ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/31
 ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃   ᠥᠪᠥᠷ  ᠮᠣᠩᠭᠤᠯ   ᠤᠨ  ᠥᠪᠡᠷᠲᠡᠭᠡᠨ  ᠵᠠᠰᠠᠬᠤ  ᠣᠷᠣᠨ   ᠤ  ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ  ᠨᠢᠭᠡᠳᠦᠭᠡᠷ ᠪᠦᠯᠦᠭ    ᠶᠡᠷᠦᠩᠬᠡᠶ ᠲᠦᠷᠢᠮ  ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 735 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃   ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠥᠬᠡᠬᠤᠲᠠ ᠳᠠᠬᠢ ᠲᠥᠪ ᠤᠨ ᠰᠢᠭᠤᠳ ᠬᠠᠷᠢᠶ᠎ᠠ ᠪᠠᠶᠢᠢᠭᠤᠯᠭ᠎ᠠ ᠪᠣᠯᠤᠨ ᠲᠥᠪ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠠᠵᠢᠯᠴᠢᠨ ᠲᠤᠰ ᠠᠷᠭ᠎ᠠ ᠶᠢᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠨ᠎ᠠ᠃   ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠨᠢ ᠪᠦᠬᠦ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠢ ᠨᠢᠭᠡᠳᠦᠯᠲᠡᠶ ᠤᠳᠤᠷᠢᠳᠬᠤ ᠪᠠ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠬᠤ ᠪᠠ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠠ︔ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠪᠠ ᠬᠠᠮᠢᠶᠠᠷᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠣᠳᠣᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ︔ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠬᠤᠷᠢᠶᠠᠬᠤ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ ᠤᠨ ᠠᠮᠤᠷ ᠲᠦᠪᠰᠢᠨ᠂ ᠲᠦᠭᠰᠢᠭᠦᠷᠢ ᠶᠢᠨ ᠬᠠᠮᠢᠶᠠᠷᠤᠯᠲᠠ ᠪᠠ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠦᠢᠯᠡᠴᠢᠯᠡᠭᠡᠨ ᠤ ᠵᠥᠪᠯᠡᠯᠴᠡᠭᠡᠷ ᠢ ᠬᠠᠮᠢᠶᠠᠷᠬᠤ᠂ ᠵᠠᠷᠤᠳᠠᠯ ᠢ ᠬᠢᠨᠠᠨ ᠡᠵᠡᠮᠳᠡᠬᠦ᠂ ᠰᠠᠭᠤᠷᠢ ᠮᠥᠩᠭᠦ ᠰᠠᠯᠭᠠᠨ ᠥᠭᠬᠦ᠂ ᠣᠯᠭᠤᠮᠵᠢ ᠶᠢ ᠬᠢᠨᠠᠨ ᠬᠠᠷᠭᠤᠭᠤᠯᠬᠤ ᠵᠢᠴᠢ ᠣᠯᠭᠤᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ᠂ ᠨᠡᠶᠢᠭᠡᠮ ᠳᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠳᠡ ᠶᠢ ᠬᠦᠯᠢᠶᠡᠬᠦ ᠬᠡᠷᠡᠭᠲᠡᠶ᠃   ᠬᠤᠶᠠᠳᠤᠭᠠᠷ ᠪᠦᠯᠦᠭ    ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ  ᠳᠥᠷᠪᠡᠳᠦᠭᠡᠷ ᠵᠦᠢᠯ   ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠳᠠᠭᠠᠳᠬᠠᠯ ᠳᠤ ᠣᠷᠣᠯᠴᠠᠭᠰᠠᠨ ᠨᠢᠭᠡᠴᠢ ᠪᠣᠯᠣᠨ ᠳᠠᠭᠠᠳᠬᠠᠯ ᠳᠤ ᠣᠷᠣᠯᠴᠠᠭᠴᠢ ᠬᠠᠮᠲᠤ ᠪᠠᠷ ᠲᠤᠰᠢᠶᠠᠨ᠎ᠠ᠃ ᠲᠤᠰᠢᠶᠠᠬᠤ ᠰᠠᠭᠤᠷᠢ ᠲᠤᠭ᠎ᠠ ᠶᠢ ᠤᠨ ᠳᠤ ᠪᠠᠨ ᠨᠢᠭᠡ ᠤᠳᠠᠭ᠎ᠠ ᠬᠠᠷᠭᠤᠭᠤᠯᠤᠨ ᠲᠣᠭᠲᠠᠭᠠᠵᠤ᠂ ᠵᠢᠯ ᠤᠨ ᠳᠣᠲᠣᠷ᠎ᠠ ᠲᠠᠬᠢᠵᠤ ᠲᠣᠬᠢᠷᠠᠭᠤᠯᠤᠯᠲᠠ ᠬᠢᠬᠦ ᠥᠬᠡᠶ᠃ ᠲᠤᠰᠢᠶᠠᠬᠤ ᠪᠠᠷᠢᠮᠵᠢᠶ᠎ᠠ ᠨᠢ᠄  ︵ᠨᠢᠭᠡ︶ ᠳᠠᠭᠠᠳᠬᠠᠯ ᠳᠤ ᠣᠷᠤᠯᠴᠠᠬᠤ ᠨᠢᠭᠡᠴᠢ ᠨᠢ ᠳᠡᠭᠡᠷ᠎ᠡ ᠵᠢᠯ ︵ᠲᠤᠬᠠᠶᠢᠯᠠᠭᠰᠠᠨ ᠠᠵᠢᠯ ᠤᠨ ᠵᠢᠯ︶ ᠤᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 7% ᠪᠠᠷ ᠲᠤᠰᠢᠶᠠᠨ᠎ᠠ᠃   ︵ᠬᠤᠶᠠᠷ︶ ᠳᠠᠭᠠᠳᠬᠠᠯ ᠳᠤ ᠣᠷᠣᠯᠴᠠᠭᠴᠢ ᠳᠡᠭᠡᠷ᠎ᠡ ᠵᠢᠯ ︵ᠲᠤᠬᠠᠶᠢᠯᠠᠭᠰᠠᠨ ᠠᠵᠢᠯ ᠤᠨ ᠵᠢᠯ ︶ ᠤᠨ ᠴᠠᠯᠢᠩ ᠤᠨ ᠣᠷᠣᠯᠭ᠎ᠠ ᠶᠢᠨ 2% ᠢᠶᠠᠷ ᠲᠤᠰᠢᠶᠠᠨ᠎ᠠ᠃   ︵ᠭᠤᠷᠪᠠ︶ ᠠᠮᠢᠳᠤᠯᠢᠭ ᠢᠶᠠᠷ ᠠᠵᠢᠯ ᠣᠯᠤᠭᠰᠠᠳ ᠤᠨ ᠲᠤᠰᠢᠶᠠᠬᠤ ᠵᠠᠷᠣᠳᠠᠯ ᠤᠨ ᠨᠣᠷᠮ᠎ᠠ ᠨᠢ ᠳᠠᠭᠠᠳᠬᠠᠯ ᠳᠤ ᠣᠷᠣᠯᠴᠠᠭᠰᠠᠨ ᠨᠢᠭᠡᠴᠢ ᠬᠢᠭᠡᠳ ᠳᠠᠭᠠᠳᠬᠠᠯ ᠳᠤ ᠣᠷᠣᠯᠴᠠᠭᠴᠢ ᠶᠢᠨ ᠲᠤᠰᠢᠶᠠᠭᠰᠠᠨ ᠵᠠᠷᠣᠳᠠᠯ ᠤᠨ ᠨᠣᠷᠮ᠎ᠠ ᠶᠢᠨ ᠨᠡᠶᠢᠯᠡᠪᠦᠷᠢ ᠪᠣᠯᠤᠨ᠎ᠠ᠃   ︵ᠳᠥᠷᠪᠡ︶ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠬᠢ ᠶᠢ ᠲᠣᠣᠬᠠᠶᠢᠢᠯᠠᠵᠣ ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠢᠶᠠᠷ ᠵᠢᠯ ᠤᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠲᠤᠰᠢᠶᠠᠬᠤ ᠰᠠᠭᠤᠷᠢ ᠲᠣᠭᠠᠨ ᠤ ᠪᠠᠷᠢᠮᠵᠢᠶ᠎ᠠ ᠪᠣᠯᠭᠠᠨ᠎ᠠ᠃ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠬᠢ ᠶᠢ ᠲᠣᠣᠬᠠᠶᠢᠢᠯᠠᠵᠣ ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ 80% ᠠᠴᠠ ᠲᠣᠣᠷ᠎ᠡ ᠪᠠᠶᠢᠢᠪᠡᠯ᠂ 80% ᠪᠠᠷ ᠵᠠᠷᠤᠳᠠᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ︔ 300% ᠠᠴᠠ ᠳᠡᠭᠡᠭᠰᠢ ᠪᠠᠶᠢᠢᠪᠡᠯ᠂ 300% ᠪᠠᠷ ᠵᠠᠷᠣᠳᠠᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠵᠠᠷᠣᠳᠠᠯ ᠲᠤᠰᠢᠶᠠᠬᠤ ᠰᠠᠭᠤᠷᠢ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠨᠢᠭᠡᠴᠢ ᠪᠠᠷ ᠨᠡᠮᠡᠵᠦ ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ 80% ᠪᠠᠷ ᠬᠠᠷᠭᠤᠭᠤᠯᠤᠨ ᠲᠣᠭᠲᠠᠭᠠᠨ᠎ᠠ᠃   ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠤᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠤᠬᠢᠬᠤ ᠲᠤᠬᠢᠷᠠᠭᠤᠯᠤᠯᠲᠠ ᠬᠢᠨ᠎ᠡ᠃   ᠲᠠᠪᠤᠳᠤᠭᠠᠷ ᠵᠦᠢᠯ   ᠳᠠᠭᠠᠳᠬᠠᠯ ᠳᠤ ᠣᠷᠣᠯᠴᠠᠭᠰᠠᠣᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠥᠬᠦᠴᠡᠯ ᠳᠤ ᠨᠡᠶᠢᠢᠴᠡᠭᠰᠡᠨ ᠤ ᠬᠠᠮᠲᠤ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠣᠯ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠳᠡᠵᠦ ᠪᠣᠯᠤᠨ᠎ᠠ᠃   ︵ᠨᠢᠭᠡ︶ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠳ᠃   1. 2005 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ ᠭᠠᠷ ᠭᠦᠢᠴᠡᠳᠬᠡᠯ ᠬᠢᠬᠦ ᠳᠤ ᠪᠠᠨ᠂ ᠵᠠᠯᠭᠠᠭ᠎ᠠ ᠪᠠᠷ ᠵᠠᠷᠣᠳᠠᠯ ᠲᠤᠰᠢᠶᠠᠭᠰᠠᠨ ᠨᠢ ᠰᠢᠭᠤᠳ ᠭᠦᠢᠴᠡᠳᠬᠡᠵᠦ ᠪᠣᠯᠤᠨ᠎ᠠ᠂ ᠵᠠᠷᠣᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠪᠣᠯ ᠨᠢᠭᠡ ᠯᠡ ᠤᠳᠠᠭ᠎ᠠ ᠪᠠᠷ ᠨᠥᠬᠦᠵᠦ ᠲᠤᠰᠢᠶᠠᠬᠤ ᠬᠡᠷᠡᠭᠲᠡᠶ᠂ ᠵᠠᠷᠣᠳᠠᠯ ᠲᠤᠰᠢᠶᠠᠭᠰᠠᠨ ᠵᠢᠯ ᠬᠤᠭᠤᠴᠠᠭ᠎ᠠ ᠳᠤ ᠬᠢᠵᠠᠭᠠᠷᠯᠠᠭᠳᠠᠬᠤ ᠦᠭᠡᠢ᠃   2. 2005 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠣᠬᠢ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠲᠣᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 20 ᠵᠢᠯ ᠪᠣᠯᠣᠭᠰᠠᠨ ᠪᠠᠶᠢᠬᠤ ᠬᠡᠷᠡᠭᠲᠡᠶ᠃ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠭᠦᠢᠴᠡᠳᠬᠡᠬᠦ ᠳᠤ᠂ ᠵᠠᠷᠣᠳᠠᠯ ᠲᠤᠰᠢᠶᠠᠭᠰᠠᠨ ᠪᠣᠳᠠᠲᠠᠶ ᠵᠢᠯ ᠬᠤᠭᠤᠴᠠᠭ᠎ᠠ ᠨᠢ 20 ᠵᠢᠯ ᠬᠥᠷᠬᠦ ᠥᠬᠡᠶ ᠪᠣᠯ᠂ ᠳᠠᠭᠠᠳᠬᠠᠯ ᠳᠤ ᠣᠷᠣᠯᠴᠠᠭᠰᠠᠨ ᠨᠢᠭᠡᠴᠢ ᠠᠴᠠ ᠲᠡᠭᠦᠨ ᠤ ᠠᠵᠢᠯ ᠠᠴᠠ ᠪᠠᠨ ᠪᠠᠭᠤᠵᠤ ᠠᠮᠠᠷᠠᠬᠤ ᠦᠶ᠎ᠡ ᠶᠢᠨ ᠲᠤᠬᠠᠶ ᠶᠢᠨ ᠰᠠᠷ᠎ᠠ ᠶᠢᠨ ᠴᠠᠯᠢᠩ ᠢᠶᠠᠷ ᠰᠠᠭᠤᠷᠢ ᠲᠤᠭ᠎ᠠ ᠪᠣᠯᠭᠠᠬᠤ ᠪᠠ ᠲᠤᠬᠠᠶ ᠶᠢᠨ ᠵᠢᠯ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠴᠢ ᠶᠢᠨ ᠵᠠᠷᠣᠳᠠᠯ ᠲᠤᠰᠢᠶᠠᠬᠤ ᠬᠠᠷᠢᠴᠠᠯ ᠢᠶᠠᠷ ᠳᠤᠲᠠᠵᠤ ᠪᠠᠶᠢᠭ᠎ᠠ ᠪᠣᠳᠠᠲᠠᠶ ᠵᠠᠷᠣᠳᠠᠯ ᠲᠤᠰᠢᠶᠠᠬᠤ ᠰᠠᠷ᠎ᠠ ᠶᠢᠨ ᠲᠤᠭ᠎ᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠨᠢᠭᠡ ᠯᠡ ᠤᠳᠠᠭ᠎ᠠ ᠪᠠᠷ ᠨᠥᠬᠦᠨ ᠲᠤᠰᠢᠶᠠᠵᠤ᠂ ᠡᠨᠡ ᠬᠦ ᠵᠠᠷᠣᠳᠠᠯ ᠢ ᠪᠦᠭᠦᠳᠡ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠳᠤ ᠣᠷᠣᠭᠤᠯᠵᠤ᠂ ᠬᠤᠪᠢ ᠬᠥᠮᠦᠨ ᠤ ᠲᠠᠩᠰᠠᠨ ᠡᠷᠦᠬᠡ ᠳᠤ ᠣᠷᠣᠭᠤᠯᠬᠤ ᠥᠬᠡᠶ᠃   ︵ᠬᠤᠶᠠᠷ︶ ᠠᠮᠢᠳᠤᠯᠢᠭ ᠢᠶᠠᠷ ᠠᠵᠢᠯ ᠣᠯᠤᠭᠰᠠᠳ᠃   2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠲᠤᠰᠢᠶᠠᠬᠤ ᠵᠢᠯ ᠬᠤᠭᠤᠴᠠᠭ᠎ᠠ ᠨᠢ ᠪᠦᠬᠦᠯᠢ 20 ᠵᠢᠯ ᠪᠣᠯᠣᠭᠰᠠᠨ ᠪᠠᠶᠢᠬᠤ ᠬᠡᠷᠡᠭᠲᠡᠶ᠃ ᠵᠠᠷᠣᠳᠠᠯ ᠲᠤᠰᠢᠶᠠᠭᠰᠠᠨ ᠪᠣᠳᠠᠲᠠᠶ ᠵᠢᠯ ᠬᠤᠭᠤᠴᠠᠭ᠎ᠠ ᠨᠢ 20 ᠵᠢᠯ ᠬᠦᠷᠬᠦ ᠦᠭᠡᠢ ᠪᠣᠯ᠂ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠭᠦᠢᠴᠡᠳᠬᠡᠬᠦ ᠦᠶ᠎ᠡ ᠶᠢᠨ ᠳᠡᠭᠡᠷ᠎ᠡ ᠵᠢᠯ ᠤᠨ ᠵᠠᠷᠣᠳᠠᠯ ᠲᠤᠰᠢᠶᠠᠭᠰᠠᠨ ᠪᠠᠷᠢᠮᠵᠢᠶ᠎ᠠ ᠶᠣᠰᠣᠭᠠᠷ ᠦᠯᠡᠳᠡᠭᠰᠡᠨ ᠬᠤᠭᠤᠴᠠᠭᠠᠨ ᠤ ᠲᠤᠰᠢᠶᠠᠬᠤ ᠶᠣᠰᠣᠲᠠᠶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠨᠢᠭᠡ ᠯᠡ ᠤᠳᠠᠭ᠎ᠠ ᠳᠤ ᠲᠤᠰᠢᠶᠠᠨ᠎ᠠ᠂ ᠨᠢᠭᠡ ᠯᠡ ᠤᠳᠠᠭ᠎ᠠ ᠳᠤ ᠨᠥᠬᠦᠵᠦ ᠲᠤᠰᠢᠶᠠᠬᠤ ᠦᠭᠡᠢ ᠪᠠᠶᠢᠢᠭᠰᠠᠨ ᠴᠤ ᠪᠣᠯᠣᠨ᠎ᠠ᠂ ᠬᠤᠭᠤᠴᠠᠭ᠎ᠠ ᠶᠣᠰᠣᠭᠠᠷ ᠵᠠᠷᠣᠳᠠᠯ ᠲᠤᠰᠢᠶᠠᠭᠠᠳ ᠪᠦᠬᠦᠯᠢ 20 ᠵᠢᠯ ᠪᠣᠯᠤᠭᠰᠠᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢ ᠭᠦᠢᠴᠡᠳᠬᠡᠨ᠎ᠡ᠃   ︵ᠭᠤᠷᠪᠠ︶ ᠳᠠᠭᠠᠳᠬᠠᠯ ᠳᠤ ᠣᠷᠣᠯᠴᠠᠭᠰᠠᠳ᠃   2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ︵ᠠᠮᠢᠳᠤᠯᠢᠭ ᠢᠶᠠᠷ ᠠᠵᠢᠯ ᠣᠯᠤᠭᠰᠠᠳ ᠢ ᠪᠠᠭᠲᠠᠭᠠᠨ᠎ᠠ︶᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠦᠭᠰᠡᠨ ᠪᠥᠭᠡᠳ ᠵᠠᠷᠤᠳᠠᠯ ᠲᠤᠰᠢᠶᠠᠭᠰᠠᠨ ᠨᠡᠶᠢᠲᠡ ᠵᠢᠯ ᠬᠤᠭᠤᠴᠠᠭ᠎ᠠ ᠨᠢ ᠪᠦᠬᠦᠯᠢ 25 ᠵᠢᠯ ᠪᠣᠯᠣᠭᠰᠠᠨ ᠪᠣᠯ᠂ ᠠᠵᠢᠯ ᠠᠴᠠ ᠪᠠᠨ ᠪᠠᠭᠤᠵᠤ ᠠᠮᠠᠷᠠᠭᠰᠠᠨ ᠤ ᠳᠠᠷᠠᠭ᠎ᠠ ᠳᠠᠭᠢᠵᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ ᠥᠬᠡᠶ ᠪᠠᠶᠢᠵᠤ᠂ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠴᠦ᠂ ᠵᠠᠷᠤᠳᠠᠯ ᠲᠤᠰᠢᠶᠠᠭᠰᠠᠨ ᠨᠡᠶᠢᠲᠡ ᠵᠢᠯ ᠬᠤᠭᠤᠴᠠᠭ᠎ᠠ ᠨᠢ ᠲᠣᠭᠲᠠᠭᠰᠠᠨ ᠵᠢᠯ ᠤᠨ ᠬᠢᠵᠠᠭᠠᠷ ᠲᠤ ᠭᠦᠷᠦᠭᠰᠡᠨ ᠥᠬᠡᠶ ᠪᠣᠯ᠂ ᠳᠡᠭᠡᠷ᠎ᠡ ᠵᠢᠯ ᠤᠨ ᠵᠠᠷᠤᠳᠠᠯ ᠲᠤᠰᠢᠶᠠᠭᠰᠠᠨ ᠪᠠᠷᠢᠮᠵᠢᠶ᠎ᠠ ᠶᠣᠰᠣᠭᠠᠷ ᠦᠯᠡᠳᠡᠭᠰᠡᠨ ᠬᠤᠭᠤᠴᠠᠭᠠᠨ ᠤ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠨᠢᠭᠡ ᠯᠡ ᠤᠳᠠᠭ᠎ᠠ ᠪᠠᠷ ᠲᠤᠰᠢᠶᠠᠬᠤ ᠬᠡᠷᠡᠭᠲᠡᠢ᠃   ᠵᠢᠷᠭᠤᠳᠤᠭᠠᠷ ᠵᠦᠢᠯ   ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠰᠠᠷ᠎ᠠ ᠪᠠᠷ ᠲᠤᠰᠢᠶᠠᠨ᠎ᠠ᠂ ᠳᠠᠭᠠᠳᠬᠠᠯ ᠳᠤ ᠣᠷᠣᠯᠴᠠᠭᠰᠠᠨ ᠨᠢᠭᠡᠴᠢ ᠡᠷᠬᠡᠪᠰᠢ ᠲᠣᠭᠲᠠᠭᠰᠠᠨ ᠴᠠᠭ ᠲᠤ ᠭᠦᠢᠴᠡᠳ ᠲᠤᠭ᠎ᠠ ᠪᠠᠷ ᠳᠡᠭᠡᠭᠰᠢ ᠲᠤᠰᠢᠶᠠᠬᠤ ᠬᠡᠷᠡᠭᠲᠡᠶ᠃ ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠬᠡᠰᠡᠭ ᠢ ᠳᠠᠭᠠᠳᠬᠠᠯ ᠳᠤ ᠣᠷᠣᠯᠴᠠᠭᠰᠠᠨ ᠨᠢᠭᠡᠴᠢ ᠨᠢ ᠴᠠᠯᠢᠩ ᠠᠴᠠ ᠨᠢ ᠰᠠᠭᠤᠯᠭᠠᠨ ᠠᠪᠴᠤ ᠤᠷᠤᠯᠠᠨ ᠲᠤᠰᠢᠶᠠᠨ᠎ᠠ᠃   ᠳᠣᠯᠣᠳᠤᠭᠠᠷ ᠵᠦᠢᠯ    ᠳᠠᠭᠠᠳᠬᠠᠯ ᠳᠤ ᠣᠷᠣᠯᠴᠠᠭᠰᠠᠨ ᠨᠢᠭᠡᠴᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠩᠰᠠᠯᠠᠭᠤᠯᠬᠤ ᠪᠠ ᠭᠤᠶᠤᠴᠢᠯᠠᠨ ᠮᠡᠳᠡᠭᠦᠯᠬᠦ ᠭᠠᠷᠳᠠᠮ ᠢ ᠴᠠᠭ ᠲᠤᠬᠠᠶ ᠳᠤ ᠨᠢ ᠭᠦᠢᠴᠡᠳᠬᠡᠬᠦ ᠬᠡᠷᠡᠭᠲᠡᠶ᠃ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠩᠰᠠᠯᠠᠭᠤᠯᠤᠭᠰᠠᠨ ᠵᠦᠢᠯᠡᠰ ᠲᠤ ᠨᠢ ᠬᠤᠪᠢᠷᠠᠯᠲᠠ ᠭᠠᠷᠤᠭᠰᠠᠨ ᠪᠤᠶᠤ ᠬᠠᠤᠯᠢ ᠶᠣᠰᠣᠭᠠᠷ ᠳᠠᠭᠤᠰᠤᠭᠰᠠᠨ ᠦᠶ᠎ᠡ ᠳᠤ᠂ ᠬᠤᠪᠢᠷᠠᠯᠲᠠ ᠭᠠᠷᠤᠭᠰᠠᠨ ᠪᠤᠶᠤ ᠳᠠᠭᠤᠰᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠬᠤᠪᠢᠷᠠᠭᠤᠯᠬᠤ ᠪᠤᠶᠤ ᠳᠠᠩᠰᠠᠯᠠᠭᠤᠯᠤᠭᠰᠠᠨ ᠢᠶᠠᠨ ᠬᠦᠴᠦᠨ ᠦᠭᠡᠢ ᠪᠣᠯᠭᠠᠬᠤ ᠬᠡᠷᠩᠲᠠᠢ᠃   ᠨᠠᠶᠢᠮᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠨ ᠨᠢᠭᠡᠴᠢ ᠶᠢ ᠨᠢ ᠨᠠᠶᠢᠢᠯᠡᠭᠦᠯᠭᠦ᠂ ᠰᠠᠯᠭᠠᠬᠤ ᠪᠤᠶᠤ ᠪᠠᠶᠢᠢᠭᠤᠯᠣᠮᠵᠢ ᠰᠣᠯᠢᠭᠰᠠᠨ ᠪᠣᠯ᠂ ᠬᠦᠯᠢᠶᠡᠨ ᠠᠪᠤᠭᠰᠠᠨ ᠪᠤᠶᠤ ᠵᠠᠯᠭᠠᠮᠵᠢᠯᠠᠨ ᠠᠪᠤᠭᠰᠠᠨ ᠨᠢᠭᠡᠴᠢ ᠨᠢ ᠡᠷᠬᠡᠪᠰᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠶᠠᠪᠤᠳᠠᠯ ᠢ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠬᠤᠯᠪᠣᠭᠳᠠᠯ ᠪᠦᠬᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠶᠢᠨ ᠬᠠᠮᠲᠤ ᠦᠷᠢᠳᠣᠭ᠍ᠰᠡᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ᠂ ᠬᠦᠦ ᠮᠥᠩᠭᠦ ᠬᠢᠭᠡᠳ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠪᠠᠨ ᠲᠦᠯᠣᠵᠣ ᠳᠠᠭᠤᠰᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠦᠷᠢᠳᠣᠭ᠍ᠰᠡᠨ ᠡᠳᠦᠷ ᠠᠴᠠ ᠡᠬᠢᠯᠡᠨ᠂ ᠡᠳᠦᠷ ᠢᠶᠠᠷ ᠪᠣᠳᠣᠵᠣ ᠲᠦᠮᠡᠨ ᠬᠤᠪᠢ ᠶᠢᠨ ᠲᠠᠪᠤ ᠪᠠᠷ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠨᠡᠮᠡᠵᠦ ᠬᠤᠷᠢᠶᠠᠨ᠎ᠠ᠃ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠨᠠᠶᠢᠢᠯᠡᠭᠦᠯᠵᠣ ᠣᠷᠣᠭᠤᠯᠤᠨ᠎ᠠ᠃ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠦᠯᠢᠶᠡᠨ ᠠᠪᠤᠭᠰᠠᠨ ᠨᠢᠭᠡᠴᠢ ᠪᠤᠶᠤ ᠵᠠᠯᠭᠠᠮᠵᠢᠯᠠᠭᠰᠠᠨ ᠨᠢᠭᠡᠴᠢ ᠠᠴᠠ ᠲᠤᠰᠢᠶᠠᠨ᠎ᠠ᠃   ᠶᠢᠰᠦᠳᠦᠭᠡᠷ ᠵᠦᠢᠯ    ᠳᠠᠭᠠᠳᠬᠠᠯ ᠳᠤ ᠣᠷᠣᠯᠴᠠᠭᠰᠠᠳ ᠠᠵᠢᠯ ᠰᠢᠯᠵᠢᠭᠰᠡᠨ᠂ ᠨᠠᠰᠤ ᠪᠠᠷᠠᠭᠰᠠᠨ ᠪᠤᠶᠤ ᠳᠠᠭᠠᠳᠬᠠᠯ ᠳᠤ ᠣᠷᠣᠯᠴᠠᠭᠰᠠᠨ ᠨᠢᠭᠡᠴᠢ ᠯᠦᠭᠡ ᠶᠢᠨ ᠬᠥᠳᠡᠯᠮᠦᠷᠢ ᠶᠢᠨ ᠬᠠᠷᠢᠴᠠᠭ᠎ᠠ ᠳᠠᠭᠤᠰᠣᠭᠰᠠᠨ ᠠᠴᠠ ᠪᠣᠯᠣᠭᠠᠣᠨ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢᠶᠠᠨ ᠲᠤᠰᠢᠶᠠᠵᠤ ᠳᠠᠭᠤᠰᠬᠠᠬᠤ ᠶᠢᠨ ᠬᠠᠮᠲᠤ᠂ 30 ᠡᠳᠦᠷ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠶᠠᠪᠤᠳᠠᠯ ᠢ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠰᠢᠯᠵᠢᠭᠦᠯᠬᠦ᠂ ᠬᠦᠴᠦᠨ ᠥᠭᠡᠢ ᠪᠣᠯᠭᠠᠬᠤ ᠵᠡᠷᠭᠡ ᠭᠠᠷᠳᠠᠮ ᠭᠦᠢᠴᠡᠳᠬᠡᠬᠦ ᠬᠡᠷᠡᠭᠲᠡᠶ᠃ ᠬᠡᠷᠪᠡ ᠴᠠᠭ ᠲᠤᠬᠠᠶ ᠳᠤ ᠨᠢ ᠭᠦᠢᠴᠡᠣᠡᠭᠡᠭᠦ ᠦᠭᠡᠢ ᠪᠣᠯ ᠪᠤᠢ ᠪᠦᠬᠦᠢ ᠡᠮᠴᠢᠯᠡᠭᠡᠨ ᠤ ᠵᠠᠷᠤᠳᠠᠯ ᠢ ᠣᠣᠯ ᠤᠨ ᠨᠢᠭᠡᠴᠢ ᠠᠴᠠ ᠡᠭᠦᠷᠭᠡᠯᠡᠨ᠎ᠡ᠃   ᠠᠷᠪᠠᠳᠤᠭᠠᠷ ᠵᠦᠢᠯ   ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠬᠤ ᠦᠭᠡᠢ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠶᠠᠮᠠᠷ ᠨᠢᠭᠡᠨ ᠰᠢᠯᠲᠠᠭᠠᠨ ᠢᠶᠠᠷ ᠲᠤᠰᠢᠶᠠᠬᠤ ᠶᠢ ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃   ᠠᠷᠪᠠᠨ ᠨᠢᠭᠡᠳᠦᠭᠡᠷ ᠵᠦᠢᠯ    ᠦᠨᠳᠦᠰᠦᠨ ᠡᠮᠴᠢᠯᠡᠭᠡᠨ ᠤ ᠳᠠᠭᠠᠳᠬᠠᠯ ᠳᠤ ᠨᠡᠶᠢᠭᠡᠮ ᠠᠴᠠ ᠨᠢᠭᠡᠳᠦᠯᠲᠡᠶ ᠲᠥᠯᠥᠪᠯᠡᠬᠦ ᠪᠠ ᠬᠤᠪᠢ ᠬᠥᠮᠦᠨ ᠤ ᠳᠠᠩᠰᠠᠨ ᠡᠷᠦᠭᠡ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠦᠨ᠎ᠡ᠃ ᠳᠠᠭᠠᠳᠬᠠᠯ ᠳᠤ ᠣᠷᠣᠯᠴᠠᠭᠰᠠᠳ ᠤᠨ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠪᠦ᠋ᠬᠦᠨ ᠢ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠨ᠎ᠠ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠪᠦᠬᠦᠨ ᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠠᠶᠢᠭᠤᠯᠬᠤ ᠳᠤ ᠬᠡᠷᠡᠭᠯᠡᠨ᠎ᠡ᠃   ᠠᠷᠪᠠᠨ ᠬᠤᠶᠠᠳᠤᠭᠠᠷ ᠵᠦᠢᠯ    ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠳᠤ᠂ ᠲᠣᠰ ᠬᠥᠮᠦᠨ ᠤ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢᠨ 2% ᠢᠶᠠᠷ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠳᠤ᠂ 2021 ᠣᠨ ᠤ ᠪᠥᠬᠦ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠤᠮᠳᠠᠴᠢ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠨᠢ ᠬᠤᠪᠢᠶᠠᠷᠢᠯᠠᠨ ᠣᠷᠣᠭᠤᠯᠤᠨ᠎ᠠ᠃   ᠠᠷᠪᠠᠨ ᠭᠤᠷᠪᠠᠳᠤᠭᠠᠷ ᠵᠦᠢᠯ   ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠠ ᠬᠤᠪᠢ ᠬᠥᠮᠦᠨ ᠤ ᠳᠠᠩᠰᠠᠨ ᠡᠷᠦᠬᠡ ᠶᠢᠨ ᠥᠪᠡᠷ ᠥᠪᠡᠷᠰᠡᠳ ᠤᠨ ᠬᠢᠨ ᠲᠥᠯᠥᠬᠦ ᠬᠡᠪᠴᠢᠶ᠎ᠡ ᠪᠠᠨ ᠬᠤᠪᠢᠶᠠᠷᠢᠯᠠᠨ ᠰᠠᠯᠭᠠᠵᠣ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠬᠦ᠂ ᠪᠠᠭ᠎ᠠ ᠰᠠᠭ᠎ᠠ ᠦᠯᠡᠳᠡᠪᠦᠷᠢ ᠲᠠᠢ ᠪᠠᠶᠢᠯᠭᠠᠬᠤ ᠵᠠᠷᠴᠢᠮ ᠶᠣᠰᠣᠭᠠᠷ ᠰᠠᠯᠭᠠᠨ ᠬᠠᠮᠢᠶᠠᠷᠴᠤ᠂ ᠲᠤᠰ ᠲᠤᠰ ᠲᠤ ᠨᠢ ᠲᠣᠭᠠᠴᠠᠭ᠎ᠠ ᠬᠢᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠃   ᠠᠷᠪᠠᠨ ᠳᠥᠷᠪᠡᠳᠦᠭᠡᠷ ᠵᠦᠢᠯ   ᠬᠤᠪᠢ ᠬᠥᠮᠦᠨ ᠤ ᠲᠠᠩᠰᠠᠨ ᠡᠷᠦᠭᠡ ᠶᠢ ᠭᠤᠣᠯᠳᠠᠭᠤ ᠳᠣᠣᠷᠠᠬᠢ ᠵᠦᠢᠯᠡᠰ ᠢ ᠲᠦᠯᠦᠬᠦ ᠳᠤ ᠬᠡᠷᠡᠭᠯᠡᠨ᠎ᠡ᠄  ︵ᠨᠢᠭᠡ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠤᠨ ᠬᠡᠪᠴᠢᠶᠡᠨ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ︔  ︵ᠬᠤᠶᠠᠷ︶ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠦᠯᠣᠭᠦ ᠪᠠᠷᠢᠮᠵᠢᠶ᠎ᠠ ᠠᠴᠠ ᠳᠣᠷᠣᠭᠰᠢᠬᠢ ᠡᠮᠴᠢᠯᠡᠭᠡᠨ ᠤ ᠵᠠᠷᠤᠳᠠᠯ︔  ︵ᠭᠤᠷᠪᠠ︶ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠦᠯᠣᠭᠦ ᠪᠠᠷᠢᠮᠵᠢᠶ᠎ᠠ ᠠᠴᠠ ᠳᠡᠭᠡᠭᠰᠢ᠂ ᠲᠦᠯᠦᠵᠦ ᠥᠭᠬᠦ ᠬᠠᠮᠤᠭ ᠤᠨ ᠶᠡᠭᠡ ᠬᠢᠵᠠᠭᠠᠷ ᠲᠤᠭ᠎ᠠ ᠠᠴᠠ ᠳᠣᠷᠣᠭᠰᠢᠬᠢ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ᠃ ᠬᠤᠪᠢ ᠬᠥᠮᠦᠨ ᠤ ᠲᠠᠩᠰᠠᠨ ᠡᠷᠤᠭᠡ ᠶᠢᠨ ᠲᠦᠯᠤᠵᠤ ᠭᠦᠢᠴᠡᠬᠦ ᠦᠭᠡᠢ ᠬᠡᠰᠡᠭ ᠢ ᠲᠤᠰ ᠬᠥᠮᠦᠨ ᠨᠢ ᠪᠡᠯᠡᠨ ᠵᠣᠭᠤᠰ ᠢᠶᠠᠷ ᠥᠪᠡᠷ ᠢᠶᠠᠨ ᠲᠦᠯᠦᠨ᠎ᠠ︔  ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠪᠢ ᠬᠥᠮᠦᠨ ᠤ ᠲᠠᠩᠰᠠᠨ ᠡᠷᠦᠬᠡ ᠪᠠᠷ ᠳᠥᠯᠥᠵᠦ ᠪᠣᠯᠬᠤ ᠪᠤᠰᠤᠳ ᠵᠠᠷᠤᠳᠠᠯ᠃   ᠠᠷᠪᠠᠨ ᠲᠠᠪᠤᠳᠤᠭᠠᠷ ᠵᠦᠢᠯ   ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠭᠤᠣᠯᠳᠠᠭᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠮᠨᠡᠯᠭᠡ ᠳᠤ ᠰᠠᠭᠤᠬᠤ᠂ ᠪᠠᠴᠢᠮ ᠠᠪᠤᠷᠠᠯᠳᠠ ᠬᠢᠬᠦ᠂ ᠵᠥᠪᠰᠢᠶᠡᠷᠡᠭᠦᠯᠦᠭᠰᠡᠨ ᠡᠭᠦᠳᠡᠨ ᠡᠮᠨᠡᠯᠭᠡ ᠶᠢᠨ ᠣᠨᠴᠠᠭᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠯᠡᠬᠦ ᠵᠡᠷᠭᠡ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠲᠣᠭᠲᠠᠭᠠᠭᠰᠠᠨ ᠬᠡᠪᠴᠢᠶᠡᠨ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠤ ᠬᠡᠷᠡᠭᠯᠡᠨ᠎ᠡ᠃   ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ᠂ ᠣᠨᠣᠰᠢᠯᠠᠨ ᠡᠮᠨᠡᠬᠦ ᠲᠥᠷᠥᠯ ᠵᠦᠢᠯ ᠪᠠ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠠᠴᠠ ᠳᠠᠪᠠᠭᠰᠠᠨ ᠵᠠᠷᠤᠳᠠᠯ ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠠᠴᠠ ᠲᠦᠯᠦᠬᠦ ᠥᠬᠡᠶ᠃ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠨᠢᠭᠡ ᠵᠢᠯ ᠤᠨ ᠳᠣᠲᠣᠷ᠎ᠠ ᠳᠥᠯᠥᠵᠦ ᠳᠡᠶᠢᠯᠬᠦ ᠡᠮᠴᠢᠯᠡᠭᠡᠨ ᠤ ᠵᠠᠷᠤᠳᠠᠯ ᠤᠨ ᠬᠠᠮᠤᠭ ᠤᠨ ᠶᠡᠭᠡ ᠬᠢᠵᠠᠭᠠᠷ ᠲᠤᠭ᠎ᠠ ᠨᠢ 20.5 ᠲᠦᠮᠡᠨ ᠲᠥᠭᠦᠷᠢᠭ ᠪᠣᠯᠤᠨ᠎ᠠ᠃   ᠠᠷᠪᠠᠨ ᠵᠢᠷᠭᠤᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠨᠢᠭᠡ ᠵᠢᠯ ᠤᠨ ᠳᠣᠲᠣᠷ᠎ᠠ ᠠᠩᠬ᠎ᠠ ᠤᠳᠠᠭ᠎ᠠ ᠡᠮᠨᠡᠯᠭᠡ ᠳᠤ ᠰᠠᠭᠤᠬᠤ ᠪᠤᠶᠤ ᠪᠠᠴᠢᠮ ᠠᠪᠤᠷᠠᠯᠳᠠ ᠬᠢᠬᠦ ᠳᠤ᠂ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ ᠨᠢ᠄ ᠭᠤᠷᠪᠠᠳᠤᠭᠠᠷ ᠳᠡᠰ ᠤᠨ ᠬᠥᠬᠡ ᠲᠠᠰ᠂ ᠣᠨᠴᠠ ᠲᠠᠰ ᠤᠨ ᠡᠮᠨᠡᠯᠭᠡ ᠶᠢᠨ ᠬᠤᠷᠢᠶ᠎ᠠ ᠨᠢ 600 ᠲᠥᠭᠦᠷᠢᠭ᠂ ᠭᠤᠷᠪᠠᠳᠤᠭᠠᠷ ᠳᠡᠰ ᠤᠨ ᠬᠥᠬᠡᠭᠴᠢᠨ ᠲᠠᠰ᠂ ᠤᠯᠠᠭᠠᠨ ᠲᠠᠰ᠂ ᠲᠠᠰ ᠥᠬᠡᠶ ᠡᠮᠨᠡᠯᠭᠡ ᠶᠢᠨ ᠬᠤᠷᠢᠶ᠎ᠠ ᠨᠢ 400 ᠲᠥᠭᠦᠷᠢᠭ᠂ ᠬᠤᠶᠠᠳᠤᠭᠠᠷ ᠳᠡᠰ ᠤᠨ ᠬᠥᠬᠡ ᠲᠠᠰ ᠵᠢᠴᠢ ᠲᠡᠭᠦᠨ ᠠᠴᠠ ᠳᠣᠷᠣᠭᠰᠢᠬᠢ ᠡᠮᠨᠡᠯᠭᠡ ᠶᠢᠨ ᠬᠤᠷᠢᠶ᠎ᠠ ᠨᠢ 300 ᠲᠥᠭᠦᠷᠢᠭ ᠪᠣᠯᠤᠨ᠎ᠠ᠃ ᠨᠢᠭᠡ ᠵᠢᠯ ᠤᠨ ᠳᠣᠲᠣᠷ᠎ᠠ ᠣᠯᠠᠨ ᠤᠳᠠᠭ᠎ᠠ ᠡᠮᠨᠡᠯᠭᠡ ᠳᠤ ᠰᠠᠭᠤᠭᠰᠠᠳ ᠤᠨ ᠬᠤᠶᠠᠳᠠᠬᠢ ᠤᠳᠠᠭ᠎ᠠ ᠡᠮᠨᠡᠯᠭᠡ ᠳᠤ ᠰᠠᠭᠤᠭᠰᠠᠨ ᠠᠴᠠ ᠡᠬᠢᠯᠡᠵᠦ ᠳᠥᠯᠥᠬᠦ ᠪᠠᠷᠢᠮᠵᠢᠶ᠎ᠠ ᠶᠢ ᠠᠩᠬ᠎ᠠ ᠤᠳᠠᠭ᠎ᠠ ᠡᠮᠨᠡᠯᠭᠡ ᠳᠤ ᠰᠠᠭᠤᠭᠰᠠᠨ ᠠᠴᠠ ᠡᠬᠢᠯᠡᠵᠦ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠳᠡᠰ ᠳᠠᠷᠠᠭᠠᠯᠠᠨ 20% ᠪᠠᠷ ᠪᠠᠭᠤᠷᠠᠭᠤᠯᠤᠨ᠎ᠠ᠂ ᠭᠡᠪᠡᠴᠦ ᠬᠠᠮᠤᠭ ᠤᠨ ᠪᠠᠭ᠎ᠠ ᠳᠤ ᠪᠠᠨ ᠲᠣᠰ ᠲᠣᠰ 400᠂ 300᠂ 200 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃   ᠲᠦᠷᠭᠡᠨ ᠡᠮᠨᠡᠯᠭᠡ ᠠᠴᠠ ᠰᠢᠭᠤᠳ ᠰᠢᠯᠵᠢᠭᠦᠯᠵᠦ ᠡᠮᠨᠡᠯᠭᠡ ᠳᠤ ᠰᠠᠭᠤᠯᠭᠠᠨ ᠡᠮᠨᠡᠭᠦᠯᠦᠭᠰᠡᠨ ᠪᠣᠯ᠂ ᠡᠬᠢᠯᠡᠵᠦ ᠲᠦᠯᠦᠬᠦ ᠬᠢᠵᠠᠭᠠᠷ ᠱᠤᠭᠤᠮ ᠢᠶᠠᠷ ᠨᠢ ᠨᠠᠶᠢᠢᠯᠡᠭᠦᠯᠦᠨ ᠪᠤᠳᠤᠵᠤ ᠰᠠᠭᠤᠯᠭᠠᠨ ᠬᠠᠰᠤᠨ᠎ᠠ᠃   ᠠᠷᠪᠠᠨ ᠳᠣᠯᠣᠳᠤᠭᠠᠷ ᠵᠦᠢᠯ   ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠣᠷᠣ ᠶᠢᠨ ᠵᠠᠷᠤᠳᠠᠯ ᠤᠨ ᠨᠢᠭᠡᠳᠦᠯᠲᠡᠶ ᠲᠦᠯᠣᠪᠯᠡᠭᠦ ᠳᠤ ᠣᠷᠣᠭᠤᠯᠬᠤ ᠬᠡᠰᠡᠭ ᠢ ᠬᠠᠮᠤᠭ ᠤᠨ ᠢᠯᠡᠭᠦᠦ ᠳᠤ ᠪᠠᠨ ᠳᠣᠣᠷᠠᠬᠢ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠢ᠄  ︵ᠨᠢᠭᠡ︶ ᠡᠩ ᠤᠨ ᠡᠪᠡᠳᠴᠢᠲᠡᠨ ᠤ ᠦᠷᠦᠭᠡ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠡᠳᠦᠷ ᠪᠦᠷᠢ 40 ᠲᠥᠭᠦᠷᠢᠭ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠡᠳᠦᠷ ᠪᠦᠷᠢ 30 ᠲᠥᠭᠦᠷᠢᠭ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ ᠡᠳᠦᠷ ᠪᠦᠷᠢ 20 ᠲᠥ᠋ᠭᠦᠷᠢᠭ︔  ︵ᠬᠤᠶᠠᠷ︶ ᠡᠮᠴᠢᠯᠡᠭᠡᠨ ᠤ ᠬᠠᠷᠠᠭᠠᠯᠵᠠᠯ ᠭᠥᠷᠳᠡᠭᠰᠡᠳ ᠡᠳᠦᠷ ᠪᠦᠷᠢ 100 ᠲᠥᠭᠦᠷᠢᠭ︔  ︵ᠭᠤᠷᠪᠠ︶ ᠪᠤᠰᠤᠳ ᠡᠪᠡᠳᠴᠢᠲᠡᠨ ᠤ ᠥᠷᠥᠭᠡ ᠳᠤ᠂ ᠡᠪᠡᠳᠴᠢᠲᠡᠨ ᠤ ᠣᠷᠣ ᠶᠢᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃   ᠣᠷᠣ ᠶᠢᠨ ᠵᠠᠷᠤᠳᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠮᠨᠡᠯᠭᠡ ᠳᠤ ᠰᠠᠭᠤᠭᠰᠠᠨ ᠪᠣᠳᠠᠲᠠᠶ ᠡᠪᠡᠳᠴᠢᠲᠡᠨ ᠤ ᠣᠷᠣ ᠶᠢᠨ ᠵᠠᠷᠤᠳᠠᠯ ᠨᠢ ᠲᠣᠭᠲᠠᠭᠠᠭᠰᠠᠨ ᠲᠦᠯᠦᠬᠦ ᠪᠠᠷᠢᠮᠵᠢᠶ᠎ᠠ ᠠᠴᠠ ᠦᠨᠳᠣᠷ ᠪᠠᠶᠢᠢᠪᠡᠯ᠂ ᠲᠣᠭᠲᠠᠭᠠᠯ ᠶᠣᠰᠣᠭᠠᠷ ᠲᠦᠯᠦᠨ᠎ᠡ︔ ᠲᠣᠭᠲᠠᠭᠠᠭᠰᠠᠨ ᠲᠦᠯᠦᠬᠦ ᠪᠠᠷᠢᠮᠵᠢᠶ᠎ᠠ ᠠᠴᠠ ᠲᠣᠣᠷ᠎ᠡ ᠪᠠᠶᠢᠢᠪᠡᠯ᠂ ᠪᠣᠳᠠᠲᠠᠶ ᠵᠠᠷᠤᠳᠠᠯ ᠢᠶᠠᠷ ᠨᠢ ᠲᠦᠯᠦᠨ᠎ᠡ᠃   ᠠᠷᠪᠠᠨ ᠨᠠᠶᠢᠮᠠᠳᠤᠭᠠᠷ ᠵᠦᠢᠯ   ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠶᠡᠭᠡ ᠳᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠬᠡᠰᠡᠭ ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠣᠯᠤᠨ ᠳᠠᠭᠠᠳᠬᠠᠯ ᠳᠤ ᠣᠷᠣᠯᠴᠠᠭᠰᠠᠳ ᠠᠴᠠ ︽ᠬᠡᠰᠡᠭᠯᠡᠨ ᠪᠣᠳᠤᠵᠤ᠂ ᠬᠤᠷᠠᠮᠳᠤᠭᠤᠯᠤᠨ ᠲᠦᠯᠦᠬᠦ︾ ᠠᠷᠭ᠎ᠠ ᠪᠠᠷ ᠬᠠᠷᠢᠴᠠᠯ ᠶᠣᠰᠣᠭᠠᠷ ᠳᠥᠯᠥᠨ᠎ᠡ᠃    ᠡᠭᠦᠳᠡᠨ ᠡᠮᠨᠡᠯᠭᠡ ᠪᠠ ᠪᠠᠴᠢᠮ ᠡᠮᠴᠢᠯᠡᠭᠡ ︵ᠭᠤᠷᠪᠠᠨ ᠡᠳᠦᠷ ᠤᠨ ᠲᠤᠲᠣᠷ᠎ᠠ ᠪᠠᠷ ᠬᠢᠵᠠᠭᠠᠷᠯᠠᠨ᠎ᠠ ︶ ᠳᠤ ᠡᠭᠦᠰᠦᠭᠰᠡᠨ ︽ᠭᠤᠷᠪᠠᠨ ᠭᠠᠷᠴᠠᠭ︾ ᠲᠤ ᠨᠠᠶᠢᠢᠴᠡᠭᠦ ᠡᠮᠴᠢᠯᠡᠭᠡᠨ ᠤ ᠵᠠᠷᠤᠳᠠᠯ ᠤᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠳᠥᠯᠥᠬᠦ ᠬᠠᠷᠢᠴᠠᠯ ᠨᠢ 70% ᠪᠣᠯᠤᠨ᠎ᠠ︔  ︵ᠬᠤᠶᠠᠷ︶ ᠬᠠᠮᠤᠭ ᠤᠨ ᠶᠡᠭᠡ ᠲᠥᠯᠥᠬᠦ ᠬᠢᠵᠠᠭᠠᠷ ᠲᠤᠭ᠎ᠠ ᠠᠴᠠ ᠳᠡᠭᠡᠭᠰᠢᠬᠢ ᠡᠮᠴᠢᠯᠡᠭᠡᠨ ᠤ ᠵᠠᠷᠤᠳᠠᠯ ᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠪᠠᠶᠢᠭᠤᠯᠬᠤ ᠠᠷᠭ᠎ᠠ ᠪᠠᠷ ᠰᠢᠢᠳᠪᠦᠷᠢᠯᠡᠨ᠎ᠡ︔  ︵ᠭᠤᠷᠪᠠ︶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠮᠴᠢᠯᠡᠭᠡᠨ ᠤ ᠬᠡᠷᠡᠭᠯᠡᠭᠡᠨ ᠤ ᠬᠢᠷᠢ ᠲᠦᠪᠰᠢᠨ ᠤ ᠬᠤᠪᠢᠷᠠᠯᠲᠠ ᠲᠠᠢ ᠳᠠᠭᠠᠯᠳᠣᠭᠤᠯᠣᠨ ᠵᠣᠬᠢᠬᠤ ᠲᠤᠬᠢᠷᠠᠭᠤᠯᠤᠯᠲᠠ ᠬᠢᠵᠤ ᠪᠣᠯᠣᠨ᠎ᠠ︔  ︵ᠳᠥᠷᠪᠡ︶ ᠳᠣᠤᠷ᠎ᠠ ᠵᠢᠭᠰᠠᠭᠠᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠬᠤ ᠥᠬᠡᠶ᠄  1. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠶᠣᠰᠣᠲᠠᠶ ᠵᠠᠷᠤᠳᠠᠯ︔  2. ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠶ ᠵᠠᠷᠤᠳᠠᠯ︔  3. ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠠᠴᠠ ᠡᠭᠦᠷᠭᠡᠯᠡᠬᠦ ᠶᠣᠰᠣᠲᠠᠢ ᠵᠠᠷᠤᠳᠠᠯ︔  4. ᠬᠢᠯᠢ ᠶᠢᠨ ᠭᠠᠳᠠᠨ᠎ᠠ ᠡᠮᠨᠡᠭᠦᠯᠦᠭᠰᠡᠨ ᠵᠠᠷᠤᠳᠠᠯ︔  5. ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ᠂ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ︔  6. ᠤᠯᠤᠰ ᠠᠴᠠ ᠲᠣᠭᠲᠠᠭᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠬᠦ ᠦᠭᠡᠢ ᠪᠤᠰᠤᠳ ᠵᠠᠷᠤᠳᠠᠯ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠪᠣᠯ᠂ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷ ᠴᠠᠭ ᠤᠨ ᠲᠤᠬᠢᠷᠠᠭᠤᠯᠤᠯᠳᠠ ᠬᠢᠵᠦ ᠪᠣᠯᠤᠨ᠎ᠠ   ᠡᠮᠴᠢᠯᠡᠭᠡᠨ ᠤ ᠵᠠᠷᠤᠳᠠᠯ ᠢ ᠬᠠᠤᠯᠢ ᠶᠣᠰᠣᠭᠠᠷ ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠢ ᠪᠠᠶᠢᠢᠵᠤ᠂ ᠭᠤᠷᠪᠠᠳᠠᠬᠢ ᠬᠥᠮᠦᠨ ᠲᠥᠯᠥᠬᠦ ᠦᠭᠡᠢ ᠪᠤᠶᠤ ᠭᠤᠷᠪᠠᠳᠠᠬᠢ ᠬᠥᠮᠦᠨ ᠢ ᠲᠣᠭᠲᠠᠭᠠᠬᠤ ᠶᠢᠨ ᠠᠷᠭ᠎ᠠ ᠦᠭᠡᠢ ᠪᠣᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠤᠷᠢᠳ ᠢᠶᠠᠷ ᠲᠥᠯᠥᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠤᠷᠢᠳ ᠢᠶᠠᠷ ᠲᠥᠯᠥᠭᠰᠡᠨ ᠤ ᠳᠠᠷᠠᠭ᠎ᠠ᠂ ᠭᠤᠷᠪᠠᠳᠠᠬᠢ ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃   ᠠᠷᠪᠠ ᠶᠢᠰᠦᠳᠦᠭᠡᠷ ᠵᠦᠢᠯ   ᠮᠤᠵᠢ ᠠᠯᠤᠰᠯᠠᠨ ᠲᠦᠷ ᠴᠠᠭ ᠭᠠᠳᠠᠭᠰᠢ ᠭᠠᠷᠬᠤ ᠪᠠᠷ ᠪᠦᠷᠢᠳᠭᠡᠨ ᠳᠠᠩᠰᠠᠯᠠᠭᠤᠯᠤᠭᠰᠠᠨ ᠬᠥᠮᠦᠰ ᠤᠨ ᠡᠪᠡᠳᠴᠢᠨ ᠦᠵᠡᠭᠦᠯᠦᠭᠰᠡᠨ ᠡᠮᠨᠡᠯᠭᠡ ᠶᠢᠨ ᠬᠤᠷᠢᠶ᠎ᠠ ᠨᠢ ᠣᠨᠳᠣᠤ ᠭᠠᠵᠠᠷ ᠲᠤ ᠡᠮᠨᠡᠭᠦᠯᠬᠦ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠳᠥᠯᠥᠬᠦ ᠬᠠᠷᠢᠴᠠᠯ ᠢ ᠠᠷᠪᠠᠨ ᠨᠠᠶᠢᠮᠠᠳᠤᠭᠠᠷ ᠵᠦᠢᠯ ᠤᠨ ᠲᠣᠭᠲᠠᠭᠠᠯ ᠤᠨ ᠰᠠᠭᠤᠷᠢᠨ ᠳᠡᠭᠡᠷ᠎ᠡ 5% ᠪᠠᠭᠤᠷᠠᠭᠤᠯᠤᠨ᠎ᠠ᠃   ᠬᠤᠷᠢᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ ᠵᠦᠢᠯ ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠳᠥᠯᠥᠵᠦ ᠣᠨᠣᠰᠢᠯᠠᠨ ᠡᠮᠨᠡᠬᠦ ᠲᠥᠷᠥᠯ ᠵᠦᠢᠯ ᠢᠶᠠᠷ ᠡᠮᠨᠡᠭᠦᠯᠦᠭᠰᠡᠨ ᠳᠤ᠂ ᠲᠦᠷᠭᠡᠨ ᠠᠪᠤᠷᠬᠠᠤ᠂ ᠪᠠᠴᠢᠮ ᠠᠪᠤᠷᠬᠠᠤ ᠬᠤᠭᠤᠴᠠᠭᠠᠨ ᠳᠤ ᠡᠮᠴᠢ ᠶᠢᠨ ᠵᠢᠭᠠᠪᠤᠷᠢ ᠪᠠᠷ ᠴᠢᠰᠤᠨ ᠤ ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ᠂ ᠲᠠᠷᠡ ᠬᠦ ᠵᠠᠷᠤᠳᠠᠯ ᠢ ᠴᠥᠮ ᠲᠣᠰ ᠬᠥᠮᠦᠨ ᠨᠢ ᠥᠪᠡᠷ ᠢᠶᠠᠨ 10% ᠶᠢ ᠨᠢ ᠬᠠᠷᠢᠭᠤᠴᠠᠵᠤ᠂ ᠦᠯᠡᠳᠡᠭᠰᠡᠨ ᠬᠡᠰᠡᠭ ᠢ ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃   ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷ ᠢᠶᠠᠨ ᠳᠥᠯᠥᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠦᠯᠡᠳᠡᠭᠰᠡᠨ ᠬᠡᠰᠡᠭ ᠢ ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃   ᠬᠤᠷᠢᠨ ᠨᠢᠭᠡᠳᠦᠭᠡᠷ ᠵᠦᠢᠯ   ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠷᠢᠰᠢᠭᠰᠠᠳ ᠣᠨᠳᠣᠤ ᠭᠠᠵᠠᠷ ᠲᠤ ᠡᠮᠨᠡᠭᠦᠯᠬᠦ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ᠂ ᠡᠮᠨᠡᠭᠦᠯᠣᠭ᠍ᠰᠡᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠵᠢᠴᠢ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮᠨᠡᠭᠦᠯᠵᠦ ᠡᠮ ᠵᠠᠯᠠᠵᠤ ᠪᠣᠯᠤᠨ᠎ᠠ᠃ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢᠶᠠᠨ ᠰᠠᠭᠤᠭᠰᠠᠨ ᠡᠮᠨᠡᠯᠭᠡ ᠶᠢᠨ ᠬᠤᠷᠢᠶᠠᠨ ᠳᠤ ᠪᠠᠨ ᠴᠠᠭ ᠲᠤᠬᠠᠶ ᠳᠤ ᠨᠢ ᠳᠠᠩᠰᠠᠨ ᠠᠴᠠ ᠲᠠᠶᠢᠯᠤᠨ᠎ᠠ᠂ ᠳᠠᠩᠰᠠᠨ ᠠᠴᠠ ᠰᠢᠭᠤᠳ ᠲᠠᠶᠢᠯᠵᠤ ᠳᠡᠶᠢᠯᠦᠭᠰᠡᠨ ᠦᠭᠡᠢ ᠡᠮᠴᠢᠯᠡᠭᠡᠨ ᠤ ᠵᠠᠷᠤᠳᠠᠯ ᠢ ᠲᠤᠰ ᠬᠥᠮᠦᠨ ᠨᠢ ᠣᠷᠣᠯᠠᠨ ᠥᠭᠭᠦᠨ᠎ᠡ᠂ ᠡᠮᠨᠡᠭᠦᠯᠵᠦ ᠳᠠᠭᠤᠰᠤᠭᠰᠠᠨ ᠤ ᠳᠠᠷᠠᠭ᠎ᠠ᠂ ᠬᠦᠴᠦᠨ ᠪᠦᠬᠦᠢ ᠪᠠᠷᠢᠮᠲᠠ ᠪᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃   ᠬᠤᠷᠢᠨ ᠬᠤᠶᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠮᠤᠵᠢ ᠠᠯᠤᠰᠯᠠᠨ ᠠᠯᠪᠠᠨ ᠠᠵᠢᠯ ᠢᠶᠠᠷ ᠭᠠᠳᠠᠭᠰᠢ ᠭᠠᠷᠬᠤ ᠪᠤᠶᠤ ᠲᠦᠷᠦᠯ ᠰᠠᠳᠤᠨ ᠢᠶᠠᠨ ᠡᠷᠭᠢᠵᠦ ᠦᠵᠡᠬᠦ ᠬᠤᠭᠤᠴᠠᠭᠠᠨ ᠳᠤ ᠲᠦᠷᠭᠡᠨ ᠡᠪᠡᠳᠴᠢᠨ ᠳᠤ ᠭᠡᠨᠡᠳᠲᠡ ᠨᠡᠷᠪᠡᠭᠳᠡᠪᠡᠯ᠂ ᠡᠭᠦᠰᠦᠭᠰᠡᠨ ᠡᠮᠴᠢᠯᠡᠭᠡᠨ ᠤ ᠵᠠᠷᠤᠳᠠᠯ ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ ᠪᠢᠴᠢᠭ᠂ ᠡᠪᠡᠳᠴᠢᠨ ᠤ ᠲᠡᠦᠬᠡ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠶᠢ ᠠᠷᠪᠠᠨ ᠨᠠᠶᠢᠮᠠᠳᠤᠭᠠᠷ ᠵᠦᠢᠯ ᠤᠨ ᠰᠠᠭᠤᠷᠢᠨ ᠳᠡᠭᠡᠷ᠎ᠡ 5% ᠪᠠᠷ ᠪᠠᠭᠤᠷᠠᠭᠤᠯᠤᠨ᠎ᠠ᠃   ᠥᠪᠡᠷᠲᠡᠭᠡᠨ ᠵᠠᠰᠠᠬᠤ ᠣᠷᠣᠨ ᠤ ᠬᠡᠪᠴᠢᠶᠠᠨ ᠳᠤ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠳᠤ ᠭᠡᠨᠡᠳᠲᠡ ᠶᠢᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠢ ᠠᠷᠪᠠᠨ ᠨᠠᠶᠢᠮᠠᠳᠤᠭᠠᠷ ᠵᠦᠢᠯ ᠤᠨ ᠲᠠᠩᠰᠠ ᠲᠠᠶᠢᠯᠬᠤ ᠬᠠᠷᠢᠴᠠᠯ ᠢᠶᠠᠷ ᠭᠦᠢᠴᠡᠳᠬᠡᠨ᠎ᠡ᠃ ᠡᠭᠦᠰᠦᠭᠰᠡᠨ ᠡᠮᠴᠢᠯᠡᠭᠡᠨ ᠤ ᠵᠠᠷᠤᠳᠠᠯ ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ ᠪᠢᠴᠢᠭ᠂ ᠡᠪᠡᠳᠴᠢᠨ ᠤ ᠲᠡᠦᠬᠡ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃   ᠬᠤᠷᠢᠨ ᠭᠤᠷᠪᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠨ ᠨᠢᠭᠡᠴᠢ ︵ᠠᠮᠢᠳᠤᠯᠢᠭ ᠢᠶᠠᠷ ᠠᠵᠢᠯ ᠣᠯᠤᠭᠰᠠᠳ︶ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠳᠤ ᠦᠷᠢᠳᠣᠭ᠍ᠰᠡᠨ ᠪᠠᠶᠢᠢᠪᠡᠯ᠂ ᠵᠠᠷᠤᠳᠠᠯ ᠥᠷᠢᠲᠦᠭᠰᠡᠨ ᠲᠤᠰ ᠰᠠᠷ᠎ᠠ ᠠᠴᠠ ᠡᠬᠢᠯᠡᠨ ᠡᠭᠦᠰᠬᠡᠭᠰᠡᠨ ᠡᠮᠴᠢᠯᠡᠭᠡᠨ ᠤ ᠵᠠᠷᠤᠳᠠᠯ ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠠᠴᠠ ᠲᠦᠯᠦᠬᠦ ᠶᠢ ᠲᠦᠷ ᠵᠣᠭᠰᠣᠭᠠᠵᠤ᠂ ᠦᠷᠢᠳᠣᠭ᠍ᠰᠡᠨ ᠵᠠᠷᠤᠳᠠᠯ ᠢᠶᠠᠨ ᠨᠥᠬᠦᠵᠦ ᠲᠤᠰᠢᠶᠠᠭᠰᠠᠨ ᠤ ᠳᠠᠷᠠᠭ᠎ᠠ ᠳᠠᠩᠰᠠ ᠲᠠᠶᠢᠯᠬᠤ ᠭᠠᠷᠳᠠᠮ ᠭᠦᠢᠴᠡᠳᠬᠡᠵᠦ ᠪᠣᠯᠤᠨ᠎ᠠ᠃   ᠬᠤᠷᠢᠨ ᠳᠥᠷᠪᠡᠳᠦᠭᠡᠷ ᠵᠦᠢᠯ   ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠠᠩᠬᠢ ᠶᠢᠨ ᠬᠠᠳᠠᠭᠠᠯᠠᠮᠵᠢ ᠳᠤ ᠬᠦᠦ ᠮᠥᠩᠭᠦ ᠶᠢ ᠨᠢᠭᠡᠳᠦᠯᠲᠡᠶ ᠪᠤᠳᠤᠬᠤ ᠠᠷᠭ᠎ᠠ ᠶᠢ ᠬᠡᠷᠡᠭᠵᠢᠭᠦᠯᠦᠨ᠎ᠡ᠃ ᠣᠷᠣᠯᠭ᠎ᠠ ᠶᠢᠨ ᠳᠠᠩᠰᠠᠨ ᠡᠷᠦᠬᠡ ᠪᠠ ᠵᠠᠷᠤᠯᠭ᠎ᠠ ᠶᠢᠨ ᠳᠠᠩᠰᠠᠨ ᠡᠷᠦᠬᠡ ᠳᠤ ᠬᠠᠳᠠᠭᠠᠯᠠᠭᠰᠠᠨ ᠬᠤᠭᠤᠴᠠᠭ᠎ᠠ ᠦᠭᠡᠶ ᠬᠠᠳᠠᠭᠠᠯᠠᠮᠵᠢ ᠳᠤ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ ᠭᠤᠷᠪᠠᠨ ᠰᠠᠷ᠎ᠠ ᠪᠠᠷ ᠪᠦᠬᠦᠯᠢ ᠪᠠᠷ ᠬᠠᠳᠠᠭᠠᠯᠠᠵᠤ ᠪᠦᠬᠦᠯᠢ ᠪᠠᠷ ᠭᠠᠷᠭᠠᠨ ᠠᠪᠬᠤ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠪᠠᠷᠢᠮᠵᠢᠶᠠᠲᠤ ᠬᠦᠦ ᠮᠥᠩᠭᠦ ᠶᠢᠨ ᠨᠣᠷᠮ᠎ᠠ ᠪᠠᠷ ᠬᠦᠦ ᠮᠥᠩᠭᠦ ᠶᠢ ᠪᠤᠳᠤᠨ᠎ᠠ᠃ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠬᠠᠳᠠᠭᠠᠯᠠᠭᠰᠠᠨ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠲᠠᠢ ᠬᠠᠷᠢᠴᠠᠭᠤᠯᠤᠨ ᠬᠠᠮᠢᠶᠠᠷᠤᠨ᠎ᠠ᠃   ᠬᠤᠷᠢᠨ ᠲᠠᠪᠤᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠭᠡ ᠶᠢᠨ ᠡᠭᠡ ᠮᠥᠩᠭᠦ ᠪᠠ ᠬᠦᠦ ᠮᠥᠩᠭᠦ ᠪᠣᠯ ᠬᠤᠪᠢ ᠶᠢᠨ ᠥᠮᠴᠢ ᠪᠠᠶᠢᠢᠵᠤ᠂ ᠲᠡᠭᠦᠨ ᠢ ᠳ᠋ᠦᠩᠨᠡᠨ ᠰᠢᠯᠵᠢᠭᠦᠯᠦᠨ ᠬᠡᠷᠡᠭᠯᠡᠬᠦ ᠪᠠ ᠬᠠᠤᠯᠢ ᠶᠣᠰᠣᠭᠠᠷ ᠵᠠᠯᠭᠠᠮᠵᠢᠯᠠᠵᠤ ᠪᠣᠯᠤᠨ᠎ᠠ᠃   ᠬᠤᠷᠢᠨ ᠵᠢᠷᠭᠤᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠬᠤ ᠡᠷᠬᠡ ᠲᠠᠢ᠂ ᠪᠠᠰᠠ ᠳᠠᠭᠠᠳᠬᠠᠯ ᠳᠤ ᠣᠷᠣᠯᠴᠠᠭᠰᠠᠨ ᠨᠢᠭᠡᠴᠢ ᠪᠠ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢᠶᠠᠨ ᠪᠠᠶᠢᠴᠠᠭᠠᠨ ᠯᠠᠪᠯᠠᠬᠤ ᠡᠷᠬᠡ ᠲᠠᠢ᠃   ᠬᠤᠷᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠰᠠᠶᠢᠨ ᠳᠤᠷ᠎ᠠ ᠠᠴᠠ ᠪᠠᠨ ᠬᠥᠬᠡᠬᠤᠲᠠ ᠶᠢᠨ ᠬᠤᠲᠠ ᠶᠢᠨ ᠲᠣᠭᠤᠷᠢᠭ ᠲᠠᠬᠢ ᠶᠠᠮᠠᠷᠪᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠰᠣᠩᠭᠤᠵᠤ ᠡᠪᠡᠳᠴᠢᠨ ᠦᠵᠡᠭᠦᠯᠵᠦ ᠡᠮ ᠵᠠᠯᠠᠵᠤ ᠪᠣᠯᠤᠨ᠎ᠠ᠃   ᠬᠤᠷᠢᠨ ᠨᠠᠶᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠳᠤ ᠡᠮᠴᠢᠯᠡᠭᠡᠨ ᠤ ᠦᠢᠯᠡᠴᠢᠯᠡᠭᠡᠨ ᠤ ᠵᠥᠪᠯᠡᠯᠴᠡᠭᠡᠷ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠎ᠡ᠃ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠡᠮᠴᠢᠯᠡᠭᠡᠨ ᠤ ᠦᠢᠯᠡᠴᠢᠯᠡᠭᠡᠨ ᠤ ᠵᠥᠪᠯᠡᠯᠴᠡᠭᠡᠷ ᠵᠢᠴᠢ ᠬᠠᠮᠢᠶ᠎ᠠ ᠪᠥᠬᠦᠶ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠡᠮᠨᠡᠯᠭᠡ ᠳᠤ ᠣᠷᠤᠭᠰᠠᠨ ᠤ ᠭᠤᠷᠪᠠᠨ ᠡᠳᠦᠷ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠳᠡᠩᠰᠡᠯᠡᠯᠲᠡ ᠶᠢ ᠭᠦᠢᠴᠡᠣᠡᠭᠡᠭᠦ ᠬᠡᠷᠡᠭᠲᠡᠶ᠂ ᠦᠷᠦᠬᠡᠯ ᠤᠨ ᠨᠡᠷ᠎ᠡ ᠪᠠᠷ ᠡᠮᠨᠡᠯᠭᠡ ᠳᠤ ᠰᠠᠭᠤᠵᠤ ᠡᠮᠨᠡᠭᠦᠯᠬᠦ᠂ ᠨᠡᠷ᠎ᠡ ᠶᠢᠨ ᠲᠡᠳᠦᠢ ᠡᠮᠨᠡᠯᠭᠡ ᠳᠤ ᠰᠠᠭᠤᠵᠤ ᠡᠮᠨᠡᠭᠦᠯᠬᠦ᠂ ᠰᠠᠯᠭᠠᠵᠤ ᠳᠠᠬᠢᠨᠳᠠ ᠡᠮᠨᠡᠯᠭᠡ ᠳᠤ ᠰᠠᠭᠤᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠬᠠᠭᠤᠷᠮᠠᠭ ᠡᠮ᠂ ᠮᠠᠭᠤ ᠡᠮ ᠬᠤᠳᠠᠯᠳᠤᠬᠤ᠂ ᠡᠮ ᠤᠨ ᠵᠦᠢᠯ ᠢ ᠰᠣᠯᠢᠯᠴᠠᠵᠤ ᠬᠤᠯᠢᠯᠳᠤᠭᠤᠯᠬᠤ ᠵᠢᠴᠢ ᠪᠡᠯᠡᠨ ᠵᠣᠭᠤᠰ ᠰᠣᠯᠢᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃   ᠬᠤᠷᠢ ᠶᠢᠰᠦᠳᠦᠭᠡᠷ ᠵᠦᠢᠯ   ᠡᠩ ᠤᠨ ᠡᠭᠦᠳᠡᠨ ᠡᠮᠨᠡᠯᠭᠡ ᠨᠢᠭᠡᠳᠦᠯᠲᠡᠶ ᠲᠦᠯᠣᠪᠯᠡᠭᠦ᠂ ᠡᠭᠦᠳᠡᠨ ᠡᠮᠨᠡᠯᠭᠡ ᠶᠢᠨ ᠣᠨᠴᠠᠭᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃   ᠭᠤᠴᠢᠳᠤᠭᠠᠷ ᠵᠦᠢᠯ   ᠮᠤᠵᠢ ᠶᠢᠨ ᠳᠡᠰ ᠤᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠳ᠂ ᠠᠬᠠᠮᠠᠳ ᠤᠯᠠᠭᠠᠨ ᠴᠡᠷᠢᠭ ᠵᠢᠴᠢ ᠰᠣᠶᠣᠯ ᠤᠨ ᠶᠡᠭᠡ ᠬᠤᠪᠢᠰᠬᠠᠯ ᠤᠨ ᠳᠤᠮᠳᠠ ᠪᠦᠬᠦ ᠪᠡᠶ᠎ᠡ ᠨᠢ ᠵᠡᠮᠳᠡᠭ ᠪᠤᠯᠤᠭᠰᠠᠨ ᠬᠥᠮᠦᠰ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠦᠭᠡᠢ᠂ ᠬᠤᠯᠪᠣᠭᠳᠠᠯ ᠪᠦᠬᠦᠢ ᠬᠠᠷᠠᠭᠠᠯᠵᠠᠯ ᠢ ᠨᠢ ᠬᠤᠪᠢᠷᠠᠭᠤᠯᠬᠤ ᠦᠭᠡᠢ᠂ ᠡᠮᠴᠢᠯᠡᠭᠡᠨ ᠤ ᠵᠠᠷᠤᠳᠠᠯ ᠢ ᠤᠤᠯ ᠤᠨ ᠪᠡᠯᠡ ᠮᠥᠩᠭᠦ ᠶᠢᠨ ᠠᠷᠭ᠎ᠠ ᠵᠠᠮ ᠢᠶᠠᠷ ᠰᠢᠢᠳᠪᠦᠷᠢᠯᠡᠨ᠎ᠡ᠃   ᠰᠣᠶᠣᠯ ᠤᠨ ᠶᠡᠭᠡ ᠬᠤᠪᠢᠰᠬᠠᠯ ᠳᠤ ᠦᠨᠳᠦᠰᠦᠨ ᠳᠤ ᠪᠠᠨ ᠵᠡᠮᠳᠡᠭ ᠪᠣᠯᠵᠤ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠡᠬᠢᠯᠡᠵᠦ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ 10% ᠪᠠᠷ ᠪᠠᠭᠤᠷᠠᠭᠤᠯᠤᠨ᠎ᠠ︔ ᠬᠤᠪᠢ ᠬᠥᠮᠦᠨ ᠤ ᠲᠠᠩᠰᠠᠨ ᠡᠷᠦᠭᠡ ᠶᠢ ᠪᠠᠶᠢᠭᠤᠯᠬᠤ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠷᠭ᠎ᠠ ᠶᠢ ᠬᠡᠷᠡᠭᠵᠢᠭᠦᠯᠵᠦ᠂ ᠥᠪᠡᠷ ᠢᠶᠠᠨ ᠲᠦᠯᠤᠬᠦ ᠬᠠᠷᠢᠴᠠᠯ ᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠥᠪᠡᠷ ᠢᠶᠠᠨ ᠲᠦᠯᠤᠬᠦ ᠬᠠᠷᠢᠴᠠᠯ ᠤᠨ ᠰᠠᠭᠤᠷᠢᠨ ᠳᠡᠭᠡᠷ᠎ᠡ ᠬᠤᠶᠠᠷ ᠵᠠᠭᠤᠨ ᠤ ᠴᠡᠭ ᠢᠶᠠᠷ ᠪᠠᠭᠤᠷᠠᠭᠤᠯᠤᠨ᠎ᠠ᠃ ᠠᠵᠢᠯ ᠳᠤ ᠪᠠᠶᠢᠭ᠎ᠠ ᠰᠣᠶᠣᠯ ᠤᠨ ᠶᠡᠭᠡ ᠬᠤᠪᠢᠰᠬᠠᠯ ᠳᠤ ᠦᠨᠳᠦᠰᠦᠨ ᠳᠤ ᠪᠠᠨ ᠵᠡᠮᠳᠡᠭ ᠪᠣᠯᠣᠭᠰᠠᠳ ᠲᠤ ᠡᠩ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃   ᠭᠤᠷᠪᠠᠳᠤᠭᠠᠷ ᠪᠦᠯᠦᠭ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ  ᠭᠤᠴᠢᠨ ᠨᠢᠭᠡᠳᠦᠭᠡᠷ ᠵᠦᠢᠯ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠨᠢ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠠᠴᠠ ᠪᠣᠯᠵᠣ ᠡᠭᠦᠰᠦᠭᠰᠡᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠬᠠᠮᠤᠭ ᠤᠨ ᠶᠡᠭᠡ ᠳᠥᠯᠥᠬᠦ ᠬᠢᠵᠠᠭᠠᠷ ᠲᠤᠭ᠎ᠠ ᠠᠴᠠ ᠳᠡᠭᠡᠭᠰᠢᠬᠢ ᠬᠡᠰᠡᠭ ᠤᠨ ᠡᠮᠴᠢᠯᠡᠭᠡᠨ ᠤ ᠵᠠᠷᠤᠳᠠᠯ ᠢ ᠰᠢᠢᠳᠪᠦᠷᠢᠯᠡᠨ᠎ᠡ᠃   ᠭᠤᠴᠢᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠢᠭᠡᠴᠢ ᠪᠣᠯᠤᠨ ᠠᠵᠢᠯᠳᠠᠨ ᠠᠵᠢᠯᠴᠢᠨ ᠪᠥᠬᠦᠨ ᠠᠵᠢᠯᠳᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠳᠤ ᠡᠷᠬᠡᠪᠰᠢ ᠣᠷᠣᠯᠴᠠᠬᠤ ᠬᠡᠷᠡᠭᠲᠡᠶ᠃   ᠭᠤᠴᠢᠨ ᠭᠤᠷᠪᠠᠳᠤᠭᠠᠷ ᠵᠦᠢᠯ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠨᠢᠭᠡ ᠵᠢᠯ ᠤᠨ ᠳᠣᠲᠣᠷᠠᠬᠢ ᠬᠠᠮᠤᠭ ᠤᠨ ᠶᠡᠭᠡ ᠲᠥᠯᠥᠬᠦ ᠬᠢᠵᠠᠭᠠᠷ ᠲᠤᠭ᠎ᠠ ᠨᠢ 10 ᠲᠦᠮᠡᠨ ᠲᠥᠭᠦᠷᠢᠭ ᠪᠣᠯᠤᠨ᠎ᠠ᠃   ᠭᠤᠴᠢᠨ ᠳᠥᠷᠪᠡᠳᠦᠭᠡᠷ ᠵᠦᠢᠯ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ ᠶᠣᠰᠣᠭᠠᠷ ᠴᠤᠭᠯᠠᠭᠤᠯᠤᠨ᠎ᠠ᠂ ᠵᠠᠷᠤᠳᠠᠯ ᠲᠤᠰᠢᠶᠠᠬᠤ ᠪᠠᠷᠢᠮᠵᠢᠶ᠎ᠠ ᠨᠢ ᠳᠠᠭᠠᠳᠬᠠᠯ ᠳᠤ ᠣᠷᠤᠯᠴᠠᠭᠰᠠᠳ ︵ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠪᠠᠭᠲᠠᠭᠠᠨ᠎ᠠ︶ ᠪᠣᠯᠭᠠᠨ ᠵᠢᠯ ᠤᠨ 100 ᠲᠥᠭᠦᠷᠢᠭ ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠢᠭᠡᠴᠢ ᠠᠴᠠ ᠲᠤᠰᠢᠶᠠᠵᠤ᠂ ᠠᠵᠢᠯᠯᠠᠵᠤ ᠪᠠᠶᠢᠢᠭ᠎ᠠ ᠠᠮᠢᠳᠤᠯᠢᠭ ᠢᠶᠠᠷ ᠠᠵᠢᠯ ᠣᠯᠣᠭᠰᠠᠳ ᠬᠤᠪᠢ ᠭᠦᠮᠣᠨ ᠥᠪᠡᠷ ᠢᠶᠠᠨ ᠲᠤᠰᠢᠶᠠᠨ᠎ᠠ᠃   ᠭᠤᠴᠢᠨ ᠲᠠᠪᠤᠳᠤᠭᠠᠷ ᠵᠦᠢᠯ   ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠤᠬᠠᠶᠢᠯᠠᠭᠰᠠᠨ ᠠᠵᠢᠯ ᠤᠨ ᠵᠢᠯ ᠢᠶᠠᠷ ᠲᠤᠰᠢᠶᠠᠵᠤ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ ᠰᠡᠭᠦᠯᠴᠢ ᠳᠤ ᠲᠤᠰᠢᠶᠠᠵᠤ ᠳᠠᠭᠤᠰᠬᠠᠨ᠎ᠠ᠂ ᠳᠠᠭᠠᠳᠬᠠᠯ ᠳᠤ ᠰᠢᠨ᠎ᠡ ᠪᠠᠷ ᠣᠷᠣᠯᠴᠠᠭᠰᠠᠳ ᠤᠨ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠲᠤᠰ ᠰᠠᠷ᠎ᠠ ᠳᠤ ᠨᠢᠭᠡᠴᠢ ᠠᠴᠠ ᠪᠥᠬᠦ ᠲᠤᠭ᠎ᠠ ᠪᠠᠷ ᠲᠤᠰᠢᠶᠠᠨ᠎ᠠ᠃   ᠭᠤᠴᠢᠨ ᠵᠢᠷᠭᠤᠳᠤᠭᠠᠷ ᠵᠦᠢᠯ   ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠳᠤ ᠬᠤᠪᠢ ᠬᠥᠮᠦᠨ ᠤ ᠲᠠᠩᠰᠠᠨ ᠡᠷᠥᠭᠡ ᠪᠠᠶᠢᠭᠤᠯᠬᠤ ᠥᠭᠡᠢ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠤᠰᠢᠶᠠᠭᠰᠠᠨ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠪᠥᠬᠦᠨ ᠢ ᠶᠡᠭᠡ ᠲᠣᠭᠠᠨ ᠤ ᠨᠥᠬᠦᠪᠥᠷᠢ ᠰᠠᠭᠤᠷᠢ ᠮᠥᠩᠭᠦ ᠪᠠᠶᠢᠭᠤᠯᠬᠤ ᠳᠤ ᠬᠡᠷᠡᠭᠯᠡᠨ᠎ᠡ᠃ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠬᠤ ᠦᠭᠡᠢ᠂ ᠶᠠᠮᠠᠷᠪᠠ ᠨᠢᠭᠡᠴᠢ ᠶᠠᠮᠠᠷᠪᠠ ᠰᠢᠯᠲᠠᠭᠠᠨ ᠢᠶᠠᠷ ᠲᠤᠰᠢᠶᠠᠬᠤ ᠶᠢ ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃   ᠳᠠᠭᠠᠳᠬᠠᠯ ᠳᠤ ᠣᠷᠣᠯᠴᠠᠭᠰᠠᠨ ᠨᠢᠭᠡᠴᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠤᠰᠢᠶᠠᠭᠰᠠᠨ ᠥᠬᠡᠶ ᠪᠣᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠬᠦ ᠶᠢ ᠲᠦᠷ ᠵᠣᠭᠰᠣᠭᠠᠨ᠎ᠠ᠃   ᠭᠤᠴᠢᠨ ᠳᠣᠯᠣᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠢᠭᠡᠳᠦᠯᠲᠡᠶ ᠲᠦᠯᠦᠪᠯᠡᠬᠦ ᠬᠡᠪᠴᠢᠶᠡᠨ ᠳᠤ ᠡᠷᠬᠢᠯᠳᠣᠪᠡᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠳᠠᠭᠠᠯᠳᠤᠭᠤᠯᠤᠨ ᠰᠢᠯᠵᠢᠭᠦᠯᠦᠨ᠎ᠡ︔ ᠳᠠᠭᠠᠳᠬᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠢᠭᠡᠳᠦᠯᠲᠡᠶ ᠲᠦᠯᠦᠪᠯᠡᠬᠦ ᠬᠡᠪᠴᠢᠶᠠᠨ ᠠᠴᠠ ᠰᠢᠯᠵᠢᠪᠡᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠵᠢᠴᠢ ᠣᠯᠭᠤᠮᠵᠢ ᠶᠢ ᠠᠵᠢᠯ ᠰᠢᠯᠵᠢᠭᠰᠡᠨ ᠡᠳᠦᠷ ᠠᠴᠠ ᠡᠬᠢᠯᠡᠨ ᠳᠠᠭᠤᠰᠬᠠᠨ᠎ᠠ᠃   ᠭᠤᠴᠢᠨ ᠨᠠᠶᠢᠮᠠᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ ᠵᠦᠢᠯ ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠲᠥᠯᠥᠬᠦ ᠣᠨᠣᠰᠢᠯᠠᠨ ᠡᠮᠨᠡᠬᠦ ᠲᠥᠷᠥᠯ ᠵᠦᠢᠯ ᠢᠶᠠᠷ ᠡᠮᠨᠡᠭᠦᠯᠦᠭᠰᠡᠨ᠂ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭᠠᠨ ᠳᠤ ᠡᠮᠴᠢ ᠶᠢᠨ ᠵᠢᠭᠠᠪᠤᠷᠢ ᠪᠠᠷ ᠴᠢᠰᠤᠨ ᠤ ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ ᠵᠠᠷᠤᠳᠠᠯ ᠢ ᠨᠢ ᠴᠥᠮ ᠲᠤᠰ ᠬᠥᠮᠦᠨ ᠥᠪᠡᠷ ᠢᠶᠠᠨ 10% ᠶᠢ ᠨᠢ ᠬᠠᠷᠢᠭᠤᠴᠠᠵᠤ᠂ ᠦᠯᠡᠳᠡᠭᠰᠡᠨ ᠬᠡᠰᠡᠭ ᠢ ᠨᠢ ᠠᠵᠢᠯᠳᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯᠤᠨ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠲᠥᠯᠥᠨ᠎ᠡ᠃   ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷᠲᠡᠭᠡᠨ ᠳᠥᠯᠥᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠦᠯᠡᠳᠡᠭᠰᠡᠨ ᠬᠡᠰᠡᠭ ᠢ ᠨᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃   ᠭᠤᠴᠢ ᠶᠢᠰᠦᠳᠦᠭᠡᠷ ᠵᠦᠢᠯ    ᠳᠠᠭᠠᠳᠬᠠᠯ ᠳᠤ ᠣᠷᠣᠯᠴᠠᠭᠰᠠᠳ ᠣᠷᠣᠨ ᠤ ᠳᠣᠲᠣᠷ᠎ᠠ ᠪᠤᠶᠤ ᠮᠤᠵᠢ ᠠᠯᠤᠰᠯᠠᠨ ᠣᠷᠳᠣ ᠬᠤᠭᠤᠴᠠᠭ᠎ᠠ ᠪᠠᠷ ᠣᠨᠳᠣᠤ ᠭᠠᠵᠠᠷ ᠲᠤ ᠰᠠᠭᠤᠷᠢᠰᠢᠬᠤ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ ᠡᠪᠡᠳᠴᠢᠨ ᠠᠴᠠ ᠪᠣᠯᠵᠣ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠭᠠᠳ ᠡᠭᠦᠰᠣᠭ᠍ᠰᠡᠨ ︽ᠭᠤᠷᠪᠠᠨ ᠭᠠᠷᠴᠠᠭ︾ ᠲᠤ ᠨᠠᠶᠢᠢᠴᠡᠭᠦ ᠡᠮᠴᠢᠯᠡᠭᠡᠨ ᠤ ᠵᠠᠷᠤᠳᠠᠯ ᠳᠠᠬᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 97% ᠪᠣᠯᠤᠨ᠎ᠠ︔ ᠮᠤᠵᠢ ᠠᠯᠤᠰᠯᠠᠵᠤ ᠲᠦᠷ ᠴᠠᠭ ᠣᠨᠳᠣᠤ ᠭᠠᠵᠠᠷ ᠲᠤ ᠡᠮᠨᠡᠭᠦᠯᠬᠦ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ ᠡᠮᠨᠡᠯᠭᠡ ᠳᠤ ᠰᠠᠭᠤᠬᠤ ᠪᠤᠶᠤ ᠣᠷᠣᠨ ᠤ ᠭᠠᠳᠠᠨ᠎ᠠ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠳᠤ ᠠᠶᠤᠯᠲᠠᠢ ᠲᠦᠷᠭᠡᠨ ᠬᠦᠨᠳᠦ ᠡᠪᠡᠳᠴᠢᠨ ᠳᠤ ᠭᠡᠨᠡᠳᠲᠡ ᠨᠡᠷᠪᠡᠭᠳᠡᠨ ᠡᠮᠨᠡᠯᠭᠡ ᠳᠤ ᠰᠠᠭᠤᠭᠠᠣᠨ ᠡᠭᠦᠰᠣᠭ᠍ᠰᠡᠨ ︽ᠭᠤᠷᠪᠠᠨ ᠭᠠᠷᠴᠠᠭ︾ ᠲᠤ ᠨᠠᠶᠢᠢᠴᠡᠭᠦ ᠡᠮᠴᠢᠯᠡᠭᠡᠨ ᠤ ᠵᠠᠷᠤᠳᠠᠯ ᠳᠠᠬᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 92% ᠪᠣᠯᠤᠨ᠎ᠠ᠃   ᠡᠭᠦᠳᠡᠨ ᠡᠮᠨᠡᠯᠭᠡ ᠪᠠᠴᠢᠮ ᠡᠮᠨᠡᠯᠭᠡ ᠳᠤ ᠡᠭᠦᠰᠣᠭ᠍ᠰᠡᠨ ︽ᠭᠤᠷᠪᠠᠨ ᠭᠠᠷᠴᠠᠭ︾ ᠲᠤ ᠨᠠᠶᠢᠢᠴᠡᠭᠦ ᠡᠮᠴᠢᠯᠡᠭᠡᠨ ᠤ ᠵᠠᠷᠤᠳᠠᠯ ᠳᠠᠬᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 70% ᠪᠣᠯᠤᠨ᠎ᠠ᠃   ᠳᠥᠴᠢᠳᠦᠭᠡᠷ ᠵᠦᠢᠯ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠤᠰ ᠲᠤᠰ ᠲᠤ ᠨᠢ ᠠᠵᠢᠯᠯᠠᠭᠤᠯᠵᠤ᠂ ᠰᠠᠯᠭᠠᠵᠤ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶᠢᠢᠯᠠᠨ ᠬᠡᠷᠡᠭᠯᠡᠵᠦ᠂ ᠬᠠᠷᠢᠯᠴᠠᠨ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃   ᠳᠥᠴᠢᠨ ᠨᠢᠭᠡᠳᠦᠭᠡᠷ ᠵᠦᠢᠯ   ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠢ ᠦᠯᠡᠳᠡᠪᠦᠷᠢ ᠲᠠᠢ ᠪᠠᠶᠢᠪᠠᠯ᠂ ᠬᠤᠳᠠᠯᠳᠤᠭᠠᠨ ᠤ ᠳᠠᠭᠠᠳᠬᠠᠯ ᠲᠠᠢ ᠬᠠᠮᠲᠤᠷᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠳᠠᠬᠢ ᠦᠪᠡᠷ ᠢᠶᠠᠨ ᠬᠠᠷᠢᠭᠤᠴᠠᠬᠤ ᠬᠡᠰᠡᠭ ᠤᠨ ᠵᠠᠷᠤᠳᠠᠯ ᠢ ᠲᠦᠯᠦᠬᠦ ᠳᠤ ᠬᠡᠷᠡᠭᠯᠡᠵᠦ ᠪᠣᠯᠤᠨ᠎ᠠ᠃   ᠳᠥᠷᠪᠡᠳᠦᠭᠡᠷ ᠪᠦᠯᠦᠭ    ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ  ᠳᠠᠭᠠᠳᠬᠠᠯ ᠤᠨ ᠵᠠᠷᠤᠳᠠᠯ ᠢ ᠳ᠋ᠦᠩᠨᠡᠨ ᠪᠣᠳᠣᠬᠤ  ᠳᠥᠴᠢᠨ ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠳ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠣᠭ᠍ᠰᠡᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ᠂ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ᠂ ᠠᠯᠪᠠᠲᠠᠨ ᠤ ᠡᠮᠴᠢᠯᠡᠭᠡᠨ ᠤ ᠨᠦᠬᠦᠪᠦᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠰᠠᠷ᠎ᠠ ᠪᠠᠷ ᠳ᠋ᠦᠩᠨᠡᠨ ᠪᠤᠳᠤᠨ᠎ᠠ᠃   ︵ᠨᠢᠭᠡ︶ ᠳ᠋ᠦᠩᠨᠡᠨ ᠪᠤᠳᠤᠬᠤ ᠠᠷᠭ᠎ᠠ᠄ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳ᠋ᠦᠩᠨᠡᠨ ᠪᠤᠳᠤᠬᠤ ᠲᠠᠩᠰᠠᠨ ᠡᠷᠦᠬᠡ ᠪᠠᠶᠢᠭᠤᠯᠬᠤ ᠶᠢᠨ ᠬᠠᠮᠲᠤ᠂ ᠲᠠᠩᠰᠠ ᠪᠠᠶᠢᠭᠤᠯᠤᠭᠰᠠᠨ ᠪᠠᠩᠬᠢ ᠶᠢᠨ ᠨᠠᠷᠡᠶᠢᠢᠳᠣᠯ ᠪᠠ ᠲᠠᠩᠰᠠᠨ ᠳ᠋ᠤᠭᠠᠷ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠵᠤ᠂ ᠲᠠᠩᠰᠠ ᠰᠢᠯᠵᠢᠭᠦᠯᠦᠨ ᠳ᠋ᠦᠩᠨᠡᠨ ᠪᠤᠳᠤᠬᠤ ᠶᠢ ᠬᠡᠷᠡᠭᠵᠢᠭᠦᠯᠦᠨ᠎ᠡ᠃   ︵ᠬᠤᠶᠠᠷ︶ ᠳ᠋ᠦᠩᠨᠡᠨ ᠪᠤᠳᠤᠬᠤ ᠳᠡᠰ ᠳᠠᠷᠠᠭᠠᠯᠠᠯ᠄ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠡᠳᠦᠷ ᠪᠦᠷᠢ ᠲᠠᠩᠰᠠ ᠪᠤᠳᠤᠵᠤ᠂ ᠰᠠᠷ᠎ᠠ ᠶᠢᠨ ᠰᠡᠭᠦᠯᠴᠢ ᠳᠤ ᠬᠤᠷᠢᠶᠠᠩᠭᠤᠶᠢᠯᠠᠭᠰᠠᠨ ᠤ ᠰᠡᠭᠦᠯᠡᠷ ᠳᠠᠷᠠᠭᠠᠴᠢ ᠶᠢᠨ ᠰᠠᠷ᠎ᠠ ᠶᠢᠨ 1 ᠠᠴᠠ 5 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠳᠠᠷᠠᠭᠠᠯᠠᠯ ᠢᠶᠠᠷ ᠤᠷᠲᠤᠳᠬᠠᠨ᠎ᠠ︶ ᠲᠤ ᠳᠡᠭᠡᠷ᠎ᠡ ᠰᠠᠷ᠎ᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠷ᠎ᠠ ᠪᠠᠷ ᠳ᠋ᠦᠩᠨᠡᠨ ᠪᠤᠳᠤᠭᠰᠠᠨ ᠲᠤᠭ᠎ᠠ ᠪᠠᠷᠢᠮᠳᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠤᠤᠯ ᠬᠡᠰᠡᠭ ᠲᠤ ᠬᠦᠷᠭᠡᠬᠦ ᠶᠢᠨ ᠬᠠᠮᠲᠤ᠂ ᠬᠡᠷᠡᠭᠯᠡᠭᠡᠨ ᠤ ᠨᠠᠷᠢᠨ ᠳᠠᠩᠰᠠ᠂ ᠡᠳᠦᠷ ᠢᠶᠠᠷ ᠳ᠋ᠦᠩᠨᠡᠨ ᠪᠤᠳᠤᠭᠰᠠᠨ ᠬᠠᠭᠤᠳᠠᠰᠤ᠂ ᠵᠣᠷ ᠵᠡᠷᠭᠡ ᠮᠠᠲ᠋ᠧᠷᠢᠶᠠᠯ ᠢ ᠲᠣᠬᠢᠲᠠᠶ ᠬᠠᠳᠠᠭᠠᠯᠠᠨ ᠬᠠᠮᠢᠶᠠᠷᠴᠤ ᠪᠠᠶᠢᠴᠠᠭᠠᠬᠤ ᠳᠤ ᠪᠡᠯᠡᠳᠬᠡᠨ᠎ᠡ᠃   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠷ᠎ᠠ ᠪᠦᠷᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠦᠷᠭᠡᠭᠰᠡᠨ ᠲᠤᠭ᠎ᠠ ᠪᠠᠷᠢᠮᠳᠡ ᠶᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠪᠤᠷᠤᠭᠤ ᠦᠭᠡᠶ ᠪᠣᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ᠂ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ᠂ ᠠᠯᠪᠠᠲᠠᠨ ᠤ ᠡᠮᠴᠢᠯᠡᠭᠡᠨ ᠤ ᠨᠦᠬᠦᠪᠦᠷᠢ ᠮᠥᠩᠭᠦ ᠶᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠳ᠋ᠦᠩᠨᠡᠨ ᠪᠤᠳᠤᠨ᠎ᠠ᠂ ᠡᠭᠦᠨ ᠳᠤ᠂ ᠡᠩ ᠤᠨ ᠡᠮᠨᠡᠯᠭᠡ ᠳᠤ ᠰᠠᠭᠤᠵᠤ ᠡᠮᠨᠡᠭᠦᠯᠭᠦ ᠶᠢᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠲᠣᠭᠠᠨ ᠤ 90% ᠪᠠᠷ ᠰᠠᠯᠭᠠᠨ ᠥᠭᠴᠦ᠂ ᠵᠢᠯ ᠤᠨ ᠰᠡᠭᠦᠯᠴᠢ ᠳᠤ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠬᠢᠨᠠᠭᠰᠠᠨ ᠲᠠᠰ᠂ ᠲᠣᠭᠲᠠᠭᠠᠯ ᠠᠴᠠ ᠵᠦᠷᠢᠴᠡᠵᠣ ᠵᠣᠭᠤᠰ ᠰᠠᠭᠤᠯᠭᠠᠨ ᠠᠪᠣᠭᠰᠠᠨ ᠵᠢᠴᠢ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠵᠡᠷᠭᠡ ᠶᠢ ᠦᠨᠳᠦᠰᠦᠯᠡᠨ ᠨᠠᠷᠢᠪᠴᠢᠯᠠᠨ ᠲᠣᠭᠠᠴᠠᠭᠠᠯᠠᠨ᠎ᠠ᠃   ᠳᠥᠴᠢᠨ ᠭᠤᠷᠪᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠭᠠᠳ ᠡᠭᠦᠰᠣᠭ᠍ᠰᠡᠨ ᠨᠢᠭᠡᠳᠦᠯᠲᠡᠶ ᠲᠦᠯᠣᠪᠯᠡᠭᠦ ᠰᠠᠭᠤᠷᠢ ᠮᠥᠩᠭᠦ ᠠᠴᠠ ᠳᠥᠯᠥᠭᠰᠡᠨ ᠡᠮᠴᠢᠯᠡᠭᠡᠨ ᠤ ᠵᠠᠷᠤᠳᠠᠯ ᠢ ︽ᠶᠡᠷᠦᠩᠬᠡᠶ ᠲᠣᠭᠠᠨ ᠤ ᠲᠥᠰᠦᠪ︾ ᠤᠨ ᠳᠣᠤᠷᠠᠬᠢ ᠣᠯᠠᠨ ᠵᠦᠢᠯ ᠤᠨ ᠵᠠᠷᠤᠳᠠᠯ ᠲᠤᠰᠢᠶᠠᠬᠤ ᠠᠷᠭ᠎ᠠ ᠪᠠᠷ ᠳ᠋ᠦᠩᠨᠡᠨ ᠪᠤᠳᠤᠨ᠎ᠠ᠃   ︵ᠨᠢᠭᠡ︶ ᠵᠣᠬᠢᠬᠤ ᠣᠨᠣᠰᠢᠯᠠᠨ ᠡᠮᠨᠡᠬᠦ ᠲᠥᠷᠥᠯ ᠢ ᠪᠦᠷᠢᠳᠦᠭᠦᠯᠦᠭᠰᠡᠨ ᠪᠥᠭᠡᠳ ᠲᠤᠬᠠᠶᠢᠯᠠᠭᠰᠠᠨ ᠠᠵᠢᠯ ᠢᠶᠠᠨ ᠪᠣᠳᠠᠲᠠᠶ ᠦᠷᠨᠢᠭᠦᠯᠵᠦ ᠪᠠᠶᠢᠢᠭ᠎ᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ᠂ ᠵᠣᠬᠢᠬᠤ ᠡᠪᠡᠳᠴᠢᠨ ᠤ ᠲᠥᠷᠥᠯ ᠢ ᠭᠥᠯᠢᠶᠡᠨ ᠠᠪᠴᠤ ᠡᠮᠨᠡᠯᠭᠡ ᠳᠤ ᠰᠠᠭᠤᠯᠭᠠᠵᠤ ᠵᠠᠰᠠᠭᠰᠠᠨ ᠠᠴᠠ ᠡᠭᠦᠰᠣᠭ᠍ᠰᠡᠨ ᠡᠮᠴᠢᠯᠡᠭᠡᠨ ᠤ ᠶᠡᠷᠦᠩᠬᠡᠶ ᠵᠠᠷᠤᠳᠠᠯ ︵ᠦᠷᠡᠵᠢᠯ ᠤᠨ ᠡᠮᠴᠢᠯᠡᠭᠡᠨ ᠤ ᠵᠠᠷᠤᠳᠠᠯ ᠢ ᠪᠠᠭᠲᠠᠭᠠᠬᠤ ᠥᠬᠡᠶ︶ ᠢ ᠴᠥᠮ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ︵ DIP︶ ᠬᠡᠪᠴᠢᠶᠡᠨ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ︽ᠶᠡᠷᠦᠩᠬᠡᠶ ᠲᠤᠭ᠎ᠠ ᠶᠢ ᠡᠵᠡᠮᠳᠡᠬᠦ᠂ ᠡᠪᠡᠳᠴᠢᠨ ᠤ ᠲᠥᠷᠥᠯ ᠢᠶᠠᠷ ᠥᠷᠲᠡᠭ ᠣᠯᠭᠤᠬᠤ᠂ ᠰᠠᠷ᠎ᠠ ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠢᠶᠠᠷ ᠨᠠᠷᠢᠪᠴᠢᠯᠠᠨ ᠲᠣᠭᠠᠴᠠᠭᠠᠯᠠᠬᠤ︾ ᠵᠠᠷᠴᠢᠮ ᠶᠣᠰᠣᠭᠠᠷ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠠᠷᠭ᠎ᠠ ᠪᠠᠷ ᠳ᠋ᠦᠩᠨᠡᠨ ᠪᠤᠳᠤᠨ᠎ᠠ᠃   ᠡᠮᠴᠢᠯᠡᠭᠡᠨ ᠤ ᠳᠠᠭᠠᠳᠬᠠᠯ ᠤᠨ ᠵᠠᠷᠤᠯᠭ᠎ᠠ ᠶᠢᠨ ᠶᠡᠷᠦᠩᠬᠡᠶ ᠲᠣᠭᠠᠨ ᠤ ᠪᠣᠷᠣ ᠲᠥᠯᠥᠪ ᠤᠨ ᠳᠣᠣᠷ᠎ᠠ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠳ᠋ᠠᠶᠢᠲ᠋ᠠ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ DIP ᠬᠠᠮᠢᠶᠠᠷᠤᠯᠲᠠ ᠳᠤ ᠣᠷᠣᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠨᠠᠷᠢᠨ ᠨᠢᠭᠲᠠ ᠲᠥᠰᠦᠪ ᠤᠨ ᠤᠳᠤᠷᠢᠳᠤᠮᠵᠢ᠂ ᠶᠠᠪᠤᠴᠠ ᠶᠢᠨ ᠡᠵᠡᠮᠳᠡᠯ ᠪᠠ ᠲᠥᠰᠦᠪ ᠤᠨ ᠦᠷ᠎ᠡ ᠳ᠋ᠦᠩ ᠤᠨ ᠦᠨᠡᠯᠡᠯᠲᠡ ᠳᠤ ᠰᠠᠭᠤᠷᠢᠯᠠᠭᠰᠠᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠲᠥᠰᠦᠪ ᠤᠨ ᠬᠡᠷᠡᠭᠵᠢᠭᠦᠯᠦᠯᠲᠡ ᠶᠢᠨ ᠵᠠᠶᠢᠳᠠᠯ ᠤᠨ ᠲᠣᠭᠤᠷᠢᠨ ᠳᠤ᠂ ᠡᠮᠴᠢᠯᠡᠭᠡᠨ ᠤ ᠦᠢᠯᠡ ᠠᠵᠢᠯᠯᠠᠭ᠎ᠠ ᠳᠠᠬᠢ ᠬᠢᠨᠠᠨ ᠬᠠᠮᠢᠶᠠᠷᠤᠯᠲᠠ ᠪᠠ ᠰᠢᠯᠭᠠᠨ ᠬᠢᠨᠠᠯᠲᠠ ᠶᠢ ᠬᠡᠷᠡᠭᠵᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠰᠠᠷ᠎ᠠ ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠢᠶᠠᠷ ᠨᠠᠷᠢᠪᠴᠢᠯᠠᠨ ᠲᠣᠭᠠᠴᠠᠭᠠᠯᠠᠬᠤ ᠯᠤᠭ᠎ᠠ ᠬᠤᠯᠪᠣᠭᠳᠠᠭᠤᠯᠬᠤ ᠬᠡᠷᠡᠭᠲᠡᠶ᠃   ︵ᠬᠤᠶᠠᠷ︶ DIP ᠬᠠᠮᠢᠶᠠᠷᠤᠯᠲᠠ ᠳᠤ ᠣᠷᠣᠭᠤᠯᠤᠭᠰᠠᠨ ᠥᠬᠡᠶ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠠᠳᠠᠯᠢ ᠪᠤᠰᠤ ᠲᠠᠰ ᠢ ᠦᠨᠳᠦᠰᠦᠯᠡᠨ᠂ ᠥᠩᠭᠡᠷᠡᠭᠰᠡᠨ ᠵᠢᠯ ᠪᠤᠶᠤ ᠤᠯᠠᠷᠢᠯ ᠳᠠᠬᠢ ᠬᠥᠮᠦᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠬᠤ ᠳᠤ ᠵᠠᠷᠤᠴᠠᠭᠤᠯᠤᠭᠰᠠᠨ ᠳᠤᠮᠳᠠᠴᠢ ᠡᠮᠴᠢᠯᠡᠭᠡᠨ ᠤ ᠵᠠᠷᠤᠳᠠᠯ ᠢ ᠯᠠᠪᠯᠠᠵᠤ᠂ ᠵᠦᠢ ᠵᠣᠬᠢᠰ ᠥᠬᠡᠶ ᠡᠯᠧᠮᠧᠨ᠋ᠲ ᠢ ᠬᠠᠰᠤᠵᠤ᠂ ᠶᠡᠷᠦᠩᠬᠡᠶ ᠬᠡᠮᠵᠢᠶ᠎ᠡ ᠶᠢᠨ ᠭᠦᠢᠴᠡᠳᠬᠡᠯ ᠲᠤᠭ᠎ᠠ ᠪᠠ ᠬᠥᠮᠦᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠬᠤ ᠳᠤ ᠲᠤᠮᠳᠠᠴᠢ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ ᠬᠠᠷᠢᠴᠠᠯ ᠤᠨ ᠬᠤᠪᠢᠷᠠᠯᠲᠠ ᠲᠠᠢ ᠳᠠᠭᠠᠯᠳᠣᠭᠤᠯᠵᠣ ᠵᠣᠬᠢᠴᠠᠩᠭᠤᠶ ᠪᠠᠷ ᠲᠣᠬᠢᠷᠠᠭᠤᠯᠤᠨ᠎ᠠ᠃   ᠳᠥᠴᠢᠨ ᠳᠥᠷᠪᠡᠳᠦᠭᠡᠷ ᠵᠦᠢᠯ   ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠬᠦ ᠰᠠᠭᠤᠷᠢ ᠮᠦᠩᠭᠦᠨ ᠤ ᠵᠠᠷᠣᠯᠭ᠎ᠠ ᠶᠢᠨ ᠬᠡᠲᠦᠷᠡᠭᠰᠡᠨ ᠬᠡᠰᠡᠭ ᠢ ᠬᠤᠪᠢᠳᠠᠨ ᠡᠭᠦᠷᠭᠡᠯᠡᠨ᠎ᠡ᠃   ︵ᠨᠢᠭᠡ︶ DIP ᠬᠠᠮᠢᠶᠠᠷᠤᠯᠲᠠ ᠳᠤ ᠣᠷᠣᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠢᠯ ᠤᠨ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠳᠤ ᠳᠣᠤᠷᠠᠬᠢ ᠪᠠᠷᠢᠮᠵᠢᠶ᠎ᠠ ᠪᠠᠷ ᠬᠡᠷᠡᠭᠵᠢᠭᠦᠯᠦᠨ᠎ᠡ᠄ ᠲᠣᠬᠠᠢ ᠶᠢᠨ ᠵᠢᠯ ᠤᠨ ᠡᠪᠡᠳᠴᠢᠨ ᠤ ᠲᠥᠷᠥᠯ ᠤᠨ ᠨᠤᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠬᠡᠪᠴᠢᠶᠡᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠠᠣᠨ ᠡᠭᠦᠰᠣᠭ᠍ᠰᠡᠨ ᠪᠣᠳᠠᠲᠠᠶ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠠᠩᠰᠠ ᠲᠡᠮᠲᠡᠭᠯᠡᠭᠰᠡᠨ ᠵᠠᠷᠤᠳᠠᠯ ᠤᠨ ᠶᠡᠷᠦᠩᠬᠡᠶ ᠲᠤᠭ᠎ᠠ ᠨᠢ ᠲᠣᠬᠠᠢ ᠶᠢᠨ ᠵᠢᠯ ᠤᠨ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠣᠨ ᠤ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠣᠭᠠᠴᠠᠭ᠎ᠠ ᠬᠢᠭᠰᠡᠨ ᠶᠡᠷᠦᠩᠬᠡᠶ ᠲᠣᠭᠠᠨ ᠤ 110% ᠶᠢᠨ ᠳᠣᠲᠣᠷ᠎ᠠ ᠪᠠᠶᠢᠪᠠᠯ᠂ ᠲᠤᠭ᠎ᠠ ᠠᠴᠠ ᠳᠠᠪᠠᠭᠰᠠᠨ ᠬᠡᠰᠡᠭ ᠤᠨ 50% ᠶᠢ ᠨᠢ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠵᠦ᠂ ᠨᠥᠭᠦᠭᠡ 50% ᠶᠢ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠬᠢᠨᠠᠯᠲᠠ ᠶᠢ ᠦᠨᠳᠦᠰᠦᠯᠡᠨ ᠵᠦᠶ ᠵᠣᠬᠢᠰᠲᠠᠶ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠠᠷᠢᠴᠠᠯ ᠢᠶᠠᠷ ᠡᠭᠦᠷᠭᠡᠯᠡᠨ᠎ᠡ᠃   ᠲᠣᠬᠠᠢ ᠶᠢᠨ ᠵᠢᠯ ᠤᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠬᠡᠪᠴᠢᠶᠡᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠠᠳ ᠡᠭᠦᠰᠣᠭ᠍ᠰᠡᠨ ᠪᠣᠳᠠᠲᠠᠶ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠠᠩᠰᠠ ᠲᠡᠮᠲᠡᠭᠯᠡᠭᠰᠡᠨ ᠵᠠᠷᠤᠳᠠᠯ ᠤᠨ ᠶᠡᠷᠦᠩᠬᠡᠶ ᠲᠤᠭ᠎ᠠ ᠨᠢ ᠲᠣᠬᠠᠢ ᠶᠢᠨ ᠣᠨ ᠤ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠵᠢᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠣᠭᠠᠴᠠᠭ᠎ᠠ ᠬᠢᠭᠰᠡᠨ ᠶᠡᠷᠦᠩᠬᠡᠶ ᠲᠤᠭ᠎ᠠ ᠶᠢᠨ 110% ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠵᠦᠪᠬᠡᠨ 100% — 110% ᠶᠢᠨ ᠳᠣᠲᠣᠷᠠᠬᠢ ᠬᠡᠰᠡᠭ ᠤᠨ 50% ᠶᠢ ᠯᠠ ᠳᠥᠯᠥᠨ᠎ᠡ᠃ 110% ᠠᠴᠠ ᠳᠡᠭᠡᠭᠰᠢᠬᠢ ᠬᠡᠰᠡᠭ ᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠥᠪᠡᠷ ᠢᠶᠠᠨ ᠡᠭᠦᠷᠭᠡᠯᠡᠵᠦ᠂ ᠵᠠᠷᠣᠯᠭ᠎ᠠ ᠶᠢᠨ ᠬᠡᠲᠦᠷᠡᠭᠰᠡᠨ ᠬᠡᠰᠡᠭ ᠢ ᠬᠤᠪᠢᠳᠡᠨ ᠡᠭᠦᠷᠭᠡᠯᠡᠭᠦ ᠪᠠᠷ ᠪᠤᠳᠤᠬᠤ ᠬᠡᠪᠴᠢᠶᠡᠨ ᠳᠤ ᠣᠷᠣᠭᠤᠯᠬᠤ ᠥᠬᠡᠶ᠃   ︵ᠬᠤᠶᠠᠷ︶ DIP ᠬᠠᠮᠢᠶᠠᠷᠤᠯᠲᠠ ᠳᠤ ᠣᠷᠣᠭᠤᠯᠤᠭᠰᠠᠨ ᠥᠬᠡᠶ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠢᠯ ᠤᠨ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠳᠤ ᠳᠣᠤᠷᠠᠬᠢ ᠪᠠᠷᠢᠮᠵᠢᠶ᠎ᠠ ᠪᠠᠷ ᠬᠡᠷᠡᠭᠵᠢᠭᠦᠯᠦᠨ᠎ᠡ᠄ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠠᠴᠠ ᠲᠦᠯᠦᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠳᠡᠭᠡᠭᠰᠢ ᠪᠠᠨ ᠪᠣᠶᠣ ᠳᠣᠷᠣᠭᠰᠢ ᠪᠠᠨ 10% ᠬᠡᠯᠪᠡᠯᠵᠢᠬᠦᠯᠵᠤ ᠪᠣᠯᠤᠨ᠎ᠠ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ 10% — 15% ᠶᠢᠨ ᠬᠤᠭᠤᠷᠣᠨᠳᠣ ᠬᠡᠲᠦᠷᠡᠭᠰᠡᠨ ᠪᠣᠯ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠲᠣᠰ ᠲᠣᠰ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠤᠨ 50% ᠶᠢ ᠡᠭᠦᠷᠭᠡᠯᠡᠨ᠎ᠡ︔ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ 15% ᠠᠴᠠ ᠳᠡᠭᠡᠭᠰᠢ ᠬᠡᠲᠦᠷᠡᠭᠰᠡᠨ ᠬᠡᠰᠡᠭ ᠢ ᠴᠦᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠨ᠎ᠡ᠃   ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ 10% — 15% ᠶᠢᠨ ᠬᠤᠭᠤᠷᠣᠨᠳᠣ ᠲᠣᠣᠷ᠎ᠡ ᠪᠠᠶᠢᠢᠬᠤ ᠦᠯᠡᠳᠡᠭᠰᠡᠨ ᠵᠠᠷᠤᠳᠠᠯ ᠳᠤ᠂ ᠦᠯᠡᠳᠡᠭᠰᠡᠨ ᠬᠡᠰᠡᠭ ᠤᠨ 50% ᠶᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠨ᠎ᠡ︔ ᠪᠣᠳᠠᠲᠠᠶ ᠡᠭᠦᠰᠣᠭ᠍ᠰᠡᠨ ᠨᠢᠭᠡᠳᠦᠯᠲᠡᠶ ᠲᠥᠯᠥᠪᠯᠡᠭᠡ ᠶᠢᠨ ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠠᠴᠠ 15% ᠭᠠᠷᠤᠢ ᠲᠣᠣᠷ᠎ᠡ ᠪᠠᠶᠢᠢᠪᠡᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠪᠣᠳᠠᠲᠠᠶ ᠡᠭᠦᠰᠣᠭ᠍ᠰᠡᠨ ᠡᠮᠴᠢᠯᠡᠭᠡᠨ ᠤ ᠵᠠᠷᠤᠳᠠᠯ ᠢᠶᠠᠷ ᠳ᠋ᠦᠩᠨᠡᠨ ᠪᠤᠳᠤᠨ᠎ᠠ᠃   ᠳᠥᠴᠢᠨ ᠲᠠᠪᠤᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ ᠵᠦᠢᠯ ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠲᠥᠯᠥᠬᠦ ᠣᠨᠣᠰᠢᠯᠠᠨ ᠡᠮᠨᠡᠬᠦ ᠲᠥᠷᠥᠯ ᠵᠦᠢᠯ ᠢᠶᠠᠷ ᠡᠮᠨᠡᠭᠦᠯᠦᠭᠰᠡᠨ ᠪᠣᠯ᠂ ᠠᠶᠤᠯᠲᠠᠢ ᠲᠦᠷᠭᠡᠨ ᠬᠦᠨᠳᠦ ᠡᠪᠡᠳᠴᠢᠨ ᠲᠠᠢ ᠳᠠᠭᠠᠳᠬᠠᠯ ᠳᠤ ᠣᠷᠣᠯᠴᠠᠭᠰᠠᠳ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭᠠᠨ ᠳᠤ ᠡᠮᠴᠢ ᠶᠢᠨ ᠵᠢᠭᠠᠪᠤᠷᠢ ᠪᠠᠷ ᠴᠢᠰᠤᠨ ᠤ ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ᠂ ᠲᠡᠷᠡ ᠬᠦ ᠵᠠᠷᠤᠳᠠᠯ ᠢ ᠴᠥᠮ ᠲᠣᠰ ᠬᠥᠮᠦᠨ 10% ᠶᠢ ᠨᠢ ᠳᠥᠯᠥᠵᠦ᠂ ᠦᠯᠡᠳᠡᠭᠰᠡᠨ 90% ᠶᠢ ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃   ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷ ᠢᠶᠠᠨ ᠳᠥᠯᠥᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠦᠯᠡᠳᠡᠭᠰᠡᠨ ᠬᠡᠰᠡᠭ ᠢ ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃   ᠳᠥᠴᠢᠨ ᠵᠢᠷᠭᠤᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠤᠨ ᠲᠣᠰ ᠱᠠᠲᠤᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠬᠡᠭᠰᠡᠨ ᠲᠦᠷᠭᠡᠨ ᠡᠮᠴᠢᠯᠡᠭᠡᠨ ᠤ ᠵᠠᠷᠤᠳᠠᠯ ︵ᠭᠤᠷᠪᠠᠨ ᠡᠳᠦᠷ ᠤᠨ ᠲᠣᠳᠣᠷ᠎ᠡ ᠪᠠᠶᠢᠢᠬᠤ ᠪᠠᠷ ᠬᠢᠵᠠᠭᠠᠷᠯᠠᠨ᠎ᠠ︶ ᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠢᠭᠤᠳ ᠳ᠋ᠦᠩᠨᠡᠨ ᠪᠤᠳᠤᠬᠤ ᠶᠢ ᠬᠠᠷᠢᠭᠤᠴᠠᠨ᠎ᠠ᠃   ᠳᠠᠭᠠᠳᠬᠠᠯ ᠳᠤ ᠣᠷᠣᠯᠴᠠᠭᠰᠠᠳ ᠤᠨ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠪᠤᠶᠤ ᠲᠥᠷᠥᠯ ᠰᠠᠳᠤᠨ ᠢᠶᠠᠨ ᠡᠷᠭᠢᠵᠦ ᠦᠵᠡᠬᠦ ᠬᠤᠭᠤᠴᠠᠭᠠᠨ ᠳᠤ ᠡᠭᠦᠰᠬᠡᠭᠰᠡᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠢᠴᠡᠬᠦ ᠡᠮᠨᠡᠯᠭᠡ ᠳᠤ ᠰᠠᠭᠤᠭᠰᠠᠨ ᠪᠤᠶᠤ ᠪᠠᠴᠢᠮ ᠠᠪᠤᠷᠠᠯᠳᠠ ᠬᠢᠭᠰᠡᠨ ᠡᠮᠴᠢᠯᠡᠭᠡᠨ ᠤ ᠵᠠᠷᠤᠳᠠᠯ ᠢ ᠤᠷᠢᠳ ᠢᠶᠠᠷ ᠳᠠᠭᠠᠳᠬᠠᠯ ᠳᠤ ᠣᠷᠣᠯᠴᠠᠭᠰᠠᠨ ᠨᠢᠭᠡᠴᠢ ᠪᠤᠶᠤ ᠬᠤᠪᠢ ᠬᠥᠮᠦᠨ ᠣᠷᠣᠯᠠᠨ ᠥᠭᠴᠦ᠂ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ ᠡᠮᠨᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠡᠮᠲᠡᠭᠯᠡᠯ ᠤᠨ ᠮᠠᠲ᠋ᠧᠷᠢᠶᠠᠯ᠂ ᠣᠨᠣᠰᠢᠯᠠᠭᠰᠠᠨ ᠭᠡᠷᠡᠴᠢᠯᠡᠭᠡ᠂ ᠡᠮᠴᠢᠯᠡᠭᠡᠨ ᠤ ᠵᠠᠷᠤᠳᠠᠯ ᠤᠨ ᠪᠠᠷᠢᠮᠲᠠ᠂ ᠵᠠᠷᠤᠳᠠᠯ ᠤᠨ ᠲᠣᠳᠣᠷᠬᠠᠢ ᠬᠠᠭᠤᠳᠠᠰᠤ ᠵᠡᠷᠭᠡ ᠬᠦᠴᠦᠨ ᠪᠥᠬᠦᠶ ᠭᠡᠷᠡᠴᠢ ᠪᠠᠷᠢᠮᠲᠠ ᠪᠠᠨ ᠠᠪᠴᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠠᠩᠰᠠ ᠲᠠᠶᠢᠯᠬᠤ ᠭᠠᠷᠳᠠᠮ ᠭᠦᠢᠴᠡᠳᠭᠡᠨ᠎ᠡ᠃   ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠡᠭᠦᠰᠬᠡᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠣᠰ ᠭᠠᠵᠠᠷ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 5% ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠡᠭᠦᠰᠬᠡᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠲᠣᠰ ᠭᠠᠵᠠᠷ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃   ᠳᠥᠴᠢᠨ ᠳᠣᠯᠣᠳᠤᠭᠠᠷ ᠵᠦᠢᠯ   ᠮᠤᠵᠢ ᠠᠯᠤᠰᠯᠠᠨ ᠲᠦᠷ ᠴᠠᠭ ᠣᠨᠳᠣᠣ ᠭᠠᠵᠠᠷ ᠲᠤ ᠡᠮᠨᠡᠭᠦᠯᠭᠦ ᠪᠠᠷ ᠪᠦᠷᠢᠳᠭᠡᠨ ᠳᠠᠩᠰᠠᠯᠠᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠬᠡᠭᠰᠡᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ ᠳ᠋ᠦᠩᠨᠡᠨ ᠪᠣᠳᠣᠨ᠎ᠡ᠂ ᠴᠠᠭ ᠲᠤᠬᠠᠶ ᠳᠤ ᠨᠢ ᠳ᠋ᠦᠩᠨᠡᠨ ᠪᠤᠳᠤᠬᠰᠠᠨ ᠦᠭᠡᠢ ᠡᠮᠴᠢᠯᠡᠭᠡᠨ ᠤ ᠵᠠᠷᠤᠳᠠᠯ ᠢ ᠲᠤᠰ ᠬᠥᠮᠦᠨ ᠣᠷᠣᠯᠠᠨ ᠦᠭᠴᠦ᠂ ᠣᠨᠣᠰᠢᠯᠠᠨ ᠡᠮᠨᠡᠵᠦ ᠳᠠᠭᠤᠰᠤᠭᠰᠠᠨ ᠤ ᠲᠠᠷᠠᠭ᠎ᠠ ᠵᠠᠷᠤᠳᠠᠯ ᠢ ᠲᠠᠰᠤᠯᠤᠨ ᠪᠤᠳᠤᠭᠰᠠᠨ ᠪᠠᠷᠢᠮᠲᠠ᠂ ᠵᠠᠷᠤᠳᠠᠯ ᠤᠨ ᠨᠠᠷᠢᠨ ᠳᠠᠩᠰᠠ᠂ ᠣᠨᠣᠰᠢᠯᠠᠭᠰᠠᠨ ᠪᠢᠴᠢᠭ ᠢᠶᠠᠨ ᠬᠠᠩᠭᠠᠵᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠠᠩᠰᠠ ᠲᠠᠶᠢᠯᠬᠤ ᠭᠠᠷᠳᠠᠮ ᠭᠦᠢᠴᠡᠳᠭᠡᠨ᠎ᠡ᠃   ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠣᠰ ᠭᠠᠵᠠᠷ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 5% ᠪᠠᠷ ᠪᠠᠭᠤᠷᠠᠭᠤᠯᠤᠨ᠎ᠠ᠃   ᠳᠥᠴᠢᠨ ᠨᠠᠶᠢᠮᠠᠳᠤᠭᠠᠷ ᠵᠦᠢᠯ    ᠮᠤᠵᠢ ᠠᠯᠤᠰᠯᠠᠨ ᠤᠷᠳᠤ ᠬᠤᠭᠤᠴᠠᠭ᠎ᠠ ᠪᠠᠷ ᠣᠨᠳᠣᠣ ᠭᠠᠵᠠᠷ ᠲᠤ ᠰᠠᠭᠤᠷᠢᠰᠢᠬᠤ ᠪᠠᠷ ᠪᠦᠷᠢᠳᠭᠡᠨ ᠳᠠᠩᠰᠠᠯᠠᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠡᠮᠨᠡᠭᠦᠯᠦᠭᠰᠡᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠵᠦ ᠡᠮ ᠵᠠᠯᠠᠬᠤ ᠳᠤ ᠡᠭᠦᠰᠬᠡᠭᠰᠡᠨ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠢ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ ᠡᠭᠦᠨ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ ᠳ᠋ᠦᠩᠨᠡᠨ ᠪᠣᠳᠣᠨ᠎ᠡ᠂ ᠴᠠᠭ ᠲᠤᠬᠠᠶ ᠳᠤ ᠨᠢ ᠳ᠋ᠦᠩᠨᠡᠨ ᠪᠤᠳᠤᠵᠤ ᠳᠡᠶᠢᠯᠦᠭᠰᠡᠨ ᠥᠬᠡᠶ ᠡᠮᠴᠢᠯᠡᠭᠡᠨ ᠤ ᠵᠠᠷᠤᠳᠠᠯ ᠢ ᠲᠣᠰ ᠬᠥᠮᠦᠨ ᠣᠷᠣᠯᠠᠨ ᠥᠭᠴᠦ᠂ ᠡᠮᠨᠡᠭᠦᠯᠵᠦ ᠳᠠᠭᠤᠰᠤᠭᠰᠠᠨ ᠤ ᠳᠠᠷᠠᠭ᠎ᠠ ᠬᠦᠴᠦᠨ ᠪᠥᠬᠦᠶ ᠭᠡᠷᠡᠴᠢ ᠪᠠᠷᠢᠮᠲᠠ ᠪᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠠᠩᠰᠠ ᠲᠠᠶᠢᠯᠬᠤ ᠭᠠᠷᠳᠠᠮ ᠭᠦᠢᠴᠡᠳᠭᠡᠨ᠎ᠡ᠃ ᠡᠭᠦᠰᠣᠭ᠍ᠰᠡᠨ ᠡᠮᠴᠢᠯᠡᠭᠡᠨ ᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠠᠩᠰᠠ ᠲᠠᠶᠢᠯᠬᠤ ᠬᠠᠷᠢᠴᠠᠯ ᠢᠶᠠᠷ ᠬᠡᠷᠡᠭᠵᠢᠭᠦᠯᠦᠨ᠎ᠡ᠃   ᠳᠥᠴᠢ ᠶᠢᠰᠦᠳᠦᠭᠡᠷ ᠵᠦᠢᠯ   ᠳᠠᠭᠠᠳᠬᠠᠯ ᠳᠤ ᠣᠷᠣᠯᠴᠠᠭᠰᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠪᠠᠨ ᠲᠠᠰᠤᠯᠳᠠᠭᠤᠯᠤᠭᠠᠳ 6 ᠰᠠᠷ᠎ᠠ ︵ᠪᠠᠭᠲᠠᠭᠠᠨ᠎ᠠ︶ ᠶᠢᠨ ᠳᠣᠲᠣᠷ᠎ᠠ ᠬᠠᠷᠢᠴᠠᠭ᠎ᠠ ᠪᠠᠨ ᠦᠷᠭᠦᠯᠵᠢᠯᠡᠭᠦᠯᠦᠭᠰᠡᠨ ᠪᠣᠯ᠂ ᠲᠠᠰᠣᠯᠳᠠᠭᠤᠯᠣᠭᠰᠠᠨ ᠬᠤᠭᠤᠴᠠᠭᠠᠨ ᠳᠠᠬᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢᠶᠠᠨ ᠨᠥᠬᠦᠨ ᠲᠤᠰᠢᠶᠠᠵᠤ᠂ ᠨᠥᠬᠦᠨ ᠲᠤᠰᠢᠶᠠᠭᠰᠠᠨ ᠲᠤᠰ ᠰᠠᠷ᠎ᠠ ᠳᠤ ᠪᠠᠨ ᠡᠮᠴᠢᠯᠡᠭᠡᠨ ᠤ ᠬᠠᠷᠠᠭᠠᠯᠵᠠᠯ ᠬᠦᠷᠳᠡᠵᠤ ᠪᠣᠯᠤᠨ᠎ᠠ᠂ ᠲᠠᠰᠣᠯᠳᠠᠭᠤᠯᠣᠭᠰᠠᠨ ᠬᠤᠭᠤᠴᠠᠭᠠᠨ ᠤ ᠬᠠᠷᠠᠭᠠᠯᠵᠠᠯ ᠢ ᠲᠣᠭᠲᠠᠭᠠᠯ ᠶᠣᠰᠣᠭᠠᠷ ᠨᠡᠬᠡᠮᠵᠢᠯᠡᠨ ᠬᠦᠷᠳᠡᠵᠤ᠂ ᠬᠠᠷᠢᠴᠠᠯ ᠶᠣᠰᠣᠭᠠᠷ ᠬᠤᠪᠢ ᠬᠥᠮᠦᠨ ᠤ ᠲᠠᠩᠰᠠᠨ ᠡᠷᠦᠭᠡ ᠳᠤ ᠰᠢᠯᠵᠢᠭᠦᠯᠦᠨ ᠥᠭᠴᠦ᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠶᠢ ᠦᠷᠭᠦᠯᠵᠢᠯᠡᠭᠦᠯᠣᠨ ᠪᠤᠳᠤᠵᠤ ᠪᠣᠯᠤᠨ᠎ᠠ︔ 6 ᠰᠠᠷ᠎ᠠ ᠠᠴᠠ ᠳᠡᠭᠡᠭᠰᠢ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠪᠠᠨ ᠦᠷᠭᠦᠯᠵᠢᠯᠡᠭᠦᠯᠦᠭᠰᠡᠨ ᠪᠣᠯ᠂ ᠲᠠᠰᠤᠯᠳᠠᠭᠤᠯᠤᠭᠰᠠᠨ ᠬᠤᠭᠤᠴᠠᠭᠠᠨ ᠳᠤ ᠡᠭᠦᠰᠣᠭ᠍ᠰᠡᠨ ᠡᠮᠴᠢᠯᠡᠭᠡᠨ ᠤ ᠵᠠᠷᠤᠳᠠᠯ ᠢ ᠳᠠᠩᠰᠠᠨ ᠠᠴᠠ ᠲᠠᠶᠢᠢᠯᠵᠤ ᠥᠭᠬᠦ ᠦᠭᠡᠢ᠃   ᠲᠠᠪᠢᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠷ ᠳ᠋ᠦᠩᠨᠡᠨ ᠪᠤᠳᠤᠭᠰᠠᠨ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠠᠭᠢᠵᠤ ᠲᠠᠩᠰᠠ ᠲᠠᠶᠢᠢᠯᠵᠤ ᠥᠭᠬᠦ ᠥᠬᠡᠶ᠃   ᠲᠠᠪᠢᠨ ᠨᠢᠭᠡᠳᠦᠭᠡᠷ ᠵᠦᠢᠯ    ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠳ ᠤᠨ ᠵᠦᠶ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠭᠡᠭᠡᠭᠰᠡᠨ ᠠᠴᠠ ᠪᠣᠯᠵᠣ ᠡᠮᠴᠢᠯᠡᠭᠡᠨ ᠤ ᠵᠠᠷᠤᠳᠠᠯ ᠢ ᠲᠠᠩᠰᠠ ᠲᠠᠶᠢᠯᠬᠤ ᠶᠢᠨ ᠠᠷᠭ᠎ᠠ ᠥᠬᠡᠶ ᠪᠣᠯᠣᠭᠰᠠᠨ ᠪᠣᠯ᠂ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠭᠡᠭᠡᠭᠳᠡᠭᠰᠡᠨ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠬᠠᠷᠭᠤᠭᠤᠯᠬᠤ ᠬᠠᠭᠤᠳᠠᠰᠤ︾ ︵ᠳᠠᠭᠠᠯᠳᠤᠭᠤᠯᠤᠯ ᠢ ᠦᠵᠡ︶ ᠪᠠᠨ ᠠᠪᠴᠤ ᠴᠠᠭ ᠲᠤᠬᠠᠶ ᠳᠤ ᠨᠢ ᠣᠨᠣᠰᠢᠯᠠᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠷᠢᠮᠲᠠ ᠪᠠᠨ ᠭᠡᠭᠡᠭᠰᠡᠨ ᠭᠡᠷᠡᠴᠢ ᠶᠢ ᠭᠦᠢᠴᠡᠳᠬᠡᠨ᠎ᠡ᠃ ᠡᠮᠴᠢᠯᠡᠭᠡᠨ ᠤ ᠵᠠᠷᠤᠳᠠᠯ ᠡᠭᠦᠰᠣᠭ᠍ᠰᠡᠨ ᠳᠠᠷᠠᠭᠠᠴᠢ ᠶᠢᠨ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠭᠡᠭᠡᠭᠳᠡᠭᠰᠡᠨ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠬᠠᠷᠭᠤᠭᠤᠯᠬᠤ ᠬᠠᠭᠤᠳᠠᠰᠤ︾᠂ ᠣᠨᠣᠰᠢᠯᠠᠭᠰᠠᠨ ᠭᠡᠷᠡᠴᠢ ᠪᠢᠴᠢᠭ᠂ ᠵᠠᠷᠤᠳᠠᠯ ᠤᠨ ᠨᠠᠷᠢᠨ ᠳᠠᠩᠰᠠ᠂ ᠡᠪᠡᠳᠴᠢᠨ ᠤ ᠲᠡᠮᠲᠡᠭᠯᠡᠯ ᠤᠨ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ ᠬᠦᠮᠣᠨ ᠤ ᠭᠦᠴᠣ ᠪᠠᠷ ᠵᠢᠵᠢᠭ ᠰᠠᠵᠢᠭ ᠲᠠᠩᠰᠠ ᠲᠠᠶᠢᠯᠤᠨ᠎ᠠ᠃   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠭᠡᠭᠡᠭᠰᠡᠨ ᠳᠠᠭᠠᠳᠬᠠᠯ ᠳᠤ ᠣᠷᠣᠯᠴᠠᠭᠰᠠᠳ ᠤᠨ ᠭᠤᠶᠤᠴᠢᠯᠠᠨ ᠮᠡᠳᠡᠭᠦᠯᠦᠭᠰᠡᠨ ᠡᠮᠴᠢᠯᠡᠭᠡᠨ ᠤ ᠵᠠᠷᠤᠳᠠᠯ ᠳᠤ ᠡᠬᠡ ᠲᠠᠩᠰᠠ ᠪᠠᠶᠢᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠢᠲᠤᠷ ᠬᠢᠬᠦ ᠶᠢᠨ ᠬᠠᠮᠲᠤ ᠲᠣᠭᠲᠠᠭᠠᠯ ᠶᠣᠰᠣᠭᠠᠷ ᠵᠠᠷᠤᠳᠠᠯ ᠢ ᠬᠢᠨᠠᠨ ᠬᠠᠷᠭᠤᠭᠤᠯᠬᠤ ᠪᠠ ᠳ᠋ᠦᠩᠨᠡᠨ ᠪᠤᠳᠤᠬᠤ ᠠᠵᠢᠯ ᠬᠢᠨ᠎ᠡ᠃   ᠲᠠᠪᠢᠨ ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠣᠯᠤᠨ ᠬᠤᠪᠢ ᠬᠥᠮᠦᠨ ᠤ ᠲᠠᠩᠰᠠᠨ ᠡᠷᠥᠭᠡ ᠶᠢᠨ ᠰᠠᠭᠤᠷᠢ ᠮᠥᠩᠭᠦ ᠶᠢ ᠲᠤᠰ ᠲᠤᠰ ᠲᠤ ᠨᠢ ᠬᠠᠮᠢᠶᠠᠷᠴᠤ᠂ ᠲᠤᠰ ᠲᠤᠰ ᠤᠨ ᠲᠦᠯᠣᠭᠦ ᠬᠡᠪᠴᠢᠶᠠᠨ ᠳᠤ ᠨᠢ ᠳ᠋ᠦᠩᠨᠡᠨ ᠪᠣᠳᠣᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠥᠭᠡᠢ᠃   ᠲᠠᠪᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠦᠪᠯᠡᠯᠴᠡᠬᠡᠷ ᠢ ᠭᠦᠢᠴᠡᠳᠬᠡᠭᠰᠡᠨ ᠪᠠᠶᠢᠳᠠᠯ ᠢ ᠨᠢ ᠵᠢᠯ ᠪᠦᠷᠢ ᠰᠢᠯᠭᠠᠨ ᠬᠢᠨᠠᠬᠤ ᠬᠡᠷᠡᠭᠲᠡᠶ᠃ ᠰᠢᠯᠭᠠᠨ ᠬᠢᠨᠠᠬᠤ ᠳᠤ ᠬᠢᠷᠢ ᠲᠡᠩᠴᠡᠭᠰᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠩ ᠤᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠦᠯᠡᠳᠡᠭᠰᠡᠨ ᠬᠡᠰᠡᠭ ᠢ ᠨᠢ ᠬᠠᠷᠢᠴᠠᠯ ᠶᠣᠰᠣᠭᠠᠷ ᠣᠯᠭᠤᠨ᠎ᠠ︔ ᠬᠢᠷᠢ ᠲᠡᠩᠴᠡᠭᠰᠡᠨ ᠦᠭᠡᠢ ᠪᠣᠯ᠂ ᠵᠦᠪᠯᠡᠯᠴᠡᠬᠡᠷ ᠶᠣᠰᠣᠭᠠᠷ ᠬᠠᠰᠤᠵᠤ ᠭᠠᠷᠭᠠᠨ᠎ᠠ᠃   ᠲᠠᠪᠤᠳᠤᠭᠠᠷ ᠪᠦᠯᠦᠭ    ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ  ᠲᠠᠪᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠤᠮᠧᠷ᠂ ᠨᠢᠭᠡᠴᠢ ᠶᠢᠨ ᠤᠷᠤᠯᠠᠬᠤ ᠨᠤᠮᠧᠷ ᠢᠶᠠᠷ ᠲᠤᠰ ᠱᠠᠲᠤᠨ ᠤ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠴᠤᠷ ᠤᠨ ᠭᠠᠭᠴᠠ ᠢᠯᠭᠠᠬᠤ ᠲᠡᠮᠳᠡᠭ ᠪᠣᠯᠭᠠᠬᠤ ᠶᠢᠨ ᠬᠠᠮᠲᠤ ᠲᠡᠭᠦᠨ ᠤ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃   ᠲᠠᠪᠢᠨ ᠲᠠᠪᠤᠳᠤᠭᠠᠷ ᠵᠦᠢᠯ   ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠠᠮᠢᠶᠠᠷᠤᠯᠲᠠ ᠶᠢ ᠬᠡᠷᠡᠭᠯᠡᠨ᠎ᠡ᠃   ᠲᠠᠪᠢᠨ ᠵᠢᠷᠭᠤᠳᠤᠭᠠᠷ ᠵᠦᠢᠯ    ᠳᠠᠭᠠᠳᠬᠠᠯ ᠳᠤ ᠣᠷᠣᠯᠴᠠᠭᠰᠠᠳ ᠬᠡᠷᠪᠡ ᠠᠵᠢᠯ ᠤᠨ ᠪᠠᠶᠢᠷᠢ ᠪᠠᠨ ᠰᠣᠯᠢᠬᠤ ᠰᠠᠯᠭᠠᠨ ᠲᠣᠬᠢᠷᠠᠭᠤᠯᠬᠤ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠣᠨᠴᠠᠭᠠᠢ ᠪᠠᠶᠢᠳᠠᠯ ᠲᠣᠬᠢᠶᠠᠯᠳᠤᠪᠠᠯ᠂ ᠠᠷᠪᠠᠨ ᠬᠤᠶᠠᠳᠤᠭᠠᠷ ᠵᠦᠢᠯ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠦᠰᠦᠯᠡᠨ ᠬᠤᠪᠢ ᠬᠥᠮᠦᠨ ᠤ ᠲᠠᠩᠰᠠᠨ ᠡᠷᠥᠭᠡ ᠶᠢ ᠰᠢᠯᠵᠢᠭᠦᠯᠵᠣ ᠦᠭᠭᠦᠨ᠎ᠡ᠃   ᠲᠠᠪᠢᠨ ᠳᠣᠯᠣᠳᠤᠭᠠᠷ ᠵᠦᠢᠯ   ᠳᠠᠭᠠᠳᠬᠠᠯ ᠳᠤ ᠣᠷᠣᠯᠴᠠᠭᠰᠠᠨ ᠬᠦᠮᠦᠨ ᠨᠢ ᠨᠠᠰᠤ ᠪᠠᠷᠠᠭᠰᠠᠨ ᠪᠣᠯ ᠬᠤᠪᠢ ᠬᠥᠮᠦᠨ ᠤ ᠲᠠᠩᠰᠠᠨ ᠡᠷᠥᠭᠡ ᠳᠤ ᠪᠡᠯᠡ ᠮᠥᠩᠭᠦ ᠰᠢᠯᠵᠢᠭᠦᠯᠦᠨ ᠣᠷᠣᠭᠤᠯᠬᠤ ᠪᠠᠨ ᠵᠣᠭᠰᠣᠭᠠᠵᠤ᠂ ᠲᠡᠭᠦᠨ ᠤ ᠬᠤᠪᠢ ᠬᠥᠮᠦᠨ ᠤ ᠲᠠᠩᠰᠠᠨ ᠡᠷᠥᠭᠡ ᠶᠢ ᠨᠢ ᠬᠦᠴᠦᠨ ᠥᠭᠡᠢ ᠪᠣᠯᠭᠠᠵᠤ᠂ ᠬᠤᠪᠢ ᠬᠥᠮᠦᠨ ᠤ ᠲᠠᠩᠰᠠᠨ ᠡᠷᠥᠭᠡ ᠶᠢᠨ ᠦᠯᠡᠳᠡᠪᠦᠷᠢ ᠪᠡᠯᠡ ᠮᠥᠩᠭᠦ ᠶᠢ ᠪᠠᠶᠢᠭ᠎ᠠ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠨᠢᠭᠡ ᠯᠡ ᠤᠳᠠᠭ᠎ᠠ ᠪᠠᠷ ᠭᠠᠷᠭᠠᠨ ᠠᠪᠬᠤ ᠭᠠᠷᠳᠠᠮ ᠭᠦᠢᠴᠡᠣᠡᠭᠡᠨ᠎ᠡ᠃   ᠲᠠᠪᠢᠨ ᠨᠠᠶᠢᠮᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠡᠬᠡ ᠮᠥᠩᠭᠦ ᠪᠠ ᠬᠦᠤ ᠮᠥᠩᠭᠦ ᠶᠢ ᠬᠤᠪᠢ ᠬᠥᠮᠦᠨ ᠳᠤ ᠨᠢ ᠥᠮᠴᠢᠯᠡᠭᠦᠯᠵᠦ᠂ ᠬᠠᠨᠳᠣᠯᠭ᠎ᠠ ᠲᠠᠢ ᠪᠠᠷ ᠡᠮ ᠡᠮᠨᠡᠯᠭᠡ ᠶᠢᠨ ᠬᠡᠷᠡᠭᠯᠡᠭᠡᠨ ᠳᠤ ᠬᠡᠷᠡᠭᠯᠡᠭᠦᠯᠵᠦ᠂ ᠬᠡᠳᠣᠷᠡᠭᠰᠡᠨ ᠵᠠᠷᠣᠯᠭ᠎ᠠ ᠶᠢ ᠨᠥᠬᠦᠪᠥᠷᠢᠯᠡᠬᠦ ᠥᠬᠡᠶ᠂ ᠦᠯᠡᠳᠡᠪᠦᠷᠢ ᠶᠢ ᠡᠷᠭᠢᠯᠳᠦᠭᠦᠯᠦᠨ ᠬᠠᠳᠠᠭᠠᠯᠠᠨ᠎ᠠ᠃   ᠲᠠᠪᠢ ᠶᠢᠰᠦᠳᠦᠭᠡᠷ ᠵᠦᠢᠯ   ᠳᠠᠭᠠᠳᠬᠠᠯ ᠳᠤ ᠣᠷᠣᠯᠴᠠᠭᠰᠠᠳ ᠶᠠᠮᠠᠷᠪᠠ ᠨᠢᠭᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠵᠦ ᠡᠮ ᠵᠠᠯᠠᠬᠤ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷᠡᠭᠯᠡᠬᠦ ᠳᠤ ᠪᠠᠨ ᠴᠥᠮ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠰᠢᠭᠤᠳ ᠳ᠋ᠦᠩᠨᠡᠨ ᠪᠣᠳᠣᠨ᠎ᠠ᠃ ᠬᠤᠪᠢ ᠬᠥᠮᠦᠨ ᠤ ᠲᠠᠩᠰᠠᠨ ᠡᠷᠤᠭᠡ ᠶᠢᠨ ᠪᠡᠯᠡ ᠮᠥᠩᠭᠦ ᠨᠢ ᠲᠦᠯᠤᠵᠤ ᠭᠦᠢᠴᠡᠬᠦ ᠦᠭᠡᠢ ᠦᠶ᠎ᠡ ᠳᠤ ᠲᠤᠰ ᠬᠥᠮᠦᠨ ᠪᠡᠯᠡᠨ ᠵᠣᠭᠤᠰ ᠬᠡᠷᠡᠭᠯᠡᠨ᠎ᠡ᠃   ᠵᠢᠷᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠬᠤᠪᠢ ᠬᠥᠮᠦᠨ ᠤ ᠲᠠᠩᠰᠠᠨ ᠡᠷᠥᠭᠡ ᠶᠢᠨ ᠪᠡᠯᠡ ᠮᠥᠩᠭᠦ ᠶᠢ ᠬᠡᠷᠡᠭᠯᠡᠬᠦ ᠳᠤ ᠪᠠᠨ᠂ ᠵᠠᠷᠤᠳᠠᠯ ᠤᠨ ᠵᠠᠷᠤᠯᠭ᠎ᠠ ᠨᠢ ᠡᠷᠬᠡᠪᠰᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃   ᠵᠢᠷᠠᠨ ᠨᠢᠭᠡᠳᠦᠭᠡᠷ ᠵᠦᠢᠯ   ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠪᠣᠯᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠰᠠᠯᠭᠠᠨ ᠲᠣᠭᠠᠴᠠᠭ᠎ᠠ ᠬᠢᠵᠦ᠂ ᠲᠣᠰ ᠲᠣᠰ ᠲᠤ ᠨᠢ ᠬᠠᠮᠢᠶᠠᠷᠤᠨ᠎ᠠ᠂ ᠨᠡᠭᠦᠯᠭᠡᠨ ᠬᠡᠷᠡᠭᠯᠡᠬᠦ ᠪᠤᠶᠤ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠂ ᠨᠡᠩ ᠴᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠲᠡᠩᠴᠡᠭᠦᠷᠢᠰᠢᠭᠦᠯᠬᠦ ᠳᠤ ᠬᠡᠷᠡᠭᠯᠡᠵᠦ ᠪᠣᠯᠬᠤ ᠦᠭᠡᠢ᠃   ᠵᠢᠷᠠᠨ ᠬᠤᠶᠠᠳᠤᠭᠠᠷ ᠵᠦᠢᠯ   ᠳᠠᠭᠠᠳᠬᠠᠯ ᠳᠤ ᠣᠷᠣᠯᠴᠠᠭᠰᠠᠳ ᠠᠵᠢᠯ ᠰᠢᠯᠵᠢᠬᠦ᠂ ᠠᠵᠢᠯ ᠤᠨ ᠪᠠᠶᠢᠷᠢ ᠬᠤᠪᠢᠷᠠᠬᠤ᠂ ᠨᠠᠰᠤ ᠪᠠᠷᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠨ ᠭᠡᠭᠡᠭᠦ ᠵᠢᠴᠢ ᠡᠪᠳᠡᠭᠦ ᠵᠡᠷᠭᠡ ᠰᠢᠯᠲᠠᠭᠠᠨ ᠠᠴᠠ ᠪᠣᠯᠵᠣ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠰᠣᠯᠢᠬᠤ᠂ ᠨᠥᠬᠦᠵᠦ ᠦᠭᠭᠦ᠂ ᠬᠦᠴᠦᠨ ᠥᠬᠡᠶ ᠪᠣᠯᠭᠠᠬᠤ ᠴᠢᠬᠤᠯᠠ ᠲᠠᠢ ᠪᠣᠯ ᠬᠦᠴᠦᠨ ᠪᠥᠬᠦᠶ ᠭᠡᠷᠡᠴᠢ ᠪᠠᠨ ᠠᠪᠴᠤ ᠴᠠᠭ ᠲᠤᠬᠠᠶ ᠳᠤ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠦᠷᠴᠦ ᠭᠦᠢᠴᠡᠳᠬᠡᠬᠦ ᠬᠡᠷᠡᠭᠲᠡᠶ᠃   ᠵᠢᠷᠠᠨ ᠭᠤᠷᠪᠠᠳᠤᠭᠠᠷ ᠵᠦᠢᠯ   ᠬᠡᠷᠪᠡ ᠳᠠᠭᠠᠳᠬᠠᠯ ᠳᠤ ᠣᠷᠣᠯᠴᠠᠭᠰᠠᠳ ᠤᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠤᠰᠤᠳ ᠤᠨ ᠨᠡᠷ᠎ᠡ ᠶᠢ ᠣᠷᠣᠯᠠᠬᠤ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃   ᠵᠢᠷᠠᠨ ᠳᠥᠷᠪᠡᠳᠦᠭᠡᠷ ᠵᠦᠢᠯ   ᠬᠤᠪᠢ ᠬᠥᠮᠦᠨ ᠤ ᠲᠠᠩᠰᠠᠨ ᠡᠷᠦᠬᠡ ᠠᠴᠠ ᠳᠥᠯᠥᠬᠦ ᠡᠮᠴᠢᠯᠡᠭᠡᠨ ᠤ ᠵᠠᠷᠤᠳᠠᠯ ᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠰᠦᠯᠵᠢᠶᠡᠯᠡᠭᠡᠣᠨ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠬᠠᠶᠢᠯᠠᠭᠰᠠᠨ ᠠᠵᠢᠯ ᠤᠨ ᠲᠤᠰᠬᠠᠶ ᠰᠦᠯᠵᠢᠶ᠎ᠡ ᠳᠤ ᠵᠠᠯᠭᠠᠨ ᠣᠷᠣᠭᠤᠯᠵᠤ᠂ ᠨᠢᠭᠡᠳᠦᠯᠲᠡᠶ ᠳ᠋ᠦᠩᠨᠡᠨ ᠪᠤᠳᠤᠬᠤ ᠰᠣᠹᠲ ᠪᠠ ᠨᠢᠭᠡᠳᠦᠯᠲᠡᠶ ᠳ᠋ᠦᠩᠨᠡᠨ ᠪᠤᠳᠤᠬᠤ ᠠᠷᠭ᠎ᠠ ᠶᠢ ᠬᠡᠷᠡᠭᠯᠡᠬᠦ ᠶᠢᠨ ᠬᠠᠮᠲᠤ ᠪᠠᠶᠢᠢᠴᠠᠭᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃   ᠵᠢᠷᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠳᠠᠭᠠᠳᠬᠠᠯ ᠳᠤ ᠣᠷᠣᠯᠴᠠᠭᠰᠠᠨ ᠠᠵᠢᠯᠳᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠥᠭᠡ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢᠶᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠵᠠᠯᠠᠷᠠᠭᠤᠯᠵᠤ᠂ ᠰᠦᠯᠵᠢᠶᠠᠨ ᠳᠤ ᠳ᠋ᠦᠩᠨᠡᠨ ᠪᠣᠳᠣᠭᠰᠠᠨ ᠲᠤᠭ᠎ᠠ ᠪᠠᠷᠢᠮᠳᠡ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠦᠢᠯᠡᠴᠢᠯᠡᠭᠡᠨ ᠤ ᠵᠦᠪᠯᠡᠯᠴᠡᠭᠡᠷ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃   ᠵᠢᠷᠠᠨ ᠵᠢᠷᠭᠤᠳᠤᠭᠠᠷ ᠵᠦᠢᠯ    ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠤᠭᠡ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠷᠥᠯ ᠵᠦᠢᠯ ᠰᠣᠯᠢᠯᠴᠠᠬᠤ᠂ ᠬᠠᠭᠤᠷᠮᠠᠭ ᠢᠶᠠᠷ ᠪᠠᠷᠢᠮᠲᠠ ᠭᠠᠷᠭᠠᠬᠤ᠂ ᠬᠤᠪᠢ ᠬᠥᠮᠦᠨ ᠤ ᠲᠠᠩᠰᠠᠨ ᠡᠷᠤᠭᠡ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠨᠢ ᠵᠦᠶ ᠵᠣᠬᠢᠰᠲᠠᠶ ᠵᠢᠷᠣᠮᠵᠢᠭᠤᠨ ᠬᠡᠷᠡᠭᠯᠡᠭᠦᠯᠦᠨ᠎ᠡ᠃   ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ  ᠵᠢᠷᠠᠨ ᠳᠣᠯᠣᠳᠤᠭᠠᠷ ᠵᠦᠢᠯ   ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠤᠤᠯ ᠤᠨ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠥᠰᠥᠭ ﹇2008﹈  44 ᠳ᠋ᠤᠭᠡᠷ ᠲᠣᠭᠠᠲᠤ︶᠂ ︽ ︿ᠥ‌‍ᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ ﹀ ᠵᠡᠷᠭᠡ ᠲᠠᠪᠤᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2014 ﹈ 111 ᠳ᠋ᠤᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃   ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠭᠡᠭᠡᠭᠳᠡᠭᠰᠡᠨ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠬᠠᠷᠭᠤᠭᠤᠯᠬᠤ ᠬᠠᠭᠤᠳᠠᠰᠤ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号