| ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠤᠷᠠᠯ ᠢ | ᠡᠷᠬᠢᠯᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ | ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠂ ᠪᠠᠶᠢᠭᠤᠯᠤᠯᠭ᠎ᠠ ᠶᠢᠨ ᠡᠯ᠎ᠡ ᠠᠯᠪᠠᠨ ᠭᠡᠷ ᠤᠨ ᠡᠷᠬᠢᠯᠡᠭᠴᠢ | ᠬᠤᠷᠠᠯ ᠳᠤ ᠣᠷᠣᠯᠴᠠᠪᠠ᠃ | | | | | | | ᠬᠤᠷᠠᠯ ᠠᠴᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠣᠭᠤᠷᠢᠭ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠭᠰᠠᠨ | ᠰᠠᠭᠤᠷᠢᠨ ᠳᠡᠭᠡᠷ᠎ᠡ᠂ ᠤᠨᠤᠯ ᠢᠶᠠᠷ ᠵᠡᠪᠰᠡᠭᠯᠡᠬᠦ᠂ ᠤᠬᠠᠭᠤᠯᠤᠨ ᠵᠢᠯᠤᠭᠤᠳᠬᠤ᠂ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠵᠡᠯ ᠰᠠᠨᠠᠭ᠎ᠠ᠂ ᠵᠣᠷᠢᠭ ᠰᠠᠨᠠᠭ᠎ᠠ ᠪᠣᠯᠣᠨ ᠦᠢᠯᠡ | ᠠᠵᠢᠯᠯᠠᠭ᠎ᠠ ᠪᠠᠨ ᠦᠨᠡᠨᠬᠦ ᠳᠡᠭᠡᠳᠦ ᠬᠡᠮᠵᠢᠶ᠎ᠡ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ | ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ | ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠣᠶᠢᠯᠠᠭᠠᠬᠤ ᠢᠲᠡᠭᠡᠬᠦ ᠠᠵᠢᠯᠯᠠᠬᠤ ᠶᠢ ᠨᠢᠭᠡᠳᠬᠡᠬᠦ ᠶᠢ | ᠦᠨᠡᠨᠬᠦ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠴᠢᠬᠤᠯᠠ ᠠᠴᠢ ᠬᠤᠯᠪᠣᠭᠳᠠᠯ ᠢ ᠡᠷᠴᠢᠮᠲᠡᠢ | ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠤᠬᠠᠭᠤᠯᠵᠤ ᠬᠥᠲᠥᠯᠥᠨ | ᠵᠢᠯᠤᠭᠤᠳᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ | ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠷᠢᠳᠠᠪᠠᠷ ᠰᠤᠷᠤᠯᠴᠠᠬᠤ᠂ ᠡᠷᠴᠢᠮᠲᠡᠢ ᠰᠤᠷᠤᠯᠴᠠᠬᠤ ᠠᠵᠢᠯᠯᠠᠭ᠎ᠠ ᠶᠢ | ᠪᠠᠷᠢᠮᠲᠠᠯᠠᠵᠤ᠂ ᠲᠦᠷᠦᠭᠦᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠲᠦᠷᠦᠭᠦᠯᠡᠨ ᠤᠯᠠᠮᠵᠢᠯᠠᠨ | ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ ᠳᠤ ᠤᠯᠠᠨ | ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠴᠢᠮᠲᠡᠢ ᠥᠷᠨᠢᠭᠦᠯᠵᠦ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠬᠢᠨ ᠤ ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠲᠠᠶᠢᠴᠢᠯᠠᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ ᠨᠡᠪᠲᠡᠷᠡᠲᠡᠯ᠎ᠡ | ᠣᠶᠢᠯᠠᠭᠠᠭᠤᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠣᠳᠣᠬᠠᠨ ᠤ ᠠᠵᠢᠯ ᠤᠨ ᠡᠭᠦᠷᠭᠡ ᠪᠠᠨ ᠦᠨᠡᠨᠬᠦ | ᠰᠠᠶᠢᠲᠤᠷ ᠠᠳᠬᠤᠵᠤ᠂ ᠬᠤᠰᠢᠭᠤᠨ ᠤ ᠨᠠᠮ ᠤᠨ ᠬᠤᠷᠢᠶᠠᠨ ᠤ ︽ᠵᠢᠷᠭᠤᠭᠠᠨ ᠭᠤᠷᠪᠠ︾ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠲᠠᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ᠂ | ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠦᠢᠯᠡᠴᠢᠯᠡᠭᠡᠨ ᠤ ᠴᠢᠳᠠᠮᠵᠢ ᠶᠢ | ᠴᠢᠩᠭᠠᠷᠠᠭᠤᠯᠤᠨ᠂ ᠨᠠᠩ ᠶᠡᠭᠡ ᠰᠢᠢᠳᠪᠦᠷᠢ ᠵᠣᠷᠢᠭ᠂ ᠨᠠᠩ ᠲᠣᠳᠣᠷᠬᠠᠢ ᠰᠡᠳᠬᠢᠮᠵᠢ᠂ ᠨᠠᠩ ᠣᠨᠣᠪᠴᠢᠲᠠᠶ ᠠᠷᠭ᠎ᠠ | ᠬᠡᠮᠵᠢᠶ᠎ᠡ ᠪᠠᠷ ᠰᠢᠨ᠎ᠡ ᠨᠢᠭᠡ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ | ᠪᠠᠲᠤᠯᠠᠬᠤ ᠬᠡᠷᠡᠭᠲᠡᠢ ᠭᠡᠯᠡ᠃ |