ᠠᠯᠠᠱᠠ ᠵᠡᠭᠦᠨ ᠬᠤᠰᠢᠭᠤᠨ ᠤ 800 ᠭᠠᠷᠤᠢ ᠠᠵᠢᠯᠲᠠᠨ ᠣᠷᠴᠢᠨ ᠲᠣᠭᠤᠷᠢᠨ ᠤ ᠴᠡᠪᠡᠷᠯᠡᠭᠡᠨ ᠤ ᠦᠢᠯᠡᠴᠢᠯᠡᠭᠡ ᠬᠠᠩᠭᠠᠵᠠᠢ
ᠨᠡᠶᠢᠲᠡᠯᠡᠭᠰᠡᠨ ᠴᠠᠭ᠄
2023/2/7
                  ᠴᠠᠭᠠᠨ ᠰᠠᠷ᠎ᠠ ᠶᠢᠨ ᠬᠤᠭᠤᠴᠠᠭᠠᠨ ᠳᠤ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ ᠵᠥᠭᠡᠭᠡᠪᠦᠷᠢᠯᠡᠬᠦ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠢᠨ 800 ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠵᠢᠴᠢ ᠮᠠᠰᠢᠨ ᠲᠡᠷᠭᠡ ᠶᠢ ᠵᠣᠬᠢᠶᠠᠨ ᠪᠠᠶᠢᠭᠤᠯᠵᠤ ᠪᠤᠢ ᠪᠦᠬᠦᠢ ᠵᠡᠭᠡᠯᠢ ᠲᠣᠭᠤᠷᠢᠭ᠂ ᠬᠤᠭ ᠨᠣᠪᠰᠢ ᠳᠠᠮᠵᠢᠭᠤᠯᠬᠤ ᠲᠣᠭᠤᠷᠢᠭ ᠲᠤ ᠲᠠᠰᠤᠷᠠᠯᠳᠡ ᠦᠭᠡᠢ ᠵᠥᠭᠡᠭᠡᠪᠦᠷᠢᠯᠡᠬᠦ ᠶᠢᠨ ᠬᠠᠮᠲᠤ ᠵᠠᠮ ᠪᠣᠯᠣᠨ ᠣᠷᠣᠨ ᠪᠦᠰᠡ ᠶᠢ ᠴᠡᠪᠡᠷᠯᠡᠨ ᠴᠡᠪᠡᠷᠯᠡᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠤ ᠬᠦᠴᠦ ᠪᠠᠷ ᠪᠠ ᠮᠠᠰᠢᠨ ᠢᠶᠠᠷ ᠱᠦᠭᠦᠷᠳᠡᠬᠦ ᠶᠢ ᠤᠶᠠᠯᠳᠤᠭᠤᠯᠤᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠵᠠᠭᠪᠤᠷ ᠢ ᠬᠡᠷᠡᠭᠵᠢᠭᠦᠯᠵᠦ᠂ ᠵᠠᠮ ᠳᠡᠭᠡᠷᠡᠬᠢ ᠠᠷᠢᠭᠤᠨ ᠴᠡᠪᠡᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠠᠶᠠᠷ ᠤᠨ ᠡᠳᠦᠷ ᠤᠨ ᠶᠠᠪᠤᠵᠤ ᠰᠠᠭᠤᠬᠤ ᠠᠷᠢᠭᠤᠨ ᠴᠡᠪᠡᠷ ᠣᠷᠴᠢᠨ ᠲᠣᠭᠤᠷᠢᠨ ᠢ ᠪᠤᠢ ᠪᠣᠯᠭᠠᠪᠠ᠃ ᠡᠨᠡ ᠬᠤᠭᠤᠴᠠᠭᠠᠨ ᠳᠤ ᠨᠡᠶᠢᠲᠡ 345 ᠲᠡᠷᠭᠡ ᠶᠢ ᠴᠡᠪᠡᠷᠯᠡᠨ ᠴᠡᠪᠡᠷᠯᠡᠵᠦ᠂ ᠫᠤᠤ ᠶᠢᠨ ᠬᠡᠮᠬᠡᠳᠡᠰᠦ ᠵᠡᠷᠭᠡ 258 ᠲᠣᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ 809 ᠲᠣᠨ ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠵᠠᠢ᠃
 
ᠢᠷᠡᠯᠲᠡ᠄ ᠬᠤᠲᠠ ᠶᠢᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号