| ᠡᠶ᠎ᠡ ᠵᠣᠬᠢᠴᠠᠯ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠨᠠᠮ ᠤᠨ ᠭᠡᠰᠢᠭᠦᠨ ᠲᠥᠯᠥᠭᠡᠯᠡᠭᠴᠢᠳ᠂ | ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠠᠨ ᠲᠦᠮᠡᠨ ᠳᠤ ᠦᠢᠯᠡᠴᠢᠯᠡᠬᠦ ᠲᠤᠰᠬᠠᠢ ᠪᠡᠯᠡ ᠮᠥᠩᠭᠦ ᠶᠢᠨ ᠵᠥᠪᠯᠡᠯ ᠢ ᠬᠤᠷᠠᠯᠳᠤᠭᠤᠯᠪᠠ᠃ | 45 ᠨᠠᠮ ᠤᠨ ᠭᠡᠰᠢᠭᠦᠨ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠲᠤᠰ ᠤᠳᠠᠭᠠᠨ ᠤ ᠬᠤᠷᠠᠯ ᠳᠤ | ᠣᠷᠣᠯᠴᠠᠪᠠ᠃ | | | | | | ᠰᠠᠭᠤᠭᠠᠯᠢ ᠠᠷᠠᠳ ᠤᠨ ᠵᠥᠪᠯᠡᠯ ᠨᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢ ᠤᠯᠠᠨ ᠲᠦᠮᠡᠨ ᠲᠠᠢ | ᠨᠡᠩ ᠣᠶᠢᠷᠠᠲᠤᠭᠤᠯᠵᠤ᠂ ᠠᠷᠠᠳ ᠲᠦᠮᠡᠨ ᠳᠤ ᠦᠢᠯᠡᠴᠢᠯᠡᠬᠦ ᠵᠦᠢᠯᠡᠰ ᠤᠨ ᠰᠣᠩᠭᠤᠯᠲᠠ ᠶᠢ ᠰᠠᠭᠤᠭᠠᠯᠢ ᠠᠷᠠᠳ ᠤᠨ | ᠪᠣᠳᠠᠲᠤ ᠪᠠᠶᠢᠳᠠᠯ ᠲᠠᠢ ᠨᠡᠩ ᠰᠠᠶᠢᠨ ᠨᠡᠶᠢᠴᠡᠭᠦᠯᠦᠭᠰᠡᠨ ᠪᠠᠶᠢᠨ᠎ᠠ᠃ ᠳᠠᠷᠠᠭ᠎ᠠ ᠪᠠᠷ᠂ ᠡᠶ᠎ᠡ ᠵᠣᠬᠢᠴᠠᠯ ᠨᠡᠶᠢᠭᠡᠮ | ᠲᠣᠭᠤᠷᠢᠭ ᠤᠨ ᠬᠢᠨ ᠠᠷᠠᠳ ᠲᠦᠮᠡᠨ ᠳᠤ ᠦᠢᠯᠡᠴᠢᠯᠡᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠪᠣᠯᠣᠮᠵᠢᠲᠤ | ᠴᠢᠨᠠᠷ ᠪᠣᠯᠣᠨ ᠠᠷᠠᠳ ᠲᠤ ᠠᠰᠢᠭ ᠬᠦᠷᠲᠡᠭᠡᠬᠦ ᠴᠢᠨᠠᠷ ᠢ ᠨᠠᠷᠢᠨ ᠬᠢᠨᠠᠮᠠᠭᠠᠢ ᠵᠠᠳᠠᠯᠵᠤ᠂ ᠠᠷᠠᠳ ᠲᠦᠮᠡᠨ ᠳᠤ | ᠦᠢᠯᠡᠴᠢᠯᠡᠬᠦ ᠲᠤᠰᠬᠠᠢ ᠪᠡᠯᠡ ᠮᠥᠩᠭᠦ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ | ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠰᠠᠭᠤᠭᠠᠯᠢ ᠠᠷᠠᠳ ᠤᠨ | ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯᠲᠤ ᠡᠶ᠎ᠡ ᠵᠣᠬᠢᠴᠠᠯ ᠨᠡᠶᠢᠭᠡᠮ ᠲᠣᠭᠤᠷᠢᠭ | ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ |