| | | ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ | ᠬᠥᠭᠵᠢᠯᠲᠡ ᠶᠢ ᠡᠷᠢᠯᠬᠢᠯᠡᠬᠦ ᠳᠤ ᠠᠵᠢᠯ ᠤᠨ ᠪᠠᠶᠢᠷᠢ ᠳᠠᠭᠠᠨ ᠰᠠᠭᠤᠷᠢᠯᠠᠵᠤ ᠰᠡᠳᠬᠢᠴᠡ ᠪᠠᠨ ᠶᠠᠷᠢᠬᠤ︾ ᠰᠣᠯᠢᠯᠴᠠᠨ | ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ | ᠂ ᠵᠠᠯᠠᠭᠤ ᠺᠠᠳ᠋ᠷ᠂ ᠪᠠᠶᠢᠭᠤᠯᠤᠯᠭ᠎ᠠ ᠶᠢᠨ ᠪᠦᠬᠦ ᠺᠠᠳ᠋ᠷ᠂ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠨ ᠴᠤᠭᠯᠠᠷᠠᠵᠤ᠂ | ᠰᠡᠳᠬᠢᠯ ᠰᠠᠨᠠᠭ᠎ᠠ ᠪᠠᠨ ᠳᠡᠯᠭᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠬᠠᠮᠲᠤᠪᠠᠷ ᠶᠠᠷᠢᠯᠴᠠᠵᠠᠢ᠃ | | | | | | | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠢ | ᠨᠢᠭᠲᠠ ᠤᠶᠠᠯᠳᠤᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠵᠢᠯ ᠤᠨ ᠰᠡᠳᠬᠢᠴᠡ ᠪᠠᠨ | ᠶᠠᠷᠢᠯᠴᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠶᠠᠷᠢᠯᠴᠠᠵᠤ᠂ ᠠᠭᠤᠵᠢᠷᠠᠲᠠᠯ᠎ᠠ ᠶᠠᠷᠢᠯᠴᠠᠵᠤ ᠰᠣᠯᠢᠯᠴᠠᠵᠤ᠂ | ᠬᠠᠷᠢᠯᠴᠠᠨ ᠰᠤᠷᠤᠯᠴᠠᠵᠤ ᠬᠠᠷᠢᠯᠴᠠᠨ ᠬᠠᠷᠢᠴᠠᠭᠤᠯᠬᠤ ᠪᠣᠯᠭᠠᠪᠠ᠃ ᠵᠠᠯᠠᠭᠤ ᠺᠠᠳ᠋ᠷᠴᠤᠳ ᠠᠵᠢᠯ ᠳᠤ | ᠣᠷᠣᠭᠰᠠᠨ ᠠᠴᠠ ᠨᠠᠰᠢᠬᠢ ᠠᠵᠢᠯ ᠤᠨ ᠥᠩᠭᠡᠷᠡᠯᠲᠡ ᠪᠠ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠤᠨ | ᠲᠣᠭᠤᠷᠢᠨ ᠳᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠠᠵᠢᠯ ᠳᠤ ᠣᠷᠤᠯᠴᠠᠬᠤ ᠵᠡᠷᠭᠡ ᠲᠠᠯ᠎ᠠ ᠶᠢᠨ ᠦᠵᠡᠯ | ᠰᠠᠨᠠᠭᠠᠨ ᠤ ᠣᠶᠢᠯᠠᠭᠠᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠵᠢᠯ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠯᠠᠭᠤ ᠺᠠᠳ᠋ᠷᠴᠤᠳ ᠤᠨ ᠤᠶᠤᠨ ᠰᠠᠨᠠᠭᠠᠨ ᠤ | ᠪᠠᠶᠢᠳᠠᠯ ᠪᠣᠯᠣᠨ ᠠᠵᠢᠯ ᠤᠨ ᠰᠤᠷᠲᠠᠯ ᠢ ᠭᠦᠢᠴᠡᠳ ᠨᠤᠲᠠᠯᠠᠵᠤ᠂ ᠵᠠᠯᠠᠭᠤ ᠺᠠᠳ᠋ᠷᠴᠤᠳ ᠲᠤ ᠴᠢᠩ ᠰᠡᠳᠬᠢᠯ ᠤᠨ | ᠬᠦᠰᠡᠯ ᠨᠠᠶᠢᠳᠠᠯᠭ᠎ᠠ ᠲᠠᠯᠪᠢᠵᠤ᠂ ᠵᠠᠯᠠᠭᠤ ᠺᠠᠳ᠋ᠷᠴᠤᠳ ᠤᠨ ᠦᠰᠦᠨ ᠪᠤᠶᠢᠵᠢᠯᠲᠠ ᠪᠣᠯᠣᠨ ᠬᠥᠭᠵᠢᠯᠲᠡ ᠶᠢᠨ ᠲᠤᠬᠠᠢ | ᠲᠦᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ ᠦᠢᠯᠡᠴᠢᠯᠡᠬᠦ ᠤᠬᠠᠮᠰᠠᠷ ᠢ ᠪᠤᠢ ᠪᠣᠯᠭᠠᠵᠤ᠂ ᠤᠯᠤᠰ | ᠲᠦᠷᠦ ᠶᠢᠨ ᠵᠣᠭᠰᠣᠴᠠ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠪᠠᠲᠤ ᠪᠤᠢ | ᠪᠣᠯᠭᠠᠵᠤ᠂ ᠰᠢᠨ᠎ᠡ ᠪᠠᠶᠢᠳᠠᠯ᠂ ᠰᠢᠨ᠎ᠡ ᠴᠠᠭ ᠦᠶ᠎ᠡ ᠳᠤ ᠤᠯᠠᠨ ᠲᠦᠮᠡᠨ ᠤ ᠠᠵᠢᠯ ᠢ ᠰᠠᠶᠢᠲᠤᠷ ᠭᠦᠢᠴᠡᠳᠬᠡᠬᠦ | ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠵᠢᠯ ᠤᠨ ᠪᠠᠶᠢᠷᠢ ᠶᠢᠨ | ᠱᠠᠭᠠᠷᠳᠠᠯᠭ᠎ᠠ ᠳᠤ ᠰᠠᠭᠤᠷᠢᠯᠠᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ᠳᠥᠭᠦᠮᠬᠡᠨ ᠶᠠᠪᠤᠳᠠᠯ ᠢ ᠳᠠᠪᠲᠠᠨ ᠭᠦᠢᠴᠡᠳᠬᠡᠵᠦ᠂ ᠳᠠᠪᠬᠤᠷᠳᠠᠭᠰᠠᠨ ᠶᠠᠪᠤᠳᠠᠯ ᠢ ᠰᠡᠳᠬᠢᠯ ᠲᠠᠯᠪᠢᠨ ᠭᠦᠢᠴᠡᠳᠬᠡᠵᠦ | ᠂ ᠠᠵᠢᠯ ᠤᠨ ᠳᠤᠮᠳᠠ ᠪᠠᠨ ᠰᠢᠮᠳᠠᠨ ᠰᠤᠷᠤᠯᠴᠠᠵᠤ᠂ ᠪᠣᠳᠠᠲᠤ ᠪᠠᠶᠢᠯᠳᠤᠭᠠᠨ ᠤ ᠳᠤᠮᠳᠠ ᠥᠪᠡᠷ ᠢ ᠪᠠᠨ ᠳᠠᠪᠲᠠᠨ | ᠪᠣᠯᠪᠠᠰᠤᠷᠠᠭᠤᠯᠵᠤ᠂ ᠰᠢᠯᠭᠠᠷᠠᠭᠰᠠᠨ ᠬᠡᠪ ᠴᠢᠨᠠᠷ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠭᠤᠷᠪᠠ ᠳᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠢᠯᠢᠵᠦ ᠰᠣᠩᠭᠤᠬᠤ ᠶᠢ ᠲᠣᠳᠣᠷᠬᠠᠢ ᠮᠡᠳᠡᠵᠦ᠂ ᠰᠤᠷᠲᠠᠯ ᠤᠨ | ᠪᠠᠶᠢᠭᠤᠯᠤᠯᠲᠠ ᠶᠢ ᠴᠢᠷᠮᠠᠶᠢᠨ ᠪᠠᠬᠢᠵᠢᠭᠦᠯᠬᠦ ᠬᠡᠷᠡᠭᠲᠡᠢ᠃ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠵᠤ᠂ ᠦᠢᠯᠡ | ᠠᠵᠢᠯᠯᠠᠭ᠎ᠠ ᠪᠠᠨ ᠬᠠᠮᠢᠶᠠᠷᠴᠤ᠂ ᠠᠷᠢᠭᠤᠨ ᠴᠢᠬᠡᠴᠢ ᠪᠠᠶᠢᠬᠤ ᠶᠢ ᠡᠭᠦᠷᠢᠳᠡ ᠪᠠᠲᠤᠯᠠᠬᠤ ᠬᠡᠷᠡᠭᠲᠡᠢ᠃ ᠳᠥᠷᠪᠡ ᠳᠤ᠂ | ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠠᠵᠢᠯ ᠤᠨ | ᠰᠢᠨ᠎ᠡ ᠠᠬᠢᠴᠠ ᠶᠢ ᠠᠬᠢᠭᠤᠯᠬᠤ ᠬᠡᠷᠡᠭᠲᠡᠢ᠃ ᠰᠣᠷᠢᠯᠲᠠ ᠳᠤ ᠣᠷᠤᠯᠴᠠᠬᠤ ᠣᠪᠣᠷ ᠪᠠᠶᠢᠳᠠᠯ ᠢ ᠢᠮᠠᠭᠲᠠ | ᠪᠠᠷᠢᠮᠲᠠᠯᠠᠵᠤ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠥᠭᠵᠢᠯᠲᠡ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠮᠦᠨ᠎ᠡ ᠲᠣᠭᠤᠷᠢᠯᠲᠠ ᠶᠢᠨ | ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ | ᠬᠠᠩᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠯᠡ᠃ |