| ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠪᠥᠬᠦ ᠺᠠᠳ᠋ᠷ᠂ ᠡᠯ᠎ᠡ ᠭᠠᠴᠠᠭ᠎ᠠ | ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | | ᠬᠤᠷᠠᠯ ᠠᠴᠠ᠂ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠭᠠᠯ ᠤᠨ ᠠᠶᠤᠯ ᠢ ᠰᠡᠷᠭᠡᠶᠢᠯᠡᠬᠦ | ᠬᠥᠪᠴᠢ ᠪᠠᠨ ᠴᠠᠭ ᠢᠮᠠᠭᠲᠠ ᠴᠢᠩᠭᠠᠷᠠᠭᠤᠯᠬᠤ ᠬᠡᠷᠡᠭᠲᠡᠢ᠃ ᠡᠨᠡ ᠡᠪᠦᠯ ᠢᠷᠡᠬᠦ ᠬᠠᠪᠤᠷ ᠤᠨ ᠬᠦᠨᠳᠦ ᠬᠡᠴᠡᠭᠦᠦ | ᠭᠠᠯ ᠤᠨ ᠠᠶᠤᠯ ᠠᠴᠠ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠡᠮᠦᠨ᠎ᠡ᠂ ᠪᠥᠬᠦ ᠪᠠᠯᠭᠠᠰᠤ ᠪᠠᠷ ᠢᠶᠠᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠲᠦᠢᠮᠡᠷ | ᠢ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠶ ᠰᠢᠭᠤᠢ | ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠲᠦᠢᠮᠡᠷ ᠢ ᠤᠨᠲᠠᠷᠠᠭᠠᠬᠤ ᠠᠵᠢᠯ ᠤᠨ ᠬᠥᠪᠴᠢ ᠶᠢ ᠴᠢᠩᠭᠠᠯᠠᠵᠤ᠂ | ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠵᠦ᠂ ᠴᠢᠩᠭ᠎ᠠ | ᠰᠡᠷᠭᠡᠶᠢᠯᠡᠨ ᠰᠠᠬᠢᠵᠤ᠂ ᠴᠢᠩᠭ᠎ᠠ ᠠᠳᠬᠤᠨ ᠴᠢᠩᠭ᠎ᠠ ᠠᠵᠢᠭᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠬᠠᠯᠬᠠᠪᠴᠢ ᠶᠢ ᠡᠷᠴᠢᠮᠲᠡᠢ | ᠪᠠᠬᠢᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠭᠠᠮᠰᠢᠭ ᠤᠨ ᠬᠡᠷᠡᠭ ᠡᠭᠦᠰᠬᠦ ᠶᠢ ᠡᠷᠡᠰ | ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠰᠢᠰᠲ᠋ᠧᠮ ᠢ ᠪᠦᠷᠢᠨᠰᠢᠭᠦᠯᠵᠦ᠂ ᠰᠦᠯᠵᠢᠶ᠎ᠡ ᠶᠢ ᠨᠢᠭᠲᠠ ᠰᠦᠯᠵᠢᠵᠦ᠂ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠭᠠᠴᠠᠭᠠᠨ᠂ ᠡᠯ᠎ᠡ | ᠬᠠᠮᠢᠶ᠎ᠠ ᠪᠦᠬᠦᠢ ᠪᠠᠶᠢᠭᠤᠯᠭ᠎ᠠ ᠤᠳ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠤᠨᠲᠠᠷᠠᠭᠠᠬᠤ ᠠᠵᠢᠯ ᠳᠤ ᠶᠠᠮᠠᠷ ᠴᠤ ᠠᠰᠠᠭᠤᠳᠠᠯ | ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠵᠠᠮ ᠤᠨ ᠠᠭᠤᠯᠵᠠᠷ᠂ ᠭᠤᠣᠯᠳᠠᠯᠭ᠎ᠠ ᠲᠠᠢ ᠭᠠᠵᠠᠷ ᠤᠨ ᠦᠵᠦᠭᠦᠷ ᠤᠨ ᠬᠠᠷᠢᠭᠤᠴᠠᠯᠭ᠎ᠠ ᠶᠢ | ᠬᠥᠮᠥᠨ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ | ᠭᠤᠯᠳᠤ ᠪᠠᠷ ᠡᠴᠦᠰ ᠲᠤᠨᠢ ᠲᠤᠯᠲᠠᠯ᠎ᠠ ᠰᠡᠷᠭᠡᠶᠢᠯᠡᠨ ᠭᠠᠯ ᠲᠦᠢᠮᠡᠷ ᠢ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ | ᠰᠢᠰᠲ᠋ᠧᠮᠵᠢ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠬᠠᠯᠬᠠᠪᠴᠢ ᠶᠢ | ᠦᠨᠡᠨᠬᠦ ᠨᠢᠭᠲᠠ ᠪᠥᠭᠡᠳ ᠪᠠᠬᠢᠵᠢᠭᠦᠯᠬᠦ ᠬᠡᠷᠡᠭᠲᠡᠢ᠃ ᠨᠢᠭᠡ ᠲᠠᠯ᠎ᠠ ᠪᠠᠷ ︽ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠵᠤ᠂ ᠢᠳᠡᠪᠬᠢᠲᠡᠢ ᠪᠠᠷ ᠤᠰᠠᠳᠬᠠᠬᠤ︾ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ | ᠰᠡᠷᠭᠡᠶᠢᠯᠡᠨ ᠤᠨᠲᠠᠷᠠᠭᠠᠬᠤ ᠠᠵᠢᠯ ᠤᠨ ᠴᠢᠭᠯᠡᠯᠲᠡ ᠶᠢ ᠢᠳᠡᠪᠬᠢᠲᠡᠢ ᠪᠠᠷ ᠲᠤᠤᠱᠯᠠᠭᠤᠯᠵᠤ᠂ ᠠᠵᠢᠯ ᠢᠶᠠᠨ ᠤᠷᠤᠭᠰᠢ | ᠰᠢᠯᠵᠢᠭᠦᠯᠬᠦ ᠶᠢ ᠪᠠᠷᠢᠮᠲᠠᠯᠠᠨ᠂ ᠠᠶᠤᠯ ᠡᠷᠡᠰᠳᠡᠯ ᠤᠨ ᠳᠠᠯᠳᠠ ᠬᠡᠮ ᠢ ᠡᠬᠢᠯᠡᠵᠦ ᠪᠠᠶᠢᠭ᠎ᠠ ᠪᠠᠶᠢᠳᠠᠯ ᠳᠤᠨᠢ ᠦᠨᠡᠨᠬᠦ | ᠠᠷᠢᠯᠭᠠᠬᠤ ᠬᠡᠷᠡᠭᠲᠡᠢ᠃ ᠨᠥᠭᠦᠭᠡ ᠲᠠᠯ᠎ᠠ ᠪᠠᠷ ᠭᠠᠴᠠᠭᠠᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠵᠢᠴᠢ ᠰᠡᠷᠡᠮᠵᠢᠯᠡᠭᠦᠯᠬᠦ ᠬᠥᠮᠦᠵᠢᠯ ᠪᠠ ᠰᠤᠷᠭᠠᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠲᠦᠢᠮᠡᠷ ᠢ | ᠤᠨᠲᠠᠷᠠᠭᠠᠬᠤ ᠤᠬᠠᠭᠤᠯᠭ᠎ᠠ ᠬᠥᠮᠦᠵᠢᠯ ᠢ ᠡᠷᠴᠢᠮᠲᠡᠢ ᠥᠷᠨᠢᠭᠦᠯᠵᠦ᠂ ᠣᠯᠠᠨ ᠲᠦᠮᠡᠨ ᠤ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠠᠶᠤᠯ ᠤᠨ ᠭᠠᠮᠰᠢᠭ ᠤᠨ ᠬᠦᠨᠳᠦ ᠨᠣᠴᠢᠲᠠᠢ ᠴᠢᠨᠠᠷ ᠤᠨ ᠲᠤᠬᠠᠢ ᠲᠠᠨᠢᠯᠲᠠ ᠶᠢ | ᠨᠡᠮᠡᠭᠳᠡᠭᠦᠯᠦᠨ᠂ ᠪᠥᠬᠦ ᠠᠷᠠᠳ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠠᠴᠠ | ᠰᠡᠷᠭᠡᠶᠢᠯᠡᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠪᠠᠰᠠ ᠨᠢᠭᠡ ᠲᠠᠯ᠎ᠠ ᠪᠠᠷ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠤᠨᠲᠠᠷᠠᠭᠠᠬᠤ ᠠᠵᠢᠯ ᠤᠨ ᠲᠥᠰᠥᠯ ᠪᠠ | ᠪᠡᠯᠡᠳᠬᠡᠯ ᠲᠥᠰᠥᠯ ᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ᠂ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠭᠦᠢᠴᠡᠳᠬᠡᠵᠦ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ | ᠵᠠᠮ ᠢ ᠰᠠᠭᠠᠳ ᠦᠭᠡᠢ ᠨᠡᠪᠲᠡᠷᠡᠭᠦᠯᠦᠨ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠪᠠᠭ ᠤᠨ ᠭᠠᠯ ᠲᠦᠢᠮᠡᠷ ᠢ | ᠤᠨᠲᠠᠷᠠᠭᠠᠬᠤ ᠬᠦᠴᠦᠨ ᠢ ᠴᠢᠩᠭᠠᠷᠠᠭᠤᠯᠵᠤ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠰᠣᠷᠢᠯᠲᠠ ᠶᠢ | ᠪᠠᠶᠢᠩᠭᠤᠵᠢᠭᠤᠯᠤᠨ ᠥᠷᠨᠢᠭᠦᠯᠵᠦ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠭᠠᠯ ᠲᠦᠢᠮᠡᠷ ᠤᠨ ᠠᠶᠤᠯ ᠠᠴᠠ | ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠪᠣᠰᠬᠠᠬᠤ ᠬᠡᠷᠡᠭᠲᠡᠢ᠃ ᠳᠥᠷᠪᠡ ᠳᠤ᠂ ᠵᠢᠵᠢᠭᠦᠷᠯᠡᠨ | ᠲᠣᠬᠢᠷᠠᠭᠤᠯᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠡᠯ᠎ᠡ ᠭᠠᠴᠠᠭ᠎ᠠ ᠨᠢ ︽ᠭᠠᠯ ᠤᠨ ᠠᠶᠤᠯ ᠪᠠᠶᠢᠪᠠᠯ ᠵᠠᠪᠠᠯ ᠮᠡᠳᠡᠭᠦᠯᠬᠦ︾ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠤᠨ ᠠᠶᠤᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠶ | ᠂ ᠵᠢᠷᠤᠮᠵᠢᠯ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠂ ᠮᠡᠳᠡᠭᠦᠯᠬᠦ ᠦᠭᠡᠢ ᠪᠤᠶᠤ ᠤᠳᠠᠭᠠᠰᠢᠷᠠᠭᠤᠯᠤᠨ ᠮᠡᠳᠡᠭᠦᠯᠵᠦ | ᠪᠣᠯᠬᠤ ᠦᠭᠡᠢ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠶᠢᠳᠠᠯ ᠢ ᠲᠣᠳᠣᠷᠬᠠᠢ ᠪᠣᠯᠭᠠᠬᠤ᠂ ᠴᠠᠭ ᠲᠤᠬᠠᠢ ᠳᠤᠨᠢ ᠲᠣᠬᠢᠷᠠᠭᠤᠯᠬᠤ᠂ ᠳᠡᠭᠡᠭᠰᠢ | ᠲᠦᠷᠭᠡᠨ ᠮᠡᠳᠡᠭᠦᠯᠬᠦ᠂ ᠵᠣᠬᠢᠰᠲᠠᠢ ᠰᠢᠢᠳᠪᠦᠷᠢᠯᠡᠬᠦ ᠶᠢ ᠪᠡᠶᠡᠯᠡᠭᠦᠯᠵᠦ᠂ ᠭᠠᠯ ᠤᠨ ᠠᠶᠤᠯ ᠤᠨ ᠪᠠᠶᠢᠳᠠᠯ ᠤᠨ ᠮᠡᠳᠡᠭᠡ | ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ᠂ ᠤᠢ ᠰᠢᠭᠤᠢ ᠶᠢᠨ | ᠭᠠᠯ ᠤᠨ ᠠᠶᠤᠯ ᠠᠴᠠ ᠰᠡᠷᠭᠡᠶᠢᠯᠡᠯᠲᠡ ᠶᠢᠨ ᠲᠠᠯ᠎ᠠ ᠪᠠᠷ ᠭᠡᠮ ᠡᠷᠡᠰᠳᠡᠯ ᠢ ᠦᠷᠭᠦᠯᠵᠢᠯᠡᠨ ᠪᠠᠶᠢᠴᠠᠭᠠᠵᠤ᠂ ᠠᠷᠭ᠎ᠠ | ᠬᠡᠮᠵᠢᠶ᠎ᠡ ᠲᠣᠭᠲᠠᠭᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ | ᠭᠠᠴᠠᠭᠠᠨ ᠤ ᠣᠶ ᠬᠠᠮᠠᠭᠠᠯᠠᠭᠴᠢ ᠬᠠᠷᠢᠭᠤᠴᠠᠯᠭ᠎ᠠ ᠶᠢᠨ ᠲᠣᠭᠤᠷᠢᠭ ᠲᠤ ᠭᠦᠨᠵᠡᠭᠡᠶᠢᠷᠡᠵᠦ᠂ ᠭᠠᠯ ᠤᠨ ᠠᠶᠤᠯ ᠤᠨ | ᠭᠠᠮᠰᠢᠭ ᠤᠨ ᠳᠠᠯᠳᠠ ᠬᠡᠮ ᠢ ᠨᠠᠷᠢᠪᠴᠢᠯᠠᠨ ᠪᠠᠶᠢᠴᠠᠭᠠᠬᠤ ᠠᠵᠢᠯ ᠥᠷᠨᠢᠭᠦᠯᠵᠦ᠂ ᠭᠡᠮ ᠡᠷᠡᠰᠳᠡᠯ ᠤᠨ ᠡᠬᠡ ᠲᠠᠩᠰᠠ᠂ | ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠣᠨᠣᠪᠴᠢᠲᠠᠶ ᠪᠥᠭᠡᠳ ᠪᠦᠷᠢᠨ ᠪᠦᠲᠦᠨ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠤᠨ᠂ | ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠰᠢᠲᠠᠮᠠᠬᠠᠢ ᠪᠣᠳᠠᠰ ᠢ ᠢᠯᠭᠠᠷᠠᠭᠤᠯᠬᠤ ᠲᠤᠰᠬᠠᠢ ᠠᠵᠢᠯᠯᠠᠭ᠎ᠠ ᠶᠢ | ᠥᠷᠨᠢᠭᠦᠯᠦᠨ᠂ ᠰᠢᠭᠤᠶᠢᠲᠤ ᠣᠷᠣᠨ ᠤ ᠵᠠᠮ ᠤᠨ ᠬᠠᠵᠠᠭᠤ᠂ ᠣᠶ ᠶᠢᠨ ᠬᠥᠪᠡᠭᠡ᠂ ᠪᠤᠯᠠᠰᠢ ᠶᠢᠨ ᠬᠥᠪᠡᠭᠡ᠂ | ᠭᠠᠵᠠᠷ ᠤᠨ ᠬᠥᠪᠡᠭᠡ ᠪᠠ ᠰᠠᠭᠤᠭᠠᠯᠢ ᠠᠷᠠᠳ ᠤᠨ ᠭᠡᠷ ᠪᠠᠶᠢᠰᠢᠩ ᠤᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ | ᠣᠷᠣᠨ ᠪᠦᠰᠡ ᠳᠤ ᠰᠢᠲᠠᠮᠠᠬᠠᠢ ᠪᠣᠳᠠᠰ ᠢ ᠶᠡᠬᠡᠪᠡᠷ ᠢᠯᠭᠠᠷᠠᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ | ᠭᠠᠯ ᠤᠨ ᠠᠶᠤᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠬᠡᠷᠡᠭᠲᠡᠢ ᠭᠡᠯᠡ᠃ |