| | ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠠᠴᠠ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠭᠡᠯᠡᠳ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠤᠷᠠᠯ ᠢ ᠡᠷᠬᠢᠯᠡᠵᠦ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠨᠡᠶᠢᠭᠡᠮ | ᠲᠣᠭᠤᠷᠢᠭ ᠤᠨ ᠱᠦᠵᠢ᠂ ᠡᠷᠬᠢᠯᠡᠭᠴᠢ᠂ ᠡᠯ᠎ᠡ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠪᠠ᠃ | | | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠬᠦ ᠬᠡᠷᠡᠭᠲᠡᠢ᠃ ᠪᠦᠬᠦ ᠺᠠᠳ᠋ᠷ ᠠᠵᠢᠯᠲᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ | ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ | ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠴᠢᠭᠯᠡᠯ ᠢᠶᠠᠨ ᠣᠨᠣᠪᠴᠢᠲᠠᠶ | ᠡᠵᠡᠮᠳᠡᠨ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ | ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤᠮᠳᠠᠬᠢ | ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠲᠡᠷᠡ ᠬᠡᠪ ᠢᠶᠠᠷ ᠨᠢ᠂ ᠴᠢᠨᠠᠷ ᠴᠢᠨᠰᠠᠭ᠎ᠠ ᠶᠢ | ᠪᠠᠲᠤᠯᠠᠨ ᠠᠬᠢᠭᠤᠯᠬᠤ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠡᠯ᠎ᠡ ᠨᠡᠶᠢᠭᠡᠮ ᠲᠣᠭᠤᠷᠢᠭ ᠤᠨ | ᠱᠦᠵᠢ᠂ ᠪᠦᠬᠦ ᠺᠠᠳ᠋ᠷ ᠠᠵᠢᠯᠲᠠᠨ ᠬᠠᠷᠢᠭᠤᠴᠠᠯᠭ᠎ᠠ ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠪᠠᠴᠢᠮ | ᠪᠥᠭᠡᠳ ᠥᠨᠳᠥᠷ ᠪᠦᠲᠦᠮᠵᠢᠲᠡᠶ ᠠᠵᠢᠯ ᠤᠨ ᠠᠶᠢᠵᠠᠮ ᠢ ᠪᠠᠲᠤᠯᠠᠵᠤ᠂ ᠨᠠᠮ ᠤᠨ ᠠᠵᠢᠯᠯᠠᠬᠤ ᠬᠤᠷᠢᠶ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠪᠠᠭ ᠤᠨ ᠪᠦᠷᠢᠯᠳᠦᠭᠦᠨ ᠨᠠᠷ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ ᠪᠠ ᠪᠠᠶᠢᠭᠤᠯᠭ᠎ᠠ ᠤᠨ | ᠬᠢᠨ ᠤ ᠰᠢᠮᠳᠠᠨ ᠵᠢᠯᠤᠭᠤᠳᠬᠤ ᠠᠵᠢᠯ ᠢ ᠰᠠᠶᠢᠲᠤᠷ ᠭᠦᠢᠴᠡᠳᠬᠡᠵᠦ᠂ ᠬᠠᠷᠢᠭᠤ ᠮᠡᠳᠡᠭᠦᠯᠦᠯᠲᠡ ᠶᠢ ᠴᠠᠭ ᠲᠤᠬᠠᠢ | ᠳᠤᠨᠢ ᠰᠣᠨᠣᠰᠴᠤ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠰᠠᠯᠠᠭ᠎ᠠ ᠲᠠᠰᠤᠭ᠂ ᠡᠯ᠎ᠡ ᠨᠡᠶᠢᠭᠡᠮ | ᠲᠣᠭᠤᠷᠢᠭ ᠤᠨ ᠭᠤᠣᠯ ᠬᠠᠷᠢᠭᠤᠴᠠᠯᠭᠠᠲᠠᠳ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠣᠨ ᠪᠡᠶᠡᠯᠡᠭᠦᠯᠬᠦ ᠴᠠᠭ ᠤᠨ | ᠬᠢᠵᠠᠭᠠᠷ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ | ᠠᠳᠬᠤᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠬᠦ᠂ ᠦᠨᠡᠨᠬᠦ ᠰᠠᠶᠢᠵᠢᠷᠠᠭᠤᠯᠵᠤ ᠪᠣᠳᠠᠲᠠᠢ | ᠥᠭᠡᠷᠡᠴᠢᠯᠡᠬᠦ ᠶᠢ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠪᠠᠷ ᠢᠶᠠᠨ ᠰᠡᠳᠬᠢᠯ | ᠵᠢᠷᠦᠬᠡ ᠪᠠᠨ ᠬᠤᠯᠪᠣᠵᠤ᠂ ᠠᠵᠢᠯ ᠤᠨ ᠠᠬᠢᠴᠠ ᠶᠢ ᠰᠠᠶᠢᠲᠤᠷ ᠡᠵᠡᠮᠳᠡᠵᠦ᠂ ᠠᠵᠢᠯ ᠤᠨ ᠴᠢᠨᠠᠷ ᠴᠢᠨᠰᠠᠭ᠎ᠠ ᠶᠢ | ᠪᠠᠲᠤᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠪᠡᠶᠡᠯᠡᠭᠦᠯᠬᠦ ᠬᠡᠷᠡᠭᠲᠡᠢ ᠭᠡᠯᠡ᠃ | |