ᠣᠯᠠᠨᠪᠤᠯᠠᠭ ᠪᠠᠯᠭᠠᠰᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/20
             ᠣᠯᠠᠨᠪᠤᠯᠠᠭ ᠪᠠᠯᠭᠠᠰᠤ ᠨᠢ ︽ᠨᠠᠮ ᠤᠨ ᠪᠠᠶᠢᠭᠤᠯᠤᠯᠲᠠ ᠪᠠᠷ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠬᠤ︾᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠣᠳᠠᠲᠤ ᠦᠷ᠎ᠡ ᠪᠦᠲᠦᠮᠵᠢ ᠪᠠᠷ ︽ᠰᠠᠮᠪᠠᠷ᠎ᠠ ᠨᠡᠶᠢᠲᠡᠯᠡᠬᠦ ᠰᠡᠳᠦᠪ︾᠎ ᠤᠨ ᠵᠢᠯᠣᠭᠤᠳᠤᠮᠵᠢ ᠪᠣᠯᠭᠠᠬᠤ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ ᠢᠨᠵᠧᠨᠧᠷᠢᠩ ᠢ ᠠᠬᠢᠭᠤᠯᠬᠤ ᠪᠠᠷ ᠰᠠᠭᠤᠷᠢ ᠪᠣᠯᠭᠠᠵᠤ᠂ ᠠᠯᠠᠱᠠ ᠵᠡᠭᠦᠨ ᠬᠤᠰᠢᠭᠤᠨ ᠤ ︽ᠵᠢᠷᠭᠤᠭᠠᠨ ᠭᠤᠷᠪᠠ︾᠎ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠬᠠᠨᠳᠤᠯᠭᠠᠲᠤ ᠰᠡᠳᠬᠢᠬᠦᠢ᠂ ᠬᠠᠨᠳᠤᠯᠭ᠎ᠠ ᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠪᠣᠳᠠᠲᠤ ᠦᠷ᠎ᠡ ᠪᠦᠲᠦᠮᠵᠢ ᠶᠢ ᠬᠥᠭᠡᠭᠡᠴᠡᠯᠳᠦᠨ᠂ ᠨᠢᠭᠡ ᠪᠦᠯᠦᠭ ᠤᠯᠤᠰ ᠲᠥᠷᠥ ᠶᠢᠨ ᠴᠢᠳᠠᠮᠵᠢ ᠪᠠᠷ ᠴᠢᠩᠭ᠎ᠠ᠂ ᠡᠩᠨᠡᠭᠡ ᠶᠢᠨ ᠪᠠᠶᠢᠭᠤᠯᠤᠯᠲᠠ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠴᠢᠩᠭ᠎ᠠ᠂ ᠦᠢᠯᠡᠳᠦᠯ ᠢᠶᠠᠨ ᠪᠠᠳᠠᠷᠠᠭᠤᠯᠬᠤ ᠪᠠᠷ ᠴᠢᠩᠭ᠎ᠠ᠂ ᠣᠯᠠᠨ ᠲᠦᠮᠡᠨ ᠤ ᠠᠵᠢᠯ ᠢᠶᠠᠷ ᠴᠢᠩᠭ᠎ᠠ ︽ᠬᠠᠮᠤᠭ ᠤᠨ ᠬᠦᠴᠦᠷᠬᠡᠭ ᠨᠠᠮ ᠤᠨ ᠡᠭᠦᠷ︾᠎ ᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ ᠴᠢᠩᠭᠠᠷᠠᠭᠤᠯᠬᠤ ᠶᠢ ᠲᠠᠰᠤᠷᠠᠯᠲᠠ ᠦᠭᠡᠢ ᠠᠬᠢᠭᠤᠯᠪᠠ᠃
     ᠬᠠᠷᠢᠶ᠎ᠠ ᠣᠷᠣᠨ ᠤ ᠪᠠᠨ ᠨᠠᠮ ᠤᠨ ᠡᠭᠦᠷ ᠤᠨ 230 ᠭᠠᠷᠤᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠪᠣᠳᠠᠲᠠᠢ ᠠᠵᠢᠯ ᠢᠶᠠᠨ ᠭᠦᠢᠴᠡᠳᠬᠡᠬᠦ︾ ᠠᠵᠢᠯᠯᠠᠭ᠎ᠠ ᠶᠢ ᠥᠷᠨᠢᠭᠦᠯᠪᠡ᠃ ᠬᠥᠳᠡᠯᠮᠦᠷᠢ ᠶᠢᠨ ᠬᠦᠴᠦᠨ ᠢᠶᠠᠷ ᠳᠤᠲᠠᠮᠠᠭ ᠭᠡᠷ ᠪᠦᠯᠢ᠂ ᠨᠠᠰᠤ ᠠᠬᠠᠰᠢᠷᠠᠵᠤ ᠪᠡᠶ᠎ᠡ ᠶᠢᠨ ᠲᠡᠩᠬᠡᠭᠡ ᠮᠠᠭᠤᠳᠠᠭᠰᠠᠨ ᠮᠠᠯᠴᠢᠨ ᠲᠠᠷᠢᠶᠠᠴᠢᠨ ᠢ ᠬᠠᠪᠰᠤᠷᠴᠤ᠂ ᠭᠠᠭᠴᠠᠭᠠᠷ ᠰᠠᠭᠤᠭ᠎ᠠ ᠨᠠᠰᠤᠲᠠᠶᠢᠴᠤᠳ ᠢ ᠭᠡᠷ ᠲᠤᠨᠢ ᠣᠴᠢᠵᠤ ᠦᠢᠯᠡᠴᠢᠯᠡᠭᠦᠯᠦᠨ ᠬᠠᠶᠢᠷ᠎ᠠ ᠬᠠᠯᠠᠮᠵᠢ ᠬᠦᠷᠭᠡᠵᠦ᠂ ᠪᠣᠳᠠᠲᠠᠢ ᠪᠠᠶᠢᠳᠠᠯ ᠢ ᠣᠶᠢᠯᠠᠭᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠣᠳᠣᠬᠠᠨ ᠪᠣᠯᠲᠠᠯ᠎ᠠ᠂ ᠨᠡᠶᠢᠳᠡ 493 ᠵᠦᠢᠯ ᠤᠨ ᠪᠣᠳᠠᠲᠤ ᠶᠠᠪᠤᠳᠠᠯ ᠢ ᠪᠦᠲᠦᠭᠡᠵᠦ᠂ ᠮᠠᠯᠴᠢᠨ ᠲᠠᠷᠢᠶᠠᠴᠢᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠪᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠳᠡᠭᠡᠭᠰᠢᠯᠡᠭᠦᠯᠵᠡᠢ᠃      ᠡᠨᠡ ᠵᠢᠯ ᠠᠴᠠ ᠨᠠᠰᠢ᠂ ᠣᠯᠠᠨᠪᠤᠯᠠᠭ ᠪᠠᠯᠭᠠᠰᠤᠨ ᠤ ᠨᠠᠮ ᠤᠨ ᠬᠤᠷᠢᠶ᠎ᠠ ᠨᠡᠶᠢᠲᠡᠯᠢᠭ ᠵᠢᠱᠢᠶ᠎ᠡ᠂ ᠵᠥᠪ ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ ᠴᠢᠬᠤᠯᠠ ᠬᠦᠴᠦᠨ ᠪᠣᠯᠭᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠬᠥᠮᠥᠵᠢᠭᠦᠯᠵᠦ᠂ ᠵᠥᠪ ᠦᠢᠯᠡᠳᠦᠯ ᠢᠶᠠᠷ ᠰᠡᠳᠬᠢᠯ ᠢ ᠨᠢᠭᠲᠠᠷᠠᠭᠤᠯᠤᠨ ᠬᠦᠴᠦᠨ ᠢ ᠨᠢᠭᠲᠠᠷᠠᠭᠤᠯᠵᠤ᠂ ᠢᠳᠡᠪᠬᠢ ᠬᠦᠴᠦᠨ ᠢᠶᠠᠷ ᠲᠡᠮᠡᠴᠡᠯ ᠤᠨ ᠵᠣᠷᠢᠭ ᠢ ᠬᠥᠪᠴᠢᠯᠡᠵᠦ᠂ ᠪᠦᠬᠦ ᠨᠠᠮ ᠤᠨ ᠭᠡᠰᠢᠭᠦᠨ ᠺᠠᠳ᠋ᠷ ᠤᠨ ᠲᠡᠷᠢᠭᠦᠨ ᠤ ᠎ ᠬᠢ ᠶᠢ ᠡᠷᠬᠢᠮᠯᠡᠬᠦ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠪᠠ᠃ 2022 ᠣᠨ ᠠᠴᠠ ᠨᠠᠰᠢ᠂ ︽ᠨᠠᠮ ᠤᠨ ᠠᠵᠢᠯ ᠤᠨ ᠰᠢᠯᠢᠳᠡᠭ ᠠᠵᠢᠯᠲᠠᠨ︾ 12᠂ ︽ᠡᠪ ᠬᠠᠮᠲᠤ ᠨᠠᠮ ᠤᠨ ᠰᠢᠯᠢᠳᠡᠭ ᠭᠡᠰᠢᠭᠦᠨ︾ 20᠂ ︽ᠠᠯᠠᠱᠠ ᠵᠡᠭᠦᠨ ᠬᠤᠰᠢᠭᠤᠨ ᠤ ᠬᠤᠰᠢᠭᠤᠴᠢ︾ 1᠂ ︽ᠠᠷᠪᠠᠨ ᠣᠳᠣᠨ ᠳᠡᠰ ᠤᠨ ᠪᠣᠯᠪᠠᠰᠤᠨ ᠡᠷᠦᠬᠡ︾ 2᠂ ︽ᠪᠣᠯᠪᠠᠰᠤᠨ ᠭᠡᠷ ᠪᠦᠯᠢ︾ 10᠂ ︽ᠬᠠᠮᠤᠭ ᠤᠨ ᠭᠤᠶᠣ ᠭᠡᠷ ᠪᠦᠯᠢ︾ 5᠎ ᠶᠢ ᠶᠡᠷᠦᠩᠬᠡᠶᠢᠯᠡᠨ ᠦᠨᠡᠯᠡᠨ ᠲᠣᠭᠲᠠᠭᠠᠪᠠ᠃ ᠤᠯᠠᠨ ᠲᠦᠮᠡᠨ ᠤ ᠦᠯᠢᠭᠡᠷ ᠳᠠᠭᠤᠷᠢᠶᠠᠯ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠯᠢᠭᠡᠷ ᠳᠠᠭᠤᠷᠢᠶᠠᠯ ᠤᠨ ᠦᠢᠯᠡᠳᠦᠯ ᠢᠶᠠᠷ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠢᠶᠠᠨ ᠭᠦᠢᠴᠡᠳᠬᠡᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠵᠦ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠭ᠎ᠠ ᠶᠢᠨ ᠲᠠᠯ᠎ᠠ ᠪᠠᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠪᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号