| | ᠣᠶᠢᠷ᠎ᠠ ᠶᠢᠨ ᠡᠳᠦᠷ᠂ ᠹᠦ᠋ ᠯᠢᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠦᠮᠡᠨ ᠤ ᠡᠮ | ᠡᠮᠨᠡᠯᠭᠡ ᠡᠷᠢᠬᠦ ᠳᠤ ᠬᠦᠴᠢᠷ᠂ ᠠᠮᠢᠳᠤᠷᠠᠯ ᠤᠨ ᠡᠳ᠋ ᠪᠣᠳᠠᠰ ᠲᠤᠲᠠᠭᠳᠠᠵᠤ ᠪᠠᠶᠢᠬᠤ ᠵᠡᠷᠭᠡ ᠪᠠᠴᠢᠮ ᠬᠦᠴᠢᠷ | ᠵᠣᠪᠠᠭᠤᠷᠢ ᠲᠠᠢ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ | ᠂ ᠲᠣᠥᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠦᠷᠦᠭᠦᠯᠡᠨ ᠨᠢᠭᠡᠳᠦᠯᠲᠡᠢ ᠲᠥᠯᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠲᠣᠣᠷᠵᠢᠯ ᠢᠶᠠᠷ ᠦᠨᠳᠦᠰᠦᠨ ᠨᠢᠭᠡᠴᠡ ᠪᠣᠯᠭᠠᠨ᠂ ᠨᠡᠶᠢᠭᠡᠮ ᠲᠣᠭᠤᠷᠢᠭ ᠤᠨ ︽ᠬᠠᠯᠠᠮᠵᠢ ᠶᠢᠨ ᠦᠢᠯᠡᠴᠢᠯᠡᠭᠡᠨ ᠤ ᠪᠠᠭ | ︾ ᠢ ᠵᠣᠬᠢᠶᠠᠨ ᠪᠠᠶᠢᠭᠤᠯᠵᠤ᠂ ᠲᠣᠣᠷᠵᠢᠯ ᠤᠨ ᠳᠠᠷᠤᠭ᠎ᠠ ᠶᠢ ᠪᠠᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ | ᠠᠷᠠᠳ ᠤᠨ ᠰᠡᠳᠬᠢᠯ ᠢ ᠨᠢᠭᠲᠠᠷᠠᠭᠤᠯᠤᠨ ᠬᠠᠯᠠᠮᠵᠢᠯᠠᠪᠠ᠃ | | | | | | | | ︽ᠬᠠᠯᠠᠮᠵᠢ ᠶᠢᠨ ᠦᠢᠯᠡᠴᠢᠯᠡᠭᠡᠨ ᠤ ᠪᠠᠭ︾ ᠨᠢ ᠭᠠᠭᠴᠠᠭᠠᠷ ᠠᠮᠢᠳᠤᠷᠠᠵᠤ ᠪᠣᠢ ᠨᠠᠰᠤᠲᠠᠨ᠂ ᠥᠨᠳᠥᠷ | ᠨᠠᠰᠤᠲᠠᠨ᠂ ᠤᠬᠠᠭᠠᠨ ᠪᠠᠯᠠᠷᠠᠭᠰᠠᠨ᠂ ᠬᠦᠨᠳᠦ ᠵᠡᠮᠳᠡᠭ ᠪᠣᠯᠤᠭᠰᠠᠨ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ | ᠭᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠬᠦᠨᠳᠦ ᠡᠪᠡᠳᠴᠢᠲᠡᠨ ᠵᠡᠷᠭᠡ ᠣᠨᠴᠠᠭᠠᠢ | ᠬᠥᠮᠥᠰ ᠤᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠠᠩᠬᠠᠷᠴᠤ ᠪᠤᠢ᠃ ᠰᠦᠯᠵᠢᠶᠡᠨ ᠤ ᠸᠢᠴᠠᠲ ᠤᠨ ᠬᠤᠯᠪᠣᠭ᠎ᠠ᠂ | ᠤᠲᠠᠰᠤ ᠪᠠᠷ ᠠᠰᠠᠭᠤᠨ ᠰᠤᠷᠪᠤᠯᠵᠢᠯᠠᠬᠤ ᠪᠠ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠡᠳᠡᠭᠡ ᠵᠠᠩᠭᠢ ᠶᠢ ᠤᠯᠠᠮ ᠬᠢᠨᠠᠨ ᠬᠠᠷᠭᠤᠭᠤᠯᠵᠤ᠂ ᠰᠦᠯᠵᠢᠶᠡᠨ ᠤ ᠲᠠᠰᠤᠯᠪᠤᠷᠢ ᠪᠠᠷ ᠨᠢᠭᠡᠴᠢ | ᠪᠣᠯᠭᠠᠨ ︽ᠬᠠᠯᠠᠮᠵᠢ ᠶᠢᠨ ᠪᠠᠭ ᠤᠨ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠤᠨ ᠨᠡᠷᠡᠰ ᠤᠨ ᠪᠦᠷᠢᠳᠬᠡᠯ︾ ᠢ | ᠪᠠᠶᠢᠭᠤᠯᠬᠤ ᠶᠢᠨ ᠬᠠᠮᠲᠤ᠂ ᠲᠤᠰᠬᠠᠢ ᠬᠥᠮᠥᠨ ᠢᠶᠠᠷ ᠬᠦᠨᠳᠦ ᠡᠪᠡᠳᠴᠢᠲᠡᠨ᠂ ᠭᠠᠭᠴᠠᠭᠠᠷ ᠠᠮᠢᠳᠤᠷᠠᠵᠤ ᠪᠣᠢ | ᠨᠠᠰᠤᠲᠠᠨ᠂ ᠬᠦᠨᠳᠦ ᠵᠡᠮᠳᠡᠭ ᠬᠥᠮᠥᠨ ᠵᠡᠷᠭᠡ ᠳᠤ ᠲᠣᠭᠲᠠᠮᠠᠯ ᠪᠠᠲᠤᠯᠠᠭ᠎ᠠ ᠬᠠᠩᠭᠠᠬᠤ ᠶᠢ ᠲᠣᠳᠣᠷᠬᠠᠢ ᠲᠣᠭᠲᠠᠭᠠᠪᠠ᠃ | 24 ᠴᠠᠭ ᠤᠨ ᠦᠢᠯᠡᠴᠢᠯᠡᠭᠡᠨ ᠤ ᠬᠠᠯᠠᠭᠤᠨ ᠤᠲᠠᠰᠤ ᠲᠣᠬᠢᠷᠠᠭᠤᠯᠪᠠ᠃ ᠪᠠᠭ ᠤᠨ ᠳᠠᠷᠤᠭ᠎ᠠ ᠶᠢᠨ ᠤᠲᠠᠰᠤ ᠶᠢ 24 | ᠴᠠᠭ ᠤᠨ ᠦᠢᠯᠡᠴᠢᠯᠡᠭᠡᠨ ᠤ ᠤᠲᠠᠰᠤ ᠪᠣᠯᠭᠠᠨ ᠲᠣᠬᠢᠷᠠᠭᠤᠯᠵᠤ᠂ ᠲᠡᠷᠡ ᠳᠠᠷᠤᠢ ᠳᠤᠨᠢ ᠮᠠᠳᠠᠭ ᠲᠠᠢ ᠠᠰᠠᠭᠤᠯᠲᠠ ᠳᠤ | ᠬᠠᠷᠢᠭᠤᠯᠲᠠ ᠥᠭᠬᠦ ᠶᠢ ᠪᠠᠲᠤᠯᠠᠪᠠ᠃ | | | | | | ᠹᠦ᠋ ᠯᠢᠨ ᠨᠡᠶᠢᠭᠡᠮ ᠲᠣᠭᠤᠷᠢᠭ ᠤᠨ ︽ᠬᠠᠯᠠᠮᠵᠢ ᠶᠢᠨ ᠦᠢᠯᠡᠴᠢᠯᠡᠭᠡᠨ ᠤ ᠪᠠᠭ︾ ︽ᠭᠡᠷ ᠲᠤᠨᠢ ᠬᠦᠷᠬᠦ︾᠂ | ᠸᠢᠴᠠᠲ ᠤᠨ ᠬᠤᠯᠪᠣᠭ᠎ᠠ ᠪᠠ ᠤᠲᠠᠰᠤ ᠪᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠠᠷᠢᠶᠠᠲᠤ ᠣᠷᠣᠨ ᠤ ᠠᠬᠠᠮᠠᠳ ᠨᠠᠰᠤᠲᠠᠨ᠂ ᠬᠦᠴᠢᠷᠳᠡᠯᠲᠡᠢ ᠣᠯᠠᠨ ᠲᠦᠮᠡᠨ ᠢ ᠪᠥᠬᠦ ᠲᠠᠯ᠎ᠠ ᠪᠠᠷ ᠨᠠᠷᠢᠪᠴᠢᠯᠠᠨ | ᠪᠠᠶᠢᠴᠠᠭᠠᠪᠠ᠃ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ | ᠬᠦᠴᠢᠷᠳᠡᠯ ᠢ ᠨᠠᠷᠢᠨ ᠣᠶᠢᠯᠠᠭᠠᠵᠤ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ ᠮᠡᠳᠡᠯᠭᠡ ᠶᠢ | ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ ᠨᠡᠶᠢᠭᠡᠮ ᠲᠣᠭᠤᠷᠢᠭ ᠤᠨ ᠱᠦᠵᠢ ᠲᠡᠳᠡᠨ ᠢ ᠪᠡᠶ᠎ᠡ ᠪᠠᠨ ᠬᠢᠴᠢᠶᠡᠵᠦ᠂ | ᠬᠦᠴᠢᠷᠳᠡᠯ ᠲᠠᠢ ᠪᠣᠯ ︽ᠬᠠᠯᠠᠮᠵᠢ ᠶᠢᠨ ᠦᠢᠯᠡᠴᠢᠯᠡᠭᠡᠨ ᠤ ᠪᠠᠭ︾ ᠤᠨ ᠬᠠᠪᠰᠤᠷᠤᠯᠭ᠎ᠠ ᠶᠢ ᠣᠯᠵᠤ᠂ ᠨᠣᠭᠤᠭ᠎ᠠ | ᠪᠤᠶᠤ ᠡᠮ ᠬᠤᠳᠠᠯᠳᠤᠨ ᠠᠪᠬᠤ ᠳᠤ ︽ᠬᠠᠯᠠᠮᠵᠢ ᠶᠢᠨ ᠦᠢᠯᠡᠴᠢᠯᠡᠭᠡᠨ ᠤ ᠪᠠᠭ︾ ᠤᠨ ᠠᠵᠢᠯᠲᠠᠳ ᠲᠠᠢ ᠴᠠᠭ ᠲᠤᠬᠠᠢ | ᠳᠤᠨᠢ ᠬᠠᠷᠢᠯᠴᠠᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ | ᠬᠤᠯᠪᠣᠵᠤ᠂ ᠣᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠭᠦᠢᠴᠡᠳᠬᠡᠵᠦ ᠥᠭᠬᠦ ᠳᠤᠮᠳᠠ ︽ | ᠬᠠᠯᠠᠮᠵᠢ ᠶᠢᠨ ᠠᠵᠢᠯᠯᠠᠭ᠎ᠠ︾ ᠥᠷᠨᠢᠭᠦᠯᠪᠡ᠃ |