ᠡᠷᠬᠡᠬᠠᠰᠢᠬ᠎ᠠ ᠰᠤᠮᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
                ᠣᠶᠢᠷ᠎ᠠ ᠶᠢᠨ ᠡᠳᠦᠷ᠂ ᠡᠷᠬᠡᠬᠠᠰᠢᠬ᠎ᠠ ᠰᠤᠮᠤ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢ ᠬᠤᠷᠠᠯᠳᠤᠭᠤᠯᠪᠠ᠃ ᠲᠣᠰ ᠤᠳᠠᠭᠠᠨ ᠤ ᠰᠤᠷᠤᠯᠴᠠᠯᠭ᠎ᠠ ᠨᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠤ ᠠᠩᠬᠠᠷᠤᠯ ᠢᠶᠠᠨ ᠬᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠤᠨ ᠳᠦᠷᠢᠮ︾᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ ᠵᠢᠴᠢ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠡᠷᠴᠢᠮᠲᠡᠢ ᠰᠤᠷᠤᠯᠴᠠᠬᠤ ᠶᠢᠨ ᠬᠠᠮᠲᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠬᠤᠰᠢᠭᠤᠨ ᠤ ︽ᠭᠤᠷᠪᠠᠨ ᠬᠤᠷᠠᠯ︾᠎ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠣᠷᠣᠯᠴᠠᠪᠠ᠃
     ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠨ ᠣᠶᠢᠯᠠᠭᠠᠵᠤ᠂ ᠨᠡᠪᠳᠡᠷᠡᠳᠡᠯ᠎ᠠ ᠡᠵᠡᠮᠰᠢᠵᠦ᠂ ᠪᠣᠳᠠᠲᠠᠶᠢᠵᠢᠭᠤᠯᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠰᠢ ᠶᠢᠨ ᠫᠢᠩ ᠤᠨ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠬᠤᠶᠠᠷ ᠲᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠬᠡᠬᠠᠰᠢᠬ᠎ᠠ ᠳᠤ ᠦᠨᠳᠦᠰᠦᠯᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠨᠠᠮ ᠢ ᠨᠠᠮ ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠠᠮᠠᠭᠠᠯᠠᠬᠤ ᠬᠡᠷᠡᠭᠲᠡᠢ᠃ ᠳᠥᠷᠪᠡ ᠳᠤ᠂ ᠪᠠᠷᠢᠮᠵᠢᠶ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠬᠡᠪ ᠳᠠᠭᠤᠷᠢᠶᠠᠯ ᠪᠣᠯᠭᠠᠵᠤ᠂ ᠤᠳᠤᠷᠢᠳᠬᠤ ᠪᠠᠭ ᠤᠨ ᠥᠪᠡᠷ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠢ ᠨᠠᠷᠢᠨ ᠨᠢᠮᠪᠠᠢ ᠰᠠᠶᠢᠲᠤᠷ ᠭᠦᠢᠴᠡᠳᠬᠡᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠢᠴᠢᠬᠦ ᠵᠡᠷᠭᠡ ᠵᠢᠷᠤᠮ ᠪᠠ ᠭᠤᠭᠴᠤᠭ᠎ᠠ ᠶᠢ ᠴᠢᠩᠭ᠎ᠠ ᠠᠳᠬᠤᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠨ᠂ ᠥᠨᠳᠥᠷ ᠴᠢᠨᠠᠷ ᠴᠢᠨᠰᠠᠭ᠎ᠠ ᠶᠢ ᠪᠠᠲᠤᠯᠠᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠢᠯᠡᠷᠡᠭᠦᠯᠬᠦ ᠬᠡᠷᠡᠭᠲᠡᠢ ᠭᠡᠯ᠎ᠡ᠃
 
ᠢᠷᠡᠯᠲᠡ᠄ ᠡᠷᠬᠡᠬᠠᠰᠢᠬ᠎ᠠ ᠰᠤᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号