠠᠭᠤᠯᠤᠯ ᠦᠭᠡᠢ ᠪᠠᠷ ᠬᠢᠨᠠᠨ ᠡᠵᠡᠮᠳᠡᠵᠣ ᠬᠠᠮᠢᠶᠠᠷᠣᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ ᠠᠴᠠ ᠵᠦᠷᠢᠴᠡᠬᠦ ᠵᠦᠢᠯ ᠵᠣᠷᠪᠤᠰ ᠤᠳ ᠢ ᠴᠥᠮ ᠳᠡᠭᠡᠷ᠎ᠡ ᠳᠤᠷᠠᠳᠤᠭᠰᠠᠨ ᠵᠦᠪᠯᠡᠯᠴᠡᠭᠡᠷ ᠲᠤ ᠨᠠᠷᠢᠨ ᠪᠣᠯᠵᠣᠨ ᠲᠣᠨᠨᠳᠠᠬᠤ ᠬᠡᠷᠡᠭᠲᠡᠢ᠂ ᠡᠭᠦᠨ ᠳᠤ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠳᠠᠬᠤ ᠪᠣᠯᠪᠠᠴᠤ ᠡᠳᠡᠭᠡᠷ ᠲᠤ ᠯᠡ ᠬᠢᠵᠠᠭᠠᠷᠯᠠᠭᠳᠠᠬᠤ ᠦᠭᠡᠢ᠄  ︵1︶ ᠬᠠᠳᠠᠭᠠᠯᠠᠭᠰᠠᠨ ᠪᠠᠷᠠᠭ᠎ᠠ ᠶᠢ ᠬᠠᠷᠭᠤᠭᠤᠯᠤᠨ ᠪᠠᠶᠢᠴᠠᠭᠠᠬᠤ᠃  ᠬᠤᠳᠠᠯᠳᠤᠨ ᠠᠪᠬᠤ ᠲᠤᠬᠠᠶᠢᠯᠠᠭᠰᠠᠨ ᠠᠵᠢᠯ ᠳᠠᠭᠤᠰᠤᠭᠰᠠᠨ ᠤ ᠳᠠᠷᠠᠭ᠎ᠠ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ ᠬᠢᠨᠢ ᠪᠠᠶᠢᠳᠠᠯ ᠳᠤ ᠬᠠᠷᠭᠤᠭᠤᠯᠤᠨ ᠪᠠᠶᠢᠢᠴᠠᠭᠠᠯᠲᠠ ᠬᠢᠬᠦ ᠶᠢᠨ ᠬᠠᠮᠲᠤ ᠲᠡᠮᠳᠡᠭ ᠲᠠᠯᠪᠢᠵᠤ᠂ ᠬᠠᠳᠠᠭᠠᠯᠬᠠᠰᠠᠨ ᠪᠠᠷᠠᠭ᠎ᠠ ᠪᠠ ᠵᠢᠭᠡᠯᠡᠯᠭᠡ ᠶᠢᠨ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠡᠭᠦᠨ ᠤ ᠬᠠᠮᠲᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠨᠢᠭᠲᠠᠯᠠᠨ ᠪᠤᠳᠤᠬᠤ ᠲᠠᠩᠰᠠ᠂ ᠬᠦᠮᠣᠷᠭᠡᠯᠡᠨ ᠬᠠᠳᠠᠭᠠᠯᠠᠨ ᠬᠠᠮᠢᠶᠠᠷᠴᠣ ᠪᠠᠶᠢᠢᠭ᠎ᠠ ᠲᠠᠩᠰᠠ ᠬᠠᠷ᠎ᠠ ᠪᠠ ᠲᠤᠭ᠎ᠠ ᠪᠦᠷᠢᠳᠬᠡᠯ ᠤᠨ ᠲᠠᠩᠰᠠ ᠶᠢ ᠬᠠᠷᠭᠤᠭᠤᠯᠵᠤ᠂ ᠬᠠᠳᠠᠭᠠᠯᠬᠠᠰᠠᠨ ᠪᠠᠷᠠᠭ᠎ᠠ ᠪᠠ ᠵᠢᠭᠡᠯᠡᠯᠭᠡ ᠨᠢ ᠨᠡᠶᠢᠴᠡᠬᠦ ᠶᠢ ᠦᠨᠡᠨ ᠬᠦ ᠪᠠᠳᠣᠯᠠᠬᠤ ᠬᠡᠷᠩᠲᠠᠢ᠃   ︵2︶ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ᠃  ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ ᠳᠤ ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠪᠠ ᠲᠤᠬᠠᠢ ᠶᠢᠨ ᠲᠠᠯᠠᠪᠤᠷ ᠤᠨ ᠪᠣᠰᠤ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ ᠢ ᠠᠪᠤᠨ᠎ᠠ᠃   ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ᠃  ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠩᠯᠡᠭᠡᠣᠨ ᠪᠤᠶ ᠪᠣᠯᠣᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠦᠭᠦᠨ ᠢᠶᠠᠷ ᠨᠢ ᠬᠠᠷᠭᠤᠭᠤᠯᠤᠨ ᠪᠠᠶᠢᠴᠠᠭᠠᠬᠤ ᠬᠡᠪᠴᠢᠶᠡᠨ ᠳᠤ ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠳᠠᠭᠠᠯᠬᠠᠰᠠᠨ ᠪᠠᠷᠠᠭᠠᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠥᠪᠡᠷ ᠤᠨ ᠥᠷᠲᠡᠭ ᠵᠢᠴᠢ ᠬᠤᠪᠢᠷᠠᠯᠲᠠ ᠶᠢᠨ ᠪᠠᠶᠢᠳᠠᠯ ᠢ ᠨᠢ ᠡᠵᠡᠮᠰᠢᠬᠦ ᠬᠡᠷᠡᠭᠲᠡᠶ᠃  ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠤ ᠬᠠᠳᠠᠭᠠᠯᠠᠭᠰᠠᠨ ᠪᠠᠷᠠᠭ᠎ᠠ ᠳᠤ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠬᠢᠵᠦ᠂ ᠭᠠᠷᠠᠭ ᠪᠦᠷᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠬᠠᠳᠠᠭᠠᠯᠠᠯᠳᠡ ᠶᠢᠨ ᠲᠤᠭ᠎ᠠ ᠬᠡᠮᠵᠢᠶ᠎ᠡ ᠪᠠᠨ ᠮᠡᠳᠡᠭᠦᠯᠦᠨ ᠬᠦᠷᠭᠡᠵᠦ᠂ ᠬᠠᠳᠠᠭᠠᠯᠠᠭᠰᠠᠨ ᠪᠠᠷᠠᠭ᠎ᠠ ᠶᠢᠨ ᠲᠣᠬᠠᠢ ᠶᠢᠨ ᠴᠠᠭ ᠤᠨ ᠬᠤᠪᠢᠷᠠᠯᠲᠠ ᠶᠢᠨ ᠪᠠᠶᠢᠳᠠᠯ ᠢ ᠳᠠᠩᠰᠠᠯᠠᠨ ᠲᠡᠮᠳᠡᠭᠯᠡᠬᠦ ᠠᠵᠢᠯ ᠢᠶᠠᠨ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ ᠵᠡᠷᠭᠡ ᠴᠢᠬᠤᠯᠠ ᠶᠡᠭᠡ ᠵᠦᠢᠯᠡᠰ ᠢ ᠣᠯᠵᠤ ᠮᠡᠳᠡᠪᠡᠯ᠂ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃   ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ᠃  ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠵᠢᠭᠡᠯᠡᠯᠭᠡ ᠭᠤᠶᠤᠴᠢᠯᠬᠠᠰᠠᠨ ᠠᠵᠤ ᠠᠬᠤᠶᠢᠯᠠᠯ ᠤᠨ ᠨᠢᠭᠲᠠᠯᠠᠨ ᠪᠣᠳᠣᠬᠤ᠂ ᠲᠤᠭ᠎ᠠ ᠪᠦᠷᠢᠳᠭᠡᠯ᠂ ᠬᠠᠳᠠᠭᠠᠯᠠᠨ ᠬᠠᠮᠢᠶᠠᠷᠬᠤ ᠳᠠᠩᠰᠠ ᠬᠠᠷ᠎ᠠ ᠪᠠ ᠦᠪᠡᠷ ᠤᠨ ᠬᠢᠨ ᠪᠦᠷᠢᠳᠬᠡᠭᠰᠡᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ᠂ ᠪᠣᠳᠠᠲᠠᠶ ᠬᠠᠳᠠᠭᠠᠯᠠᠭᠰᠠᠨ ᠪᠠᠷᠠᠭ᠎ᠠ ᠶᠢ ᠬᠤᠷᠰᠢᠭᠰᠠᠨ ᠪᠠᠩᠬᠢ ᠯᠤᠭ᠎ᠠ ᠬᠠᠷᠭᠤᠭᠤᠯᠵᠦ᠂ ᠪᠠᠩᠬᠢ ᠪᠠ ᠠᠵᠤ ᠠᠬᠤᠶᠢᠯᠠᠯ ᠤᠨ ᠳᠠᠩᠰᠠ ᠪᠦᠷᠢ ᠨᠢ ᠬᠠᠷᠢᠯᠴᠠᠨ ᠨᠡᠶᠢᠴᠡᠬᠦ᠂ ᠠᠵᠤ ᠠᠬᠤᠶᠢᠯᠠᠯ ᠤᠨ ᠳᠠᠩᠰᠠ ᠨᠢ ᠪᠣᠳᠠᠲᠠᠶ ᠲᠠᠢ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ᠃   3. ᠪᠤᠴᠠᠭᠠᠨ ᠬᠤᠷᠢᠶᠠᠬᠤ ᠬᠠᠮᠢᠶᠠᠷᠣᠯᠳᠡ᠃   ︵1︶ ᠬᠤᠳᠠᠯᠳᠤᠬᠤ ᠳᠤ ᠪᠠᠨ ᠨᠡᠪᠲᠡᠷᠡᠭᠦᠯᠦᠨ ᠮᠡᠳᠡᠬᠡᠯᠡᠬᠦ᠃  ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠬᠤᠳᠠᠯᠳᠤᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠴᠠᠭ ᠲᠤᠬᠠᠶ ᠳᠤ ᠨᠢ ᠨᠡᠪᠲᠡᠷᠡᠭᠦᠯᠦᠨ ᠮᠡᠳᠡᠬᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠬᠡᠯᠡᠬᠦ ᠪᠣᠳᠠᠲᠠᠶ ᠠᠷᠭ᠎ᠠ ᠮᠠᠶ᠋ᠢᠭ ᠢᠶᠠᠨ ᠭᠤᠷᠪᠠᠨ ᠪᠠᠶᠢᠭᠤᠯᠤᠮᠵᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠳᠠᠭᠠᠬᠤ ᠬᠡᠷᠩᠲᠠᠢ᠃  ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠣᠴᠢᠯᠬᠠᠰᠠᠨ ᠠᠵᠤ ᠠᠬᠤᠶᠢᠯᠠᠯ ᠤᠨ ᠬᠠᠩᠭᠠᠭᠰᠠᠨ ᠪᠣᠷᠣᠯᠠᠭᠤᠯᠬᠤ ᠮᠡᠳᠡᠭᠡ ᠵᠠᠩᠭᠢ ᠪᠠᠷ᠂ ᠬᠠᠳᠠᠭᠠᠯᠠᠭᠰᠠᠨ ᠪᠠᠷᠠᠭ᠎ᠠ ᠶᠢᠨ ᠲᠡᠮᠳᠡᠭ ᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠶᠢᠨ ᠪᠣᠷᠣᠯᠠᠭᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃   ︵2︶ ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃  ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠣᠷᠣᠯᠠᠭᠤᠯᠬᠤ ᠳᠤ ᠬᠤᠷᠰᠢᠭᠰᠠᠨ ᠪᠠᠩᠬᠢ ᠶᠢᠨ ᠨᠡᠭᠡᠭᠡᠭᠰᠡᠨ ᠪᠣᠷᠣᠯᠠᠭᠤᠯᠭ᠎ᠠ ᠶᠢᠨ ᠵᠤᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠶᠢ ᠬᠡᠷᠩᠯᠡᠨ ᠳ᠋ᠦᠩᠨᠡᠨ ᠪᠣᠳᠣᠵᠣ᠂ ᠪᠡᠯᠡ ᠮᠦᠩᠭᠦ ᠶᠢᠨ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠠᠶᠤᠯ ᠦᠭᠡᠶ ᠪᠠᠷ ᠡᠭᠡᠭᠦᠯᠦᠨ ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠵᠢᠭᠡᠯᠡᠯᠭᠡ ᠭᠤᠶᠣᠴᠢᠯᠬᠠᠰᠠᠨ ᠠᠵᠤ ᠠᠬᠤᠶᠢᠯᠠᠯ ᠨᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠨ ᠬᠤᠳᠠᠯᠳᠣᠭᠠᠣᠨ ᠬᠠᠳᠠᠭᠠᠯᠠᠯᠲᠠ ᠶᠢᠨ ᠪᠠᠷᠠᠭ᠎ᠠ ᠪᠣᠢ ᠪᠣᠯᠣᠭᠰᠠᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠡᠬᠡ ᠮᠥᠩᠭᠦ ᠪᠠᠨ ᠴᠠᠭ ᠲᠤᠬᠠᠶ ᠳᠤ ᠨᠢ ᠪᠤᠴᠠᠭᠠᠨ ᠠᠪᠬᠤ ᠬᠡᠷᠡᠭᠲᠡᠶ᠃  ᠵᠢᠭᠡᠯᠡᠯᠭᠡ ᠶᠢᠨ ᠡᠬᠡ ᠮᠥᠩᠭᠦ ᠪᠠᠨ ᠪᠦᠷᠢᠮᠦᠰᠦᠨ ᠡᠭᠡᠭᠦᠯᠵᠦ ᠬᠤᠷᠢᠶᠠᠬᠤ ᠠᠴᠠ ᠡᠮᠦᠨ᠎ᠡ᠂ ᠵᠢᠭᠡᠯᠡᠯᠭᠡ ᠭᠤᠶᠣᠴᠢᠯᠬᠠᠰᠠᠨ ᠠᠵᠤ ᠠᠬᠤᠶᠢᠯᠠᠯ ᠤᠨ ᠲᠣᠭᠲᠠᠭᠠᠯ ᠠᠴᠠ ᠵᠦᠷᠢᠴᠠᠵᠣ ᠪᠡᠯᠡ ᠮᠥᠩᠭᠦ ᠨᠡᠭᠦᠯᠭᠡᠨ ᠬᠡᠷᠩᠯᠡᠭᠦ᠂ ᠪᠣᠷᠣᠯᠠᠭᠤᠯᠭ᠎ᠠ ᠶᠢᠨ ᠵᠤᠭᠤᠰ ᠢᠶᠠᠨ ᠡᠪᠬᠡᠭᠦᠯᠦᠨ ᠬᠤᠷᠢᠶᠠᠬᠤ ᠪᠣᠰᠣᠳ ᠳᠠᠩᠰᠠᠨ ᠡᠷᠦᠬᠡ ᠨᠡᠭᠡᠭᠡᠭᠦ ᠵᠢᠴᠢ ᠵᠣᠭᠤᠰ ᠢᠶᠠᠨ ᠴᠠᠭ ᠲᠤ ᠪᠠᠨ ᠪᠤᠴᠠᠭᠠᠭᠰᠠᠨ ᠦᠭᠡᠶ ᠪᠠᠶᠢᠬᠤ ᠶᠢ ᠣᠯᠵᠤ ᠮᠡᠳᠡᠪᠡᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ᠂ ᠲᠡᠭᠦᠨ ᠢ ᠠᠵᠤ ᠠᠬᠤᠶᠢᠯᠠᠯ ᠤᠨ ︽ᠬᠠᠷ᠎ᠠ ᠳᠠᠩᠰᠡ︾ ᠳᠤ ᠵᠢᠭᠰᠠᠭᠠᠨ ᠣᠷᠣᠭᠤᠯᠬᠤ ᠶᠢᠨ ᠬᠠᠮᠲᠤ᠂ ︽ᠬᠠᠷ᠎ᠠ ᠳᠠᠩᠰᠠ︾ ᠶᠢᠨ ᠪᠠᠶᠢᠳᠠᠯ ᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠤᠶᠢᠢᠰᠢᠲᠠ ᠡᠯ᠎ᠡ ᠵᠦᠢᠯ ᠤᠨ ᠡᠳ᠋ ᠤᠨ ᠵᠠᠰᠠᠭ ᠤᠨ ᠲᠡᠳᠬᠦᠮᠵᠢ ᠶᠢᠨ ᠪᠡᠯᠡ ᠮᠥᠩᠭᠦ ᠶᠢ ᠬᠦᠷᠲᠡᠵᠦ ᠪᠣᠯᠬᠤ ᠦᠭᠡᠶ᠃   ︵ᠬᠤᠶᠠᠷ︶ ᠬᠤᠭᠤᠴᠠᠭ᠎ᠠ ᠬᠡᠳᠣᠷᠡᠭᠦ᠂ ᠣᠷᠣᠯᠠᠨ ᠲᠦᠯᠥᠬᠦ ᠪᠠ ᠨᠡᠬᠡᠮᠵᠢᠯᠡᠨ ᠠᠪᠬᠤ᠃  ᠵᠢᠭᠡᠯᠡᠯᠭᠡ ᠶᠢᠨ ᠬᠤᠭᠤᠴᠠᠭ᠎ᠠ ᠲᠤᠯᠬᠤ ᠠᠴᠠ 60 ᠡᠳᠦᠷ ᠤᠨ ᠡᠮᠦᠨ᠎ᠡ᠂ ᠬᠤᠷᠰᠢᠭᠰᠠᠨ ᠪᠠᠩᠬᠢ ᠪᠣᠯᠤᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠳᠤ ᠵᠣᠭᠤᠰ ᠢᠶᠠᠨ ᠪᠤᠴᠠᠭᠠᠬᠤ ᠡᠭᠦᠷᠭᠡ ᠪᠠᠨ ᠴᠠᠭ ᠲᠤ ᠪᠠᠨ ᠭᠦᠢᠴᠡᠳᠬᠡᠬᠦ ᠶᠢ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃  ᠠᠵᠤ ᠠᠬᠤᠶᠢᠯᠠᠯ ᠤᠨ ᠵᠢᠭᠡᠯᠡᠯᠭᠡ ᠨᠢ ᠬᠤᠭᠤᠴᠠᠭ᠎ᠠ ᠠᠴᠠ ᠬᠡᠳᠣᠷᠡᠭᠦ ᠦᠶ᠎ᠡ ᠳᠤ᠂ ᠬᠤᠷᠰᠢᠭᠰᠠᠨ ᠪᠠᠩᠬᠢ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠲᠠᠰᠤ ᠪᠠᠷ ᠮᠡᠳᠡᠭᠳᠡᠬᠦ᠂ ᠪᠣᠳᠠᠲᠠᠶ ᠭᠠᠵᠠᠷ ᠲᠤ ᠨᠢ ᠬᠦᠷᠴᠣ ᠨᠡᠭᠡᠮᠵᠢᠯᠡᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠵᠣᠭᠤᠰ ᠢᠶᠠᠨ ᠲᠦᠷᠭᠡᠬᠡᠨ ᠪᠤᠴᠠᠭᠠᠬᠤ ᠪᠠᠷ ᠰᠢᠮᠳᠠᠭᠤᠯᠵᠣ᠂ ᠣᠯᠠᠨ ᠤᠳᠠᠭ᠎ᠠ ᠨᠡᠬᠡᠮᠵᠢᠯᠡᠨ ᠬᠤᠷᠢᠶᠠᠬᠰᠠᠨ ᠳᠤ ᠳ᠋ᠦᠩ ᠭᠠᠷᠤᠭᠰᠠᠨ ᠥᠬᠡᠶ ᠮᠥᠷᠲᠡᠭᠡᠨ 3 ᠰᠠᠷ᠎ᠠ ᠠᠴᠠ ᠳᠡᠭᠡᠭᠰᠢ ᠬᠤᠭᠤᠴᠠᠭ᠎ᠠ ᠬᠡᠳᠦᠷᠡᠭᠰᠡᠨ ᠪᠠᠶᠢᠢᠪᠠᠯ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ᠂ ᠭᠦᠳᠦᠯᠦᠨ ᠵᠢᠯᠣᠭᠤᠳᠬᠤ ᠪᠠᠯᠠ ᠮᠥᠩᠭᠦ ᠶᠢ ᠨᠢ ᠬᠤᠪᠢᠶᠠᠷᠢᠯᠠᠨ ᠰᠠᠭᠤᠯᠭᠠᠬᠤ ᠲᠠᠰ ᠳᠠᠷᠠᠭᠠᠯᠠᠯ ᠳᠤ ᠣᠷᠣᠭᠤᠯᠤᠨ᠎ᠠ᠃  ᠡᠩ ᠲᠡᠷᠢᠭᠦᠨ ᠳᠤ ᠠᠵᠤ ᠠᠬᠤᠶᠢᠯᠠᠯ ᠪᠣᠯᠤᠨ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠦᠦ ᠮᠦᠩᠭᠦ ᠶᠢᠨ ᠣᠷᠣᠯᠭ᠎ᠠ ᠶᠢ ᠰᠠᠭᠤᠯᠭᠠᠨ ᠠᠪᠴᠣ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ ᠡᠬᠡ ᠭᠦᠣ ᠮᠥᠩᠭᠦ ᠶᠢ ᠣᠷᠣᠯᠠᠨ ᠲᠥᠯᠥᠵᠦ᠂ ᠬᠦᠷᠦᠯᠴᠡᠬᠦ ᠦᠭᠡᠶ ᠬᠡᠰᠡᠭ ᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ︶ ᠪᠣᠯᠤᠨ ᠬᠤᠷᠰᠢᠭᠰᠠᠨ ᠪᠠᠩᠬᠢ 7᠄ 3 ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃  ᠬᠤᠷᠰᠢᠭᠰᠠᠨ ᠪᠠᠩᠬᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ ᠢ ᠰᠠᠶᠢᠲᠤᠷ ᠬᠢᠵᠦ᠂ ᠲᠦᠯᠣᠪᠣᠷᠢ ᠶᠢ ᠨᠡᠭᠡᠮᠵᠢᠯᠡᠭᠡᠣᠨ ᠳ᠋ᠦᠩ ᠭᠠᠷᠤᠭᠰᠠᠨ ᠦᠭᠡᠶ ᠪᠤᠯ ᠴᠠᠭ ᠲᠤᠬᠠᠶ ᠳᠤ ᠨᠢ ᠬᠠᠣᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠵᠠᠷᠭᠤ ᠬᠢᠬᠦ ᠬᠡᠷᠡᠭᠳᠡᠢ᠂ ᠡᠨᠡ ᠬᠦ ᠬᠤᠭᠤᠴᠠᠭᠠᠨ ᠳᠤ ᠡᠭᠦᠰᠣᠭ᠍ᠰᠡᠨ ᠵᠠᠷᠭᠤ ᠶᠢᠨ ᠵᠠᠷᠤᠳᠠᠯ᠂ ᠭᠦᠢᠴᠡᠳᠬᠡᠬᠦ ᠵᠠᠷᠤᠳᠠᠯ᠂ ᠦᠨᠡᠯᠡᠨ ᠵᠢᠱᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠲᠦᠭᠰᠢᠭᠦᠷᠢ ᠶᠢ ᠳᠠᠭᠠᠭᠠᠨ ᠡᠭᠦᠷᠭᠡᠯᠡᠬᠦ ᠬᠠᠷᠢᠴᠠᠯ ᠶᠣᠰᠣᠭᠠᠷ ᠲᠡᠰᠬᠡᠨ ᠨᠣᠭᠳᠠᠭᠤᠯᠬᠤ ᠬᠡᠷᠡᠭᠲᠡᠶ᠃   ︵ᠭᠤᠷᠪᠠ︶ ᠬᠦᠲᠦᠯᠦᠨ ᠵᠢᠯᠣᠭᠤᠳᠬᠤ ᠪᠠᠯᠠ ᠮᠦᠩᠭᠦᠨ ᠤ ᠲᠦᠭᠰᠢᠭᠦᠷᠢ ᠶᠢ ᠰᠡᠷᠡᠮᠵᠢᠯᠡᠭᠦᠯᠬᠦ ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠷ᠎ᠠ ᠪᠦᠷᠢ ᠬᠤᠷᠰᠢᠭᠰᠠᠨ ᠪᠠᠩᠬᠢ ᠯᠤᠭ᠎ᠠ ᠲᠦᠭᠰᠢᠭᠦᠷᠢ ᠶᠢ ᠣᠷᠣᠯᠠᠨ ᠲᠥᠯᠥᠬᠦ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠬᠠᠷᠭᠤᠭᠤᠯᠬᠤ ᠶᠢᠨ ᠬᠠᠮᠲᠤ᠂ ᠬᠡᠷᠡᠭᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠵᠡᠷᠭᠡ ᠳᠤ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠦᠲᠦᠯᠦᠨ ᠵᠢᠯᠣᠭᠤᠳᠬᠤ ᠪᠡᠯᠡ ᠮᠦᠩᠭᠦᠨ ᠤ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠦᠭᠰᠢᠭᠦᠷᠢ ᠳᠤ ᠬᠢᠨᠠᠨ ᠰᠢᠨᠵᠢᠯᠲᠡ ᠬᠢᠵᠦ᠂ ᠬᠦᠲᠦᠯᠦᠨ ᠵᠢᠯᠣᠭᠤᠳᠬᠤ ᠪᠡᠯᠡ ᠮᠦᠩᠭᠦ ᠶᠢᠨ ᠣᠷᠣᠯᠠᠨ ᠲᠦᠯᠣᠭ᠍ᠰᠡᠨ ᠨᠣᠷᠮ᠎ᠠ ᠶᠢᠨ ᠨᠠᠶᠢᠢᠯᠡᠪᠣᠷᠢ ᠨᠢ 3% ᠠᠴᠠ ᠳᠡᠭᠡᠭᠰᠢ ᠪᠣᠯᠬᠤ ᠦᠶ᠎ᠡ ᠳᠤ ︵ᠲᠤᠰ ᠵᠢᠯ ᠣᠷᠣᠯᠠᠨ ᠲᠦᠯᠣᠭ᠍ᠰᠡᠨ ᠲᠤᠭ᠎ᠠ ᠶᠢᠨ ᠨᠠᠶᠢᠢᠯᠡᠪᠣᠷᠢ / ᠲᠤᠰ ᠵᠢᠯ ᠪᠤᠴᠠᠭᠠᠭᠰᠠᠨ ᠵᠣᠭᠤᠰᠣᠨ ᠤ ᠲᠤᠭ᠎ᠠ ᠶᠢᠨ ᠨᠠᠶᠢᠢᠯᠡᠪᠣᠷᠢ  100%︶᠂ ᠬᠠᠳᠠᠭᠠᠯᠠᠯᠳᠡ ᠶᠢᠨ ᠲᠤᠭ᠎ᠠ ᠬᠡᠮᠵᠢᠶ᠎ᠠ ᠶᠢᠨ ᠲᠤᠬᠠᠶᠢᠯᠠᠭᠰᠠᠨ ᠠᠵᠢᠯ ᠠᠴᠠ ᠭᠠᠳᠠᠨ᠎ᠠ᠂ ᠰᠢᠨ᠎ᠡ ᠪᠠᠷ ᠨᠡᠮᠡᠭᠳᠡᠭᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃  ᠬᠤᠷᠰᠢᠭᠰᠠᠨ ᠪᠠᠩᠬᠢ ᠪᠣᠯᠤᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠢᠭᠡᠨᠲᠡ ᠡᠭᠦᠰᠦᠭᠰᠡᠨ ᠡᠷᠡᠭᠦᠯ ᠪᠣᠰᠣ ᠵᠢᠭᠡᠯᠡᠯᠭᠡ ᠶᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ ᠪᠠᠨ ᠡᠷᠬᠡᠪᠰᠢ ᠦᠷᠭᠦᠯᠵᠢᠯᠡᠨ ᠭᠦᠢᠴᠡᠳᠬᠡᠵᠦ᠂ ᠣᠷᠣᠯᠠᠨ ᠲᠥᠯᠥᠬᠦ ᠨᠣᠷᠮ᠎ᠠ ᠨᠢ ᠰᠡᠷᠡᠮᠵᠢᠯᠡᠭᠦᠯᠬᠦ ᠱᠤᠭᠤᠮ ᠠᠴᠠ ᠳᠣᠣᠷ᠎ᠠ ᠪᠣᠯᠤᠭᠰᠠᠨ ᠤ ᠳᠠᠷᠠᠭ᠎ᠠ᠂ ᠲᠤᠬᠠᠶᠢᠯᠠᠭᠰᠠᠨ ᠠᠵᠢᠯ ᠢᠶᠠᠨ ᠳᠠᠬᠢᠵᠤ ᠥᠷᠨᠢᠭᠦᠯᠵᠦ ᠪᠣᠯᠤᠨ᠎ᠠ᠃   ︵ᠲᠦᠷᠪᠡ︶ ᠠᠯᠳᠠᠰᠢ ᠶᠢ ᠠᠭᠤᠴᠢᠯᠠᠵᠦ ᠵᠠᠯᠠᠷᠠᠭᠤᠯᠬᠤ᠃  ᠠᠵᠢᠯ ᠲᠣᠮᠳᠡ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠢ ᠨᠡᠶᠢᠴᠡᠬᠦ ᠦᠢᠯᠡ ᠠᠵᠢᠯᠯᠠᠭ᠎ᠠ ᠢᠯᠡᠷᠡᠭᠰᠡᠨ ᠪᠠᠶᠢᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠳᠠᠰᠢ ᠶᠢ ᠨᠢ ᠠᠭᠤᠴᠢᠯᠠᠨ ᠰᠢᠢᠳᠪᠦᠷᠢᠯᠡᠵᠦ ᠪᠣᠯᠤᠨ᠎ᠠ᠄  1. ᠠᠵᠤ ᠠᠬᠤᠶᠢᠯᠠᠯ ᠨᠢ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠪᠤᠶᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠴᠠ ᠪᠣᠯᠵᠣ ᠲᠥᠷᠥᠯ ᠵᠦᠢᠯ ᠤᠨ ᠠᠬᠢᠯᠳᠡ ᠪᠠ ᠬᠡᠷᠩᠵᠢᠭᠦᠯᠭᠦ ᠶᠢᠨ ᠦᠷ᠎ᠡ ᠳ᠋ᠦᠩ ᠢ ᠨᠥᠯᠥᠭᠡᠯᠡᠭᠰᠡᠨ︔  2. ᠬᠠᠷᠢᠭᠤᠴᠠᠯᠭᠠᠲᠤ ᠰᠠᠯᠠᠭ᠎ᠠ ᠮᠥᠴᠢᠷ ᠨᠢ ᠲᠥᠷᠥᠯ ᠵᠦᠢᠯ ᠢ ᠠᠬᠢᠭᠤᠯᠬᠤ ᠶᠠᠪᠤᠴᠠ ᠳᠤ᠂ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠶ ᠥᠬᠡᠶ᠂ ᠤᠷᠢᠳ ᠢᠶᠠᠷ ᠬᠡᠷᠩᠵᠢᠭᠦᠯᠵᠦ ᠲᠣᠷᠰᠢᠭᠰᠠᠨ᠂ ᠲᠤᠷᠰᠢᠯᠭ᠎ᠠ ᠳᠤᠲᠠᠮᠠᠭ ᠠᠴᠠ ᠪᠣᠯᠵᠣ᠂ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠬᠦᠷᠭᠡᠭᠰᠡᠨ ᠦᠭᠡᠢ︔  3. ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠳᠤ ᠦᠢᠯᠡᠴᠢᠯᠡᠬᠦ ᠲᠣᠮᠳᠡ ᠭᠦᠴᠣᠨ ᠴᠢᠳᠠᠪᠣᠷᠢ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢᠨ ᠲᠥᠯᠥᠭᠡ ᠵᠣᠬᠢᠬᠤ ᠬᠡᠮᠵᠢᠶᠡᠨ ᠤ ᠦ ᠰᠡᠪ ᠭᠠᠷᠭᠠᠭᠰᠠᠨ ᠪᠣᠯᠪᠠᠴᠤ ᠬᠤᠬᠢᠷᠠᠯ ᠤᠴᠠᠷᠠᠭᠤᠯᠤᠭᠰᠠᠨ ᠦᠭᠡᠢ︔  4. ᠬᠠᠷᠢᠭᠤᠴᠠᠯᠭᠠᠲᠤ ᠰᠠᠯᠠᠭ᠎ᠠ ᠮᠥᠴᠢᠷ ᠪᠤᠶᠤ ᠬᠤᠯᠪᠣᠭᠳᠠᠯ ᠪᠥᠬᠦᠶ ᠨᠢᠭᠡᠴᠢ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠶ ᠥᠬᠡᠶ ᠠᠴᠠ ᠪᠣᠯᠵᠣ᠂ ᠪᠤᠰᠤᠳᠴᠢ ᠨᠥᠬᠦᠴᠡᠯ ᠳᠤ ᠬᠢᠵᠠᠭᠠᠷᠯᠠᠭᠳᠠᠵᠤ᠂ ᠬᠡᠷᠩᠵᠢᠭᠦᠯᠭᠦ ᠶᠢᠨ ᠦᠷ᠎ᠡ ᠳ᠋ᠦᠩ ᠢ ᠨᠥᠯᠥᠭᠡᠯᠡᠭᠰᠡᠨ︔  5. ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠨᠢ ᠨᠢᠭᠡᠳᠦᠯ ᠦᠭᠡᠶ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠨᠢ ᠲᠣᠳᠣᠷᠬᠠᠶ ᠦᠭᠡᠶ᠂ ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠣ ᠬᠠᠮᠢᠶᠠᠷᠬᠤ ᠶᠢᠨ ᠬᠤᠭᠤᠰᠣᠨ ᠵᠦᠢᠯ ᠳᠤ ᠬᠠᠷᠢᠶᠠᠯᠠᠭᠳᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠢᠵᠣ᠂ ᠠᠰᠠᠭᠤᠳᠠᠯ ᠢ ᠰᠢᠢᠳᠪᠦᠷᠢᠯᠡᠨ᠂ ᠬᠤᠬᠢᠷᠠᠯ ᠤᠴᠠᠷᠠᠭᠤᠯᠤᠭᠰᠠᠨ ᠦᠭᠡᠶ︔  6. ᠠᠯᠳᠠᠰᠢ ᠶᠢ ᠨᠢ ᠠᠭᠤᠴᠢᠯᠠᠬᠤ ᠪᠤᠰᠤᠳ ᠪᠠᠶᠢᠳᠠᠯ ᠳᠤ ᠨᠠᠶᠢᠢᠴᠡᠭᠦ᠃   ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ︵ᠨᠢᠭᠡ︶ ᠬᠢᠨᠠᠮᠠᠭᠠᠶ ᠵᠣᠬᠢᠶᠠᠨ ᠪᠠᠶᠢᠢᠭᠤᠯᠵᠣ ᠬᠡᠷᠡᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠶ᠃   ︵ᠬᠤᠶᠠᠷ︶ ᠪᠠᠯᠠ ᠮᠦᠩᠭᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠥᠲᠥᠯᠥᠨ ᠵᠢᠯᠣᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠦᠩᠭᠦᠨ ᠤ ᠲᠥᠰᠦᠪ ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭᠠᠨ ᠥᠭᠬᠦ ᠪᠠ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃  ᠠᠶᠢᠮᠠᠭ ᠬᠤᠲᠠ [ ᠬᠤᠰᠢᠭᠤ ᠰᠢᠶᠠᠨ ︵ᠬᠤᠲᠠ᠂ ᠲᠣᠭᠤᠷᠢᠭ︶ ] ᠶᠢᠨ ᠡᠳ᠋ ᠤᠨ ᠵᠠᠰᠠᠭ ᠨᠢ ᠲᠤᠬᠠᠶ ᠶᠢᠨ ᠭᠠᠵᠠᠷ ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠵᠣᠭᠤᠰᠣᠨ ᠤ ᠲᠤᠭ᠎ᠠ ᠪᠠᠷ ᠢᠵᠢ ᠪᠦᠷᠢᠳᠦᠭᠦᠯᠬᠦ ᠪᠡᠯᠡ ᠮᠦᠩᠭᠦ ᠶᠢᠨ ᠲᠥᠰᠦᠪ ᠤᠨ ᠲᠣᠬᠢᠷᠠᠭᠤᠯᠤᠯᠲᠠ ᠵᠢᠴᠢ ᠰᠠᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃    ︵ᠭᠤᠷᠪᠠ︶ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ᠎ᠠ᠃  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠬᠥᠲᠥᠴᠢ ᠠᠵᠤ ᠠᠬᠤᠶᠢᠯᠠᠯ ᠤᠨ ᠨᠡᠷᠡᠰ ᠢ ᠪᠠᠶᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ ᠮᠡᠳᠡᠭᠡ ᠵᠠᠩᠭᠢ ᠳᠠᠮᠵᠢᠭᠤᠯᠤᠨ ᠬᠦᠷᠭᠡᠬᠦ ᠵᠡᠷᠭᠡ ᠠᠵᠢᠯ ᠢ ᠰᠠᠶᠢᠲᠤᠷ ᠬᠢᠭᠦ ᠬᠡᠷᠩᠲᠠᠢ᠃  ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠤᠨ ︽ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠵᠤ᠂ ᠵᠢᠭᠡᠯᠡᠯᠭᠡ ᠭᠤᠶᠣᠴᠢᠯᠠᠭᠰᠠᠨ ᠠᠵᠤ ᠠᠬᠤᠶᠢᠯᠠᠯ ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠨᠡᠭᠦᠯᠭᠡᠨ ᠬᠡᠷᠩᠯᠡᠭᠦ᠂ ᠪᠣᠷᠣᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠣᠰᠣᠳ ᠬᠦᠤ ᠳᠠᠩᠰᠠᠨ ᠡᠷᠦᠬᠡ ᠪᠠᠶᠢᠢᠭᠤᠯᠬᠤ᠂ ᠮᠠᠭᠤ ᠣᠬᠠᠭᠠᠯᠠᠵᠦ ᠥᠷᠢ ᠥᠭᠴᠡᠭᠡ ᠠᠴᠠ ᠳᠤᠲᠠᠭᠠᠨ ᠵᠠᠶᠢᠯᠠᠬᠤ ᠠᠴᠠ ᠪᠣᠯᠵᠤ ᠬᠥᠲᠥᠯᠥᠨ ᠵᠢᠯᠤᠭᠤᠳᠬᠤ ᠪᠠᠯᠠ ᠮᠥᠩᠭᠦ ᠶᠢ ᠬᠤᠬᠢᠷᠠᠭᠤᠯᠣᠨᠨᠰᠠᠨ ᠪᠠᠶᠢᠢᠪᠠᠯ᠂ ᠠᠵᠤ ᠠᠬᠤᠶᠢᠯᠠᠯ ᠤᠨ ︽ᠬᠠᠷ᠎ᠠ ᠳᠠᠩᠰᠠ︾ ᠳᠤ ᠣᠷᠣᠭᠤᠯᠵᠣ ᠬᠠᠮᠢᠶᠠᠷᠬᠤ ᠬᠡᠷᠩᠲᠠᠢ᠃     ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠲᠥᠯᠥᠨ ᠵᠢᠯᠣᠭᠤᠳᠴᠤ ᠪᠠᠯᠠ ᠮᠦᠩᠭᠦ ᠬᠡᠷᠡᠭᠯᠡᠭᠰᠡᠨ ᠪᠠᠶᠢᠳᠠᠯ ᠢ ᠰᠢᠯᠭᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号