| ᠣᠶᠢᠷ᠎ᠠ ᠶᠢᠨ ᠡᠳᠦᠷ ᠤᠳ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ | ᠬᠤᠰᠢᠭᠤᠨ ᠤ ᠵᠡᠭᠦᠨ ᠪᠡᠯ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠪᠦᠬᠦᠳᠡ ᠬᠤᠷᠠᠯ ᠢ ᠪᠠᠯᠭᠠᠰᠤᠨ ᠤ ᠵᠠᠰᠠᠭ ᠤᠨ ᠣᠷᠳᠣᠨ ᠤ ᠳᠥᠷᠪᠡᠳᠦᠭᠡᠷ ᠳᠠᠪᠬᠤᠷᠯᠢᠭ ᠤᠨ | ᠬᠤᠷᠠᠯ ᠤᠨ ᠭᠡᠷ ᠲᠤ ᠪᠦᠬᠦ ᠪᠠᠯᠭᠠᠰᠤᠨ ᠤ 52 ᠨᠠᠮ ᠤᠨ ᠲᠥᠯᠥᠭᠡᠯᠡᠭᠴᠢ᠂ 24 ᠰᠤᠯᠠ ᠣᠷᠣᠯᠴᠠᠭᠰᠠᠨ | ᠲᠥᠯᠥᠭᠡᠯᠡᠭᠴᠢ ᠬᠤᠷᠠᠯ ᠳᠤ ᠣᠷᠣᠯᠴᠠᠪᠠ᠃ | | | | | | | | | | | | | ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠠᠰᠠᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠦᠬᠦ ᠪᠠᠯᠭᠠᠰᠤᠨ ᠤ ᠦᠢᠯᠡᠰ ᠤᠨ | ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠣᠨ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ | ᠨᠠᠮ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠦᠬᠦ ᠬᠤᠰᠢᠭᠤᠨ ᠤ ︽ᠵᠢᠷᠭᠤᠭᠠᠨ ᠭᠤᠷᠪᠠ︾ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠵᠤ᠂ ᠬᠦᠨᠳᠦ | ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠦᠢᠯᠡᠰ ᠢ ᠰᠢᠯᠢᠳᠡᠭᠵᠢᠭᠦᠯᠦᠨ | ᠬᠡᠯᠪᠡᠷᠢ ᠶᠢ ᠬᠤᠪᠢᠷᠠᠭᠤᠯᠵᠤ ᠲᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂ ᠶᠠᠳᠠᠭᠤᠷᠠᠯ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠪᠠᠷ ᠬᠦᠴᠦᠯᠡᠵᠦ᠂ | ᠨᠠᠮ ᠤᠨ ᠦᠨᠳᠦᠰᠦᠨ ᠱᠠᠲᠤᠨ ᠳᠠᠬᠢ ᠲᠦᠷᠦ ᠪᠠᠷᠢᠬᠤ ᠰᠠᠭᠤᠷᠢ ᠶᠢ ᠪᠠᠲᠤᠳᠬᠠᠨ ᠪᠠᠬᠢᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠦᠢᠯᠡᠰ ᠰᠢᠨ᠎ᠡ ᠠᠬᠢᠴᠠ᠂ | ᠰᠢᠨ᠎ᠡ ᠦᠷ᠎ᠡ ᠪᠦᠲᠦᠮᠵᠢ ᠣᠯᠪᠠ᠃ | ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠠᠵᠢᠯ ᠶᠠᠪᠤᠳᠠᠯ ᠢ ᠪᠣᠳᠣᠯᠬᠢᠯᠠᠵᠤ ᠠᠵᠢᠯ ᠶᠠᠪᠤᠳᠠᠯ | ᠭᠦᠢᠴᠡᠳᠬᠡᠬᠦ ᠪᠠᠷ ᠮᠡᠷᠡᠶᠢᠨ ᠲᠡᠮᠡᠴᠡᠬᠦ ᠵᠣᠷᠢᠭ ᠢᠶᠠᠨ ᠢᠮᠠᠭᠲᠠ ᠪᠠᠷᠢᠮᠲᠠᠯᠠᠵᠤ᠂ ᠠᠷᠭ᠎ᠠ ᠪᠣᠳᠣᠯᠭ᠎ᠠ | ᠲᠣᠭᠲᠠᠭᠠᠬᠤ ᠳᠠᠭᠠᠨ ᠲᠦᠷᠭᠡᠨ ᠠᠵᠢᠯᠯᠠᠬᠤ᠂ ᠣᠨᠣᠴᠢᠲᠠᠢ ᠠᠷᠭ᠎ᠠ ᠪᠣᠳᠣᠯᠭ᠎ᠠ ᠠᠪᠬᠤ ᠳᠠᠭᠠᠨ ᠤᠷᠠᠨ ᠳᠡᠮᠲᠡᠢ | ᠠᠵᠢᠯᠯᠠᠬᠤ᠂ ᠡᠷᠴᠢᠮᠲᠡᠢ ᠪᠥᠭᠡᠳ ᠪᠣᠳᠠᠲᠠᠢ ᠪᠠᠷ ᠠᠵᠢᠯᠯᠠᠬᠤ᠂ ᠠᠵᠢᠯ ᠤᠨ ᠭᠤᠣᠯᠳᠠᠯᠭ᠎ᠠ ᠪᠠ ᠭᠠᠷᠳᠠᠴᠠ ᠶᠢ | ᠬᠦᠴᠦᠯᠡᠨ ᠪᠣᠳᠠᠲᠠᠶᠢᠵᠢᠭᠤᠯᠵᠤ᠂ ᠨᠡᠩ ᠴᠢᠩᠭ᠎ᠠ ᠬᠦᠴᠦᠯᠡᠴᠡ ᠪᠠᠷ ᠲᠦᠷᠦᠯ ᠵᠦᠢᠯ ᠢ ᠠᠳᠬᠤᠬᠤ᠂ ᠠᠵᠤ | ᠦᠢᠯᠡᠰ ᠢ ᠠᠳᠬᠤᠬᠤ᠂ ᠬᠥᠭᠵᠢᠯᠲᠡ ᠶᠢ ᠠᠳᠬᠤᠵᠤ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ | ᠨᠢᠭᠡ ᠨᠢᠭᠡ ᠪᠠᠷ ᠦᠷ᠎ᠡ ᠪᠦᠲᠦᠮᠵᠢ ᠣᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠷᠴᠢᠮᠲᠡᠢ ᠠᠬᠢᠭᠤᠯᠵᠤ | ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠦᠷ᠎ᠡ ᠪᠦᠲᠦᠮᠵᠢ ᠲᠠᠢ᠂ ᠦᠷ᠎ᠡ | ᠪᠦᠲᠦᠮᠵᠢ ᠲᠠᠢ᠂ ᠦᠷ᠎ᠡ ᠪᠦᠲᠦᠭᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠯᠡ᠃ | ᠬᠤᠷᠠᠯ ᠠᠴᠠ᠂ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠥᠪᠡᠷ ᠤᠨ | ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠪᠠᠯᠭᠠᠰᠤᠨ ᠤ | ᠨᠠᠮ ᠤᠨ ᠬᠤᠷᠢᠶ᠎ᠠ ᠶᠢᠨ ᠳᠠᠷᠠᠭ᠎ᠠ ᠶᠢᠨ ᠭᠤᠣᠯ ᠠᠵᠢᠯ ᠪᠣᠯᠣᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ | ᠣᠶᠢᠯᠠᠭᠠᠵᠤ᠂ ᠬᠤᠷᠠᠯ ᠤᠨ ᠳᠠᠷᠠᠭ᠎ᠠ ᠨᠠᠷᠢᠨ ᠬᠢᠨᠠᠮᠠᠭᠠᠢ ᠰᠤᠷᠤᠯᠴᠠᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠤᠯᠠᠮᠵᠢᠯᠠᠵᠤ᠂ ᠡᠷᠴᠢ ᠵᠣᠷᠢᠭ ᠲᠠᠢ ᠤᠷᠤᠭᠰᠢᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠵᠡᠭᠦᠨ ᠪᠡᠯ ᠪᠠᠯᠭᠠᠰᠤᠨ ᠤ ᠴᠢᠨᠠᠷᠯᠢᠭ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠯᠡ᠃ | |