ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠣᠯᠠᠨᠪᠤᠯᠠᠭ ᠪᠠᠯᠭᠠᠰᠤᠨ ᠤ ᠨᠠᠮ ᠤᠨ ᠬᠤᠷᠢᠶ᠎ᠠ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2023/3/28
           ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠣᠯᠠᠨᠪᠤᠯᠠᠭ ᠪᠠᠯᠭᠠᠰᠤᠨ ᠤ ᠨᠠᠮ ᠤᠨ ᠬᠤᠷᠢᠶᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠰᠢᠸ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠮᠦᠨ᠎ᠡ ᠠᠴᠠ ᠣᠯᠠᠨᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠬᠠᠷᠢᠭᠤ ᠲᠤᠰᠬᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃
     ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠎ᠠ᠃ ᠬᠠᠷᠢᠭᠤ ᠲᠤᠰᠬᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠦᠵᠡᠯ ᠰᠠᠨᠠᠭ᠎ᠠ᠂ ᠤᠯᠤᠰ ᠲᠥᠷᠥ᠂ ᠦᠶᠯᠡ ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠤᠨ ᠬᠤᠣᠷ ᠬᠥᠨᠥᠭᠡᠯᠳᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠭᠦᠢᠴᠡᠳᠬᠡᠬᠦ ᠰᠠᠨᠠᠭᠠᠴᠢᠯᠠᠭᠠᠲᠤ ᠴᠢᠨᠠᠷ ᠪᠠ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ  ᠴᠢᠩᠭᠠᠳᠬᠠᠨ᠎ᠠ᠃ ᠪᠠᠷᠢᠮᠵᠢᠶ᠎ᠠ ᠳᠤ ᠬᠠᠷᠢᠭᠤ ᠲᠤᠰᠬᠠᠭᠰᠠᠨ ᠠᠰᠠᠭᠤᠳᠠᠯ ᠤᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ  ᠪᠠᠲᠤᠯᠠᠨ᠎ᠠ᠃ ᠬᠤᠶᠠᠷ ᠲᠤ ᠡᠷᠴᠢᠮᠲᠡᠢ ᠲᠤᠩᠭᠠᠨ ᠪᠣᠳᠣᠯᠬᠢᠯᠠᠵᠤ᠂ ᠰᠢᠯᠲᠠᠭᠠᠨ ᠤ ᠵᠠᠳᠠᠯᠤᠯᠲᠠ ᠶᠢ ᠴᠢᠩᠭᠠᠳᠬᠠᠨ᠎ᠠ᠃ ᠨᠠᠮ ᠵᠠᠰᠠᠭ ᠤᠨ ᠬᠠᠮᠲᠤᠷᠠᠭᠰᠠᠨ ᠬᠤᠷᠠᠯᠳᠤᠭᠠᠨ ᠢ ᠴᠠᠭ ᠲᠤᠬᠠᠢ ᠳᠤᠨᠢ ᠬᠤᠷᠠᠯᠳᠤᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠲᠤᠰᠬᠠᠢ ᠰᠡᠳᠦᠪ ᠢᠶᠠᠷ ᠰᠤᠳᠤᠯᠤᠨ᠎ᠠ  ᠃ ᠠᠰᠠᠭᠤᠳᠠᠯ ᠢ ᠤᠯᠠᠮ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠯᠲᠠᠭᠠᠨ ᠢ ᠵᠠᠳᠠᠯᠤᠨ ᠰᠢᠨᠵᠢᠯᠡᠵᠦ᠂ ᠦᠨᠳᠦᠰᠦ ᠰᠤᠷᠪᠤᠯᠵᠢ ᠶᠢ ᠨᠢ ᠭᠦᠨ ᠤᠬᠤᠴᠢᠯᠠᠵᠤ᠂ ᠣᠷᠣᠰᠢᠵᠤ ᠪᠠᠶᠢᠭ᠎ᠠ ᠲᠦᠭᠵᠢᠷᠡᠯ ᠤᠨ ᠴᠡᠭ᠂ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠡᠷᠢᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠮᠲᠤ ᠳᠤᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠭᠤᠷᠪᠠ ᠳᠤ᠂ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠵᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ︽ᠰᠤᠷᠲᠠᠯ ᠢ ᠴᠢᠩᠭᠠᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠪᠠᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠢ ᠪᠣᠯᠭᠠᠪᠠ᠃ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠠᠷᠢᠭᠤ ᠲᠤᠰᠬᠠᠭᠰᠠᠨ ᠠᠰᠠᠭᠤᠳᠠᠯ ᠪᠦᠬᠦᠨ ᠳᠤ ︽ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠳᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠦᠷᠢᠮᠵᠢᠭᠦᠯᠬᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠳᠦᠷᠢᠮ ᠤᠨ ᠲᠠᠯ᠎ᠠ ᠠᠴᠠ ᠠᠰᠠᠭᠤᠳᠠᠯ ᠤᠨ ᠳᠠᠬᠢᠨ ᠡᠭᠦᠰᠬᠦ ᠶᠢ ᠬᠤᠷᠢᠭᠯᠠᠨ᠎ᠠ ᠭᠡᠯ᠎ᠡ᠃  
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号