ᠴᠠᠭᠠᠨᠳᠡᠷᠡᠰᠤ ᠭᠠᠯᠲᠤ ᠲᠡᠷᠭᠡᠨ ᠥᠷᠲᠡᠭᠡ
ᠨᠡᠶᠢᠲᠡᠯᠡᠭᠰᠡᠨ ᠴᠠᠭ᠄
2023/3/22
           ᠮᠠᠯᠴᠢᠨ ᠲᠠᠷᠢᠶᠠᠴᠢᠨ ᠤ ᠣᠷᠣᠵᠤ ᠭᠠᠷᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠶᠢᠮᠠᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠦᠴᠦᠲᠡᠢ ᠵᠣᠬᠢᠴᠠᠭᠤᠯᠭ᠎ᠠ ᠳᠣᠣᠷ᠎ᠠ᠂  ᠯᠢᠨ ᠡᠾᠧ ᠠᠴᠠ ᠴᠡᠭᠡ ᠬᠦᠷᠬᠦ ᠲᠡᠮᠦᠷ ᠵᠠᠮ ᠤᠨ ᠬᠠᠮᠢᠶ᠎ᠠ ᠪᠦᠬᠦᠢ ᠬᠡᠰᠡᠭ ᠢ ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠭᠠᠯᠲᠤ ᠲᠡᠷᠭᠡ ᠣᠯᠠᠨᠪᠤᠯᠠᠭ ᠪᠠᠯᠭᠠᠰᠤᠨ ᠤ ᠴᠠᠭᠠᠨᠳᠡᠷᠡᠰᠤ ᠭᠠᠯᠲᠤ ᠲᠡᠷᠭᠡᠨ ᠤ ᠥᠷᠲᠡᠭᠡᠨ ᠳᠤ ᠵᠣᠭᠰᠣᠵᠤ᠂ ᠮᠠᠯᠴᠢᠨ ᠲᠠᠷᠢᠶᠠᠴᠢᠨ ᠭᠠᠯᠲᠤ ᠲᠡᠷᠭᠡᠨ ᠳᠤ ᠰᠠᠭᠤᠵᠤ ᠶᠠᠪᠤᠵᠤ ᠪᠣᠯᠣᠨ᠎ᠠ᠃ ᠪᠣᠳᠠᠲᠠᠢ ᠲᠣᠬᠢᠷᠠᠭᠤᠯᠤᠯᠲᠠ ᠨᠢ ᠳᠣᠣᠷᠠᠬᠢ ᠮᠡᠲᠦ᠂ ᠭᠠᠯᠲᠤ ᠲᠡᠷᠭᠡ ᠭᠠᠷᠠᠭ ᠲᠤ ᠨᠢᠭᠡ ᠡᠭᠡᠯᠵᠢ᠂ ᠭᠠᠷᠠᠭ ᠤᠨ ᠨᠢᠭᠡᠨ ᠳᠤ ᠬᠥᠬᠡᠬᠤᠲᠠ ᠠᠴᠠ ᠲᠡᠷᠭᠡ ᠬᠥᠳᠡᠯᠦᠨ᠂ ᠭᠠᠷᠠᠭ ᠤᠨ ᠬᠤᠶᠠᠷ ᠲᠤ ᠡᠵᠡᠨ᠎ᠡ ᠬᠤᠰᠢᠭᠤᠨ ᠳᠤ ᠬᠦᠷᠦᠨ᠎ᠡ᠃ ᠭᠠᠷᠠᠭ ᠤᠨ ᠬᠤᠶᠠᠷ ᠲᠤ ᠡᠵᠡᠨ᠎ᠡ ᠬᠤᠰᠢᠭᠤᠨ ᠠᠴᠠ ᠲᠡᠷᠭᠡ ᠬᠥᠳᠡᠯᠵᠦ᠂ ᠭᠠᠷᠠᠭ ᠤᠨ ᠭᠤᠷᠪᠠᠨ ᠳᠤ ᠬᠥᠬᠡᠬᠤᠲᠠ ᠳᠤ ᠬᠦᠷᠦᠨ᠎ᠡ᠃                ᠡᠭᠦᠨ ᠳᠤ᠂ ᠡᠵᠡᠨ᠎ᠡ ᠬᠤᠰᠢᠭᠤ ᠠᠴᠠ ᠬᠥᠬᠡᠬᠤᠲᠠ ᠳᠤ 7912 ᠤᠳᠠᠭ᠎ᠠ ᠶᠢᠨ ᠴᠤᠪᠤᠭ᠎ᠠ ᠲᠡᠷᠭᠡ ᠪᠠᠶᠢᠵᠤ᠂ ᠥᠷᠯᠥᠭᠡ ᠶᠢᠨ 1᠄ 23᠎ ᠳᠤ ᠣᠯᠠᠨᠪᠤᠯᠠᠭ ᠪᠠᠯᠭᠠᠰᠤᠨ ᠤ ᠴᠠᠭᠠᠨᠳᠡᠷᠡᠰᠤ ᠥᠷᠲᠡᠭᠡ ᠳᠤ ᠬᠤᠶᠠᠷ ᠮᠢᠨᠦ᠋ᠲ ᠵᠣᠭᠰᠣᠨ᠎ᠠ᠂ 1᠄ 25᠎ ᠳᠤ ᠬᠥᠳᠡᠯᠦᠨ᠎ᠡ᠃ ᠡᠭᠦᠨ ᠳᠤ᠂ ᠡᠵᠡᠨ᠎ᠡ ᠬᠤᠰᠢᠭᠤ ᠠᠴᠠ ᠬᠥᠬᠡᠬᠤᠲᠠ ᠳᠤ 7912 ᠳ᠋ᠤᠭᠠᠷ ᠴᠤᠪᠤᠭ᠎ᠠ ᠲᠡᠷᠭᠡ ᠪᠠᠶᠢᠵᠤ᠂ ᠥᠷᠯᠥᠭᠡ ᠶᠢᠨ 1᠄ 23᠎ ᠳᠤ ᠣᠯᠠᠨᠪᠤᠯᠠᠭ ᠪᠠᠯᠭᠠᠰᠤᠨ ᠤ ᠴᠠᠭᠠᠨᠳᠡᠷᠡᠰᠤ ᠥᠷᠲᠡᠭᠡ ᠳᠤ ᠬᠤᠶᠠᠷ ᠮᠢᠨᠦ᠋ᠲ ᠵᠣᠭᠰᠣᠨ᠎ᠠ᠃ ᠬᠥᠬᠡᠬᠤᠲᠠ ᠠᠴᠠ ᠡᠵᠡᠨ᠎ᠡ ᠬᠤᠰᠢᠭᠤᠨ ᠳᠤ 7911 ᠤᠳᠠᠭ᠎ᠠ ᠎ ᠶᠢᠨ ᠴᠤᠪᠤᠭ᠎ᠠ ᠲᠡᠷᠭᠡ ᠪᠠᠶᠢᠨ᠎ᠠ᠂ ᠥᠷᠯᠥᠭᠡ ᠶᠢᠨ 2᠄ 27᠎ ᠳᠤ ᠣᠯᠠᠨᠪᠤᠯᠠᠭ ᠪᠠᠯᠭᠠᠰᠤᠨ ᠤ ᠴᠠᠭᠠᠨᠳᠡᠷᠡᠰᠤ ᠥᠷᠲᠡᠭᠡᠨ ᠳᠤ ᠬᠤᠶᠠᠷ ᠮᠢᠨᠦ᠋ᠲ ᠵᠣᠭᠰᠣᠨ᠎ᠠ᠂ 2᠄ 29᠎ ᠳᠤ ᠬᠥᠳᠡᠯᠦᠨ᠎ᠡ᠃ ᠠᠶᠠᠨᠴᠢᠳ ᠲᠡᠷᠭᠡᠨ ᠳᠤ ᠭᠠᠷᠤᠭᠰᠠᠨ ᠤ ᠳᠠᠷᠠᠭ᠎ᠠ ᠪᠢᠯᠧᠲ ᠠᠪᠤᠨ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号