ᠣᠯᠠᠨᠪᠤᠯᠠᠭ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 2023 ᠣᠨ ᠤ ᠵᠢᠯ ᠤᠨ ᠡᠬᠢᠨ ᠤ ᠠᠵᠢᠯ ᠤᠨ ᠰᠠᠬᠢᠯᠭ᠎ᠠ ᠪᠠᠲᠤ ᠶᠢᠨ ᠲᠤᠬᠠᠢ ᠬᠠᠮᠲᠤ ᠶᠢᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/23
     ᠣᠯᠠᠨᠪᠤᠯᠠᠭ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠯ ᠤᠨ ᠡᠬᠢᠨ ᠤ ᠠᠵᠢᠯ ᠤᠨ ᠰᠠᠬᠢᠯᠭ᠎ᠠ ᠪᠠᠲᠤ ᠶᠢᠨ ᠲᠤᠬᠠᠢ ᠬᠠᠮᠲᠤ ᠶᠢᠨ ᠶᠠᠷᠢᠯᠴᠠᠭ᠎ᠠ ᠥᠷᠨᠢᠭᠦᠯᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ᠂ ᠬᠠᠷᠢᠶ᠎ᠠ ᠨᠢᠭᠡᠴᠡ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃
     ᠬᠤᠷᠠᠯ ᠠᠴᠠ᠂ ᠨᠢᠭᠡ ᠳᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠡᠴᠦᠰ ᠲᠤᠨᠢ ᠲᠤᠯᠲᠠᠯ᠎ᠠ ᠴᠢᠩᠭ᠎ᠠ ᠪᠠᠶᠢᠯᠭᠠᠬᠤ ᠶᠢ ᠪᠠᠷᠢᠮᠲᠠᠯᠠᠵᠤ᠂ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠤᠬᠤᠶᠢᠪᠠᠯ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠬᠢᠨ ᠳᠠᠪᠲᠠᠬᠤ ᠴᠢᠨᠠᠷᠲᠠᠢ ᠳᠠᠯᠳᠠ ᠠᠰᠠᠭᠤᠳᠠᠯ ᠢ ᠡᠷᠴᠢᠮᠲᠡᠢ ᠠᠭᠤᠳᠠᠯᠤᠨ ᠨᠠᠷᠢᠨ ᠪᠠᠶᠢᠴᠠᠭᠠᠵᠤ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ︽ᠲᠦᠷᠪᠡᠨ ᠰᠤᠷᠲᠠᠯ︾᠎ ᠢ ᠲᠠᠬᠢᠨ ᠰᠡᠷᠭᠦᠭᠡᠵᠦ᠂ ᠲᠠᠬᠢᠨ ᠭᠠᠷᠭᠠᠬᠤ ᠦᠭᠡᠢ ᠪᠠᠶᠢᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠡᠷᠬᠡᠪᠰᠢ ᠡᠷᠡᠰ ᠨᠠᠶᠢᠳᠠᠪᠤᠷᠢᠵᠢᠭᠤᠯᠵᠤ᠂ ︽ᠮᠣᠷᠢ ᠪᠠᠨ ᠡᠮᠡᠭᠡᠯ ᠠᠴᠠ ᠪᠠᠨ ᠰᠠᠯᠭᠠᠬᠤ ᠦᠭᠡᠢ᠂ ᠵᠢᠯᠣᠭᠤ ᠪᠠᠨ ᠲᠠᠯᠪᠢᠬᠤ ᠦᠭᠡᠢ︾ ᠪᠠᠶᠢᠬᠤ ᠶᠢ ᠪᠠᠷᠢᠮᠲᠠᠯᠠᠵᠤ᠂ ᠲᠠᠬᠢᠨ ᠳᠠᠪᠲᠠᠨ ᠠᠳᠬᠤᠵᠤ᠂ ᠲᠠᠬᠢᠨ ᠳᠠᠪᠲᠠᠨ ᠠᠳᠬᠤᠬᠤ ᠬᠡᠷᠡᠭᠲᠡᠢ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠠᠵᠢᠯ ᠢᠶᠠᠨ ᠭᠦᠢᠴᠡᠳᠬᠡᠬᠦ ᠦᠭᠡᠢ ᠳᠤᠷ᠎ᠠ ᠪᠠᠷ ᠢᠶᠠᠨ ᠦᠢᠯᠡᠳᠬᠦ ᠵᠡᠷᠭᠡ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠨᠥᠯᠥᠭᠡᠯᠡᠵᠦ ᠪᠠᠶᠢᠭ᠎ᠠ ᠰᠤᠷᠲᠠᠯ ᠤᠨ ᠠᠷᠬᠠᠭ ᠭᠡᠮ ᠢ ᠡᠷᠡᠰ ᠵᠠᠰᠠᠨ ᠴᠡᠭᠴᠡᠯᠡᠵᠦ᠂ ᠰᠢᠰᠲ᠋ᠧᠮ ᠲᠠᠢ ᠪᠠᠷ ᠵᠠᠰᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠲᠠᠭᠤ ᠴᠢᠩᠭ᠎ᠠ ᠰᠤᠷᠲᠠᠯ ᠢᠶᠠᠷ ᠰᠢᠨ᠎ᠡ ᠠᠶᠠᠨ ᠵᠠᠮ ᠳᠤ ᠡᠷᠡᠯᠬᠡᠭᠯᠡᠨ ᠣᠷᠣᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠵᠠᠯᠠᠷᠠᠭᠤᠯᠤᠨ ᠵᠠᠰᠠᠬᠤ ᠶᠢ ᠡᠵᠡᠮᠳᠡᠨ ᠠᠬᠢᠭᠤᠯᠵᠤ᠂ ᠨᠢᠭᠡ ᠮᠥᠴᠡ ᠴᠦ ᠵᠣᠭᠰᠣᠯ ᠦᠭᠡᠢ ᠡᠷᠡᠰ ᠭᠤᠶᠢᠪᠢᠰᠢ ᠦᠭᠡᠢ ᠪᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠨᠠᠵᠠᠭᠠᠢ ᠪᠠᠷ ᠠᠷᠭᠠᠴᠠᠬᠤ᠂ ᠬᠦᠢᠲᠡᠮᠰᠦᠭ ᠠᠯᠪᠠ ᠪᠠᠷ ᠲᠦᠯᠬᠢᠨ ᠠᠬᠢᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠢ᠃ ᠭᠤᠷᠪᠠ ᠳᠤ ᠰᠢᠨ᠎ᠡ ᠪᠠᠶᠢᠳᠠᠯ ᠤᠨ ᠳᠣᠣᠷᠠᠬᠢ ︽ᠲᠦᠷᠪᠡᠨ ᠰᠤᠷᠲᠠᠯ︾᠎ ᠢ ᠡᠰᠡᠷᠭᠦᠴᠡᠬᠦ ᠵᠢᠮ᠎ᠡ ᠶᠣᠰᠣᠨ ᠤ ᠣᠨᠴᠠᠯᠢᠭ ᠪᠠ ᠠᠵᠢᠯ ᠤᠨ ᠱᠠᠭᠠᠷᠳᠠᠯᠭ᠎ᠠ ᠶᠢ ᠡᠵᠡᠮᠳᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠰᠢᠰᠲ᠋ᠧᠮ ᠲᠠᠢ ᠵᠠᠰᠠᠵᠤ᠂ ︽ᠲᠦᠷᠪᠡᠨ ᠰᠤᠷᠲᠠᠯ︾᠎ ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠲᠦᠯᠬᠢᠨ ᠠᠬᠢᠭᠤᠯᠵᠤ᠂ ᠰᠢᠨ᠎ᠡ ᠰᠤᠷᠲᠠᠯ ᠲᠥᠪ ᠰᠤᠷᠲᠠᠯ ᠢ ᠰᠢᠨ᠎ᠡ ᠠᠶᠠᠨ ᠵᠠᠮ ᠳᠤ ᠲᠠᠰᠤᠷᠠᠯᠳᠠ ᠦᠭᠡᠢ ᠪᠠᠷᠢᠮᠲᠠᠯᠠᠬᠤ ᠬᠡᠷᠡᠭᠲᠡᠢ᠃ ᠡᠷᠬᠡᠪᠰᠢ ᠪᠠᠶᠢᠩᠭᠤ ᠪᠠ ᠤᠷᠳᠤ ᠬᠤᠭᠤᠴᠠᠭ᠎ᠠ᠂ ᠴᠢᠩᠭ᠎ᠠ ᠪᠠ ᠪᠣᠳᠠᠲᠠᠢ᠂ ᠡᠷᠴᠢᠮᠲᠡᠢ ᠪᠠ ᠨᠠᠷᠢᠯᠢᠭ ᠪᠠᠶᠢᠬᠤ ᠳᠡᠭᠡᠷ᠎ᠡ ᠬᠦᠴᠦ ᠲᠠᠯᠪᠢᠵᠤ᠂ ᠪᠠᠷᠢᠮᠲᠠᠯᠠᠬᠤ ᠳᠤᠮᠳᠠ ᠪᠠᠶᠢᠩᠭᠤ ᠶᠢᠨ ᠪᠠᠶᠢᠳᠠᠯ ᠢ ᠢᠯᠡᠷᠡᠭᠦᠯᠵᠦ᠂ ᠳᠦᠷᠢᠮ ᠲᠣᠭᠲᠠᠴᠠ ᠠᠴᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠵᠤ᠂ ᠳᠠᠳᠬᠠᠯ ᠲᠠᠢ ᠬᠠᠮᠢᠶᠠᠷᠴᠤ᠂ ᠦᠷ᠎ᠡ ᠪᠦᠲᠦᠮᠵᠢ ᠭᠠᠷᠭᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠰᠠᠶᠢᠵᠢᠷᠠᠭᠤᠯᠵᠤ᠂ ᠠᠷᠢᠭᠤᠨ ᠴᠢᠬᠡᠴᠢ ᠰᠣᠶᠣᠯ ᠢᠶᠠᠷ ᠥᠪᠡᠷ ᠢ ᠪᠠᠨ ᠱᠠᠭᠠᠷᠳᠠᠬᠤ ᠶᠢ ᠠᠬᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢᠶᠠᠷ ᠰᠡᠳᠬᠢᠯ ᠰᠠᠨᠠᠭ᠎ᠠ ᠪᠠᠨ ᠲᠥᠪ ᠪᠣᠯᠭᠠᠨ ᠶᠣᠰᠣ ᠮᠣᠷᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠠᠷᠢᠭᠤᠨ ᠴᠢᠬᠡᠴᠢ ᠪᠠᠶᠢᠬᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠯ᠎ᠡ᠃            
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号