| ᠣᠶᠢᠷ᠎ᠠ ᠶᠢᠨ ᠡᠳᠦᠷ᠂ ᠤᠨᠳᠤᠷᠤᠯᠲᠤ ᠪᠠᠯᠭᠠᠰᠤ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ | ᠦᠨᠡᠯᠡᠨ ᠬᠢᠨᠠᠨ ᠰᠢᠯᠭᠠᠬᠤ ᠶᠡᠭᠡ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ︽2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ | ᠠᠵᠢᠯ ᠢ ᠴᠢᠩᠭ᠎ᠠ ᠪᠥᠭᠡᠳ ᠪᠣᠳᠠᠲᠠᠢ ᠪᠠᠷ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ | ᠬᠤᠷᠠᠯᠳᠤᠭᠤᠯᠪᠠ᠃ | | | | | | | | | | | | | | | | | | | | ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠭᠡᠰᠢᠭᠦᠨ᠂ ᠪᠠᠯᠭᠠᠰᠤᠨ ᠤ ᠳᠡᠳ᠋ | ᠳᠠᠷᠤᠭ᠎ᠠ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠠᠷᠢᠶ᠎ᠠ | ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠪᠠᠶᠢᠭᠤᠯᠤᠯᠭ᠎ᠠ ᠶᠢᠨ ᠺᠠᠳ᠋ᠷ᠂ ᠡᠯ᠎ᠡ ᠨᠠᠮ ᠤᠨ ᠡᠭᠦᠷ ᠤᠨ ᠱᠦᠵᠢ᠂ | ᠣᠶᠤᠲᠠᠨ ᠭᠠᠴᠠᠭᠠᠨ ᠳᠠᠷᠤᠭ᠎ᠠ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ | ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠤᠪᠤᠶᠢᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ | ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ 2022 ᠣᠨ ᠤ ᠨᠠᠮ ᠤᠨ | ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠳᠤᠮᠳᠠ ᠬᠠᠷᠢᠭᠤ ᠲᠤᠰᠬᠠᠭᠰᠠᠨ ᠠᠰᠠᠭᠤᠳᠠᠯ | ᠪᠣᠯᠣᠨ ᠲᠤᠰ ᠤᠳᠠᠭ᠎ᠠ ᠶᠢᠨ ᠦᠨᠡᠯᠡᠯᠲᠡ ᠳᠤ ᠵᠢᠭᠠᠵᠤ ᠭᠠᠷᠭᠠᠭᠰᠠᠨ ᠰᠠᠨᠠᠯ ᠢ ᠨᠠᠮ ᠤᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠠᠳᠬᠤᠬᠤ ᠶᠢᠨ ᠭᠠᠷᠳᠠᠴᠠ ᠪᠣᠯᠭᠠᠵᠤ᠂ ᠵᠠᠬ᠎ᠠ ᠳᠠᠷᠠᠭᠠᠯᠠᠨ ᠵᠠᠳᠠᠯᠵᠤ᠂ ᠤᠨᠢᠨ ᠳᠡᠭᠡᠷ᠎ᠡ ᠨᠢ ᠬᠦᠴᠦᠯᠡᠵᠦ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠠᠮᠲᠤᠷᠠᠯ ᠬᠦᠴᠦᠨ ᠢ | ᠨᠢᠭᠲᠠᠷᠠᠭᠤᠯᠬᠤ ᠬᠡᠷᠡᠭᠲᠡᠢ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠭᠦᠢᠴᠡᠳᠬᠡᠵᠦ ᠥᠭᠬᠦ︾ | ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ︽ᠰᠤᠷᠲᠠᠯ ᠢ | ᠴᠢᠩᠭᠠᠳᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠦᠷᠢ ᠲᠥᠷᠬᠦ ᠶᠢ ᠱᠤᠭᠤᠬᠤ︾ ᠪᠠᠷ ᠬᠦᠴᠦᠲᠡᠢ ᠭᠠᠷᠳᠠᠴᠠ | ᠪᠣᠯᠭᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠳᠤ ᠠᠩᠬᠠᠷᠤᠯ ᠢᠶᠠᠨ ᠬᠠᠨᠳᠤᠭᠤᠯᠵᠤ᠂ ᠤᠯᠠᠨ ᠲᠦᠮᠡᠨ ᠤ | ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠬᠠᠨᠳᠤᠭᠤᠯᠵᠤ᠂ | ᠦᠨᠳᠦᠰᠦᠨ ᠱᠠᠲᠤᠨ ᠤ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠬᠠᠨᠳᠤᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠵᠠᠢ︾ ᠶᠢ ᠬᠦᠴᠦᠯᠡᠨ ᠰᠢᠢᠳᠪᠦᠷᠢᠯᠡᠵᠦ᠂ | ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠯᠡ᠃ | | |