ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/12
           ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠳᠤᠮᠵᠢ ᠳᠤ ᠭᠦᠨᠵᠡᠭᠡᠶᠢᠷᠡᠨ ᠵᠡᠮᠳᠡᠭᠴᠦᠳ ᠤᠨ ᠠᠵᠢᠯ ᠢ ᠪᠠᠶᠢᠴᠠᠭᠠᠨ ᠰᠤᠳᠤᠯᠵᠠᠢ᠃ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠨᠡᠶᠢᠳᠡ 13 ᠬᠥᠮᠥᠨ ᠶᠠᠷᠢᠯᠴᠠᠬᠤ ᠬᠤᠷᠠᠯ ᠳᠤ ᠣᠷᠣᠯᠴᠠᠪᠠ᠃
   ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠡᠮᠳᠡᠭᠴᠦᠳ ᠤᠨ ᠠᠵᠢᠯ ᠤᠨ ᠲᠤᠬᠠᠢ ᠵᠢᠭᠠᠪᠤᠷᠢ ᠪᠣᠯᠣᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠪᠦᠬᠦ ᠲᠠᠯ᠎ᠠ ᠪᠠᠷ ᠣᠶᠢᠯᠠᠭᠠᠵᠤ᠂ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ︽ᠤᠬᠠᠭᠤᠯᠤᠭᠴᠢ︾ ᠪᠣᠯᠬᠤ ᠬᠡᠷᠡᠭᠲᠡᠢ᠃ ᠬᠤᠶᠠᠷ ᠲᠤ ᠤᠯᠠᠨ ᠲᠦᠮᠡᠨ ᠤ ᠳᠤᠮᠳᠠ ᠭᠦᠨᠵᠡᠭᠡᠶᠢᠷᠡᠵᠦ ᠤᠨᠢᠨ ᠳᠡᠭᠡᠷ᠎ᠡ ᠨᠢ ᠦᠢᠯᠡᠴᠢᠯᠡᠬᠦ ᠬᠡᠷᠡᠭᠲᠡᠢ᠃ ᠡᠯ᠎ᠡ ᠨᠡᠶᠢᠭᠡᠮ ᠲᠣᠭᠤᠷᠢᠭ ᠤᠨ ᠬᠢᠨ ᠲᠤᠰᠬᠠᠢ ᠲᠤᠰᠢᠶᠠᠯᠲᠤ ᠭᠡᠰᠢᠭᠦᠨ ᠤ ᠡᠷᠦᠬᠡ ᠳᠤ ᠣᠷᠣᠬᠤ ᠨᠤᠷᠮ᠎ᠠ ᠶᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠵᠡᠮᠳᠡᠭᠴᠦᠳ ᠤᠨ ᠪᠣᠳᠠᠲᠠᠢ ᠪᠠᠶᠢᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠡᠵᠡᠮᠰᠢᠵᠦ᠂ ᠵᠡᠮᠳᠡᠭᠴᠦᠳ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠵᠡᠮᠳᠡᠭᠴᠦᠳ ᠲᠤ ᠠᠵᠢᠯ ᠣᠯᠭᠤᠬᠤ ᠪᠣᠯᠪᠠᠰᠤᠷᠠᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠥᠷᠨᠢᠭᠦᠯᠵᠦ᠂ ᠠᠮᠢᠳᠤᠷᠠᠯ ᠤᠨ ᠬᠦᠴᠢᠷᠳᠡᠯ ᠠᠴᠠ ᠦᠨᠳᠦᠰᠦᠨ ᠠᠴᠠ ᠨᠢ ᠠᠩᠭᠢᠵᠢᠷᠠᠭᠤᠯᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ︽ᠦᠢᠯᠡᠴᠢᠯᠡᠭᠴᠢ︾ ᠪᠣᠯᠬᠤ ᠬᠡᠷᠡᠭᠲᠡᠢ᠃ ᠭᠤᠷᠪᠠ ᠳᠤ ᠲᠣᠭᠲᠠᠴᠠ ᠶᠢ ᠪᠦᠷᠢᠨᠰᠢᠭᠦᠯᠦᠨ ᠨᠢᠭᠲᠠ ᠬᠠᠮᠵᠢᠯᠴᠠᠬᠤ ᠬᠡᠷᠡᠭᠲᠡᠢ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠬᠤᠯᠪᠣᠭᠠᠴᠢᠨ ᠭᠤᠷᠪᠠᠨ ᠱᠠᠲᠤᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠨ᠂ ᠬᠠᠮᠲᠤ ᠪᠠᠷ ᠪᠠᠶᠢᠳᠠᠯ ᠢ ᠣᠶᠢᠯᠠᠭᠠᠵᠤ᠂ ᠬᠠᠮᠲᠤ ᠪᠠᠷ ᠡᠬᠡ ᠲᠠᠩᠰᠠ ᠪᠠᠶᠢᠭᠤᠯᠤᠨ᠂ ᠬᠠᠮᠲᠤ ᠪᠠᠷ ᠦᠢᠯᠡᠴᠢᠯᠡᠵᠦ᠂ ᠵᠡᠮᠳᠡᠭᠴᠦᠳ ᠤᠨ ᠠᠵᠢᠯ ᠢ ᠦᠨᠡᠨᠬᠦ ᠨᠠᠷᠢᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠬᠤᠯᠪᠣᠭᠠᠴᠢᠨ︾ ᠪᠣᠯᠬᠤ ᠬᠡᠷᠡᠭᠲᠡᠢ ᠭᠡᠯ᠎ᠡ᠃    ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠡᠯ᠎ᠡ ᠰᠠᠯᠠᠭ᠎ᠠ ᠲᠠᠰᠤᠭ ᠤᠨ ᠡᠷᠬᠢᠯᠡᠭᠴᠢ ᠡᠯ᠎ᠡ ᠨᠡᠶᠢᠭᠡᠮ ᠲᠣᠭᠤᠷᠢᠭ ᠤᠨ ᠵᠡᠮᠳᠡᠭᠴᠦᠳ ᠤᠨ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ ᠵᠢᠭᠠᠨ ᠵᠢᠯᠤᠭᠤᠳᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠦᠨᠡᠨ ᠰᠡᠳᠬᠢᠯ ᠠᠴᠠ ᠪᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠢᠶᠠᠨ ᠭᠦᠢᠴᠡᠳᠬᠡᠵᠦ ᠴᠢᠳᠠᠬᠤ᠂ ᠰᠠᠶᠢᠨ ᠠᠵᠢᠯ ᠢᠶᠠᠨ ᠭᠦᠢᠴᠡᠳᠬᠡᠵᠦ ᠴᠢᠳᠠᠬᠤ᠂ ᠠᠵᠢᠯ ᠢᠶᠠᠨ ᠡᠬᠢᠯᠡᠭᠦᠯᠵᠦ ᠴᠢᠳᠠᠬᠤ ᠶᠢ ᠪᠡᠶᠡᠯᠡᠭᠦᠯᠵᠦ᠂ ᠥᠭᠡᠯᠡᠳ ᠤᠨ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯᠣᠨ᠎ᠠ᠃      

     

 
ᠢᠷᠡᠯᠲᠡ᠄ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号