ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠨᠢᠭᠲᠠᠷᠠᠭᠤᠯᠤᠨ ᠬᠠᠯᠠᠮᠵᠢᠯᠠᠪᠠ
ᠨᠡᠶᠢᠲᠡᠯᠡᠭᠰᠡᠨ ᠴᠠᠭ᠄
2023/3/22
             ᠣᠶᠢᠷ᠎ᠠ ᠶᠢᠨ ᠡᠳᠦᠷ᠂  ᠹᠦ᠋ ᠯᠢᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠦᠮᠡᠨ ᠤ ᠡᠮ ᠡᠮᠨᠡᠯᠭᠡ ᠡᠷᠢᠬᠦ ᠳᠤ ᠬᠦᠴᠢᠷ᠂ ᠠᠮᠢᠳᠤᠷᠠᠯ ᠤᠨ ᠡᠳ᠋ ᠪᠣᠳᠠᠰ ᠲᠤᠲᠠᠭᠳᠠᠵᠤ ᠪᠠᠶᠢᠬᠤ ᠵᠡᠷᠭᠡ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ ᠂ ᠲᠣᠥᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠦᠭᠦᠯᠡᠨ ᠨᠢᠭᠡᠳᠦᠯᠲᠡᠢ ᠲᠥᠯᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠣᠷᠵᠢᠯ ᠢᠶᠠᠷ ᠦᠨᠳᠦᠰᠦᠨ ᠨᠢᠭᠡᠴᠡ ᠪᠣᠯᠭᠠᠨ᠂ ᠨᠡᠶᠢᠭᠡᠮ ᠲᠣᠭᠤᠷᠢᠭ ᠤᠨ ︽ᠬᠠᠯᠠᠮᠵᠢ ᠶᠢᠨ ᠦᠢᠯᠡᠴᠢᠯᠡᠭᠡᠨ ᠤ ᠪᠠᠭ ︾᠎ ᠢ ᠵᠣᠬᠢᠶᠠᠨ ᠪᠠᠶᠢᠭᠤᠯᠵᠤ᠂ ᠲᠣᠣᠷᠵᠢᠯ ᠤᠨ ᠳᠠᠷᠤᠭ᠎ᠠ ᠶᠢ ᠪᠠᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠨᠢᠭᠲᠠᠷᠠᠭᠤᠯᠤᠨ ᠬᠠᠯᠠᠮᠵᠢᠯᠠᠪᠠ᠃
            ︽ᠬᠠᠯᠠᠮᠵᠢ ᠶᠢᠨ ᠦᠢᠯᠡᠴᠢᠯᠡᠭᠡᠨ ᠤ ᠪᠠᠭ︾᠎ ᠨᠢ ᠭᠠᠭᠴᠠᠭᠠᠷ ᠠᠮᠢᠳᠤᠷᠠᠵᠤ ᠪᠣᠢ ᠨᠠᠰᠤᠲᠠᠨ᠂ ᠥᠨᠳᠥᠷ ᠨᠠᠰᠤᠲᠠᠨ᠂ ᠤᠬᠠᠭᠠᠨ ᠪᠠᠯᠠᠷᠠᠭᠰᠠᠨ᠂ ᠬᠦᠨᠳᠦ ᠵᠡᠮᠳᠡᠭ ᠪᠣᠯᠤᠭᠰᠠᠨ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠭᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠬᠦᠨᠳᠦ ᠡᠪᠡᠳᠴᠢᠲᠡᠨ ᠵᠡᠷᠭᠡ ᠣᠨᠴᠠᠭᠠᠢ ᠬᠥᠮᠥᠰ ᠤᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠠᠩᠬᠠᠷᠴᠤ ᠪᠤᠢ᠃ ᠰᠦᠯᠵᠢᠶᠡᠨ ᠤ ᠸᠢᠴᠠᠲ ᠤᠨ ᠬᠤᠯᠪᠣᠭ᠎ᠠ᠂ ᠤᠲᠠᠰᠤ ᠪᠠᠷ ᠠᠰᠠᠭᠤᠨ ᠰᠤᠷᠪᠤᠯᠵᠢᠯᠠᠬᠤ ᠪᠠ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠡᠳᠡᠭᠡ ᠵᠠᠩᠭᠢ ᠶᠢ ᠤᠯᠠᠮ ᠬᠢᠨᠠᠨ ᠬᠠᠷᠭᠤᠭᠤᠯᠵᠤ᠂ ᠰᠦᠯᠵᠢᠶᠡᠨ ᠤ ᠲᠠᠰᠤᠯᠪᠤᠷᠢ ᠪᠠᠷ ᠨᠢᠭᠡᠴᠢ ᠪᠣᠯᠭᠠᠨ ︽ᠬᠠᠯᠠᠮᠵᠢ ᠶᠢᠨ ᠪᠠᠭ ᠤᠨ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠤᠨ ᠨᠡᠷᠡᠰ ᠤᠨ ᠪᠦᠷᠢᠳᠬᠡᠯ︾᠎ ᠢ ᠪᠠᠶᠢᠭᠤᠯᠬᠤ ᠶᠢᠨ ᠬᠠᠮᠲᠤ᠂ ᠲᠤᠰᠬᠠᠢ ᠬᠥᠮᠥᠨ ᠢᠶᠠᠷ ᠬᠦᠨᠳᠦ ᠡᠪᠡᠳᠴᠢᠲᠡᠨ᠂ ᠭᠠᠭᠴᠠᠭᠠᠷ ᠠᠮᠢᠳᠤᠷᠠᠵᠤ ᠪᠣᠢ ᠨᠠᠰᠤᠲᠠᠨ᠂ ᠬᠦᠨᠳᠦ ᠵᠡᠮᠳᠡᠭ ᠬᠥᠮᠥᠨ ᠵᠡᠷᠭᠡ ᠳᠤ ᠲᠣᠭᠲᠠᠮᠠᠯ ᠪᠠᠲᠤᠯᠠᠭ᠎ᠠ ᠬᠠᠩᠭᠠᠬᠤ ᠶᠢ ᠲᠣᠳᠣᠷᠬᠠᠢ ᠲᠣᠭᠲᠠᠭᠠᠪᠠ᠃ 24 ᠴᠠᠭ ᠤᠨ ᠦᠢᠯᠡᠴᠢᠯᠡᠭᠡᠨ ᠤ ᠬᠠᠯᠠᠭᠤᠨ ᠤᠲᠠᠰᠤ ᠲᠣᠬᠢᠷᠠᠭᠤᠯᠪᠠ᠃ ᠪᠠᠭ ᠤᠨ ᠳᠠᠷᠤᠭ᠎ᠠ ᠶᠢᠨ ᠤᠲᠠᠰᠤ ᠶᠢ 24 ᠴᠠᠭ ᠤᠨ ᠦᠢᠯᠡᠴᠢᠯᠡᠭᠡᠨ ᠤ ᠤᠲᠠᠰᠤ ᠪᠣᠯᠭᠠᠨ ᠲᠣᠬᠢᠷᠠᠭᠤᠯᠵᠤ᠂ ᠲᠡᠷᠡ ᠳᠠᠷᠤᠢ ᠳᠤᠨᠢ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠬᠦ ᠶᠢ ᠪᠠᠲᠤᠯᠠᠪᠠ᠃
             ᠹᠦ᠋ ᠯᠢᠨ ᠨᠡᠶᠢᠭᠡᠮ ᠲᠣᠭᠤᠷᠢᠭ ᠤᠨ ︽ᠬᠠᠯᠠᠮᠵᠢ ᠶᠢᠨ ᠦᠢᠯᠡᠴᠢᠯᠡᠭᠡᠨ ᠤ ᠪᠠᠭ︾ ︽ᠭᠡᠷ ᠲᠤᠨᠢ ᠬᠦᠷᠬᠦ︾᠂ ᠸᠢᠴᠠᠲ ᠤᠨ ᠬᠤᠯᠪᠣᠭ᠎ᠠ ᠪᠠ ᠤᠲᠠᠰᠤ ᠪᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠠᠬᠠᠮᠠᠳ ᠨᠠᠰᠤᠲᠠᠨ᠂ ᠬᠦᠴᠢᠷᠳᠡᠯᠲᠡᠢ ᠣᠯᠠᠨ ᠲᠦᠮᠡᠨ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠪᠠ᠃ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ ᠨᠡᠶᠢᠭᠡᠮ ᠲᠣᠭᠤᠷᠢᠭ ᠤᠨ ᠱᠦᠵᠢ ᠲᠡᠳᠡᠨ ᠢ ᠪᠡᠶ᠎ᠡ ᠪᠠᠨ ᠬᠢᠴᠢᠶᠡᠵᠦ᠂ ᠬᠦᠴᠢᠷᠳᠡᠯ ᠲᠠᠢ ᠪᠣᠯ ︽ᠬᠠᠯᠠᠮᠵᠢ ᠶᠢᠨ ᠦᠢᠯᠡᠴᠢᠯᠡᠭᠡᠨ ᠤ ᠪᠠᠭ︾᠎ ᠤᠨ ᠬᠠᠪᠰᠤᠷᠤᠯᠭ᠎ᠠ ᠶᠢ ᠣᠯᠵᠤ᠂ ᠨᠣᠭᠤᠭ᠎ᠠ ᠪᠤᠶᠤ ᠡᠮ ᠬᠤᠳᠠᠯᠳᠤᠨ ᠠᠪᠬᠤ ᠳᠤ ︽ᠬᠠᠯᠠᠮᠵᠢ ᠶᠢᠨ ᠦᠢᠯᠡᠴᠢᠯᠡᠭᠡᠨ ᠤ ᠪᠠᠭ︾᠎ ᠤᠨ ᠠᠵᠢᠯᠲᠠᠳ ᠲᠠᠢ ᠴᠠᠭ ᠲᠤᠬᠠᠢ ᠎ ᠳᠤᠨᠢ ᠬᠠᠷᠢᠯᠴᠠᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠣᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠭᠦᠢᠴᠡᠳᠬᠡᠵᠦ ᠥᠭᠬᠦ ᠳᠤᠮᠳᠠ ︽ᠬᠠᠯᠠᠮᠵᠢ ᠶᠢᠨ ᠠᠵᠢᠯᠯᠠᠭ᠎ᠠ︾ ᠥᠷᠨᠢᠭᠦᠯᠪᠡ᠃  
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号