| ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠬᠤᠷᠠᠯ ᠢ ᠡᠷᠬᠢᠯᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠭᠦᠨ᠂ | ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ᠂ ᠳᠡᠳ᠋ ᠱᠦᠵᠢ᠂ ᠰᠠᠬᠢᠯᠭ᠎ᠠ ᠪᠠᠲᠤ | ᠪᠠᠶᠢᠴᠠᠭᠠᠬᠤ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠤᠯᠭ᠎ᠠ ᠶᠢᠨ ᠪᠦᠬᠦ ᠠᠵᠢᠯᠲᠠᠳ | ᠬᠤᠷᠠᠯ ᠳᠤ ᠣᠷᠣᠯᠴᠠᠪᠠ᠃ | | | ᠬᠤᠷᠠᠯ ᠠᠴᠠ᠂ ᠨᠢᠭᠡ ᠳᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠤᠯᠭ᠎ᠠ ᠪᠣᠯᠣᠨ ᠡᠯ᠎ᠡ ᠨᠡᠶᠢᠭᠡᠮ ᠲᠣᠭᠤᠷᠢᠭ ᠤᠨ ᠬᠢᠨ | ᠰᠤᠷᠲᠠᠯ ᠤᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ ᠪᠠᠷ ᠪᠣᠯᠪᠠᠰᠤᠨ ᠢᠶᠠᠷ ᠪᠠᠶᠠᠷ | ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠶᠢ ᠢᠳᠡᠪᠬᠢᠲᠡᠢ ᠰᠠᠨᠠᠭᠠᠴᠢᠯᠠᠵᠤ᠂ ᠱᠠᠯᠢᠨ ᠪᠦᠷᠢᠯᠭᠡᠬᠦ ᠶᠢ ᠡᠰᠡᠷᠭᠦᠴᠡᠵᠦ᠂ | ᠲᠣᠭᠲᠠᠭᠠᠯ ᠢ ᠵᠥᠷᠢᠴᠡᠨ ᠢᠳᠡᠵᠦ ᠤᠤᠭᠤᠬᠤ᠂ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ | ᠬᠤᠷᠢᠶᠠᠵᠤ ᠬᠦᠷᠭᠡᠬᠦ᠂ ᠲᠣᠭᠲᠠᠭᠠᠯ ᠢ ᠵᠥᠷᠢᠴᠡᠨ ᠨᠡᠮᠡᠭᠦᠷᠢ ᠮᠥᠩᠭᠦ ᠨᠥᠬᠦᠪᠦᠷᠢ ᠮᠥᠩᠭᠦ ᠪᠤᠶᠤ ᠠᠰᠠᠷᠠᠮᠵᠢ ᠣᠯᠭᠤᠬᠤ | ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ᠂ ᠬᠤᠷᠢᠮ ᠪᠡᠯᠪᠡᠰᠦᠷᠡᠯ ᠤᠨ ᠶᠠᠪᠤᠳᠠᠯ ᠢ ᠶᠡᠬᠡᠪᠡᠷ ᠭᠦᠢᠴᠡᠳᠬᠡᠵᠦ | ᠡᠳ᠋ ᠠᠰᠢᠭ ᠣᠯᠬᠤ ᠵᠡᠷᠭᠡ ᠠᠰᠠᠭᠤᠳᠠᠯ ᠢ ᠴᠢᠩᠭ᠎ᠠ ᠬᠤᠷᠢᠭᠯᠠᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠶᠢᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠲᠦᠷᠦᠭᠦᠯᠡᠨ ᠡᠰᠡᠷᠭᠦᠴᠡᠨ ᠬᠤᠷᠢᠭᠯᠠᠬᠤ | ᠬᠡᠷᠡᠭᠲᠡᠢ᠃ ᠪᠥᠬᠦ ᠠᠵᠢᠯᠲᠠᠳ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠡᠶ᠎ᠡ ᠪᠠᠨ ᠪᠠᠷᠢᠬᠤ | ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠨ᠂ ᠵᠣᠭᠤᠰ ᠨᠠᠭᠠᠳᠬᠤ᠂ ᠠᠷᠢᠬᠢ ᠤᠤᠭᠤᠵᠤ | ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ ᠵᠢᠯᠤᠭᠤᠳᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠵᠤ᠂ | ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠶᠠᠷ ᠲᠤ | ᠵᠢᠵᠢᠭᠦᠷᠯᠡᠨ ᠰᠠᠬᠢᠬᠤ ᠶᠢ ᠴᠢᠩᠳᠠᠯᠠᠬᠤ ᠬᠡᠷᠡᠭᠲᠡᠢ᠃ ᠬᠤᠭᠤᠴᠠᠭᠠᠨ ᠳᠤ᠂ ᠵᠢᠵᠢᠭᠦᠷᠯᠡᠬᠦ ᠪᠠ ᠤᠳᠤᠷᠢᠳᠤᠯᠭ᠎ᠠ | ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠭᠴᠢ ᠳᠤᠷ᠎ᠠ ᠪᠠᠷ ᠢᠶᠠᠨ ᠠᠵᠢᠯ ᠤᠨ | ᠪᠠᠶᠢᠷᠢ ᠠᠴᠠ ᠪᠠᠨ ᠰᠠᠯᠵᠤ ᠪᠣᠯᠬᠤ ᠦᠭᠡᠢ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠢᠵᠢᠭᠦᠷ ᠤᠨ ᠪᠢᠴᠢᠭ ᠮᠠᠲ᠋ᠧᠷᠢᠶᠠᠯ ᠢ ᠬᠤᠷᠢᠶᠠᠨ ᠲᠠᠷᠬᠠᠭᠠᠬᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠭᠦᠢᠴᠡᠳᠬᠡᠵᠦ᠂ ᠵᠢᠵᠢᠭᠦᠷ ᠤᠨ ᠪᠠᠶᠢᠳᠠᠯ ᠢᠶᠠᠨ ᠴᠠᠭ ᠲᠤᠬᠠᠢ | ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭ᠎ᠠ ᠬᠠᠷᠢᠯᠴᠠᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ | ᠣᠯᠠᠨ ᠲᠦᠮᠡᠨ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠣᠷᠴᠢᠨ ᠲᠣᠭᠤᠷᠢᠨ ᠢ ᠪᠣᠶ ᠪᠣᠯᠭᠠᠵᠤ ᠥᠭᠬᠦ | ᠬᠡᠷᠡᠭᠲᠡᠢ᠃ ᠭᠤᠷᠪᠠ ᠳᠤ᠂ ᠠᠵᠢᠯ ᠤᠨ ᠱᠠᠭᠠᠷᠳᠠᠯᠭ᠎ᠠ ᠶᠢ ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠦᠬᠦᠢ | ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠠᠷᠢᠶᠠᠲᠤ ᠣᠷᠣᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠪᠠ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠨᠠᠷᠢᠪᠴᠢᠯᠠᠨ ᠪᠠᠶᠢᠴᠠᠭᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠪᠠ ᠲᠣᠭᠲᠠᠪᠤᠷᠢᠲᠠᠢ ᠪᠤᠰᠤ | ᠬᠦᠴᠦᠨ ᠵᠦᠢᠯ ᠢ ᠴᠠᠭ ᠲᠤᠬᠠᠢ ᠳᠤᠨᠢ ᠠᠷᠢᠯᠭᠠᠵᠤ᠂ ᠬᠠᠷᠢᠶᠠᠲᠤ ᠣᠷᠣᠨ ᠤ ᠡᠶ᠎ᠡ ᠵᠣᠬᠢᠴᠠᠯ ᠲᠠᠢ ᠲᠣᠭᠲᠠᠪᠤᠷᠢᠲᠠᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ | ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠬᠢᠯᠭ᠎ᠠ ᠪᠠᠲᠤ ᠶᠢᠨ ᠠᠵᠢᠯᠯᠠᠬᠤ ᠬᠤᠷᠢᠶ᠎ᠠ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠬᠢᠨᠠᠨ ᠪᠠᠶᠢᠴᠠᠭᠠᠬᠤ | ᠬᠤᠯᠪᠣᠭᠠᠴᠢᠨ ᠪᠣᠯᠣᠨ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ | ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ | ᠢᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ ᠴᠢᠩᠳᠠᠯᠠᠬᠤ ᠬᠡᠷᠡᠭᠲᠡᠢ ᠭᠡᠯᠡ᠃ | | | |