ᠠᠯᠠᠱᠠ ᠵᠡᠭᠦᠨ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2023/2/7
                        ᠭᠤᠣᠯᠳᠠᠯᠭ᠎ᠠ ᠲᠠᠢ ᠳᠦᠷᠦᠯ ᠵᠦᠢᠯ ᠤᠨ ᠬᠤᠷᠳᠤᠴᠠ ᠶᠢ ᠲᠦᠷᠭᠡᠳᠬᠡᠵᠦ᠂ ᠤᠷᠢᠳᠠᠪᠠᠷ ᠡᠬᠢᠯᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠪᠦᠭᠦ ᠬᠤᠰᠢᠭᠤ ᠠᠵᠢᠯ ᠥᠯᠥ ᠵᠣᠭᠰᠤᠭᠠᠬᠤ ᠲᠥᠷᠥᠯ ᠵᠦᠢᠯ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠪᠦᠲᠦᠮᠵᠢᠲᠡᠶ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠲᠥᠷᠥᠯ ᠵᠦᠢᠯ ᠤᠨ ᠨᠢᠭᠡᠴᠡ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠡᠭᠦᠨ ᠤ ᠬᠠᠮᠲᠤ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠤᠰᠤ ᠬᠡᠷᠡᠭᠯᠡᠬᠦ᠂ ᠠᠵᠢᠯᠴᠢᠨ ᠬᠡᠷᠡᠭᠯᠡᠬᠦ ᠵᠡᠷᠭᠡ ᠦᠢᠯᠡᠳᠪᠦᠷᠢᠯᠡᠯ ᠠᠮᠢᠳᠤᠷᠠᠯ ᠤᠨ ᠢᠵᠢ ᠪᠦᠷᠢᠳᠦᠭᠦᠯᠬᠦ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠢᠶᠠᠷ ᠪᠠᠷᠢᠯᠭ᠎ᠠ ᠪᠠᠷᠢᠬᠤ ᠶᠢ ᠦᠨᠡᠨᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号