| ᠣᠯᠠᠨᠪᠤᠯᠠᠭ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 2022 | ᠣᠨ ᠤ ᠺᠠᠳ᠋ᠷ ᠢ ᠬᠢᠨᠠᠨ ᠰᠢᠯᠭᠠᠬᠤ ᠬᠤᠷᠠᠯ ᠢ ᠬᠤᠷᠠᠯᠳᠤᠭᠤᠯᠵᠤ᠂ ᠲᠥᠪ ᠤᠨ ᠪᠦᠬᠦ ᠺᠠᠳ᠋ᠷ ᠠᠵᠢᠯᠲᠠᠨ ᠣᠷᠣᠯᠴᠠᠪᠠ᠃ | ᠬᠤᠷᠠᠯ ᠠᠴᠠ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠦ᠂ ᠡᠷᠴᠢ ᠵᠣᠷᠢᠭ ᠢᠶᠠᠨ | ᠭᠦᠢᠴᠡᠳ ᠪᠠᠳᠠᠷᠠᠭᠤᠯᠵᠤ᠂ ᠰᠡᠳᠬᠢᠯ ᠢᠶᠠᠨ ᠲᠥᠪᠯᠡᠷᠡᠭᠦᠯᠦᠨ ᠬᠦᠴᠦᠨ ᠢᠶᠠᠨ ᠬᠠᠮᠲᠤᠳᠬᠠᠵᠤ᠂ ᠰᠢᠨ᠎ᠡ ᠵᠢᠯ ᠤᠨ | ᠠᠵᠢᠯ ᠢᠶᠠᠨ ᠲᠥᠯᠥᠪᠯᠡᠵᠡᠢ᠃ ᠬᠤᠷᠠᠯ ᠠᠴᠠ ᠠᠷᠠᠳᠴᠢᠯᠠᠯ ᠢᠶᠠᠷ ᠰᠢᠯᠭᠠᠨ ᠦᠨᠡᠯᠡᠬᠦ ᠠᠷᠭ᠎ᠠ ᠪᠠᠷ ᠺᠠᠳ᠋ᠷ ᠠᠵᠢᠯᠲᠠᠨ | ᠨᠢᠭᠡᠪᠦᠷᠢ ᠶᠢᠨ ︽ᠶᠣᠰᠣ ᠰᠤᠷᠲᠠᠬᠤᠨ᠂ ᠴᠢᠳᠠᠪᠤᠷᠢ᠂ ᠠᠵᠢᠯ ᠬᠥᠳᠡᠯᠮᠦᠷᠢ᠂ ᠠᠮᠵᠢᠯᠲᠠ ᠪᠦᠲᠦᠮᠵᠢ᠂ ᠠᠷᠢᠭᠤᠨ | ᠴᠢᠬᠡᠴᠢ᠂ ᠰᠤᠷᠤᠯᠴᠠᠯᠭ᠎ᠠ︾ ᠵᠡᠷᠭᠡ ᠪᠠᠶᠢᠳᠠᠯ ᠢ ᠶᠡᠷᠦᠩᠬᠡᠶᠢᠯᠡᠨ ᠰᠢᠯᠭᠠᠨ ᠦᠨᠡᠯᠡᠪᠡ᠃ | | | | | | ᠳᠠᠷᠠᠭ᠎ᠠ ᠪᠠᠷ᠂ ᠲᠥᠪ ᠤᠨ ᠪᠦᠬᠦ ᠺᠠᠳ᠋ᠷ ᠠᠵᠢᠯᠲᠠᠨ 2022 ᠣᠨ ᠤ ᠠᠵᠢᠯ ᠤᠨ ᠲᠤᠷᠰᠢᠯᠭ᠎ᠠ ᠪᠠᠨ ᠪᠦᠬᠦ | ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠪᠠᠶᠢᠳᠠᠯ ᠢ ᠤᠯᠠᠮ ᠲᠣᠳᠣᠷᠬᠠᠢ ᠲᠠᠨᠢᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ | ᠪᠣᠯᠭᠠᠵᠤ᠂ ᠠᠵᠢᠯ ᠤᠨ ᠪᠠᠶᠢᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠣᠯᠣᠨ ᠲᠡᠷᠢᠭᠦᠨ ᠤ ᠪᠣᠯᠬᠤ ᠪᠠᠷ | ᠲᠡᠮᠡᠴᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠨ ᠡᠷᠡᠯᠬᠡᠭ ᠪᠠᠭᠠᠲᠤᠷᠯᠢᠭ ᠢᠶᠠᠷ | ᠤᠷᠤᠭᠰᠢᠯᠠᠵᠤ᠂ ᠨᠡᠩ ᠰᠢᠷᠭᠠᠭᠤ ᠬᠠᠲᠠᠭᠤᠵᠢᠯᠲᠠᠢ ᠵᠣᠷᠢᠭ ᠰᠠᠨᠠᠭ᠎ᠠ᠂ ᠨᠡᠩ ᠥᠷᠭᠡᠨ ᠬᠠᠷᠠᠭ᠎ᠠ᠂ ᠨᠡᠩ ᠪᠣᠳᠠᠲᠠᠢ ᠶᠢ | ᠡᠷᠬᠢᠮᠯᠡᠬᠦ ᠰᠤᠷᠲᠠᠯ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ ᠨᠢᠭᠡ ᠵᠢᠯ ᠤᠨ ᠠᠵᠢᠯ ᠳᠠᠭᠠᠨ | ᠣᠷᠣᠯᠴᠠᠵᠤ᠂ ᠣᠯᠠᠨᠪᠤᠯᠠᠭ ᠪᠠᠯᠭᠠᠰᠤ ᠶᠢᠨ ᠠᠵᠢᠯ ᠳᠤ ᠨᠡᠩ ᠶᠡᠭᠡ ᠠᠮᠵᠢᠯᠲᠠ ᠣᠯᠬᠤ ᠶᠢ ᠬᠠᠮᠲᠤᠪᠠᠷ ᠠᠬᠢᠭᠤᠯᠤᠨ᠎ᠠ | ᠃ |