| ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ | ᠠᠭᠤᠷᠬᠠᠢ ᠶᠢᠨ ︽2 . 22︾ ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ | ᠲᠤᠨᠨᠳᠠᠭᠠᠵᠦ᠂ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠷᠠᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠢᠭᠤᠯᠤᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠬᠯᠠᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ | ᠮᠡᠲᠦ ᠮᠡᠳᠡᠭᠳᠡᠶ᠎ᠡ᠃ | ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠠᠶᠤᠯ ᠥᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ | ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ | ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ | ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ | ᠠᠵᠢᠯᠳᠠᠨ ᠢ ᠭᠦᠢᠴᠡᠳ ᠴᠢᠩᠭ᠎ᠠ ᠲᠤᠬᠢᠷᠠᠭᠤᠯᠵᠤ᠂ ᠬᠠᠷᠢᠶ᠎ᠠ ᠭᠠᠵᠠᠷ ᠤᠨ ᠠᠶᠤᠯ ᠥᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠵᠠᠳᠠᠭᠠᠶ ᠨᠡᠭᠦᠷᠡᠰᠦᠨ ᠠᠭᠤᠷᠬᠠᠶ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠳᠦᠬᠦᠷᠵᠢᠭᠦᠯᠦᠨ | ᠲᠣᠬᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠬᠯᠠᠬᠤ ᠪᠠᠶᠢᠷᠢᠰᠢᠯ ᠢ ᠰᠢᠯᠢᠳᠡᠭᠵᠢᠭᠦᠯᠦᠨ᠂ ᠵᠠᠳᠠᠭᠠᠶ | ᠨᠡᠭᠦᠷᠡᠰᠦᠨ ᠠᠭᠤᠷᠬᠠᠶ ᠶᠢᠨ ᠬᠤᠯᠪᠣᠭᠠᠯᠠᠨ ᠳᠠᠬᠢᠨ ᠵᠤᠬᠢᠶᠠᠨ ᠪᠠᠶᠢᠭᠤᠯᠬᠤ ᠶᠢ ᠳᠡᠮᠵᠢᠵᠦ᠂ ᠵᠠᠳᠠᠭᠠᠶ ᠨᠡᠭᠦᠷᠡᠰᠦᠨ | ᠠᠭᠤᠷᠬᠠᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠶᠠᠷ᠂ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠺᠣᠮᠢᠰ᠂ ᠡᠨᠧᠷᠭᠢ ᠶᠢᠨ ᠠᠶᠤᠯ ᠦᠭᠡᠶ | ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠶ ᠳᠤ ᠨᠢ ᠠᠳᠬᠤᠬᠤ ᠦᠢᠯᠡᠳᠦᠯ ᠢᠶᠠᠨ | ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠦᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠢᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠪᠠᠶᠢᠭᠤᠯᠵᠤ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠬᠯᠠᠨ᠂ ᠵᠠᠳᠠᠭᠠᠶ ᠨᠡᠭᠦᠷᠡᠰᠦᠨ | ᠠᠭᠤᠷᠬᠠᠶ ᠶᠢᠨ ᠠᠮᠦᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ | ᠂ ᠭᠠᠵᠠᠷ ᠬᠥᠳᠡᠯᠦᠯᠲᠡ᠂ ᠲᠤᠶᠢᠢᠯ ᠤᠨ ᠭᠠᠶ ᠭᠠᠮᠰᠢᠭᠲᠤ ᠴᠠᠭ ᠠᠭᠤᠷ᠂ ᠭᠠᠵᠠᠷ ᠰᠢᠨᠵᠢᠯᠡᠬᠡᠨ ᠤ ᠭᠠᠶ ᠭᠠᠮᠰᠢᠭ᠂ | ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠶ᠃ | ᠭᠤᠷᠪᠠ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠶᠢᠢᠴᠠᠭᠠᠯᠲᠠ ᠬᠢᠬᠦ | ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠵᠠᠳᠠᠭᠠᠢ ᠨᠡᠭᠦᠷᠡᠰᠦᠨ | ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ | ᠴᠠᠭ ᠲᠤᠬᠠᠶ ᠳᠤ ᠨᠢ ᠬᠢᠨᠠᠨ ᠡᠵᠡᠮᠳᠡᠬᠦ ᠬᠡᠷᠡᠭᠲᠡᠢ︔ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ | ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠵᠠᠳᠠᠭᠠᠶ ᠨᠡᠭᠦᠷᠡᠰᠦᠨ | ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠶ ᠪᠠᠯᠠ ᠭᠠᠷᠭᠠᠭᠴᠢ ᠵᠡᠷᠭᠡ ︽ᠵᠠᠩᠭᠢᠯᠠᠭ᠎ᠠ ᠶᠢᠨ ᠬᠥᠮᠦᠨ︾ ᠪᠠ | ᠠᠭᠤᠷᠬᠠᠶ ᠶᠢᠨ ᠳᠠᠷᠤᠭ᠎ᠠ᠂ ᠶᠡᠷᠦᠩᠬᠡᠶ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ | ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠨ᠎ᠡ᠃ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ | ᠲᠠᠯᠪᠢᠨ ᠵᠢᠯᠣᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃ | ᠳᠥᠷᠪᠡ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ | ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠤᠰ | ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ︽ | ᠠᠭᠤᠷᠬᠠᠶ ᠶᠢᠨ ᠲᠠᠪᠤᠨ ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠭᠤᠷᠬᠠᠶ ᠶᠢᠨ | ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠠᠳᠠᠭᠠᠶ ᠨᠡᠭᠦᠷᠡᠰᠦᠨ ᠠᠭᠤᠷᠬᠠᠶ ᠨᠤᠭᠤᠳ ᠵᠥᠪᠰᠢᠶᠡᠷᠡᠭᠰᠡᠨ | ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ ᠶᠢ ᠭᠦᠢᠴᠡᠳ | ᠲᠡᠭᠦᠯᠳᠡᠷ ᠪᠦᠷᠢᠨ ᠰᠠᠶᠢᠢᠨ ᠪᠠᠶᠢᠢᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠲᠦᠷᠢᠮ ᠢ ᠪᠦᠷᠢᠨᠰᠢᠭᠦᠯᠬᠦ ᠶᠢᠨ | ᠬᠠᠮᠲᠤ ᠪᠣᠳᠠᠲᠠᠶᠢᠢᠵᠢᠭᠤᠯᠤᠨ ᠬᠡᠷᠡᠭᠵᠢᠭᠦᠯᠬᠦ ᠬᠡᠷᠡᠭᠲᠡᠶ᠃ | ᠲᠠᠪᠤ᠂ ᠰᠢᠯᠭᠠᠨ ᠪᠠᠶᠢᠢᠴᠠᠭᠠᠵᠦ ᠬᠡᠮᠵᠢᠨ ᠪᠠᠶᠢᠢᠴᠠᠭᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ | ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ | ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ | ᠬᠠᠷ᠎ᠠ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ | ᠬᠡᠷᠡᠭᠲᠡᠢ᠃ | ᠵᠢᠷᠭᠤᠭ᠎ᠠ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢ ᠲᠥᠷᠥᠯ ᠬᠤᠪᠢᠶᠠᠨ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠤᠯᠠᠷᠢᠯ ᠪᠦᠷᠢ ᠵᠠᠳᠠᠭᠠᠶ | ᠨᠡᠭᠦᠷᠡᠰᠦᠨ ᠠᠭᠤᠷᠬᠠᠶ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ | ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ᠃ ᠵᠠᠳᠠᠭᠠᠢ ᠨᠡᠭᠦᠷᠡᠰᠦᠨ | ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ | ᠴᠢᠩᠭᠠᠳᠬᠠᠵᠤ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠤᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ ᠬᠦᠨᠳᠦ ᠶᠡᠭᠡ ᠠᠳᠡᠯ ᠤᠨ ᠳᠠᠯᠳᠠ | ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠨ ᠰᠠᠶᠢᠵᠢᠷᠠᠭᠤᠯᠵᠤ᠂ ᠡᠳᠦᠷ ᠲᠤᠲᠤᠮ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠶ ᠬᠥᠮᠦᠨ ᠲᠣᠮᠢᠯᠠᠨ ᠬᠠᠷᠠᠭᠤᠯᠤᠨ ᠰᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠪᠤᠳᠠᠳᠠᠶᠢᠢᠵᠢᠭᠤᠯᠤᠨᠨᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ | ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠨᠢ | ᠰᠡᠷᠭᠦᠭᠡᠵᠦ ᠪᠣᠯᠤᠨ᠎ᠠ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ | ᠂ ᠠᠭᠤᠷᠬᠠᠢ ᠶᠢᠨ ᠠᠮᠦᠷ ᠲᠦᠪᠰᠢᠨ ᠤ ᠬᠢᠨᠠᠨ ᠪᠠᠶᠢᠢᠴᠠᠭᠠᠯᠲᠠ ᠶᠢᠨ ᠰᠠᠯᠠᠭ᠎ᠠ ᠮᠦᠴᠢᠷ ᠨᠢ C ᠲᠥᠷᠥᠯ ᠤᠨ | ᠨᠡᠭᠦᠷᠡᠰᠦᠨ ᠠᠭᠤᠷᠬᠠᠢ ᠶᠢᠨ ᠪᠠᠶᠢᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ᠃ ︽ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ C | ᠲᠥᠷᠥᠯ ᠤᠨ ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ | ᠥᠷᠨᠢᠭᠦᠯᠬᠦ ᠬᠡᠷᠡᠭᠲᠡᠢ᠃ | ᠳᠣᠯᠤᠭ᠎ᠠ᠂ ᠵᠠᠳᠠᠭᠠᠶ ᠨᠡᠭᠦᠷᠡᠰᠦᠨ ᠠᠭᠤᠷᠬᠠᠶ ᠳᠤ ︽ᠨᠡᠭᠦᠷᠡᠰᠦᠨ ᠠᠭᠤᠷᠬᠠᠶ ᠶᠢᠨ ᠬᠦᠨᠳᠦ ᠶᠡᠭᠡ ᠠᠳᠡᠯ ᠤᠨ | ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ | ᠭᠡᠮ ᠤᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ︔ ︽ᠨᠡᠭᠦᠷᠡᠰᠦᠨ ᠠᠭᠤᠷᠬᠠᠶ ᠶᠢᠨ ᠬᠦᠨᠳᠦ ᠶᠡᠭᠡ ᠠᠳᠡᠯ ᠤᠨ | ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ | ᠪᠠᠶᠢᠪᠠᠯ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠶ ᠳᠤ ᠨᠢ ᠠᠷᠢᠯᠭᠠᠬᠤ ᠪᠤᠶᠤ ᠬᠤᠭᠤᠴᠠᠭ᠎ᠠ | ᠬᠢᠵᠠᠭᠠᠷᠯᠠᠨ ᠠᠷᠢᠯᠭᠠᠭᠤᠯᠬᠤ ᠬᠡᠷᠡᠭᠲᠡᠢ᠂ ᠬᠡᠷᠡᠭᠵᠢᠭᠦᠯᠬᠦ ᠶᠢ ᠲᠡᠪᠴᠢᠪᠡᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | ᠨᠠᠶᠢᠮᠠ᠂ ᠵᠠᠳᠠᠭᠠᠶ ᠨᠡᠭᠦᠷᠡᠰᠦᠨ ᠠᠭᠤᠷᠬᠠᠶ ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ | ᠠᠭᠤᠷᠬᠠᠶ ᠶᠢᠨ ᠡᠳᠦᠷ ᠲᠤᠲᠤᠮ ᠤᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠶ ᠶᠢᠨ ᠠᠮᠦᠷ | ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ | ᠵᠡᠷᠭᠡ ᠠᠶᠤᠯ ᠦᠭᠡᠶ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ᠂ ᠪᠠᠶᠢᠭ᠎ᠠ ᠭᠠᠵᠠᠷ ᠤᠨ ᠠᠶᠢᠮᠠᠭ | ᠬᠤᠲᠠ ᠶᠢᠨ ᠨᠡᠭᠦᠷᠡᠰᠦᠨ ᠠᠭᠤᠷᠬᠠᠶ ᠶᠢᠨ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠠᠭᠤᠷᠬᠠᠶ ᠶᠢᠨ ᠠᠮᠦᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ | ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ᠂ ᠬᠠᠤᠯᠢ | ᠲᠣᠭᠲᠠᠭᠠᠯ ᠶᠣᠰᠣᠭᠠᠷ ᠰᠢᠢᠳᠬᠡᠯ ᠲᠤᠷᠭᠠᠭᠤᠯᠢ ᠥᠭᠭᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃ | ᠶᠢᠰᠦ᠂ ᠵᠠᠳᠠᠭᠠᠶ ᠨᠡᠭᠦᠷᠡᠰᠦᠨ ᠠᠭᠤᠷᠬᠠᠶ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ | ᠬᠥᠳᠡᠯᠦᠯᠲᠡ ᠶᠢ ᠬᠢᠨᠠᠨ ᠰᠢᠨᠵᠢᠬᠦ ᠲᠤᠰᠬᠠᠶ ᠥᠷᠲᠡᠭᠡ ᠰᠦᠯᠵᠢᠶ᠎ᠡ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ | ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ 24 ᠴᠠᠭ ᠤᠨ ᠰᠦᠯᠵᠢᠶᠡᠨ ᠳᠡᠭᠡᠷ᠎ᠡ | ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ | ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ᠃ | ᠬᠠᠵᠠᠭᠤ ᠪᠡᠯ ᠤᠨ ᠵᠥᠷᠢᠭᠳᠡᠯ᠂ ᠮᠠᠯᠲᠠᠵᠤ ᠬᠤᠭᠤᠰᠤᠷᠠᠭᠤᠯᠤᠨᠨᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ | ᠭᠠᠮᠰᠢᠭ ᠤᠴᠠᠷᠠᠭᠤᠯᠬᠤ ᠨᠢᠭᠤᠨᠨᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠵᠠᠰᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠠᠭᠤᠷᠬᠠᠶ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ ᠵᠠᠷᠯᠠᠨ | ᠮᠡᠳᠡᠭᠳᠡᠬᠦ ᠫᠠᠶᠢᠰᠠ ᠲᠠᠯᠪᠢᠵᠤ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠶ | ᠪᠢᠴᠢᠵᠣ᠂ ᠠᠵᠢᠯᠯᠠᠬᠤ ᠬᠥᠮᠦᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ ᠲᠣᠳᠣᠷᠬᠠᠶ ᠬᠡᠯᠡᠵᠦ | ᠥᠭᠬᠦ ᠬᠡᠷᠡᠭᠲᠡᠶ︔ ᠪᠡᠯ ᠶᠡᠭᠦᠷᠡᠬᠦ ᠪᠠ ᠨᠤᠷᠠᠵᠤ ᠴᠦᠮᠦᠷᠡᠬᠦ ᠵᠡᠷᠭᠡ ᠠᠳᠡᠯ ᠭᠠᠷᠬᠤ ᠰᠢᠨᠵᠢ ᠮᠠᠶ᠋ᠢᠭ ᠲᠠᠢ ᠪᠠᠶᠢᠢᠪᠠᠯ᠂ | ᠡᠷᠬᠡᠪᠰᠢ ᠲᠡᠷᠡ ᠳᠠᠷᠤᠶ ᠳᠤ ᠨᠢ ᠠᠵᠢᠯᠯᠠᠬᠤ ᠪᠠᠨ ᠪᠠᠶᠢᠢᠵᠦ᠂ ᠬᠦᠮᠦᠰ ᠢ ᠵᠠᠶᠢᠢᠯᠠᠭᠤᠯᠤᠨ ᠶᠠᠪᠤᠭᠤᠯᠬᠤ ᠬᠡᠷᠡᠭᠲᠡᠶ᠃ | ᠠᠷᠪᠠ᠂ ᠵᠠᠳᠠᠭᠠᠶ ᠨᠡᠭᠦᠷᠡᠰᠦᠨ ᠠᠭᠤᠷᠬᠠᠶ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ | ᠦᠭᠡᠶ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠶ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ | ᠳᠠᠭᠠᠭᠠᠴᠢᠯᠠᠭᠤᠯᠵᠤ ᠪᠣᠯᠬᠤ ᠦᠭᠡᠢ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ | ᠳᠣᠷᠣᠭᠰᠢᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1 ᠠᠴᠠ | ᠬᠡᠲᠦᠷᠡᠵᠦ ᠪᠣᠯᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ | ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠶ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2 ᠠᠴᠠ | ᠬᠡᠲᠦᠷᠡᠵᠦ ᠪᠣᠯᠬᠤ ᠦᠭᠡᠢ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠶ ᠶᠢᠨ ᠡᠩᠨᠡᠭᠡ ᠯᠦᠭᠡ | ᠪᠠᠷᠢᠮᠵᠢᠶ᠎ᠠ ᠪᠠᠨ ᠨᠢᠭᠡᠳᠦᠯᠲᠡᠶ ᠪᠣᠯᠭᠠᠵᠤ᠂ ᠨᠢᠭᠡᠳᠦᠯᠲᠡᠶ ᠬᠠᠮᠢᠶᠠᠷᠬᠤ ᠬᠡᠷᠡᠭᠲᠡᠶ᠃ ᠵᠠᠳᠠᠭᠠᠶ ᠨᠡᠭᠦᠷᠡᠰᠦᠨ | ᠠᠭᠤᠷᠬᠠᠶ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠶ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠦᠨᠳᠦᠰᠦᠯᠡᠨ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ | ᠬᠡᠷᠡᠭᠲᠡᠶ︔ ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ | ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ᠂ | ᠳᠥᠭᠦᠮᠬᠡᠨ ᠢᠶᠠᠷ ᠬᠠᠮᠤᠭ ᠤᠨ ᠳᠣᠤᠷ᠎ᠠ ᠦᠨ᠎ᠡ ᠪᠠᠷ ᠳᠠᠭᠠᠭᠠᠴᠢᠯᠠᠯᠲᠠ ᠤᠨᠤᠭᠠᠵᠦ ᠪᠣᠯᠬᠤ ᠥᠬᠡᠶ᠃ ᠳᠠᠭᠠᠭᠠᠴᠢᠯᠠᠬᠤ | ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠤᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ | ᠴᠠᠭᠠᠵᠠᠯᠠᠵᠤ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ | ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠶ᠃ | ᠠᠷᠪᠠᠨ ᠨᠢᠭᠡ᠂ ᠵᠠᠳᠠᠭᠠᠶ ᠨᠡᠭᠦᠷᠡᠰᠦᠨ ᠠᠭᠤᠷᠬᠠᠶ ᠪᠣᠯ ᠬᠠᠤᠯᠢ ᠲᠣᠭᠲᠠᠭᠠᠯ ᠶᠣᠰᠣᠭᠠᠷ ᠪᠦᠬᠦ | ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠶ᠃ | ᠠᠷᠪᠠᠨ ᠬᠤᠶᠠᠷ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠡᠪᠴᠡᠩ᠂ | ᠠᠳᠠᠯᠢ ᠨᠢᠭᠡ ᠤᠬᠤᠵᠦ ᠮᠠᠯᠳᠠᠬᠤ ᠪᠦᠰᠡ᠂ ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠦᠷ | ᠲᠦᠪᠰᠢᠨ ᠤ ᠵᠠᠢ ᠨᠢ 50 ᠮᠧᠲᠷ ᠠᠴᠠ ᠤᠶᠢᠢᠷ᠎ᠠ ᠪᠠᠶᠢᠵᠤ ᠪᠣᠯᠬᠤ ᠦᠭᠡᠢ᠂ ᠲᠡᠭᠡᠭᠡᠪᠦᠷᠢ ᠶᠢᠨ ᠲᠥᠬᠦᠭᠡᠷᠦᠮᠵᠢ ᠶᠢᠨ | ᠬᠤᠭᠤᠷᠣᠨᠳᠤᠬᠢ ᠠᠮᠦᠷ ᠲᠦᠪᠰᠢᠨ ᠤ ᠵᠠᠢ ᠨᠢ 30 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ 300 | ᠮᠧᠲᠷ ᠤᠨ ᠠᠵᠢᠯᠯᠠᠬᠤ ᠱᠣᠭᠤᠮ ᠤᠨ ᠬᠡᠪᠴᠢᠶᠡᠨ ᠳᠣᠲᠣᠷ᠎ᠠ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ | ᠡᠭᠡᠯᠵᠢ ᠶᠢᠨ ᠠᠵᠢᠯᠯᠠᠬᠤ ᠬᠥᠮᠦᠨ ᠤ ᠲᠤᠭ᠎ᠠ ᠨᠢ 29 ᠬᠦ᠋ᠮᠦᠨ ᠠᠴᠠ ᠢᠯᠡᠭᠦᠦ ᠪᠠᠶᠢᠵᠤ ᠪᠣᠯᠬᠤ ᠦᠭᠡᠢ᠃ | ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢᠨ ᠠᠮᠦᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠶ ᠶᠢᠨ ᠠᠮᠦᠷ ᠲᠦᠪᠰᠢᠨ ᠤ ᠬᠢᠨᠠᠨ | ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ᠂ ᠵᠠᠳᠠᠭᠠᠶ ᠨᠡᠭᠦᠷᠡᠰᠦᠨ | ᠠᠭᠤᠷᠬᠠᠶ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠪᠠ ᠠᠵᠢᠯ ᠢᠶᠠᠨ | ᠵᠣᠭᠰᠣᠭᠠᠭᠰᠠᠨ ᠰᠢᠯᠲᠠᠭᠠᠨ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ | ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠶ᠃ | ᠠᠷᠪᠠᠨ ᠳᠥᠷᠪᠡ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠭᠦᠷᠡᠰᠦᠨ ᠤ | ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ᠂ | ᠠᠭᠤᠷᠬᠠᠶ ᠶᠢᠨ ᠠᠶᠤᠯ ᠦᠭᠡᠶ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ | ᠦᠭᠡᠶ ᠨᠡᠪᠲᠡᠷᠡᠭᠦᠯᠦᠨ᠂ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ | ᠬᠡᠷᠡᠭᠲᠡᠶ᠃ | ᠠᠷᠪᠠᠨ ᠲᠠᠪᠤ᠂ ᠵᠠᠳᠠᠭᠠᠢ ᠨᠡᠭᠦᠷᠡᠰᠦᠨ ᠠᠭᠤᠷᠬᠠᠢ ᠳᠤ ︽ᠳᠥᠷᠪᠡᠨ ᠨᠢᠭᠡ ᠪᠦᠯᠦᠭ︾ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ᠃ | ︵ᠨᠢᠭᠡ︶ ᠨᠢᠭᠡ ᠪᠦᠯᠦᠭ ᠢ ᠬᠠᠭᠠᠯᠭᠠᠨ ᠵᠤᠨᠨᠰᠤᠭᠠᠵᠦ ᠪᠤᠴᠠᠭᠠᠨ ᠭᠠᠷᠭᠠᠨ᠎ᠠ᠃ ᠬᠦᠨᠳᠦ ᠶᠡᠭᠡ ᠠᠳᠡᠯ ᠤᠨ | ᠳᠠᠯᠳᠠ ᠭᠡᠮ ᠣᠷᠣᠰᠢᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ | ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠶ ᠨᠡᠭᠦᠷᠡᠰᠦᠨ ᠠᠭᠤᠷᠬᠠᠶ ᠶᠢ ᠬᠠᠤᠯᠢ ᠲᠣᠭᠲᠠᠭᠠᠯ ᠶᠣᠰᠣᠭᠠᠷ | ᠬᠠᠭᠠᠯᠭᠠᠨ ᠵᠤᠨᠨᠰᠤᠭᠠᠵᠦ ᠪᠤᠴᠠᠭᠠᠨ ᠭᠠᠷᠭᠠᠬᠤ ᠬᠡᠷᠡᠭᠲᠡᠢ᠃ | ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠡᠬᠢ ᠪᠠᠶᠠᠯᠢᠭ ᠤᠨ | ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ᠂ ᠵᠦᠢ ᠵᠣᠬᠢᠰ ᠦᠭᠡᠢ ᠪᠠᠶᠢᠢᠵᠦ᠂ ᠠᠭᠤᠷᠬᠠᠢ ᠶᠢᠨ ᠰᠠᠪᠠ ᠶᠢᠨ | ᠲᠠᠯᠠᠪᠠᠢ ᠨᠢ ᠪᠠᠭ᠎ᠠ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ᠂ ᠡᠰᠡᠬᠦᠯ᠎ᠡ ᠬᠠᠵᠠᠭᠤ | ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠦᠯᠦᠭᠡᠯᠡᠵᠦ ᠪᠠᠶᠢᠭ᠎ᠠ ᠵᠠᠳᠠᠭᠠᠢ | ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠤᠭᠠᠷ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠢᠭᠤᠯᠵᠦ᠂ | ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ ᠲᠠᠶᠢᠢᠰᠢ ᠬᠡᠯᠪᠡᠷᠢ ᠶᠢ ᠨᠢ | ᠬᠤᠪᠢᠷᠠᠭᠤᠯᠬᠤ ᠶᠢ ᠠᠬᠢᠭᠤᠯᠤᠨ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ᠂ ᠨᠡᠭᠡᠭᠡᠨ ᠮᠠᠯᠲᠠᠬᠤ ᠶᠢ | ᠤᠶᠤᠨᠴᠢᠯᠠᠬᠤ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ᠂ ᠡᠩᠨᠡᠭᠡ ᠶᠢ ᠲᠤᠰᠬᠠᠶᠢᠵᠢᠭᠤᠯᠬᠤ᠂ | ᠬᠠᠮᠢᠶᠠᠷᠤᠯᠲᠠ ᠶᠢ ᠨᠠᠷᠢᠯᠢᠬᠵᠢᠭᠤᠯᠬᠤ ᠪᠠ ᠠᠮᠢ ᠠᠬᠤᠢ ᠶᠢ ᠡᠬᠢ ᠪᠠᠶᠠᠯᠢᠬᠵᠢᠭᠤᠯᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠨᠢᠭᠡ ᠪᠦᠯᠦᠭ ᠢ ᠥᠭᠡᠷᠡᠴᠢᠯᠡᠨ ᠰᠠᠶᠢᠢᠵᠢᠷᠠᠭᠤᠯᠤᠨᠠ᠃ ᠣᠲᠣ ᠶᠢᠨ ᠪᠠᠶᠢᠭ᠎ᠠ | ᠬᠠᠳᠠᠭᠠᠯᠠᠭᠳᠠᠴᠠ ᠪᠠᠷ ᠠᠷᠪᠢᠨ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ᠂ ᠮᠡᠷᠭᠡᠵᠢᠯ ᠤᠨ ᠠᠵᠢᠯᠲᠠᠨ ᠤ | ᠲᠣᠬᠢᠷᠠᠭᠤᠯᠤᠯᠲᠠ ᠨᠢ ᠰᠠᠶᠢᠢᠨ ᠪᠠᠶᠢᠢᠬᠤ ᠵᠠᠳᠠᠭᠠᠶ ᠨᠡᠭᠦᠷᠡᠰᠦᠨ ᠠᠭᠤᠷᠬᠠᠶ ᠳᠤ ᠵᠢᠯᠣᠭᠤᠴᠢ ᠥᠬᠡᠶ᠂ ᠬᠠᠵᠠᠭᠤ | ᠪᠠᠯ ᠤᠨ ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ | ᠤᠶᠤᠨᠴᠢᠯᠠᠯᠲᠠ᠂ ᠮᠡᠳᠡᠭᠡ ᠵᠠᠩᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ | ᠂ ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ︵ᠲᠦᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ᠃ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ | ᠤᠶᠠᠯᠳᠤᠭᠤᠯᠤᠨ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ | ᠠᠬᠢᠭᠤᠯᠵᠤ᠂ ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠶ ᠨᠡᠭᠦᠷᠡᠰᠦᠨ ᠠᠭᠤᠷᠬᠠᠶ ᠶᠢ ᠰᠢᠨ᠎ᠡ ᠪᠠᠷ | ᠪᠠᠶᠢᠢᠭᠤᠯᠬᠤ ᠬᠡᠷᠡᠭᠲᠡᠢ᠃ | ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ ᠨᠢ ᠵᠠᠳᠠᠭᠠᠶ ᠨᠡᠭᠦᠷᠡᠰᠦᠨ ᠠᠭᠤᠷᠬᠠᠶ ᠶᠢᠨ ᠠᠶᠤᠯ ᠦᠭᠡᠶ | ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠶ ᠶᠢᠨ ᠠᠰᠢᠬᠯᠠᠯᠲᠠ᠂ ᠠᠭᠤᠷᠬᠠᠶ ᠶᠢᠨ ᠠᠵᠢᠯ | ᠲᠦᠷᠦᠯ ᠤᠨ ᠡᠷᠬᠡ ᠳᠠᠪᠬᠤᠴᠠᠭᠰᠠᠨ ᠵᠡᠷᠭᠡ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠢᠳᠪᠦᠷᠢᠯᠡᠵᠦ᠂ ᠬᠠᠵᠠᠭᠤ ᠬᠠᠪᠢ ᠪᠠᠷ ᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠳᠠᠷᠤᠭᠳᠠᠵᠤ ᠪᠠᠶᠢᠭ᠎ᠠ ᠮᠠᠯᠲᠠᠭ᠎ᠠ | ᠦᠭᠡᠢ ᠨᠡᠭᠦᠷᠡᠰᠦᠨ ᠤ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠠᠷᠪᠠᠨ ᠳᠣᠯᠤᠭ᠎ᠠ᠂ ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ᠂ ᠮᠠᠯᠲᠠᠵᠤ ᠪᠣᠯᠬᠤ | ᠬᠦᠷᠢᠶ᠎ᠡ ᠬᠡᠪᠴᠢᠶ᠎ᠡ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ | ᠂ ᠰᠢᠨᠵᠢᠯᠡᠬᠦ ᠤᠬᠠᠭᠠᠨᠴᠢ ᠪᠠᠷ ᠨᠤᠲᠠᠯᠠᠨ᠂ ᠵᠠᠳᠠᠭᠠᠶ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ ᠬᠤᠳᠳᠤᠭ ᠲᠤ᠂ | ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠳᠠᠬᠤ ᠪᠣᠯᠭᠠᠨ ᠬᠤᠪᠢᠷᠠᠭᠠᠬᠤ | ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠨᠨᠴᠤᠭ᠎ᠠ ᠶᠢ ᠴᠢᠩᠭ᠎ᠠ ᠠᠳᠬᠤᠬᠤ ᠬᠡᠷᠡᠭᠲᠡᠶ | ᠃ | ᠠᠷᠪᠠᠨ ᠨᠠᠶᠢᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠲᠡᠮᠡᠴᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ | ᠵᠠᠳᠠᠭᠠᠢ ᠨᠡᠭᠦᠷᠡᠰᠦᠨ ᠠᠭᠤᠷᠬᠠᠢ ᠶᠢᠨ ᠠᠮᠦᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ | ᠪᠦᠲᠦᠮᠵᠢ ᠪᠠᠷ ᠲᠤᠪᠤᠶᠢᠢᠬᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ | ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ︔ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | | |