| ᠣᠶᠢᠷ᠎ᠠ ᠳᠤ᠂ ᠵᠡᠭᠦᠨ ᠪᠡᠯ ᠪᠠᠯᠭᠠᠰᠤ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ | | | | | | | | | | | | | | | | | ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ | ᠬᠤᠪᠢ ᠬᠥᠮᠥᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠤᠷᠤᠯᠴᠠᠵᠤ ᠰᠤᠳᠤᠯᠤᠨ ᠶᠠᠷᠢᠯᠴᠠᠵᠤ᠂ | ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠨᠠᠷᠢᠨ | ᠬᠢᠨᠠᠮᠠᠭᠠᠢ ᠥᠷᠨᠢᠭᠦᠯᠵᠦ᠂ ᠲᠣᠪᠣᠶᠢᠮ᠎ᠠ ᠠᠰᠠᠭᠤᠳᠠᠯ ᠢ ᠡᠷᠴᠢᠮᠲᠡᠢ ᠪᠠᠶᠢᠴᠠᠭᠠᠨ ᠳᠡᠯᠭᠡᠵᠦ᠂ ᠬᠠᠷᠢᠴᠠᠭᠤᠯᠤᠨ | ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠨ ᠪᠢᠴᠢᠵᠦ᠂ ᠲᠣᠰ ᠤᠳᠠᠭᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠴᠢᠨᠠᠷᠯᠢᠭ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ | ᠬᠤᠷᠠᠯ ᠠᠴᠠ ᠡᠩ ᠲᠡᠷᠢᠭᠦᠨ ᠳᠤ ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ | ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠡᠢ᠃ | ᠱᠦᠵᠢ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ 6 ᠲᠠᠯ᠎ᠠ ᠠᠴᠠ ᠣᠷᠣᠰᠢᠵᠤ ᠪᠠᠶᠢᠭ᠎ᠠ | ᠵᠥᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠦᠵᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ | ᠵᠠᠳᠠᠯᠵᠤ᠂ ᠴᠢᠷᠮᠠᠶᠢᠬᠤ ᠴᠢᠭᠯᠡᠯ ᠪᠣᠯᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠳᠠᠷᠠᠭ᠎ᠠ ᠨᠢ᠂ ᠱᠦᠵᠢ ᠲᠦᠷᠦᠭᠦᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠰᠠᠨᠠᠭᠠᠴᠢᠯᠠᠭ᠎ᠠ ᠠᠴᠠ ᠪᠠᠨ | ᠰᠢᠭᠦᠮᠵᠢᠯᠡᠯ ᠢ ᠬᠦᠯᠢᠶᠡᠪᠡ᠃ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠨᠠᠷ ᠨᠢᠭᠡᠳ ᠨᠢᠭᠡ ᠪᠠᠷ ᠶᠠᠷᠢᠶ᠎ᠠ | ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠪᠠᠷ ᠥᠷᠨᠢᠭᠦᠯᠪᠡ᠃ | ᠬᠤᠰᠢᠭᠤᠨ ᠤ ᠳᠤᠭᠤᠶᠢᠯᠠᠩ ᠤᠨ ᠬᠢᠨ᠂ ᠨᠥᠬᠦᠷ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠨᠤᠲᠠᠯᠠᠵᠤ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠪᠡᠯᠡᠳᠬᠡᠵᠦ᠂ | ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠵᠠᠳᠠᠯᠤᠨ ᠰᠢᠨᠵᠢᠯᠡᠵᠦ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠡᠷᠴᠢᠮᠲᠡᠢ ᠪᠥᠭᠡᠳ ᠦᠨᠡᠨᠴᠢ ᠪᠥᠭᠡᠳ ᠬᠤᠷᠴᠠ ᠰᠢᠷᠦᠭᠦᠨ ᠢᠶᠠᠷ ᠥᠷᠨᠢᠭᠦᠯᠵᠦ᠂ ᠴᠡᠭᠴᠡᠯᠡᠨ | ᠥᠭᠡᠷᠡᠴᠢᠯᠡᠬᠦ ᠠᠷᠭ᠎ᠠ ᠬᠡᠮᠵᠢᠶ᠎ᠡ ᠨᠢ ᠲᠣᠳᠣᠷᠬᠠᠢ ᠪᠥᠭᠡᠳ ᠪᠣᠳᠠᠲᠠᠢ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠨ᠂ | ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠪᠦᠯᠬᠦᠮᠳᠡᠯ ᠢᠶᠠᠨ ᠴᠢᠩᠭᠠᠳᠬᠠᠨ᠂ ᠠᠵᠢᠯ ᠢᠶᠠᠨ ᠰᠠᠶᠢᠵᠢᠷᠠᠭᠤᠯᠬᠤ | ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ ᠭᠡᠵᠡᠢ᠃ ᠡᠭᠦᠨ ᠤ ᠬᠠᠮᠲᠤ ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ | ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠠᠷ ᠠᠵᠠ ᠲᠣᠬᠢᠶᠠᠯ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ | ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ | ᠵᠡᠭᠦᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ | ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠬᠤᠶᠠᠷ ᠢ | ᠲᠣᠭᠲᠠᠭᠠᠬᠤ︾ ᠶᠢ ᠡᠷᠡᠰ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠲᠠᠯ᠎ᠠ ᠪᠠᠷ | ᠲᠣᠯᠣᠭᠠᠶᠢᠯᠠᠵᠤ᠂ ᠦᠯᠢᠭᠡᠷ ᠳᠠᠭᠤᠷᠢᠶᠠᠯ ᠪᠣᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠡᠷᠴᠢᠮᠲᠡᠢ ᠲᠠᠨᠢᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠣᠶᠣᠨ ᠤᠬᠠᠭᠠᠨ ᠢᠶᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠨ᠂ ᠠᠵᠢᠯ ᠢᠶᠠᠨ ᠠᠬᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠪᠥᠬᠦ ᠬᠤᠰᠢᠭᠤᠨ ᠤ ︽ | ᠵᠢᠷᠭᠤᠭᠠᠨ ᠭᠤᠷᠪᠠ︾ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠪᠥᠬᠦ | ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠠᠵᠢᠯ ᠢᠶᠠᠨ ᠭᠦᠢᠴᠡᠳᠬᠡᠵᠦ ᠠᠳᠠᠯ ᠦᠢᠯᠡᠰ ᠴᠣᠭᠴᠠᠯᠠᠬᠤ᠂ | ᠰᠠᠶᠢᠲᠤᠷ ᠭᠦᠢᠴᠡᠳᠬᠡᠬᠦ ᠣᠷᠭᠢᠯᠤᠮ᠎ᠠ ᠰᠡᠳᠬᠢᠯᠭᠡ ᠪᠠ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠪᠠ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠪᠠᠭ ᠤᠨ ᠠᠰᠠᠭᠤᠳᠠᠯ ᠪᠠ ᠬᠤᠪᠢ | ᠬᠥᠮᠥᠨ ᠤ ᠠᠰᠠᠭᠤᠳᠠᠯ ᠢ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠨᠠᠷᠢᠨ ᠬᠢᠨᠠᠮᠠᠭᠠᠢ | ᠲᠣᠭᠲᠠᠭᠠᠵᠤ᠂ ᠪᠣᠳᠠᠲᠠᠢ ᠲᠠᠢ ᠨᠡᠶᠢᠴᠡᠭᠰᠡᠨ᠂ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠭᠰᠡᠨ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠮᠡᠳᠡᠬᠦ ᠭᠦᠢᠴᠡᠳᠬᠡᠬᠦ ᠶᠢ ᠨᠢᠭᠡᠳᠬᠡᠵᠦ᠂ ᠲᠡᠷᠡ ᠳᠠᠷᠤᠢ ᠳᠤᠨᠢ | ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠡᠶᠡᠯᠡᠭᠦᠯᠦᠨ᠎ᠡ᠃ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠪᠠᠷ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠦᠨ ᠵᠢᠳᠬᠦᠯ ᠴᠢᠷᠮᠠᠶᠢᠯᠭ᠎ᠠ ᠭᠠᠷᠭᠠᠵᠤ᠂ ᠳᠡᠭᠡᠳᠦ ᠱᠠᠲᠤ | ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠰᠤᠷᠲᠠᠯ ᠢᠶᠠᠨ ᠴᠢᠨᠠᠭᠰᠢᠳᠠ ᠬᠤᠪᠢᠷᠠᠭᠤᠯᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ 2023 ᠣᠨ ᠤ | ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢᠨ ᠳᠦᠷᠦᠯ ᠲᠡᠮᠳᠡᠭ ᠢ ᠡᠭᠦᠳᠬᠦ ᠵᠡᠷᠭᠡ ᠠᠵᠢᠯ ᠢ | ᠦᠨᠡᠨᠬᠦ ᠪᠣᠳᠠᠲᠠᠢ ᠪᠥᠭᠡᠳ ᠨᠠᠷᠢᠯᠢᠭ ᠠᠳᠬᠤᠵᠤ᠂ ᠠᠮᠵᠢᠯᠲᠠ ᠪᠦᠲᠦᠮᠵᠢ ᠭᠠᠷᠭᠠᠨ᠎ᠠ ᠭᠡᠵᠡᠢ᠃ |